ᠲᠦᠩᠯᠢᠶᠣᠤ ᠬᠤᠲᠠ᠎ᠶ᠋ᠢᠨ 6 ᠬᠤᠱᠢᠭᠤ ᠱᠢᠶᠠᠨ᠎ᠤ ᠲᠠᠷᠢᠶᠠᠯᠠᠩ᠎ᠤᠨ ᠪᠠᠩᠬᠢ 3.57 ᠳ᠋ᠦᠩᠱᠢᠭᠤᠷ ᠲᠥᠭᠦᠷᠢᠭ᠎ᠤᠨ ᠪᠡᠯᠡ ᠮᠦᠡᠭ᠌ᠬᠦ ᠪᠠᠭᠤᠯᠭᠠᠵᠥ᠍ ᠬᠠᠪᠤᠷ᠎ᠤᠨ ᠲᠡᠷᠢᠶᠠᠯᠠᠭ᠎ᠠ᠎ᠶ᠋ᠢ ᠲᠡᠮᠵᠢᠪᠡ
2021-04-05 11:50:05
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠮᠠᠯ ᠠᠵᠤ ᠠᠬᠤᠢ ᠲᠡᠷᠢᠶᠠᠯᠠᠩ ᠦᠢᠯᠡᠳᠪᠤᠷᠢᠯᠠᠯ᠎ᠤᠨ ᠣᠳᠣᠬᠢᠴᠢᠯᠠᠯᠲᠠ᠎ᠶ᠋ᠢᠨ ᠠᠬᠢᠴᠠ᠎ᠶ᠋ᠢ ᠲᠦᠷᠭᠡᠳᠭᠡᠬᠦ᠌᠎ᠶ᠋ᠢᠨ ᠲᠥᠯᠥᠭᠡ᠂ ᠠᠷᠠᠳ᠎ᠤᠨ ᠪᠠᠩᠬᠢ᠎ᠶ᠋ᠢᠨ ᠲᠦᠩᠯᠢᠶᠣᠤ ᠬᠤᠳᠠ᠎ᠶ᠋ᠢᠨ ᠲᠥᠪ ᠰᠠᠯᠪᠤᠷᠢ ᠪᠠᠩᠬᠢ ᠵᠦᠷᠢᠶᠡᠴᠢᠯᠡᠭ᠌ᠰᠡᠨ ᠬᠠᠳᠠᠭᠠᠯᠠᠮᠵᠢ᠎ᠶ᠋ᠢᠨ ᠪᠡᠯᠡᠳᠭᠡᠯ ᠮᠥᠩᠭᠦ᠎ᠶ᠋ᠢᠨ ᠲᠦᠷᠦ᠎ᠶ᠋ᠢᠨ ᠪᠤᠳᠤᠯᠭ᠎ᠠ᠎ᠶ᠋ᠢᠨ ᠵᠥᠪ ᠴᠢᠭ᠌ᠯᠡᠯ᠎ᠢᠶᠠᠷ ᠤᠷᠮᠠᠱᠢᠭᠤᠯᠬᠤ ᠦᠢᠯᠡᠳᠦᠯ᠎ᠢ ᠪᠠᠳᠠᠷᠠᠭᠤᠯᠵᠤ᠂ 《ᠮᠠᠯ ᠠᠵᠤ ᠠᠬᠤᠢ ᠲᠠᠷᠢᠶᠠᠯᠠᠩ᠂ ᠮᠠᠯᠵᠢᠬᠤ ᠳᠠᠷᠢᠶᠠᠯᠠᠬᠤ ᠤᠷᠤᠨ᠂ ᠮᠠᠯᠴᠢᠨ ᠲᠠᠷᠢᠶᠠᠴᠢᠨ᠎ᠤ ᠠᠵᠢᠯ ᠦᠢᠯᠡᠰ᠎ᠤᠨ ᠬᠡᠯᠳᠡᠰ》 ᠎ᠤᠨ ᠬᠢᠨᠠᠨ ᠱᠢᠯᠭᠠᠬᠤ ᠡᠷᠴᠢᠮ᠎ᠢᠶᠠᠨ ᠴᠢᠩᠭᠠᠷᠠᠭᠤᠯᠵᠤ᠂ ᠬᠠᠷᠢᠶ᠎ᠠ ᠪᠠᠢᠭᠤᠯᠤᠮᠵᠢ᠎ᠶ᠋ᠢᠨ ᠢᠲᠡᠭᠡᠮᠵᠢᠲᠦ ᠵᠢᠭᠡᠯᠡᠯᠭᠡ᠎ᠶ᠋ᠢᠨ ᠠᠱᠢᠭ ᠬᠥᠷᠳᠡᠮᠵᠢ ᠤᠯᠭᠤᠵᠤ᠂ ᠣᠷᠣᠨ ᠨᠤᠲᠤᠭ᠎ᠤᠨ ᠠᠵᠤ ᠠᠬᠤᠢ᠎ᠶ᠋ᠢᠨ ᠬᠥᠭ᠌ᠵᠢᠯᠲᠡ᠎ᠳᠤ ᠪᠡᠯᠡ ᠮᠥᠩᠭᠦ᠎ᠶ᠋ᠢᠨ ᠪᠠᠲᠤᠯᠠᠭ᠎ᠠ ᠬᠠᠩᠭᠠᠵᠥ᠍ ᠪᠠᠢᠨ᠎ᠠ᠃

ᠣᠢᠷ᠎ᠠ᠎ᠳᠤ᠂ ᠲᠤᠰ ᠰᠠᠯᠪᠤᠷᠢ ᠪᠠᠩᠬᠢ ᠳᠤᠮᠳᠠᠳᠤ ᠤᠯᠤᠰ᠎ᠤᠨ ᠲᠠᠷᠢᠶᠠᠯᠠᠩ᠎ᠤᠨ ᠪᠠᠩᠬᠢ᠎ᠶ᠋ᠢᠨ ᠱᠢᠶᠠᠨ᠎ᠤ ᠱᠠᠲᠤᠨ᠎ᠤ 《ᠮᠠᠯ ᠠᠵᠤ ᠠᠬᠤᠢ ᠲᠠᠷᠢᠶᠠᠯᠠᠩ᠂ ᠮᠠᠯᠵᠢᠬᠤ ᠳᠠᠷᠢᠶᠠᠯᠠᠬᠤ ᠤᠷᠤᠨ᠂ ᠮᠠᠯᠴᠢᠨ ᠲᠠᠷᠢᠶᠠᠴᠢᠨ᠎ᠤ ᠠᠵᠢᠯ ᠦᠢᠯᠡᠰ᠎ᠤᠨ ᠬᠡᠯᠳᠡᠰ》 ᠎ᠤᠨ ᠬᠠᠳᠠᠭᠠᠯᠠᠮᠵᠢ᠎ᠶ᠋ᠢᠨ ᠪᠡᠯᠡᠳᠭᠡᠯ ᠮᠥᠩᠭᠦᠨ᠎ᠤ ᠵᠥᠷᠢᠶᠡᠲᠦ ᠨᠣᠷᠮ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠢ ᠬᠢᠨᠠᠨ ᠱᠢᠯᠭᠠᠬᠤ ᠠᠵᠢᠯ᠎ᠢ ᠤᠷᠤᠭ᠍ᠰᠢᠲᠠᠶ ᠪᠡᠶᠡᠯᠡᠭᠦᠯᠪᠡ᠃ ᠬᠢᠨᠠᠨ ᠱᠢᠯᠭᠠᠬᠤ᠎ᠪᠠᠷ ᠳᠡᠮᠵᠢᠨ᠂ ᠲᠤᠰ ᠬᠤᠲᠠ᠎ᠶ᠋ᠢᠨ 7 ᠬᠤᠱᠢᠭᠤ ᠱᠢᠶᠠᠨ᠎ᠤ 6 ᠎ᠨᠢ ᠪᠠᠷᠢᠮᠵᠢᠶ᠎ᠠ᠎ᠳᠤ ᠬᠦᠷᠴᠦ᠍᠂ ᠪᠠᠷᠢᠮᠵᠢᠶ᠎ᠠ᠎ᠳᠤ ᠬᠥᠷᠥᠭ᠌ᠰᠡᠨ 《ᠬᠡᠯᠳᠡᠰ》 ᠎ᠲᠤ 3.57 ᠳ᠋ᠦᠩᠱᠢᠭᠤᠷ ᠲᠥᠭᠦᠷᠢᠭ᠎ᠤᠨ ᠪᠠᠯᠠ ᠮᠥᠩᠭᠦ᠌ ᠪᠠᠭᠤᠯᠭᠠᠵᠡᠢ᠃ ᠡᠨᠡ᠎ᠨᠢ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠲᠠᠷᠢᠶᠠᠯᠠᠩ᠎ᠲᠠᠢ ᠬᠤᠯᠪᠣᠭ᠍ᠳᠠᠬᠤ ᠬᠦᠷᠢᠶ᠎ᠠ ᠴᠠᠷᠠᠭᠠᠨ᠎ᠳᠠᠬᠢ ᠢᠲᠡᠭᠡᠮᠵᠢᠲᠦ ᠵᠢᠭᠡᠯᠡᠯᠭᠡ᠎ᠶ᠋ᠢᠨ ᠣᠷᠣᠭᠤᠯᠤᠯᠲᠠ᠎ᠪᠠᠨ ᠥᠷᠭᠡᠳᠭᠡᠬᠦ᠌᠎ᠳᠤ ᠠᠱᠢᠭ᠍ᠲᠠᠶ ᠪᠠᠢᠵᠤ᠂ ᠬᠠᠷᠢᠶ᠎ᠠ ᠣᠷᠣᠨ᠎ᠤ ᠠᠵᠤ ᠠᠬᠤᠢᠯᠠᠯ ᠵᠢᠴᠢ ᠲᠠᠷᠢᠶᠠᠴᠢᠨ ᠡᠷᠦᠬᠡ᠎ᠶ᠋ᠢᠨ ᠬᠠᠪᠤᠷ᠎ᠤᠨ ᠲᠠᠷᠢᠶᠠᠯᠠᠭ᠎ᠠ᠎ᠳᠤ ᠪᠡᠯᠡᠳᠭᠡᠬᠦ᠌ ᠪᠠᠯᠠ ᠮᠥᠩᠭᠦ᠎ᠶ᠋ᠢᠨ ᠬᠡᠷᠡᠭ᠌ᠴᠡᠭᠡ᠎ᠶ᠋ᠢ ᠦᠨᠡᠨ ᠬᠦ᠌ ᠬᠠᠩᠭᠠᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠭ᠌ᠰᠡᠡ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号