《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ᠂ ᠮᠠᠨ᠎ᠤ ᠤᠷᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠶᠯᠡᠳᠪᠦᠷᠢᠯᠡᠯ᠎ᠤᠨ ᠰᠠᠭᠤᠷᠢᠨ᠎ᠤ ᠴᠢᠨᠠᠷ ᠰᠠᠢᠲᠠᠶ ᠮᠦᠷᠳᠡᠭᠡᠨ ᠥᠨᠳᠥᠷ ᠦᠷ᠎ᠡ ᠪᠦᠲᠦᠮᠵᠢᠲᠡᠶ᠎ᠪᠠᠷ ᠬᠡᠯᠪᠡᠷᠢ᠎ᠪᠠᠨ ᠬᠤᠪᠢᠷᠠᠭᠤᠯᠬᠤ᠎ᠶ᠋ᠢ ᠲᠦᠷᠬᠡᠳᠭᠡᠨ ᠠᠬᠢᠭᠤᠯᠵᠤ᠂ ᠤᠯᠤᠰ᠎ᠤᠨ ᠪᠣᠬᠢᠷᠲᠤᠯ ᠥᠬᠡᠶ ᠮᠢᠬ᠎ᠠ ᠰᠦ᠎ᠶ᠋ᠢᠨ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠤᠨ᠂ ᠤᠯᠤᠰ᠎ᠤᠨ ᠪᠣᠬᠢᠷᠲᠤᠯ ᠥᠬᠡᠶ ᠮᠢᠬ᠎ᠠ ᠰᠦ᠎ᠶ᠋ᠢᠨ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠰᠠᠭᠤᠷᠢᠨ᠎ᠢ ᠪᠥᠲᠥᠭᠡᠨ ᠪᠠᠢᠭᠤᠯᠬᠤ ᠪᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠤᠨ ᠮᠠᠯᠵᠢᠬᠤ ᠣᠷᠣᠨ᠎ᠤ ᠲᠢᠩᠬᠢᠮ᠎ᠤᠨ ᠳᠡᠳ᠋ ᠳᠠᠷᠤᠭ᠎ᠠ ᠯᠢᠦ ᠶᠦᠩ ᡁᠢ᠄ 《〈ᠠᠷᠪᠠᠨ ᠳᠥᠷᠪᠡᠳᠦᠭᠡᠷ ᠲᠠᠪᠤᠨ ᠵᠢᠯ〉 ᠤᠨ ᠬᠤᠭᠤᠴᠠᠭᠠᠨ᠎ᠳᠤ 〈ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠥᠯᠥᠪᠵᠢᠭᠦᠯᠭᠡ〉 ᠶ᠋ᠢ ᠲᠣᠭ᠍ᠲᠠᠭᠠᠨ ᠮᠠᠯ ᠠᠵᠤ ᠠᠬᠤᠶ᠎ᠶ᠋ᠢᠨ ᠲᠠᠰ ᠳᠡᠪᠱᠢᠬᠦ᠌᠎ᠶ᠋ᠢ ᠠᠬᠢᠭᠤᠯᠵᠤ᠂ 2025 ᠣᠨ ᠪᠣᠯᠬᠤ᠎ᠳᠤ ᠰᠦ᠎ᠶ᠋ᠢᠨ ᠲᠥᠷᠥᠯ᠎ᠤᠨ ᠭᠠᠷᠤᠯᠲᠠ᠎ᠶ᠋ᠢ 1000 ᠲᠦᠮᠡᠨ ᠲᠣᠨ᠎ᠢ ᠲᠠᠪᠠᠭᠤᠯᠤᠨ᠂ ᠮᠢᠬᠠᠨ᠎ᠤ ᠬᠤᠨᠢ ᠪᠠ ᠮᠢᠬᠠᠨ᠎ᠤ ᠦᠬᠡᠷ᠎ᠤᠨ ᠪᠥᠬᠦ᠌ ᠠᠵᠤ ᠦᠶᠯᠡᠰ᠎ᠤᠨ ᠬᠡᠯᠬᠢᠶ᠎ᠠ᠎ᠶ᠋ᠢᠨ ᠦᠶᠯᠡᠳᠬᠦᠨ᠎ᠤ ᠥᠷᠲᠡᠭ᠎ᠢ ᠲᠣᠰ ᠪᠦᠷᠢ 1000 ᠳ᠋ᠦᠩᠱᠢᠭᠤᠷ ᠲᠥᠭᠦᠷᠢᠭ ᠪᠠ 560 ᠳ᠋ᠦᠩᠱᠢᠭᠤᠷ ᠲᠥᠭᠦᠷᠢᠭ᠎ᠢ ᠲᠠᠪᠠᠭᠤᠯᠵᠤ᠂ ᠪᠥᠬᠦ᠌ ᠤᠯᠤᠰ᠎ᠲᠤ ᠰᠦ᠎ᠶ᠋ᠢᠨ ᠦᠶᠯᠡᠰ᠎ᠢ ᠬᠥᠭ᠌ᠵᠢᠭᠦᠯᠦᠨ ᠮᠠᠨᠳᠤᠭᠤᠯᠬᠤ ᠪᠠ ᠮᠢᠬᠠᠨ᠎ᠤ ᠦᠬᠡᠷ ᠬᠤᠨᠢᠨ᠎ᠤ ᠠᠵᠤ ᠦᠶᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠤᠷᠢᠳ᠎ᠢᠶᠠᠷ ᠪᠡᠶᠡᠯᠡᠭᠦᠯᠵᠦ᠍᠂ ᠭᠠᠭ᠍ᠠᠶ᠎ᠶ᠋ᠢᠨ ᠮᠢᠬ᠎ᠠ᠎ᠶ᠋ᠢᠨ ᠭᠠᠷᠤᠯᠲᠠ᠎ᠶ᠋ᠢ ᠲᠤᠭ᠍ᠳᠠᠪᠤᠷᠢᠵᠢᠭᠤᠯᠤᠨ ᠬᠠᠩᠭᠠᠯᠭ᠎ᠠ᠎ᠶ᠋ᠢ ᠪᠠᠲᠤᠯᠠᠬᠤ᠎ᠶ᠋ᠢᠨ ᠬᠠᠮᠲᠤ ᠨᠤᠤᠯᠤᠭᠤᠷ᠎ᠤᠨ ᠢᠮᠠᠭ᠎ᠠ᠂ ᠠᠳᠤᠭᠤ᠂ ᠲᠡᠮᠡᠭᠡ ᠵᠡᠷᠭᠡ ᠣᠨᠴᠠᠯᠢᠭ᠍ᠲᠤ ᠠᠵᠤ ᠦᠶᠯᠡᠰ᠎ᠤᠨ ᠣᠯᠠᠨ ᠡᠱᠢᠵᠢᠨ ᠬᠥᠭ᠌ᠵᠢᠬᠦ᠌᠎ᠶ᠋ᠢ ᠠᠬᠢᠭᠤᠯᠤᠨ᠎ᠠ》 ᠬᠡᠵᠤ ᠶᠠᠷᠢᠯ᠎ᠠ᠃ ᠦᠪᠡᠷᠳᠡᠭᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠤᠨ ᠮᠠᠯᠵᠢᠬᠤ ᠣᠷᠣᠨ᠎ᠤ ᠲᠢᠩᠬᠢᠮ᠎ᠤᠨ᠎ᠬᠢᠨ ᠤᠳᠤ᠎ᠠᠴᠠ ᠡᠬᠢᠯᠠᠨ ᠮᠠᠯ ᠵᠢᠭᠦᠷᠲᠡᠨ᠎ᠤ ᠦᠷ᠎ᠡ᠎ᠶ᠋ᠢᠨ ᠦᠶᠯᠡᠰ᠎ᠤᠨ ᠬᠥᠭ᠌ᠵᠢᠯᠲᠡ᠎ᠶ᠋ᠢ ᠠᠬᠢᠭᠤᠯᠤᠨ ᠮᠠᠯ ᠤᠨᠤᠭ᠎ᠠ᠎ᠶ᠋ᠢᠨ ᠡᠭᠦᠯᠳᠡᠷ ᠰᠠᠢᠵᠢᠷᠠᠭᠤᠯᠤᠯᠳᠠ᠎ᠶ᠋ᠢᠨ ᠲᠠᠯ᠎ᠠ᠎ᠪᠠᠷ ᠱᠢᠪᠲᠤᠯᠤᠯᠲᠠ ᠭᠠᠷᠭᠠᠬᠤ᠎ᠪᠠᠷ ᠬᠦᠴᠦᠯᠡᠵᠤ᠂ 2025 ᠣᠨ ᠪᠣᠯᠬᠤ᠎ᠳᠤ ᠮᠠᠯ ᠵᠢᠭᠦᠷᠲᠡᠨ᠎ᠤ ᠱᠢᠯᠢᠳᠡᠭ ᠡᠭᠦᠯᠳᠡᠷ᠎ᠤᠨ ᠨᠣᠷᠮ᠎ᠠ᠎ᠶ᠋ᠢ 95% ᠶ᠋ᠢ ᠲᠠᠪᠠᠭᠤᠯᠬᠤ ᠬᠠᠷᠠᠯᠳᠠ ᠲᠤᠭ᠍ᠳᠠᠭᠠᠨ ᠴᠢᠷᠮᠠᠢᠨ ᠠᠵᠢᠯᠯᠠᠵᠤ ᠪᠤᠢ᠃ ᠡᠭᠦᠨ᠎ᠤ ᠬᠠᠮᠲᠤ᠌᠂ ᠰᠦᠯ ᠰᠠᠢᠲᠠᠶ ᠲᠡᠵᠢᠭᠡᠯ ᠡᠪᠡᠰᠦᠨ᠎ᠤ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ 2025 ᠣᠨ ᠪᠣᠯᠬᠤ᠎ᠳᠤ ᠲᠡᠵᠢᠭᠡᠯ ᠡᠪᠡᠰᠦᠨ᠎ᠤ ᠦᠶᠯᠡᠳᠬᠦᠨ᠎ᠤ ᠥᠷᠲᠡᠭ᠎ᠢ 770 ᠳ᠋ᠦᠩᠱᠢᠭᠤᠷ ᠲᠥᠭᠦᠷᠢᠭ᠎ᠢ ᠲᠠᠪᠠᠭᠤᠯᠵᠤ᠂ ᠨᠤᠲᠤᠭ ᠪᠡᠯᠴᠢᠭᠡᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠬᠢᠭᠡᠳ ᠮᠠᠯ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠬᠤᠤᠰ ᠠᠮᠵᠢᠯᠲᠠ᠎ᠶ᠋ᠢ ᠪᠡᠶᠡᠯᠡᠭᠦᠯᠬᠦ᠌᠎ᠪᠠᠷ ᠬᠦᠴᠦᠯᠡᠵᠤ ᠪᠠᠢᠨ᠎ᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号