ᠤᠳᠭ᠎ᠠ ᠬᠦᠨᠵᠡᠭᠡᠢ ᠨᠢᠬᠡᠨ ᠠᠵᠢᠯᠯᠠᠭ᠎ᠠ ᠮᠠᠯᠴᠢᠳ ᠪᠤᠯᠤᠨ ᠰᠤᠷᠤᠭ᠍ᠴᠢᠳ᠎ᠤᠨ ᠳᠤᠮᠳᠠ ᠶᠠᠪᠤᠭ᠍ᠳᠠᠯ᠎ᠠ
2021-04-06 10:32:18
ᠵᠣᠬᠢᠶᠠᠭ᠍ᠴᠢ᠄
ᠪᠤᠶᠠᠨ᠎ᠠ ᠭᠠᠪᠢᠷ᠎ᠠ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠬᠠᠭᠤᠴᠢᠨ ᠪᠠᠷᠭᠤ ᠬᠤᠱᠢᠭᠤᠨ᠎ᠤ ᠦᠨᠳᠦᠰᠦᠳᠡᠨ᠎ᠤ ᠬᠡᠷᠡᠭ ᠡᠷᠬᠢᠯᠡᠬᠦ᠌ ᠵᠦᠪᠯᠡᠯ᠎ᠠᠴᠠ ᠪᠦᠬᠦ᠌ ᠬᠤᠱᠢᠭᠤᠨ᠎ᠤ ᠵᠢᠷᠭᠤᠭᠠᠨ ᠭᠠᠴᠠᠭᠠᠨ᠎ᠳᠤ ᠨᠢᠭᠡ ᠭᠠᠷᠠᠭ᠎ᠤᠨ ᠬᠤᠭᠤᠴᠠᠭ᠎ᠠ᠎ᠲᠠᠢ 《ᠲᠤᠮᠳᠠᠳᠣ᠎ᠶ᠋ᠢᠨ ᠦᠨᠳᠣᠰᠦᠳᠡᠨ᠎ᠤ ᠬᠠᠮᠳᠦ ᠴᠣᠭ᠍ᠴᠠ᠎ᠶ᠋ᠢᠨ ᠣᠬᠠᠮᠰᠠᠷ᠎ᠢ ᠪᠠᠳᠣ ᠴᠣᠭ᠍ᠴᠠᠯᠠᠬᠤ》 ᠲᠤᠰᠭᠠᠢ ᠰᠡᠳᠣᠪᠳᠦ ᠣᠬᠠᠭᠤᠯᠣᠨ ᠲᠠᠢᠯᠪᠤᠷᠢᠯᠠᠬᠤ ᠬᠦᠳᠡᠯᠭᠡᠭᠡᠨ ᠵᠢᠴᠢ ᠮᠠᠯᠴᠢᠳ᠎ᠤᠨ ᠲᠠᠭᠤᠨ᠎ᠤ ᠤᠷᠤᠯᠳᠤᠭᠠᠨ ᠪᠤᠯᠤᠨ ᠮᠡᠳᠡᠯᠭᠡ᠎ᠶ᠋ᠢᠨ ᠣᠷᠣᠯᠳᠣᠭᠠᠨ᠎ᠢ ᠠᠮᠵᠢᠯᠲᠠᠲᠠᠢ ᠶᠠᠪᠤᠭ᠍ᠳᠠᠭᠤᠯᠤᠭ᠍ᠰᠠᠨ ᠪᠠᠢᠨ᠎ᠠ᠃



ᠦᠨᠳᠦᠰᠦᠳᠡᠨ᠎ᠤ ᠪᠦᠯᠬᠦᠮᠳᠡᠯ ᠲᠠᠪᠱᠢᠯᠳᠠ᠎ᠶ᠋ᠢᠨ ᠦᠵᠡᠯ ᠣᠬᠠᠮᠰᠠᠷ᠎ᠢ ᠣᠯᠠᠮ ᠨᠢᠭᠡ ᠠᠯᠬᠤᠮ ᠬᠦᠨᠵᠡᠬᠡᠢᠷᠡᠭᠦᠯᠬᠦ᠌ ᠵᠣᠷᠢᠯᠭ᠎ᠠ᠎ᠠᠴᠠ ᠵᠤᠬᠢᠶᠠᠨ ᠪᠠᠢᠭᠤᠯᠤᠭ᠍ᠳᠠᠵᠤ ᠪᠠᠢᠭ᠎ᠠ ᠲᠤᠰ ᠣᠳᠠᠭᠠᠨ᠎ᠤ ᠠᠵᠢᠯᠯᠠᠭ᠎ᠠ᠎ᠨᠢ ᠬᠦᠬᠡᠨᠠᠭᠤᠷ ᠪᠠᠯᠭᠠᠰᠤᠨ᠎ᠤ ᠦᠪᠦᠷᠨᠠᠭᠤᠷ ᠭᠠᠴᠠᠭ᠎ᠠ᠂ ᠪᠠᠶᠠᠨᠬᠠᠳᠠ ᠰᠤᠮᠤᠨ᠎ᠤ ᠤᠯᠠᠭᠠᠨᠴᠢᠯᠠᠭᠤ ᠭᠠᠴᠠᠭ᠎ᠠ ᠪᠤᠯᠤᠨ ᠡᠸᠡᠩᠬᠢ ᠦᠨᠳᠣᠰᠦᠳᠡᠨ᠎ᠤ ᠰᠣᠮᠣ᠎ᠶ᠋ᠢᠨ ᠬᠠᠵᠢ ᠭᠠᠴᠠᠭ᠎ᠠ ᠵᠡᠷᠭᠡ ᠵᠢᠷᠭᠤᠭᠠᠨ ᠭᠠᠴᠠᠭᠠᠨ᠎ᠤ ᠮᠠᠯᠴᠢᠳ᠎ᠤᠨ ᠬᠠᠯᠠᠭᠤᠨ ᠬᠦᠷᠢᠶᠡᠯᠡᠯ᠎ᠢ ᠣᠯᠵᠣ᠂ ᠲᠠᠢᠯᠤᠮᠵᠢ ᠰᠣᠨᠣᠰᠴᠣ᠂ ᠲᠠᠭᠤᠨ᠎ᠤ ᠤᠷᠤᠯᠳᠣᠭᠠᠨ᠎ᠳᠤ ᠣᠷᠣᠯᠴᠠᠬᠤ᠎ᠪᠠᠷ ᠬᠤᠷᠠᠨ ᠴᠣᠭ᠍ᠯᠠᠷᠠᠭ᠍ᠰᠠᠨ ᠪᠠᠢᠨ᠎ᠠ᠃



ᠲᠤᠰ ᠣᠳᠠᠭᠠᠨ᠎ᠤ ᠬᠦᠳᠡᠯᠭᠡᠭᠡᠨ᠎ᠳᠤ ᠦᠷᠭᠡᠨ ᠣᠯᠠᠨ ᠮᠠᠯᠴᠢᠳ᠎ᠤᠨ ᠦᠨᠳᠦᠰᠦᠳᠡᠨ᠎ᠤ ᠪᠦᠯᠬᠦᠮᠳᠡᠯ᠎ᠤᠨ ᠴᠢᠬᠤᠯᠠ ᠴᠢᠨᠠᠷ᠎ᠤᠨ ᠲᠤᠬᠠᠢ ᠲᠠᠨᠢᠯᠳᠠ᠎ᠶ᠋ᠢ ᠣᠯᠠᠮ ᠴᠢᠨᠠᠭ᠍ᠰᠢᠳᠠ ᠬᠦᠨᠵᠡᠭᠡᠢᠷᠡᠬᠦᠯᠬᠦ᠌᠎ᠶ᠋ᠢᠨ ᠲᠦᠯᠦᠭᠡ᠂ ᠬᠤᠱᠢᠭᠤᠨ᠎ᠤ ᠨᠠᠮ᠎ᠤᠨ ᠰᠣᠷᠭᠠᠭᠤᠯᠢ᠎ᠶ᠋ᠢᠨ ᠪᠠᠭ᠍ᠰᠢ᠎ᠶ᠋ᠢ ᠣᠷᠢᠨ ᠵᠠᠯᠠᠵᠤ᠂ 《ᠲᠤᠮᠳᠠᠳᠣ᠎ᠶ᠋ᠢᠨ ᠦᠨᠳᠣᠰᠦᠳᠡᠨ᠎ᠤ ᠬᠠᠮᠳᠦ ᠴᠣᠭ᠍ᠴᠠ᠎ᠶ᠋ᠢᠨ ᠣᠬᠠᠮᠰᠠᠷ᠎ᠢ ᠬᠡᠷᠬᠢᠨ ᠪᠤᠢ ᠪᠤᠯᠭᠠᠬᠤ ᠪᠤᠢ》 ᠬᠡᠬᠦ᠌ ᠰᠡᠳᠦᠪ᠎ᠢᠶᠠᠷ ᠣᠬᠠᠭᠤᠯᠤᠨ ᠲᠠᠢᠯᠪᠤᠷᠢᠯᠠᠯᠳᠠ ᠬᠢᠯᠭᠡᠭ᠌ᠰᠡᠨ ᠪᠠᠢᠨ᠎ᠠ᠃



ᠤᠬᠠᠭᠤᠯᠤᠨ ᠲᠠᠢᠯᠪᠤᠷᠢᠯᠠᠯᠳᠠ᠎ᠶ᠋ᠢᠨ ᠲᠠᠷᠠᠭ᠎ᠠ᠂ ᠤᠷᠤᠯᠳᠤᠭᠠᠨ ᠬᠦᠷ ᠬᠦᠭ᠌ᠵᠢᠶᠡᠨ᠎ᠲᠠᠢ ᠡᠬᠢᠯᠡᠵᠦ᠍᠂ ᠲᠠᠭᠤᠨ᠎ᠤ ᠤᠷᠤᠯᠳᠤᠭᠠᠨ᠎ᠳᠤ 《ᠪᠠᠷᠭᠤ᠎ᠶ᠋ᠢᠨ ᠵᠤᠰᠠᠯᠠᠩ ᠮᠡᠷᠭᠡᠯ》᠂ 《ᠦᠨᠦᠴᠢᠨ ᠪᠦᠬᠦᠨ᠎ᠢ ᠲᠡᠮᠵᠢᠶ᠎ᠡ》᠂ 《ᠪᠠᠷᠦ᠋ᠢᠭᠠᠳ ᠨᠡᠭᠦᠭ᠌ᠰᠡᠨ ᠵᠤᠨ》 ᠵᠡᠷᠭᠡ ᠭᠤᠴᠤ᠌ ᠰᠠᠢᠬᠠᠨ ᠲᠠᠭᠤᠤ᠎ᠪᠠᠷ ᠦᠪᠡᠷ ᠦᠪᠡᠷ᠎ᠤᠨ ᠠᠪᠢᠶᠠᠰ᠎ᠢᠶᠠᠨ ᠮᠦᠷᠦ᠋ᠢᠴᠡᠭ᠌ᠰᠡᠨ ᠪᠠᠢᠨ᠎ᠠ᠃

ᠮᠡᠳᠡᠯᠭᠡ᠎ᠶ᠋ᠢᠨ ᠣᠷᠣᠯᠳᠣᠭᠠᠨ᠎ᠳᠤ᠂ ᠦᠨᠳᠦᠰᠦᠳᠡᠨ᠎ᠤ ᠪᠦᠯᠬᠦᠮᠳᠡᠯ ᠲᠠᠪᠱᠢᠯᠲᠠ᠂ ᠮᠤᠩᠭᠤᠯ ᠨᠡᠭᠦᠳᠡᠯ ᠰᠣᠶᠣᠯ᠂ ᠵᠦᠢᠷ ᠰᠡᠴᠡᠨ ᠦᠭᠡ ᠵᠡᠷᠭᠡ ᠡᠯᠪᠡᠭ ᠪᠠᠶᠠᠯᠢᠭ ᠬᠦᠷᠢᠶ᠎ᠡ ᠴᠠᠷ᠎ᠠ᠎ᠠᠴᠠ ᠰᠡᠳᠦᠪ ᠭᠠᠷᠭᠠᠨ᠂ ᠮᠠᠯᠴᠢᠳ᠎ᠤᠨ ᠣᠶᠣᠨ᠎ᠢ ᠬᠤᠷᠴᠠᠯᠠᠵᠤ᠂ ᠮᠡᠳᠡᠯᠭᠡ᠎ᠶ᠋ᠢᠨ ᠬᠦᠷᠢᠶ᠎ᠡ ᠬᠡᠪᠴᠢᠶ᠎ᠡ᠎ᠶ᠋ᠢ ᠳᠡᠯᠡᠭ᠌ᠰᠡᠨ ᠪᠠᠢᠨ᠎ᠠ᠃


2bf464b5c882d9178a9a6bf2a5ba502.jpg


ᠦᠰᠪᠤᠷᠢ᠎ᠶ᠋ᠢᠨ ᠨᠠᠰᠣᠨ᠎ᠤ ᠵᠠᠯᠠᠭᠤᠴᠤᠳ ᠪᠠᠭᠠᠴᠣᠳ᠎ᠲᠤ᠎ᠪᠠᠨ ᠲᠤᠮᠳᠠᠳᠣ᠎ᠶ᠋ᠢᠨ ᠦᠨᠳᠦᠰᠦᠳᠡᠨ᠎ᠤ ᠬᠠᠮᠳᠦ ᠴᠣᠭ᠍ᠴᠠ᠎ᠶ᠋ᠢᠨ ᠲᠠᠨᠢᠯᠳᠠ᠎ᠶ᠋ᠢ ᠤᠯᠠᠮ ᠨᠢᠭᠡ ᠠᠯᠬᠤᠮ ᠪᠠᠳᠣᠵᠢᠭᠤᠯᠬᠤ᠎ᠶ᠋ᠢᠨ ᠲᠦᠯᠦᠭᠡ᠂ ᠬᠠᠭᠤᠴᠢᠨ ᠪᠠᠷᠭᠤ ᠬᠤᠱᠢᠭᠤᠨ᠎ᠤ ᠦᠨᠳᠦᠰᠦᠳᠡᠨ᠎ᠤ ᠬᠡᠷᠡᠭ ᠡᠷᠬᠢᠯᠡᠬᠦ᠌ ᠵᠦᠪᠯᠡᠯ᠎ᠠᠴᠠ ᠭᠤᠤᠯᠯᠠᠨ ᠡᠷᠬᠢᠯᠡᠵᠤ᠂ ᠬᠠᠭᠤᠴᠢᠨ ᠪᠠᠷᠭᠤ ᠬᠤᠱᠢᠭᠤᠨ᠎ᠤ ᠡᠮᠡᠭ᠌ᠲᠡᠢᠴᠦᠳ᠎ᠤᠨ ᠬᠤᠯᠪᠤᠭᠠᠳᠤ ᠬᠤᠷᠠᠯ ᠪᠤᠯᠤᠨ ᠦᠨᠳᠦᠰᠦᠳᠡᠨ᠎ᠤ ᠲᠤᠮᠳᠠᠳᠣ ᠰᠣᠷᠭᠠᠭᠤᠯᠢ᠎ᠠᠴᠠ ᠲᠠᠭᠠᠭᠠᠴᠢᠯᠠᠨ ᠡᠷᠬᠢᠯᠡᠭ᠌ᠰᠡᠨ 《ᠲᠤᠮᠳᠠᠳᠣ᠎ᠶ᠋ᠢᠨ ᠦᠨᠳᠣᠰᠦᠳᠡᠨ᠎ᠤ ᠬᠠᠮᠳᠦ ᠴᠣᠭ᠍ᠴᠠ᠎ᠶ᠋ᠢᠨ ᠣᠬᠠᠮᠰᠠᠷ᠎ᠢ ᠪᠠᠳᠣ ᠴᠣᠭ᠍ᠴᠠᠯᠠᠬᠤ》 ᠲᠤᠰᠭᠠᠢ ᠰᠡᠳᠣᠪᠳᠦ ᠣᠬᠠᠭᠤᠯᠣᠨ ᠲᠠᠢᠯᠪᠤᠷᠢᠯᠠᠬᠤ ᠠᠵᠢᠯᠯᠠᠭ᠎ᠠ ᠵᠢᠴᠢ ᠬᠠᠭᠤᠴᠢᠨ ᠪᠠᠷᠭᠤ ᠬᠤᠱᠢᠭᠤᠨ᠎ᠤ ᠦᠨᠳᠦᠰᠦᠳᠡᠨ᠎ᠤ ᠲᠤᠮᠳᠠᠳᠣ ᠰᠣᠷᠭᠠᠭᠤᠯᠢ᠎ᠶ᠋ᠢᠨ ᠬᠠᠮᠳᠦ᠎ᠶ᠋ᠢᠨ ᠲᠠᠭᠤᠨ᠎ᠤ ᠤᠷᠤᠯᠳᠤᠭᠠᠨ᠎ᠢ ᠴᠦ᠍ ᠠᠮᠵᠢᠯᠲᠠᠲᠠᠢ ᠶᠠᠪᠤᠭ᠍ᠳᠠᠭᠤᠯᠤᠭ᠍ᠰᠠᠨ ᠪᠠᠢᠨ᠎ᠠ᠃


caf1d0d90032d034ef4ac7a22a07f40.jpg


ᠤᠷᠤᠯᠳᠦᠭᠠᠨ᠎ᠳᠤ ᠠᠩᠬ᠎ᠠ ᠨᠢᠭᠡ ᠪᠤᠯᠤᠨ ᠠᠩᠬ᠎ᠠ ᠬᠤᠶᠠᠳᠣᠭᠠᠷ ᠤᠨ᠎ᠤ 200 ᠭᠠᠷᠤᠢ ᠰᠤᠷᠤᠭ᠍ᠴᠢ ᠤᠷᠤᠯᠴᠠᠵᠦ᠍᠂ ᠨᠢᠭᠡᠳᠦᠭᠡᠷ ᠱᠢᠭ᠌ᠰᠢᠭᠡ ᠣᠷᠣᠯᠳᠣᠭᠠᠨ᠎ᠳᠤ ᠡᠬᠡ ᠤᠯᠤᠰ᠎ᠢᠶᠠᠨ ᠮᠠᠭ᠍ᠳᠠᠨ ᠲᠠᠭᠤᠯᠠᠬᠤ᠎ᠪᠠᠷ ᠭᠤᠤᠯ ᠰᠡᠳᠦᠪ᠎ᠢᠶᠠᠨ ᠪᠤᠯᠭᠠᠭ᠍ᠰᠠᠨ 《ᠡᠬᠡ ᠣᠯᠣᠰ᠎ᠢᠶᠠᠨ ᠮᠠᠭ᠍ᠳᠠᠨ ᠲᠠᠭᠤᠯᠠᠶ᠎ᠠ》 ᠭᠡᠬᠦ᠌ ᠲᠠᠭᠤᠤ᠎ᠪᠠᠷ ᠬᠦᠱᠢᠭᠡ᠎ᠪᠠᠨ ᠢᠷᠠᠵᠤ᠂ ᠬᠤᠶᠠᠳᠣᠭᠠᠷ ᠱᠢᠭ᠌ᠰᠢᠭᠡ ᠤᠷᠤᠯᠳᠤᠭᠠᠨ᠎ᠳᠤ ᠠᠩᠭᠢ ᠨᠢᠭᠡᠴᠢ᠎ᠶ᠋ᠢᠨ ᠦᠪᠡᠷᠰᠡᠳ᠎ᠤᠨ ᠰᠣᠩᠭᠤᠭ᠍ᠰᠠᠨ 《ᠬᠡᠦᠬᠡᠳ ᠮᠣᠷᠢ ᠬᠤᠶᠠᠷ》᠂ 《ᠪᠠᠶᠠᠷᠳᠣ ᠮᠣᠩᠭᠤᠯ ᠣᠷᠣᠨ》 ᠵᠡᠷᠭᠡ ᠬᠦᠭ᠌ᠵᠢᠶᠡᠨᠳᠦ ᠲᠠᠭᠤᠤ᠎ᠪᠠᠨ ᠬᠠᠩᠬᠢᠨᠠᠭᠤᠯᠤᠨ᠂ ᠠᠬᠤᠢ ᠲᠠᠯᠠᠪᠠᠢ᠎ᠶ᠋ᠢᠨ ᠪᠠᠭ᠍ᠰᠢ ᠰᠣᠷᠣᠭ᠍ᠴᠢᠳ ᠭᠡᠷ᠎ᠤᠨ ᠠᠬᠠᠮᠠᠳ᠎ᠤᠨ ᠬᠠᠯᠠᠭᠤᠨ ᠬᠦᠷᠢᠶᠡᠯᠡᠯ᠎ᠢ ᠣᠯᠣᠭ᠍ᠰᠠᠨ ᠪᠠᠢᠨ᠎ᠠ᠃


283128a7fe98af446a850dfaa6687fa.jpg

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号