ᠵᠢᠷᠭᠤᠭᠠᠨ ᠶᠡᠭᠡ ᠲᠠᠪᠠᠭᠤᠯᠢᠬ ᠠᠵᠦ᠍ ᠦᠢᠯᠡᠰ᠎ᠤᠨ ᠦᠢᠯᠡᠳᠬᠦᠨ᠎ᠤ ᠦᠷᠳᠡᠭ ᠬᠦᠬᠡᠬᠤᠳᠠ᠎ᠶ᠋ᠢᠨ ᠠᠵᠦ᠍ ᠦᠢᠯᠡᠳᠪᠦᠷᠢ᠎ᠶ᠋ᠢᠨ ᠶᠡᠷᠦᠩᠬᠡᠢ ᠬᠡᠮᠵᠢᠶ᠎ᠠ᠎ᠶ᠋ᠢᠨ 86% ᠎ᠶ᠋ᠢ ᠡᠵᠡᠯᠡᠪᠡ
2021-04-06 08:40:38
ᠵᠣᠬᠢᠶᠠᠭ᠍ᠴᠢ᠄
ᠬᠠᠢ ᠴᠢᠤᠧᠠᠨ
ᠣᠩᠱᠢᠭ᠍ᠰᠠᠨ ᠣᠳᠠᠭ᠎ᠠ᠄
★★★☆☆

ᠡᠨᠡ ᠵᠢᠯ᠎ᠤᠨ ᠲᠦᠷᠦᠬᠦᠦ 2 ᠰᠠᠷ᠎ᠠ᠎ᠳᠤ᠂ ᠬᠦᠬᠡᠬᠤᠳᠠ᠎ᠶ᠋ᠢᠨ ᠢᠳᠡᠭᠡᠨ ᠪᠤᠯᠪᠠᠰᠤᠷᠠᠭᠤᠯᠬᠤ᠂ ᠴᠠᠬᠢᠯᠭᠠᠨ ᠬᠦᠴᠦᠨ᠎ᠤ ᠡᠨᠧᠷᠬᠢ᠂ ᠴᠢᠯᠠᠭᠤᠨ ᠲᠤᠰᠤ ᠬᠢᠮᠢ᠎ᠶ᠋ᠢᠨ ᠠᠵᠦ᠍ ᠦᠢᠯᠡᠳᠪᠦᠷᠢ᠂ ᠠᠮᠢᠳᠤ ᠪᠤᠳᠠᠰ᠎ᠤᠨ ᠡᠮ᠂ ᠭᠡᠷᠡᠯᠴᠢ ᠴᠡᠨᠡᠭ᠎ᠤᠨ ᠮᠠᠲ᠋ᠧᠷᠢᠶᠠᠯ᠂ ᠡᠯᠧᠺᠲᠷᠤᠨ ᠮᠡᠳᠡᠭᠡ ᠵᠠᠩᠬᠢ ᠵᠡᠷᠬᠡ ᠵᠢᠷᠭᠤᠭᠠᠨ ᠶᠡᠭᠡ ᠲᠠᠪᠠᠭᠤᠯᠢᠬ ᠠᠵᠦ᠍ ᠦᠢᠯᠡᠰ᠎ᠤᠨ ᠦᠢᠯᠡᠳᠬᠦᠨ᠎ᠤ ᠦᠷᠳᠡᠭ 234.9 ᠳ᠋ᠦᠩᠱᠢᠭᠤᠷ ᠲᠦᠬᠦᠷᠢᠭ᠎ᠲᠤ ᠬᠦᠷᠴᠤ᠌᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 20.6% ᠎ᠪᠠᠷ ᠨᠡᠮᠡᠭ᠌ᠳᠠᠵᠦ᠍᠂ ᠪᠦᠬᠦ᠌ ᠬᠤᠳᠠ᠎ᠶ᠋ᠢᠨ ᠠᠵᠦ᠍ ᠦᠢᠯᠡᠳᠪᠦᠷᠢ᠎ᠶ᠋ᠢᠨ ᠶᠡᠷᠦᠩᠬᠡᠢ ᠬᠡᠮᠵᠢᠶ᠎ᠠ᠎ᠶ᠋ᠢᠨ 86% ᠎ᠶ᠋ᠢ ᠡᠵᠡᠯᠡᠪᠡ᠃  

ᠰᠦ᠎ᠶ᠋ᠢᠨ ᠦᠢᠯᠡᠰ᠎ᠢᠶᠠᠷ ᠭᠤᠤᠯ ᠪᠤᠯᠭᠠᠬ᠍ᠰᠠᠨ ᠪᠤᠬᠢᠷᠳᠤᠯ ᠦᠬᠡᠢ ᠢᠳᠡᠭᠡᠨ ᠪᠤᠯᠪᠠᠰᠤᠷᠠᠭᠤᠯᠬᠤ ᠠᠵᠦ᠍ ᠦᠢᠯᠡᠰ᠎ᠤᠨ ᠲᠠᠯ᠎ᠠ᠎ᠪᠠᠷ᠂ ᠢᠯᠢ ᠪᠤᠯᠤᠨ ᠮᠧᠩ ᠨᠢᠤ ᠬᠤᠶᠠᠷ ᠲᠤᠮᠤ ᠲᠠᠭᠠᠭᠤᠯᠤᠬ᠍ᠴᠢ ᠠᠵᠦ᠍ ᠠᠬᠤᠢ᠍ᠢᠯᠠᠯ᠎ᠤᠨ ᠬᠦᠴᠦᠳᠤ ᠲᠠᠢᠴᠢᠯᠠᠭ᠎ᠠ ᠲᠤᠤᠷ᠎ᠠ᠂ ᠲᠦᠷᠦᠬᠦᠦ 2 ᠰᠠᠷ᠎ᠠ᠎ᠳᠤ ᠬᠦᠬᠡᠬᠤᠳᠠ᠎ᠶ᠋ᠢᠨ ᠢᠳᠡᠭᠡᠨ ᠪᠤᠯᠪᠠᠰᠤᠷᠠᠭᠤᠯᠬᠤ ᠠᠵᠦ᠍ ᠦᠢᠯᠡᠰ᠎ᠤᠨ ᠦᠢᠯᠡᠳᠬᠦᠨ᠎ᠤ ᠦᠷᠳᠡᠭ 47 ᠳ᠋ᠦᠩᠱᠢᠭᠤᠷ ᠲᠦᠬᠦᠷᠢᠭ᠎ᠲᠤ ᠬᠦᠷᠴᠤ᠌᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 26.5% ᠎ᠪᠠᠷ ᠨᠡᠮᠡᠭ᠌ᠳᠡᠵᠦ᠍᠂ ᠪᠦᠬᠦ᠌ ᠬᠤᠳᠠ᠎ᠶ᠋ᠢᠨ ᠠᠵᠦ᠍ ᠦᠢᠯᠡᠳᠪᠦᠷᠢ᠎ᠶ᠋ᠢᠨ ᠶᠡᠷᠦᠩᠬᠡᠢ ᠬᠡᠮᠵᠢᠶ᠎ᠠ᠎ᠳᠠᠬᠢ ᠡᠵᠡᠯᠡᠬᠦ᠌ ᠬᠤᠪᠢ᠎ᠶ᠋ᠢᠨ ᠵᠢᠩ᠎ᠨᠢ 17.2% ᠎ᠲᠤ ᠬᠦᠷᠴᠡᠢ᠃ ᠡᠬᠦᠨ᠎ᠳᠤ ᠰᠦ᠎ᠶ᠋ᠢᠨ ᠦᠢᠯᠡᠰ᠎ᠤᠨ ᠦᠢᠯᠡᠳᠬᠦᠨ᠎ᠤ ᠦᠷᠳᠡᠭ 35.8 ᠳ᠋ᠦᠩᠱᠢᠭᠤᠷ ᠲᠦᠬᠦᠷᠢᠭ᠎ᠲᠤ ᠬᠦᠷᠴᠤ᠌᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 24.9% ᠎ᠪᠠᠷ ᠨᠡᠮᠡᠭ᠌ᠳᠡᠵᠦ᠍᠂ ᠪᠦᠬᠦ᠌ ᠬᠤᠳᠠ᠎ᠶ᠋ᠢᠨ ᠠᠵᠦ᠍ ᠦᠢᠯᠡᠳᠪᠦᠷᠢ᠎ᠶ᠋ᠢᠨ ᠶᠡᠷᠦᠩᠬᠡᠢ ᠬᠡᠮᠵᠢᠶ᠎ᠠ᠎ᠳᠠᠬᠢ ᠡᠵᠡᠯᠡᠬᠦ᠌ ᠬᠤᠪᠢ᠎ᠶ᠋ᠢᠨ ᠵᠢᠩ᠎ᠨᠢ 13.1% ᠎ᠳᠤ ᠬᠦᠷᠴᠤ᠌᠂ ᠰᠦ᠎ᠶ᠋ᠢᠨ ᠦᠢᠯᠡᠳᠬᠦᠨ᠎ᠢ 29.5 ᠲᠦᠮᠡᠨ ᠲᠤᠨ ᠦᠢᠯᠡᠳᠪᠦᠷᠢᠯᠡᠵᠦ᠍᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 24.8% ᠎ᠪᠠᠷ ᠨᠡᠮᠡᠭ᠌ᠳᠡᠭ᠌ᠰᠡᠨ ᠪᠠᠢᠨ᠎ᠠ᠃ ᠴᠠᠬᠢᠯᠭᠠᠨ ᠬᠦᠴᠦᠨ᠎ᠤ ᠡᠨᠧᠷᠬᠢ᠎ᠶ᠋ᠢᠨ ᠠᠵᠦ᠍ ᠦᠢᠯᠡᠰ᠎ᠤᠨ ᠲᠠᠯ᠎ᠠ᠎ᠪᠠᠷ᠂ ᠡᠨᠡ ᠵᠢᠯ᠎ᠠᠴᠠ ᠨᠠᠭᠠᠰᠢ ᠴᠠᠬᠢᠯᠭᠠᠨ ᠬᠦᠴᠤᠨ᠎ᠤ ᠠᠵᠢᠯ ᠲᠦᠷᠦᠯ᠎ᠤᠨ ᠦᠢᠯᠡᠳᠬᠦᠨ᠎ᠤ ᠦᠷᠳᠡᠭ ᠵᠠᠬ᠎ᠠ ᠲᠡᠯᠬᠡᠬᠦᠷ᠎ᠤᠨ ᠰᠡᠷᠬᠦᠯᠳᠡ᠎ᠶ᠋ᠢ ᠲᠠᠭᠠᠯᠳᠤᠨ ᠨᠡᠢᠳᠡᠮ᠎ᠳᠡᠭᠡᠨ ᠨᠡᠮᠡᠭ᠌ᠳᠡᠬᠦ᠌ ᠪᠠᠢᠳᠠᠯ ᠢᠯᠡᠷᠡᠵᠦ᠍᠂ ᠲᠦᠷᠦᠬᠦᠦ 2 ᠰᠠᠷ᠎ᠠ᠎ᠳᠤ ᠬᠦᠬᠡᠬᠤᠳᠠ᠎ᠶ᠋ᠢᠨ ᠴᠠᠬᠢᠯᠭᠠᠨ ᠬᠦᠴᠦᠨ᠎ᠤ ᠡᠨᠧᠷᠬᠢ᠎ᠶ᠋ᠢᠨ ᠠᠵᠦ᠍ ᠦᠢᠯᠡᠰ᠎ᠤᠨ ᠦᠢᠯᠡᠳᠬᠦᠨ᠎ᠤ ᠦᠷᠳᠡᠭ 80.9 ᠳ᠋ᠦᠩᠱᠢᠭᠤᠷ ᠲᠦᠬᠦᠷᠢᠭ᠎ᠲᠤ ᠬᠦᠷᠴᠤ᠌᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 12.9% ᠎ᠪᠠᠷ ᠨᠡᠮᠡᠭ᠌ᠳᠠᠵᠦ᠍᠂ ᠪᠦᠬᠦ᠌ ᠬᠤᠳᠠ᠎ᠶ᠋ᠢᠨ ᠠᠵᠦ᠍ ᠦᠢᠯᠡᠳᠪᠦᠷᠢ᠎ᠶ᠋ᠢᠨ ᠶᠡᠷᠦᠩᠬᠡᠢ ᠬᠡᠮᠵᠢᠶ᠎ᠠ᠎ᠳᠠᠬᠢ ᠡᠵᠡᠯᠡᠬᠦ᠌ ᠬᠤᠪᠢ᠎ᠶ᠋ᠢᠨ ᠵᠢᠩ᠎ᠨᠢ 29.6% ᠎ᠳᠤ ᠬᠦᠷᠴᠤ᠌᠂ ᠨᠡᠢᠳᠡ 100 ᠳ᠋ᠦᠩᠱᠢᠭᠤᠷ ᠺᠢᠯᠤᠸᠠᠲ ᠴᠠᠬ ᠴᠠᠬᠢᠯᠭᠠᠨ ᠭᠠᠷᠭᠠᠵᠦ᠍᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 24.8% ᠎ᠪᠠᠷ ᠨᠡᠮᠡᠭ᠌ᠳᠡᠭ᠌ᠰᠡᠨ ᠪᠠᠢᠨ᠎ᠠ᠃ ᠴᠢᠯᠠᠭᠤᠨ ᠲᠤᠰᠤ ᠬᠢᠮᠢ᠎ᠶ᠋ᠢᠨ ᠠᠵᠦ᠍ ᠦᠢᠯᠡᠳᠪᠦᠷᠢ᠎ᠶ᠋ᠢᠨ ᠠᠵᠦ᠍ ᠦᠢᠯᠡᠰ᠎ᠤᠨ ᠲᠠᠯ᠎ᠠ᠎ᠪᠠᠷ᠂ ᠲᠦᠷᠦᠬᠦᠦ 2 ᠰᠠᠷ᠎ᠠ᠎ᠳᠤ ᠬᠦᠬᠡᠬᠤᠳᠠ᠎ᠶ᠋ᠢᠨ ᠴᠢᠯᠠᠭᠤᠨ ᠲᠤᠰᠤ ᠬᠢᠮᠢ᠎ᠶ᠋ᠢᠨ ᠠᠵᠦ᠍ ᠦᠢᠯᠡᠳᠪᠦᠷᠢ᠎ᠶ᠋ᠢᠨ ᠠᠵᠦ᠍ ᠦᠢᠯᠡᠰ᠎ᠤᠨ ᠦᠢᠯᠡᠳᠬᠦᠨ᠎ᠤ ᠦᠷᠳᠡᠭ 46.8 ᠳ᠋ᠦᠩᠱᠢᠭᠤᠷ ᠲᠦᠬᠦᠷᠢᠭ᠎ᠲᠤ ᠬᠦᠷᠴᠤ᠌᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 7.2% ᠎ᠢᠶᠠᠷ ᠨᠡᠮᠡᠭ᠌ᠳᠡᠵᠦ᠍᠂ ᠪᠦᠬᠦ᠌ ᠬᠤᠳᠠ᠎ᠶ᠋ᠢᠨ ᠠᠵᠦ᠍ ᠦᠢᠯᠡᠳᠪᠦᠷᠢ᠎ᠶ᠋ᠢᠨ ᠶᠡᠷᠦᠩᠬᠡᠢ ᠬᠡᠮᠵᠢᠶ᠎ᠠ᠎ᠳᠠᠬᠢ ᠡᠵᠡᠯᠡᠬᠦ᠌ ᠬᠤᠪᠢ᠎ᠶ᠋ᠢᠨ ᠵᠢᠩ᠎ᠨᠢ 17.1% ᠎ᠳᠤ ᠬᠦᠷᠴᠡᠢ᠃ ᠠᠮᠢᠳᠤ ᠪᠤᠳᠠᠰ᠎ᠤᠨ ᠡᠮ᠎ᠤᠨ ᠠᠵᠦ᠍ ᠦᠢᠯᠡᠰ᠎ᠤᠨ ᠲᠠᠯ᠎ᠠ᠎ᠪᠠᠷ᠂ ᠲᠦᠷᠦᠬᠦᠦ 2 ᠰᠠᠷ᠎ᠠ᠎ᠳᠤ ᠬᠦᠬᠡᠬᠤᠳᠠ᠎ᠶ᠋ᠢᠨ ᠠᠮᠢᠳᠤ ᠪᠤᠳᠠᠰ᠎ᠤᠨ ᠡᠮ᠎ᠤᠨ ᠠᠵᠦ᠍ ᠦᠢᠯᠡᠰ᠎ᠤᠨ ᠦᠢᠯᠡᠳᠬᠦᠨ᠎ᠤ ᠦᠷᠳᠡᠭ 22.2 ᠳ᠋ᠦᠩᠱᠢᠭᠤᠷ ᠲᠦᠬᠦᠷᠢᠭ᠎ᠲᠤ ᠬᠦᠷᠴᠤ᠌᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 16.3% ᠎ᠪᠠᠷ ᠨᠡᠮᠡᠭ᠌ᠳᠡᠵᠦ᠍᠂ ᠪᠦᠬᠦ᠌ ᠬᠤᠳᠠ᠎ᠶ᠋ᠢᠨ ᠠᠵᠦ᠍ ᠦᠢᠯᠡᠳᠪᠦᠷᠢ᠎ᠶ᠋ᠢᠨ ᠶᠡᠷᠦᠩᠬᠡᠢ ᠬᠡᠮᠵᠢᠶ᠎ᠠ᠎ᠳᠠᠬᠢ ᠡᠵᠡᠯᠡᠬᠦ᠌ ᠬᠤᠪᠢ᠎ᠶ᠋ᠢᠨ ᠵᠢᠩ᠎ᠨᠢ 8.1% ᠎ᠳᠤ ᠬᠦᠷᠴᠡᠢ᠃ ᠭᠡᠷᠡᠯᠴᠢ ᠴᠡᠨᠡᠭ᠎ᠢᠶᠠᠷ ᠲᠠᠭᠠᠭᠤᠯᠤᠬ᠍ᠴᠢ ᠪᠤᠯᠭᠠᠬ᠍ᠰᠠᠨ ᠱᠢᠨ᠎ᠠ ᠮᠠᠲ᠋ᠧᠷᠢᠶᠠᠯ᠎ᠤᠨ ᠠᠵᠦ᠍ ᠦᠢᠯᠡᠰ᠎ᠤᠨ ᠲᠠᠯ᠎ᠠ᠎ᠪᠠᠷ᠂ ᠲᠦᠷᠦᠬᠦᠦ 2 ᠰᠠᠷ᠎ᠠ᠎ᠳᠤ ᠵᠦᠩ ᠬᠤᠧᠠᠨ ᠬᠡᠷᠡᠯᠴᠢ ᠴᠡᠨᠡᠭ᠎ᠤᠨ ᠮᠠᠲ᠋ᠧᠷᠢᠶᠠᠯ᠎ᠤᠨ ᠺᠤᠮᠫᠠᠨᠢ᠎ᠪᠠᠷ ᠲᠠᠭᠠᠭᠤᠯᠤᠬ᠍ᠴᠢ ᠪᠤᠯᠭᠠᠬ᠍ᠰᠠᠨ ᠬᠦᠬᠡᠬᠤᠳᠠ᠎ᠶ᠋ᠢᠨ ᠱᠢᠨ᠎ᠠ ᠮᠠᠲ᠋ᠧᠷᠢᠶᠠᠯ᠎ᠤᠨ 14 ᠠᠵᠦ᠍ ᠠᠬᠤᠢ᠍ᠢᠯᠠᠯ᠎ᠤᠨ ᠦᠢᠯᠡᠳᠬᠦᠨ᠎ᠤ ᠦᠷᠳᠡᠭ 35.6 ᠳ᠋ᠦᠩᠱᠢᠭᠤᠷ ᠲᠦᠬᠦᠷᠢᠭ᠎ᠲᠤ ᠬᠦᠷᠴᠤ᠌᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 59.9% ᠎ᠪᠠᠷ ᠨᠡᠮᠡᠭ᠌ᠳᠡᠵᠦ᠍᠂ ᠪᠦᠬᠦ᠌ ᠬᠤᠳᠠ᠎ᠶ᠋ᠢᠨ ᠠᠵᠦ᠍ ᠦᠢᠯᠡᠳᠪᠦᠷᠢ᠎ᠶ᠋ᠢᠨ ᠶᠡᠷᠦᠩᠬᠡᠢ ᠬᠡᠮᠵᠢᠶ᠎ᠠ᠎ᠳᠠᠬᠢ ᠡᠵᠡᠯᠡᠬᠦ᠌ ᠬᠤᠪᠢ᠎ᠶ᠋ᠢᠨ ᠵᠢᠩ᠎ᠨᠢ 13% ᠎ᠳᠤ ᠬᠦᠷᠴᠡᠢ᠃ ᠡᠬᠦᠨ᠎ᠳᠤ ᠬᠡᠷᠡᠯᠴᠢ ᠴᠡᠨᠡᠭ᠎ᠤᠨ ᠮᠠᠲ᠋ᠧᠷᠢᠶᠠᠯ᠎ᠤᠨ ᠦᠢᠯᠡᠳᠬᠦᠨ᠎ᠤ ᠦᠷᠳᠡᠭ 34.5 ᠳ᠋ᠦᠩᠱᠢᠭᠤᠷ ᠲᠦᠬᠦᠷᠢᠭ᠎ᠲᠤ ᠬᠦᠷᠴᠤ᠌᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 61.2% ᠎ᠢᠶᠠᠷ ᠨᠡᠮᠡᠭ᠌ᠳᠡᠵᠦ᠍᠂ ᠪᠦᠬᠦ᠌ ᠬᠤᠳᠠ᠎ᠶ᠋ᠢᠨ ᠠᠵᠦ᠍ ᠦᠢᠯᠡᠳᠪᠦᠷᠢ᠎ᠶ᠋ᠢᠨ ᠶᠡᠷᠦᠩᠬᠡᠢ ᠬᠡᠮᠵᠢᠶ᠎ᠠ᠎ᠳᠠᠬᠢ ᠡᠵᠡᠯᠡᠬᠦ᠌ ᠬᠤᠪᠢ᠎ᠶ᠋ᠢᠨ ᠵᠢᠩ᠎ᠨᠢ 12.6% ᠎ᠳᠤ ᠬᠦᠷᠪᠡ᠃ ᠲᠦᠷᠦᠬᠦᠦ 2 ᠰᠠᠷ᠎ᠠ᠎ᠳᠤ᠂ ᠬᠦᠬᠡᠬᠤᠳᠠ 3.3 ᠲᠦᠮᠡᠨ ᠲᠤᠨ ᠲᠠᠩ ᠲᠠᠯᠠᠰᠳᠤ ᠴᠠᠬᠢᠭᠤᠷ ᠦᠢᠯᠡᠳᠪᠦᠷᠢᠯᠡᠵᠦ᠍᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 55% ᠎ᠪᠠᠷ ᠨᠡᠮᠡᠭ᠌ᠳᠡᠵᠡᠢ᠃ ᠡᠯᠧᠺᠲᠷᠤᠨ ᠮᠡᠳᠡᠭᠡ ᠵᠠᠩᠬᠢ᠎ᠶ᠋ᠢᠨ ᠠᠵᠦ᠍ ᠦᠢᠯᠡᠰ᠎ᠤᠨ ᠲᠠᠯ᠎ᠠ᠎ᠪᠠᠷ᠂ ᠲᠦᠷᠦᠬᠦᠦ 2 ᠰᠠᠷ᠎ᠠ᠎ᠳᠤ ᠬᠦᠬᠡᠬᠤᠳᠠ᠎ᠶ᠋ᠢᠨ ᠡᠯᠧᠺᠲᠷᠤᠨ ᠮᠡᠳᠡᠭᠡ ᠵᠠᠩᠬᠢ᠎ᠶ᠋ᠢᠨ ᠠᠵᠦ᠍ ᠦᠢᠯᠡᠰ᠎ᠤᠨ ᠦᠢᠯᠡᠳᠬᠦᠨ᠎ᠤ ᠦᠷᠲᠡᠭ 2.4 ᠳ᠋ᠦᠩᠱᠢᠭᠤᠷ ᠲᠦᠬᠦᠷᠢᠭ᠎ᠲᠤ ᠬᠦᠷᠴᠤ᠌᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 137% ᠎ᠪᠠᠷ ᠨᠡᠮᠡᠭ᠌ᠳᠡᠵᠦ᠍᠂ 19.1 ᠲᠦᠮᠡᠨ ᠱᠢᠩᠬᠡᠨ ᠲᠠᠯᠠᠰᠳᠤ ᠲᠧᠯᠧᠢᠰ ᠦᠢᠯᠡᠳᠪᠦᠷᠢᠯᠡᠵᠦ᠍᠂ ᠨᠢᠳᠤᠨᠤᠨ᠎ᠤ ᠠᠳᠠᠯᠢ ᠬᠤᠭᠤᠴᠠᠭ᠎ᠠ᠎ᠶ᠋ᠢᠨ᠎ᠬᠢ᠎ᠠᠴᠠ 156.8% ᠎ᠪᠠᠷ ᠨᠡᠮᠡᠭ᠌ᠳᠡᠭ᠌ᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号