ᠤᠢ᠍ᠢᠷ᠎ᠠ᠎ᠳᠤ᠂ ᠥᠪᠥᠷ ᠮᠣᠩᠭᠤᠯ᠎ᠤᠨ ᠤᠷᠠᠨ ᠵᠢᠷᠤᠭ᠎ᠤᠨ ᠵᠣᠬᠢᠶᠠᠨ ᠪᠦᠲᠦᠭᠡᠯᠭᠡ᠎ᠶ᠋ᠢᠨ 《ᠬᠤᠤᠰ ᠲᠦᠮᠠᠡ》 ᠢᠨᠵᠧᠨᠧᠷᠢᠩ᠎ᠤᠨ ᠡᠭᠡ ᠪᠢᠴᠢᠭ᠎ᠢ ᠬᠢᠨᠠᠨ ᠳᠤᠭ᠍ᠳᠠᠭᠠᠬᠤ ᠬᠤᠷᠠᠯ ᠳᠤᠮᠳᠠᠳᠤ ᠤᠯᠤᠰ᠎ᠤᠨ ᠤᠷᠠᠨ ᠵᠢᠷᠤᠭ᠍ᠴᠢᠳ᠎ᠤᠨ ᠨᠡᠢᠭᠡᠮᠯᠢᠭ᠎ᠲᠤ ᠶᠠᠪᠤᠭ᠍ᠳᠠᠪᠠ᠃
《ᠬᠤᠣᠰ ᠲᠦᠮᠠᠡ》 ᠢᠨᠵᠧᠨᠧᠷᠢᠩ ᠪᠣᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠥᠪᠥᠷ ᠮᠣᠩᠭᠤᠯ᠎ᠤᠨ ᠤᠳᠭ᠎ᠠ ᠤᠷᠠᠯᠢᠭ᠎ᠤᠨ᠎ᠬᠢᠨ᠎ᠤ ᠬᠤᠯᠪᠣᠭ᠎ᠠ᠎ᠶ᠋ᠢᠨ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ᠎ᠶ᠋ᠢ ᠪᠡᠯᠬᠡᠯᠡᠬᠦ᠌ ᠴᠢᠬᠤᠯᠠ ᠶᠡᠭᠡ ᠭᠤᠣᠯ ᠰᠡᠳᠦᠪᠲᠦ ᠤᠷᠠᠨ ᠵᠢᠷᠤᠭ᠎ᠤᠨ ᠵᠣᠬᠢᠶᠠᠨ ᠪᠦᠲᠦᠭᠡᠯᠭᠡ᠎ᠶ᠋ᠢᠨ ᠢᠨᠵᠧᠨᠧᠷᠢᠩ ᠪᠠᠢᠵᠤ᠂ 《ᠲᠦᠮᠡᠨ ᠭᠠᠵᠠᠷ᠎ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ》᠂ 《ᠲᠦᠮᠡᠨ ᠠᠭ᠍ᠲᠠ᠎ᠶ᠋ᠢᠨ ᠲᠦᠪᠡᠷᠭᠡᠨ》 ᠬᠡᠬᠦ᠌ ᠤᠷᠠᠨ ᠵᠢᠷᠤᠭ᠎ᠤᠨ ᠤᠷᠳᠤ ᠪᠤᠳᠢ᠎ᠪᠠᠷ ᠪᠦᠷᠢᠯᠳᠤᠪᠡ᠃ ᠬᠢᠨᠠᠨ ᠳᠤᠭ᠍ᠳᠠᠭᠠᠬᠤ ᠬᠤᠷᠠᠯ ᠳᠡᠭᠡᠷ᠎ᠡ᠂ ᠬᠢᠨᠠᠨ ᠳᠤᠭ᠍ᠳᠠᠭᠠᠬᠤ ᠺᠤᠮᠢᠰ᠎ᠤᠨ᠎ᠬᠢᠨ ᠬᠢᠬᠡᠳ ᠲᠤᠰᠭᠠᠶ ᠮᠡᠷᠭᠡᠵᠢᠯᠲᠡᠨ᠂ ᠭᠤᠤᠯ ᠵᠤᠬᠢᠶᠠᠨ ᠪᠦᠲᠦᠭᠡᠭ᠌ᠴᠢ ᠠᠨ ᠢᠦᠶ ᠮᠢᠨᠤ ᠬᠢᠭ᠌ᠰᠡᠨ ᠵᠣᠬᠢᠶᠠᠨ ᠪᠦᠲᠦᠭᠡᠯᠭᠡ᠎ᠶ᠋ᠢᠨ ᠰᠡᠳᠭᠢᠮᠵᠢ᠂ ᠠᠬᠢᠴᠠ ᠵᠡᠷᠭᠡ᠎ᠶ᠋ᠢᠨ ᠳᠤᠬᠠᠢ ᠬᠠᠷᠢᠭᠤ ᠮᠡᠳᠡᠭᠦᠯᠦᠯᠳᠡ᠎ᠶ᠋ᠢ ᠰᠤᠨᠤᠰᠤᠬ᠍ᠰᠠᠨ ᠪᠠ ᠬᠢᠨᠠᠨ ᠦᠵᠡᠭᠦ᠎ᠪᠠᠷ ᠳᠡᠮᠵᠢᠨ᠂ ᠲᠤᠰ ᠬᠤᠶᠠᠷ ᠬᠠᠭᠤᠳᠠᠰᠤ ᠣᠷᠳᠣ ᠡᠬᠡ ᠨᠣᠤᠷᠠᠭ᠎ᠢ ᠪᠠᠲᠤᠯᠠᠵᠤ᠂ ᠭᠤᠤᠯᠯᠠᠨ ᠵᠤᠬᠢᠶᠠᠨ ᠪᠦᠲᠦᠭᠡᠭ᠌ᠴᠢᠳᠤᠨ ᠲᠣᠰ ᠤᠳᠠᠭᠠᠨ᠎ᠤ ᠡᠬᠡ ᠨᠣᠤᠷᠠᠭ᠎ᠢᠶᠠᠷ ᠰᠠᠭᠤᠷᠢ ᠪᠤᠯᠭᠠᠨ ᠠᠯᠢ ᠲᠦᠷᠭᠡᠨ᠎ᠢᠶᠠᠷ ᠵᠢᠷᠤᠭ᠍ᠯᠠᠨ ᠪᠦᠲᠦᠬᠡᠵᠤ ᠪᠤᠯᠬᠤ᠎ᠶ᠋ᠢ ᠵᠥᠪᠱᠢᠶᠡᠷᠡᠪᠡ᠃
ᠬᠤᠷᠠᠯ᠎ᠠᠴᠠ ᠲᠤᠰ ᠢᠨᠵᠧᠨᠧᠷᠢᠩ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠍᠂ ᠶᠡᠷᠦᠩᠬᠡᠶ ᠱᠦᠵᠢ ᠰᠢ᠎ᠶ᠋ᠢᠨ ᠫᠢᠡᠭ᠎ᠤᠨ ᠥᠪᠥᠷ ᠮᠣᠩᠭᠤᠯ᠎ᠤᠨ ᠲᠤᠬᠠᠶ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠱᠠᠭᠠᠷᠳᠠᠯᠭ᠎ᠠ᠎ᠶ᠋ᠢ ᠭᠦᠨᠵᠡᠭᠡᠶ ᠣᠢᠯᠠᠭᠠᠭ᠍ᠰᠠᠨ ᠰᠠᠭᠤᠷᠢᠨ ᠳᠡᠭᠡᠷ᠎ᠡ᠂ 《ᠲᠦᠮᠡᠨ ᠭᠠᠵᠠᠷ᠎ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ》 ᠵᠢᠷᠤᠭ᠎ᠨᠢ ᠶᠡᠷᠦᠩᠬᠡᠢ ᠱᠦᠵᠢ ᠰᠢ᠎ᠶ᠋ᠢᠨ ᠫᠢᠩ᠎ᠤᠨ 《ᠥᠪᠥᠷ ᠮᠣᠩᠭᠤᠯ᠎ᠢ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ ᠪᠣᠯᠭᠠᠨ ᠪᠦᠳᠦᠭᠡᠨ ᠪᠠᠢᠭᠤᠯᠬᠤ ᠬᠡᠷᠡᠭ᠌ᠲᠡᠢ᠂ ᠡᠬᠡ ᠤᠯᠤᠰ᠎ᠤᠨ ᠤᠮᠠᠷᠠᠲᠤ᠎ᠶ᠋ᠢᠨ ᠲᠦᠮᠡᠨ ᠭᠠᠵᠠᠷ᠎ᠤᠨ ᠨᠣᠮᠢᠨ ᠨᠣᠭᠤᠭᠠᠨ ᠤᠷᠲᠤ ᠴᠠᠭᠠᠨ ᠬᠡᠷᠡᠮ᠎ᠢ ᠴᠣᠭ᠍ᠴᠠᠯᠠᠬᠤ ᠬᠡᠷᠡᠭ᠌ᠳᠡᠢ》 ᠬᠡᠬᠦ᠌ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠪᠠᠷ᠂ ᠠᠮᠢ ᠠᠬᠤᠶ ᠪᠣᠯ ᠥᠪᠥᠷ ᠮᠣᠩᠭᠤᠯ᠎ᠤᠨ ᠬᠠᠮᠤᠭ᠎ᠤᠨ ᠶᠡᠭᠡ ᠡᠬᠢ ᠪᠠᠶᠠᠯᠢᠭ᠂ ᠨᠣᠭᠤᠭᠠᠨ ᠥᠩᠭᠡ ᠪᠣᠯ ᠥᠪᠥᠷ ᠮᠣᠩᠭᠤᠯ᠎ᠤᠨ ᠬᠠᠮᠤᠭ᠎ᠤᠨ ᠬᠡᠷᠡᠯ ᠰᠠᠴᠤᠷᠠᠩᠭᠤᠶ ᠳᠡᠪᠢᠰᠭᠡᠷ ᠥᠩᠭᠡ ᠪᠤᠯᠬᠤ᠎ᠶ᠋ᠢ ᠬᠦᠢᠴᠡᠳ ᠢᠯᠡᠷᠡᠭᠦᠯᠵᠤ᠂ ᠥᠪᠥᠷ ᠮᠣᠩᠭᠤᠯ᠎ᠤᠨ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠭᠦᠨᠵᠡᠭᠡᠢ ᠲᠤᠭᠤᠱᠢᠯᠠᠭᠤᠯᠵᠤ ᠪᠠᠢᠭ᠎ᠠ ᠪᠠᠢᠳᠠᠯ᠎ᠢ ᠬᠠᠷᠠᠭᠤᠯᠬᠤ᠎ᠶ᠋ᠢ ᠡᠷᠬᠢᠮᠯᠡᠬᠦ᠌ ᠬᠡᠷᠡᠭ᠌ᠳᠠᠢ; ᠵᠢᠷᠤᠭ 《ᠲᠦᠮᠡᠨ ᠠᠭ᠍ᠲᠠ᠎ᠶ᠋ᠢᠨ ᠲᠦᠪᠡᠷᠭᠡᠨ》 ᠳᠤ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ 《ᠲᠡᠰᠪᠦᠷᠢ ᠬᠠᠲᠠᠭᠤᠵᠢᠯᠲᠠᠶ᠂ ᠴᠤᠴᠠᠯᠲᠠ ᠥᠬᠡᠶ ᠤᠷᠤᠭ᠍ᠰᠢᠯᠠᠵᠤ᠂ ᠵᠣᠷᠢᠭ᠍ᠰᠠᠨ᠎ᠳᠠᠭᠠᠨ ᠵᠠᠪᠠᠯ ᠬᠦᠷᠬᠦ᠌》 ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠢᠯᠡᠷᠡᠭᠦᠯᠬᠦ᠌ ᠪᠠ ᠪᠠᠳᠠᠷᠠᠭᠤᠯᠬᠤ᠎ᠪᠠᠷ ᠭᠤᠤᠯ ᠱᠢᠵᠢᠮ ᠪᠣᠯᠭᠠᠵᠤ᠂ ᠮᠣᠩᠭᠤᠯ ᠮᠣᠷᠢᠨ᠎ᠤ ᠥᠪᠡᠷᠮᠢᠴᠡ ᠲᠠᠲᠠᠬᠤ ᠬᠦᠴᠦᠨ᠎ᠢ ᠠᠮᠢᠳᠤᠯᠢᠭ ᠣᠨᠣᠪᠴᠢᠲᠠᠶ ᠢᠯᠡᠷᠡᠭᠦᠯᠵᠤ᠂ ᠪᠢᠷ ᠪᠡᠬᠡᠰ᠎ᠤᠨ ᠬᠠᠷᠢᠴᠠᠭ᠎ᠠ ᠪᠠ ᠥᠩᠭᠡ ᠪᠤᠳᠤᠭ᠎ᠤᠨ ᠬᠡᠷᠡᠭ᠌ᠯᠡᠯᠲᠡ ᠳᠡᠭᠡᠷ᠎ᠡ ᠢᠯᠡᠭᠦᠬᠡᠨ ᠬᠦᠴᠦ᠍ ᠣᠷᠣᠭᠤᠯᠵᠤ᠂ ᠭᠤᠤᠯ ᠱᠤᠭᠤᠮ᠎ᠢ ᠳᠣᠪᠤᠢᠯᠭᠠᠭ᠍ᠰᠠᠨ ᠰᠠᠭᠤᠷᠢᠨ ᠳᠡᠭᠡᠷ᠎ᠡ᠂ ᠣᠷᠣᠨ ᠵᠠᠶ᠎ᠶ᠋ᠢᠨ ᠪᠠᠢᠷᠢᠱᠢᠭᠤᠯᠤᠯᠲᠠ᠂ ᠨᠠᠷᠢᠨ ᠵᠦᠶᠯᠡᠰ᠎ᠤᠨ ᠵᠢᠷᠤᠭ᠍ᠯᠠᠯ ᠵᠡᠷᠭᠡ ᠲᠠᠯ᠎ᠠ᠎ᠳᠤ ᠬᠦᠴᠦ᠍ ᠳᠠᠯᠪᠢᠬᠤ ᠬᠡᠷᠡᠭ᠌ᠲᠡᠶ ᠬᠡᠵᠤ ᠱᠠᠭᠠᠷᠳᠠᠪᠠ᠃
《ᠬᠤᠤᠰ ᠲᠦᠮᠠᠡ》 ᠢᠨᠵᠧᠨᠧᠷᠢᠩ ᠪᠣᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠬᠡᠯᠡᠬᠦ᠌ ᠭᠤᠤᠯᠳᠠᠯᠭ᠎ᠠ᠎ᠲᠠᠢ ᠤᠳᠭ᠎ᠠ ᠤᠷᠠᠯᠢᠭ᠎ᠤᠨ ᠵᠣᠬᠢᠶᠠᠨ ᠪᠦᠲᠦᠭᠡᠯᠬᠡ᠎ᠶ᠋ᠢᠨ ᠢᠨᠵᠧᠨᠧᠷᠢᠩ ᠪᠠᠢᠵᠤ᠂ 2019 ᠣᠨ᠎ᠠᠴᠠ ᠣᠲᠣ ᠪᠣᠯᠲᠠᠯ᠎ᠠ᠂ ᠬᠤᠶᠠᠷ ᠵᠢᠯ ᠭᠠᠷᠤᠶ᠎ᠶ᠋ᠢᠨ ᠲᠤᠷᠰᠢ᠂ ᠳᠤᠮᠳᠠᠳᠤ ᠤᠯᠤᠰ᠎ᠤᠨ ᠤᠷᠠᠨ ᠵᠢᠷᠤᠭ᠍ᠴᠢᠳ᠎ᠤᠨ ᠨᠡᠢᠭᠡᠮᠯᠢᠭ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠠᠴᠠ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠤᠷᠢᠳ ᠬᠤᠵᠢᠳ 10 ᠭᠠᠷᠤᠶ ᠤᠳᠠᠭ᠎ᠠ ᠨᠤᠲᠠᠯᠠᠵᠤ᠂ ᠰᠤᠳᠤᠯᠤᠨ ᠶᠠᠷᠢᠯᠴᠠᠵᠤ᠂ ᠬᠢᠨᠠᠨ ᠤᠩᠱᠢᠵᠤ᠂ ᠳᠠᠬᠢᠨ ᠳᠠᠪᠲᠠᠨ ᠵᠠᠰᠠᠪᠤᠷᠢ ᠣᠷᠣᠭᠤᠯᠪᠠ᠃ ᠲᠠᠷᠠᠭᠠᠴᠢ᠎ᠪᠠᠷ ᠵᠤᠬᠢᠶᠠᠨ ᠪᠦᠲᠦᠭᠡᠬᠦ᠌ ᠪᠠᠭ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ ᠪᠣᠯᠤᠨ ᠳᠤᠮᠳᠠᠳᠤ ᠤᠯᠤᠰ᠎ᠤᠨ ᠤᠷᠠᠨ ᠵᠢᠷᠤᠭ᠍ᠴᠢᠳ᠎ᠤᠨ ᠨᠡᠢᠭᠡᠮᠯᠢᠭ᠎ᠤᠨ ᠲᠤᠰᠭᠠᠶ ᠮᠡᠷᠭᠡᠵᠢᠯᠲᠡᠨ᠎ᠤ ᠳᠤᠷᠠᠳᠤᠭ᠍ᠰᠠᠨ ᠱᠠᠭᠠᠷᠳᠠᠯᠭ᠎ᠠ ᠶᠤᠰᠤᠭᠠᠷ ᠵᠤᠬᠢᠶᠠᠨ ᠪᠦᠳᠦᠭᠡᠬᠦ᠌ ᠪᠤᠯᠤᠨ᠎ᠠ᠃ ᠡᠭᠦᠨ᠎ᠤ ᠬᠠᠮᠲᠤ ᠢᠨᠵᠧᠨᠧᠷᠢᠩ᠎ᠤᠨ ᠲᠤᠰᠭᠠᠶ ᠰᠡᠳᠦᠪᠲᠦ ᠹᠢᠯᠢᠮ᠂ ᠪᠦᠲᠦᠭᠡᠯ᠎ᠤᠨ ᠡᠮᠬᠢᠳᠭᠡᠯ ᠦᠢᠯᠡᠳᠬᠦ᠌ ᠵᠢᠴᠢ ᠪᠠᠷᠢᠮᠳᠠᠳᠤ ᠤᠳᠭ᠎ᠠ ᠵᠣᠬᠢᠶᠠᠯ ᠵᠡᠷᠭᠡ ᠰᠤᠷᠪᠤᠯᠵᠢ ᠪᠢᠴᠢᠭ ᠮᠠᠲ᠋ᠧᠷᠢᠶᠠᠯ᠎ᠢ ᠡᠮᠬᠢᠯᠡᠬᠦ᠂ ᠦᠢᠯᠡᠳᠬᠦ᠌ ᠠᠵᠢᠯ᠎ᠢ ᠵᠡᠷᠭᠡ᠎ᠳᠤ᠎ᠨᠢ ᠲᠦᠯᠬᠢᠨ ᠠᠬᠢᠭᠤᠯᠤᠨ᠎ᠠ᠃