ᠮᠠᠨ᠎ᠤ ᠤᠷᠤᠨ 6.8 ᠳ᠋ᠦᠩᠱᠢᠭᠤᠷ ᠲᠥᠭᠦᠷᠢᠭ᠎ᠤᠨ ᠪᠡᠯᠡ ᠤᠷᠤᠭᠤᠯᠵᠤ ᠰᠦ᠎ᠶ᠋ᠢᠨ ᠦᠢᠯᠡᠰ᠎ᠢ ᠬᠦᠭ᠌ᠵᠢᠬᠦᠯᠤᠨ ᠮᠠᠨᠳᠤᠭᠤᠯᠬᠤ᠎ᠶ᠋ᠢ ᠲᠦᠷᠬᠡᠳᠭᠡᠨ ᠠᠬᠢᠭᠤᠯᠵᠤ ᠪᠠᠢᠨ᠎ᠠ
2021-05-10 09:24:53
ᠵᠣᠬᠢᠶᠠᠭ᠍ᠴᠢ᠄
ᠪᠤᠤ ᠨᠠᠷᠠᠨᠳᠤᠶᠠᠭ᠎ᠠ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠤᠨ ᠮᠠᠯᠵᠢᠬᠤ ᠣᠷᠣᠨ᠎ᠤ ᠲᠢᠩᠬᠢᠮ᠎ᠤᠨ ᠬᠦᠴᠦᠲᠡᠶ ᠠᠬᠢᠭᠤᠯᠭ᠎ᠠ ᠳᠤᠤᠷ᠎ᠠ᠂ ᠤᠢ᠍ᠢᠷ᠎ᠠ᠎ᠳᠤ ᠥᠪᠥᠷ ᠮᠣᠩᠭᠤᠯ᠎ᠤᠨ ᠰᠠᠢ ᠺᠧ ᠱᠢᠩ ᠠᠮᠢᠳᠤ ᠪᠣᠳᠠᠰ᠎ᠤᠨ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠤᠯ᠎ᠤᠨ ᠪᠠᠷᠠᠭᠤᠨ ᠪᠡᠶ᠎ᠠ᠎ᠶ᠋ᠢᠨ ᠰᠠᠭᠠᠯᠢ᠎ᠶ᠋ᠢᠨ ᠦᠨᠢᠶᠡᠨ᠎ᠤ ᠱᠢᠯᠢᠳᠡᠭ ᠡᠭᠦᠯᠳᠡᠷ᠎ᠢ ᠦᠷᠡᠵᠢᠭᠦᠯᠦᠨ ᠪᠤᠢᠵᠢᠭᠤᠯᠬᠤ ᠲᠥᠪ ᠬᠠᠮᠲᠤᠷᠠᠨ ᠠᠵᠢᠯᠯᠠᠬᠤ ᠬᠡᠯᠡᠯᠴᠡᠭᠡᠷ ᠲᠣᠭ᠍ᠲᠠᠵᠤ᠂ ᠲᠠᠷᠠᠭᠠᠴᠢ᠎ᠪᠠᠷ ᠲᠣᠰ ᠲᠣᠰ᠎ᠤᠨ ᠳᠠᠪᠠᠭᠤᠯᠢᠭ᠎ᠢᠶᠠᠨ ᠪᠠᠳᠠᠷᠠᠭᠤᠯᠤᠨ ᠰᠠᠭᠠᠯᠢ᠎ᠶ᠋ᠢᠨ ᠦᠨᠢᠶ᠎ᠡ᠎ᠪᠠᠷ ᠭᠤᠤᠯ ᠪᠣᠯᠭᠠᠭ᠍ᠰᠠᠨ ᠬᠡᠷ᠎ᠤᠨ ᠲᠡᠵᠢᠭᠡᠪᠦᠷᠢ᠎ᠶ᠋ᠢᠨ ᠡᠭᠦᠯᠳᠡᠷ᠎ᠤᠨ ᠡᠬᠢ ᠪᠠᠶᠠᠯᠢᠭ᠎ᠤᠨ ᠱᠢᠨ᠎ᠡ᠎ᠶ᠋ᠢ ᠡᠭᠦᠳᠬᠦ᠌ ᠰᠠᠭᠤᠷᠢᠨ᠎ᠢ ᠪᠦᠳᠦᠬᠡᠨ ᠪᠠᠢᠭᠤᠯᠵᠤ᠂ ᠰᠠᠭᠠᠯᠢ᠎ᠶ᠋ᠢᠨ ᠦᠨᠢᠶᠡᠨ᠎ᠤ ᠡᠭᠦᠯᠳᠡᠷ ᠪᠤᠢᠵᠢᠭᠤᠯᠬᠤ ᠵᠠᠩᠭᠢᠯᠠᠭ᠎ᠠ᠎ᠶ᠋ᠢᠨ ᠮᠡᠷᠭᠡᠵᠢᠯ᠎ᠤᠨ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠬᠤ ᠪᠤᠯᠤᠨ᠎ᠠ᠃

ᠣᠢᠷ᠎ᠠ᠎ᠶ᠋ᠢᠨ ᠵᠢᠯ᠎ᠠᠴᠠ ᠨᠠᠭᠠᠰᠢ᠂ ᠮᠠᠨ᠎ᠤ ᠣᠷᠣᠨ ᠰᠦ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠴᠢᠩᠭ᠎ᠠ ᠬᠦᠴᠦᠳᠠᠢ ᠨᠠᠢᠳᠠᠪᠤᠷᠢᠵᠢᠭᠤᠯᠵᠤ᠂ ᠰᠠᠭᠠᠯᠢ᠎ᠶ᠋ᠢᠨ ᠦᠨᠢᠶ᠎ᠠ ᠲᠠᠵᠢᠬᠡᠬᠦ᠌ ᠰᠠᠭᠤᠷᠢᠨ᠎ᠢ ᠪᠦᠳᠦᠬᠡᠨ ᠪᠠᠢᠭᠤᠯᠤᠨ ᠮᠠᠯᠵᠢᠯ᠎ᠤᠨ ᠬᠡᠪᠴᠢᠶ᠎ᠡ᠎ᠶ᠋ᠢ ᠥᠷᠭᠡᠳᠭᠡᠵᠦ᠍᠂ ᠬᠠᠮᠢᠶ᠎ᠠ ᠪᠦᠬᠦᠢ ᠪᠠᠷᠢᠮᠵᠢᠶ᠎ᠠ ᠲᠤᠭ᠍ᠳᠠᠭᠠᠨ ᠵᠠᠬ᠎ᠠ ᠳᠡᠯᠭᠡᠭᠦᠷ᠎ᠢ ᠬᠥᠭ᠌ᠵᠢᠭᠡᠵᠦ᠍᠂ ᠰᠦ᠎ᠶ᠋ᠢᠨ ᠦᠢᠯᠡᠰ᠎ᠤᠨ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢ ᠪᠦᠳᠦᠮᠵᠢᠳᠠᠢ ᠤᠷᠲᠤᠳᠭᠠᠪᠠ᠃ ᠡᠨᠡ ᠵᠢᠯ ᠮᠠᠨ᠎ᠤ ᠣᠷᠣᠨ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠪᠠᠯᠠ ᠮᠥᠩᠭᠦ᠎ᠶ᠋ᠢ ᠨᠡᠢᠲᠡ 6.8 ᠳ᠋ᠦᠩᠱᠢᠭᠤᠷ ᠲᠥᠭᠦᠷᠢᠭ ᠨᠡᠢᠳᠭᠡᠵᠦ᠍ ᠪᠡᠯᠡ ᠣᠷᠣᠭᠤᠯᠬᠤ᠎ᠶ᠋ᠢᠨ ᠬᠠᠮᠳᠤ 3.39 ᠳ᠋ᠦᠩᠱᠢᠭᠤᠷ ᠲᠥᠭᠦᠷᠢᠭ᠎ᠤᠨ ᠮᠥᠩᠭᠦᠨ ᠭᠦᠢᠯᠭᠡᠭᠡᠨ᠎ᠤ ᠵᠢᠭᠡᠯᠡᠯᠭᠡ᠎ᠶ᠋ᠢ ᠵᠣᠬᠢᠴᠠᠭᠤᠯᠤᠨ ᠨᠠᠢᠳᠠᠪᠤᠷᠢᠵᠢᠭᠤᠯᠵᠤ᠂ ᠭᠤᠤᠯᠳᠠᠭᠤ ᠭᠠᠳᠠᠭᠠᠳᠤ᠎ᠠᠴᠠ ᠰᠠᠭᠠᠯᠢ᠎ᠶ᠋ᠢᠨ ᠦᠨᠢᠶ᠎ᠠ ᠤᠷᠤᠭᠤᠯᠬᠤ᠂ ᠲᠡᠵᠢᠭᠡᠪᠤᠷᠢ᠎ᠶ᠋ᠢᠨ ᠲᠠᠯᠠᠪᠠᠶ᠎ᠶ᠋ᠢ ᠥᠭᠡᠷᠡᠴᠢᠯᠡᠨ ᠲᠡᠰ ᠲᠡᠪᠱᠢᠬᠦᠯᠬᠦ᠂ ᠡᠪᠡᠰᠦ ᠪᠣᠷᠳᠤᠭ᠎ᠠ ᠬᠤᠷᠢᠶᠠᠨ ᠨᠦᠭᠡᠴᠡᠯᠡᠬᠦ᠂ ᠢᠴᠡᠭᠡᠯ ᠦᠷ᠎ᠡ᠎ᠶ᠋ᠢᠨ ᠬᠡᠭᠡᠯᠲᠦᠭᠦᠯᠬᠡ ᠬᠢᠬᠦ᠌ ᠵᠢᠴᠢ ᠴᠠᠭᠠᠨ ᠢᠳᠡᠭᠡᠨ ᠪᠣᠯᠪᠠᠰᠤᠷᠠᠭᠤᠯᠬᠤ ᠵᠡᠷᠭᠡ ᠠᠵᠤ ᠦᠢᠯᠡᠰ᠎ᠤᠨ ᠬᠡᠯᠬᠢᠶ᠎ᠠ᠎ᠶ᠋ᠢᠨ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢ ᠳᠡᠮᠵᠢᠵᠤ ᠪᠠᠢᠨ᠎ᠠ᠃

ᠰᠦ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠤᠨ ᠮᠠᠯᠵᠢᠬᠤ ᠣᠷᠣᠨ᠎ᠤ ᠲᠢᠩᠬᠢᠮ᠎ᠤᠨ᠎ᠬᠢᠨ ᠤᠢ᠍ᠢᠷ᠎ᠠ᠎ᠳᠤ ᠢᠯᠢ ᠪᠦᠯᠦᠭ᠌ᠯᠡᠯ᠂ ᠮᠧᠩ ᠨᠢᠤ ᠪᠦᠯᠦᠭ᠌ᠯᠡᠯ ᠵᠡᠷᠭᠡ ᠰᠦ᠎ᠶ᠋ᠢᠨ ᠠᠵᠤ ᠠᠬᠤᠢᠯᠠᠯ ᠪᠤᠯᠤᠨ ᠲᠡᠵᠢᠭᠡᠯ ᠪᠤᠷᠳᠤᠭ᠎ᠠ᠎ᠶ᠋ᠢᠨ ᠠᠵᠤ ᠠᠬᠤᠢᠯᠠᠯ᠎ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠎ᠢ ᠤᠷᠢᠵᠤ ᠶᠠᠷᠢᠯᠴᠠᠬᠤ ᠬᠤᠷᠠᠯ ᠬᠤᠷᠠᠯᠳᠤᠭᠤᠯᠵᠤ᠂ ᠠᠵᠤ ᠠᠬᠤᠢᠯᠠᠯ᠎ᠤᠨ ᠪᠥᠲᠥᠭᠡᠨ ᠪᠠᠢᠭᠤᠯᠤᠯᠲᠠ᠎ᠶ᠋ᠢᠨ ᠠᠬᠢᠴᠠ ᠵᠢᠴᠢ ᠲᠥᠷᠥᠯ ᠵᠦᠢᠯ᠎ᠢ ᠬᠡᠷᠡᠭ᠌ᠵᠢᠭᠦᠯᠬᠦ᠌ ᠳᠤᠮᠳᠠ ᠣᠷᠣᠱᠢᠵᠤ ᠪᠠᠢᠭ᠎ᠠ ᠬᠦᠴᠢᠷᠳᠡᠯ᠎ᠢ ᠣᠢᠯᠠᠭᠠᠨ᠂ ᠣᠷᠣᠨ ᠨᠤᠲᠤᠭ ᠪᠠ ᠠᠵᠤ ᠠᠬᠤᠢᠯᠠᠯ ᠬᠤᠶᠠᠷ ᠲᠠᠯ᠎ᠠ᠎ᠶ᠋ᠢᠨ ᠪᠣᠳᠠᠲᠠᠶ᠎ᠶ᠋ᠢ ᠡᠷᠬᠢᠮᠯᠡᠬᠦ᠌ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂   ᠦᠢᠯᠡᠴᠢᠯᠡᠭᠡ ᠪᠠᠲᠤᠯᠠᠭ᠎ᠠ᠎ᠶ᠋ᠢᠨ ᠠᠵᠢᠯ᠎ᠢ ᠨᠠᠷᠢᠨ ᠨᠢᠮᠪᠠᠶ ᠲᠥᠰᠦᠪᠯᠡᠨ ᠰᠠᠢᠲᠤᠷ ᠬᠢᠪᠠ᠃ ᠶᠠᠷᠢᠯᠴᠠᠬᠤ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠤᠨ ᠮᠠᠯᠵᠢᠬᠤ ᠣᠷᠣᠨ᠎ᠤ ᠲᠢᠩᠬᠢᠮ᠎ᠤᠨ᠎ᠬᠢᠨ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠢᠯᠢ ᠣᠲᠣ ᠦᠶ᠎ᠡ᠎ᠶ᠋ᠢᠨ ᠣᠶᠤᠨᠳᠤ ᠡᠷᠡᠭᠦᠯ ᠮᠡᠨᠳᠦ᠎ᠶ᠋ᠢᠨ ᠬᠥᠨᠳᠡᠶ ᠪᠤᠯᠤᠨ ᠮᠧᠩ ᠨᠢᠤ ᠰᠦ᠎ᠶ᠋ᠢᠨ ᠦᠢᠯᠡᠰ᠎ᠤᠨ ᠠᠵᠤ ᠦᠢᠯᠡᠰ᠎ᠤᠨ ᠬᠦᠷᠢᠶᠡᠯᠡᠩ᠎ᠤᠨ ᠪᠥᠲᠥᠭᠡᠨ ᠪᠠᠢᠭᠤᠯᠤᠯᠲᠠ ᠵᠢᠴᠢ ᠲᠡᠵᠢᠭᠡᠯ ᠪᠤᠷᠳᠤᠭ᠎ᠠ᠎ᠶ᠋ᠢᠨ ᠲᠥᠷᠥᠯ ᠵᠦᠢᠯ᠎ᠢ ᠬᠡᠷᠡᠭ᠌ᠵᠢᠭᠦᠯᠬᠦ᠌ ᠳᠤᠮᠳᠠ ᠣᠷᠣᠱᠢᠵᠤ ᠪᠠᠢᠭ᠎ᠠ ᠬᠦᠴᠢᠷᠳᠡᠯ᠎ᠢ ᠲᠤᠬᠢᠳᠠᠢᠬᠠᠨ ᠵᠣᠬᠢᠴᠠᠭᠤᠯᠤᠭ᠍ᠰᠠᠨ ᠪᠠᠢᠨ᠎ᠠ᠃ ᠪᠠᠰᠠ ᠬᠥᠬᠡᠬᠤᠲᠠ᠎ᠶ᠋ᠢᠨ ᠬᠦᠭᠡ ᠲᠠᠷᠤᠰᠢ᠎ᠶ᠋ᠢᠨ ᠡᠷᠳᠡᠨᠢ ᠱᠢᠰᠢ ᠪᠤᠯᠤᠨ ᠰᠦᠯ ᠰᠠᠢᠳᠠᠢ ᠴᠠᠷᠭᠠᠰᠤ ᠮᠡᠳᠤ᠎ᠶ᠋ᠢᠨ ᠲᠡᠵᠢᠭᠡᠯ ᠡᠪᠡᠰᠦᠨ᠎ᠤ ᠦᠢᠯᠡᠳᠪᠦᠷᠢᠯᠡᠯ᠎ᠢ ᠪᠠᠲᠤᠯᠠᠬᠤ᠎ᠶ᠋ᠢᠨ ᠲᠥᠯᠥᠭᠡ᠂ ᠨᠥᠬᠦᠪᠥᠷᠢ ᠪᠠᠯᠠ ᠮᠥᠩᠭᠦ᠎ᠶ᠋ᠢ ᠨᠢᠳᠤᠨᠤᠨ᠎ᠤ 682 ᠲᠦᠮᠡᠨ ᠲᠥᠭᠦᠷᠢᠭ᠎ᠠᠴᠠ 900 ᠲᠦᠮᠡᠨ ᠲᠥᠭᠦᠷᠢᠭ ᠪᠣᠯᠭᠠᠨ ᠨᠡᠮᠡᠭ᠌ᠳᠡᠭᠦᠯᠬᠦ᠌᠎ᠪᠠᠷ ᠲᠣᠳᠣᠷᠬᠠᠶ ᠲᠣᠭ᠍ᠲᠠᠭ᠍ᠰᠠᠨ ᠪᠥᠭᠡᠳ 《ᠰᠠᠶ ᠺᠧ ᠱᠢᠩ》 ᠎ᠢ ᠤᠯᠤᠰ᠎ᠤᠨ ᠮᠠᠯ ᠵᠢᠭᠦᠷᠲᠡᠨ᠎ᠤ ᠤᠳᠤᠮᠯᠠᠯ᠎ᠢ ᠰᠠᠢᠵᠢᠷᠠᠭᠤᠯᠬᠤ ᠲᠥᠯᠥᠪᠯᠡᠭᠡ᠎ᠳᠤ ᠣᠷᠣᠭᠤᠯᠪᠠ᠃

ᠮᠠᠨ᠎ᠤ ᠤᠷᠤᠨ ᠰᠦ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠪᠠᠯᠠ ᠮᠥᠩᠭᠦ᠎ᠳᠤ ᠲᠣᠬᠢᠷᠠᠭᠤᠯᠤᠯᠲᠠ ᠬᠢᠵᠦ᠍᠂ ᠪᠣᠳᠠᠲᠠᠶ ᠦᠢᠯᠡᠳᠪᠦᠷᠢᠯᠡᠯ᠎ᠤᠨ ᠬᠡᠷᠡᠭ᠌ᠴᠡᠭᠡ᠎ᠶ᠋ᠢ ᠦᠨᠳᠦᠰᠦᠯᠡᠨ᠂ ᠬᠦᠪᠦᠷᠡᠯ ᠱᠢᠯᠵᠢᠬᠦᠯᠬᠦ᠌ ᠮᠡᠷᠭᠡᠵᠢᠯ᠎ᠢ ᠬᠡᠷᠡᠭ᠌ᠯᠡᠬᠦ᠌ ᠨᠦᠬᠦᠴᠡᠯ ᠪᠤᠯᠤᠮᠵᠢ᠎ᠶ᠋ᠢ ᠪᠦᠷᠢᠯᠳᠦᠬᠦᠯᠦᠭ᠌ᠰᠡᠨ ᠲᠡᠵᠢᠭᠡᠪᠤᠷᠢ᠎ᠶ᠋ᠢᠨ ᠲᠠᠯᠠᠪᠠᠶ ᠪᠤᠯᠤᠨ ᠲᠡᠵᠢᠭᠡᠪᠤᠷᠢ᠎ᠶ᠋ᠢᠨ ᠡᠷᠦᠬᠡ᠎ᠳᠤ ᠨᠥᠬᠦᠪᠥᠷᠢ ᠥᠭ᠌ᠴᠦ᠂ ᠰᠠᠭᠠᠯᠢ᠎ᠶ᠋ᠢᠨ ᠦᠨᠢᠶ᠎ᠠ ᠲᠠᠵᠢᠬᠡᠨ ᠦᠷᠡᠵᠢᠬᠦᠯᠬᠦ᠌ ᠴᠢᠳᠠᠪᠤᠷᠢ᠎ᠶ᠋ᠢ᠎ᠨᠢ ᠴᠢᠨᠠᠭ᠍ᠰᠢᠳᠠ ᠳᠡᠭᠡᠭ᠌ᠰᠢᠯᠡᠭᠦᠯᠦᠨ᠎ᠡ; ᠰᠦ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠲᠥᠷᠥᠯ ᠵᠦᠢᠯ᠎ᠤᠨ ᠢᠵᠢ ᠪᠥᠷᠢᠳᠦᠭ᠌ᠰᠡᠨ ᠰᠦ᠎ᠶ᠋ᠢᠨ ᠢᠷᠡᠯᠲᠡ᠎ᠶ᠋ᠢᠨ ᠰᠠᠭᠤᠷᠢᠨ᠎ᠤ ᠲᠤᠰᠭᠠᠶ ᠪᠠᠯᠠ ᠬᠤᠷᠠᠮᠳᠤᠭᠤᠯᠭ᠎ᠠ᠎ᠳᠤ ᠬᠦᠦ ᠮᠦᠩᠭᠦ᠎ᠶ᠋ᠢ᠎ᠨᠢ ᠤᠷᠤᠯᠠᠨ ᠦᠭ᠌ᠬᠦ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠪᠥᠬᠦ᠌ ᠣᠷᠣᠨ᠎ᠤ ᠰᠦ᠎ᠶ᠋ᠢᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠰᠦ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠤᠷᠢᠳ᠎ᠢᠶᠠᠷ ᠪᠡᠶᠡᠯᠡᠭᠦᠯᠬᠦ᠌᠎ᠳᠤ ᠪᠠᠲᠤ ᠰᠠᠭᠤᠷᠢ᠎ᠶ᠋ᠢ ᠲᠠᠯᠪᠢᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号