ᠱᠢᠯᠢ᠎ᠶ᠋ᠢᠨ ᠭᠤᠤᠯ ᠠᠢᠮᠠᠭ ᠱᠢᠨ᠎ᠡ ᠴᠠᠭ ᠦᠶ᠎ᠡ᠎ᠶ᠋ᠢᠨ ᠪᠤᠯᠪᠠᠰᠤᠨ᠎ᠤ ᠦᠢᠯᠡᠳᠦᠯᠭᠡ᠎ᠶ᠋ᠢᠨ ᠰᠠᠢᠨ ᠳᠤᠷᠠᠴᠤᠳ᠎ᠤᠨ ᠦᠢᠯᠡᠴᠢᠯᠡᠭᠡᠨ᠎ᠤ ᠠᠵᠢᠯᠯᠠᠭ᠎ᠠ ᠦᠷᠨᠢᠭᠦᠯᠪᠡ
2021-05-11 09:31:38
ᠵᠣᠬᠢᠶᠠᠭ᠍ᠴᠢ᠄
ᠪᠢᠯᠢᠭ᠌ᠪᠡᠭᠠᠳᠤᠷ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 9 ᠎ᠤ ᠡᠳᠦᠷ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠱᠢᠯᠢ᠎ᠶ᠋ᠢᠨ ᠭᠤᠤᠯ ᠠᠢᠮᠠᠭ᠎ᠤᠨ ᠬᠤᠷᠢᠶᠠᠨ᠎ᠤ ᠤᠬᠠᠭᠤᠯᠬᠤ ᠬᠡᠯᠳᠡᠰ᠎ᠤᠨ ᠵᠤᠬᠢᠶᠠᠨ ᠪᠠᠢᠭᠤᠯᠤᠭ᠍ᠰᠠᠨ ᠬᠠᠮᠢᠶ᠎ᠠ ᠪᠦᠬᠦᠢ ᠪᠠᠢᠭᠤᠯᠭ᠎ᠠ ᠨᠢᠭᠡᠴᠢ᠎ᠪᠠᠷ ᠪᠦᠷᠢᠯᠳᠦᠭ᠌ᠰᠡᠨ 《ᠪᠢ ᠲᠠᠨ᠎ᠳᠤ ᠬᠠᠪᠰᠤᠷᠤᠶ᠎ᠠ》 ᠬᠡᠬᠦ᠌ ᠰᠠᠢᠨ ᠲᠤᠷ᠎ᠠ᠎ᠶ᠋ᠢᠨ ᠦᠢᠯᠡᠴᠢᠯᠡᠭᠡᠨ᠎ᠤ ᠠᠩᠭᠢ ᠱᠢᠯᠢᠩᠬᠤᠳᠠ᠎ᠶ᠋ᠢᠨ ᠱᠢᠨᠬᠤᠸᠠ ᠨᠡᠢᠭᠡᠮ ᠲᠤᠭᠤᠷᠢᠭ᠎ᠲᠤ ᠬᠦᠷᠴᠤ᠌᠂ 《ᠤᠯᠠᠨ ᠲᠦᠮᠡᠨ᠎ᠳᠤ ᠪᠤᠳᠠᠳᠤ ᠠᠵᠢᠯ ᠬᠢᠵᠦ᠍ ᠦᠭ᠌ᠭᠦ》 ᠱᠢᠨ᠎ᠡ ᠴᠠᠭ ᠦᠶ᠎ᠡ᠎ᠶ᠋ᠢᠨ ᠪᠤᠯᠪᠠᠰᠤᠨ᠎ᠤ ᠦᠢᠯᠡᠳᠦᠯᠭᠡ᠎ᠶ᠋ᠢᠨ ᠰᠠᠢᠨ ᠲᠤᠷ᠎ᠠ᠎ᠶ᠋ᠢᠨ ᠦᠢᠯᠡᠴᠢᠯᠡᠭᠡᠨ᠎ᠤ ᠠᠵᠢᠯᠯᠠᠭ᠎ᠠ ᠦᠷᠨᠢᠭᠦᠯᠵᠡᠢ᠃


QQ图片20210511091202.png


ᠠᠵᠢᠯᠯᠠᠭ᠎ᠠ᠎ᠶ᠋ᠢᠨ ᠠᠬᠤᠢ ᠲᠠᠯᠠᠪᠠᠢ᠎ᠳᠤ᠂ ᠡᠮᠴᠢᠯᠡᠭᠡᠨ᠎ᠤ ᠪᠦᠯᠬᠦᠮ᠎ᠤᠨ ᠰᠠᠢᠨ ᠲᠤᠷᠠᠴᠤᠳ ᠦᠷᠭᠡᠨ ᠤᠯᠠᠨ ᠨᠠᠰᠤᠳᠠᠢᠴᠤᠳ᠎ᠲᠤ ᠲᠤᠳᠤᠨᠤᠰᠤᠭ᠎ᠢᠶᠠᠷ ᠦᠢᠯᠡᠴᠢᠯᠡᠵᠦ᠍᠂ ᠨᠠᠰᠤᠳᠠᠢᠴᠤᠳ᠎ᠢ ᠬᠠᠪᠰᠤᠷᠤᠨ ᠴᠢᠰᠤᠨ ᠲᠠᠷᠤᠯᠳᠠ᠂ ᠴᠢᠰᠤᠨ᠎ᠤ ᠱᠢᠬᠢᠷ᠎ᠢ᠎ᠨᠢ ᠬᠡᠮᠵᠢᠨ ᠦᠭ᠌ᠭᠦ ᠪᠤᠶᠤ ᠲᠡᠳᠡᠨ᠎ᠤ ᠠᠰᠠᠭᠤᠯᠲᠠ᠎ᠶ᠋ᠢ ᠨᠠᠷᠢᠨ ᠬᠠᠷᠢᠭᠤᠯᠵᠤ ᠪᠠᠢᠯ᠎ᠠ᠃ ᠤᠯᠠᠭᠠᠨᠮᠦᠴᠢᠷ᠎ᠤᠨ᠎ᠬᠢᠨ ᠪᠠᠰᠠ ᠤᠷᠠᠨ ᠭᠤᠴᠤ᠌ ᠲᠤᠭ᠍ᠯᠠᠯᠳᠠ᠎ᠪᠠᠨ ᠠᠬᠤᠢ ᠲᠠᠯᠠᠪᠠᠢ᠎ᠶ᠋ᠢᠨ ᠦᠵᠡᠭ᠌ᠴᠢᠳ᠎ᠲᠤ ᠡᠷᠭᠦᠵᠠᠢ᠃ ᠬᠤᠪᠢᠰᠭᠠᠯᠳᠤ ᠦᠷᠡᠭ᠌ᠳᠡᠭ᠌ᠰᠡᠨ ᠪᠠᠭᠠᠳᠤᠷ᠎ᠤᠨ ᠡᠬᠡ ᠤᠯᠤᠰ᠎ᠤᠨ᠎ᠢᠶᠠᠨ ᠲᠦᠯᠦᠭᠡ ᠠᠯᠳᠠᠨ ᠠᠮᠢ᠎ᠪᠠᠨ ᠦᠷᠡᠭ᠌ᠳᠡᠬᠦᠯᠬᠦ᠌᠎ᠠᠴᠠ ᠪᠤᠴᠠᠬᠤ ᠦᠭᠡᠢ ᠠᠭᠤᠤ ᠶᠡᠭᠡ ᠵᠤᠷᠢᠭ ᠰᠠᠨᠠᠭ᠎ᠠ᠎ᠶ᠋ᠢ ᠬᠠᠷᠠᠭᠤᠯᠤᠭ᠍ᠰᠠᠨ ᠪᠤᠳᠠᠳᠤ ᠦᠵᠡᠭ᠌ᠳᠡᠯᠳᠤ ᠵᠦᠴᠦᠬᠡ 《ᠵᠤᠤ ᠢ ᠮᠠᠨ》 ᠬᠤᠷᠠᠭ᠍ᠰᠠᠨ ᠤᠯᠠᠨ᠎ᠤ ᠰᠡᠳᠭᠢᠯ᠎ᠢ ᠬᠦᠳᠡᠯᠭᠡᠵᠡᠢ᠃ ᠱᠢᠯᠢ᠎ᠶ᠋ᠢᠨ ᠭᠤᠤᠯ ᠠᠢᠮᠠᠭ᠎ᠤᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠎ᠶ᠋ᠢᠨ ᠰᠠᠢᠨ ᠲᠤᠷᠠᠴᠤᠳ ᠰᠠᠭᠤᠭᠠᠯᠢ ᠲᠤᠭᠤᠷᠢᠭ᠎ᠲᠤ ᠲᠤᠬᠢᠶᠠᠯᠳᠤᠵᠤ ᠮᠡᠳᠡᠬᠦ᠌ ᠭᠠᠯ ᠰᠡᠷᠭᠡᠢᠯᠡᠬᠦ᠌ ᠠᠷᠭ᠎ᠠ ᠠᠪᠴᠠᠯ᠎ᠤᠨ ᠲᠤᠬᠠᠢ ᠲᠠᠢᠯᠪᠤᠷᠢᠯᠠᠵᠤ ᠦᠭ᠌ᠭᠦᠭ᠌ᠰᠡᠨ ᠪᠦᠭᠡᠳ ᠲᠤᠬᠠᠢ᠎ᠶ᠋ᠢᠨ ᠲᠠᠯᠠᠪᠤᠷ᠎ᠲᠤ ᠭᠠᠯ ᠤᠨᠳᠠᠷᠠᠭᠠᠬᠤ ᠰᠤᠷᠢᠯᠳᠠ ᠬᠢᠵᠦ᠍ ᠦᠵᠡᠭᠦᠯᠦᠭ᠌ᠰᠡᠨ᠎ᠨᠢ ᠤᠯᠠᠨ ᠬᠦᠮᠦᠰ᠎ᠤᠨ ᠬᠦᠷᠢᠶᠡᠯᠡᠯ᠎ᠢ ᠤᠯᠵᠤ ᠠᠯᠠᠭ᠎ᠠ ᠲᠠᠱᠢᠯᠳᠠ᠎ᠶ᠋ᠢᠨ ᠲᠠᠭᠤᠨ ᠪᠠᠢᠨ ᠪᠠᠢᠨ ᠨᠢᠵᠢᠭᠢᠨᠡᠨ᠎ᠡ᠃ ᠤᠯᠠᠭᠠᠨ ᠵᠠᠭᠠᠯᠮᠠᠢᠳᠠᠨ᠎ᠤ ᠨᠡᠢᠭᠡᠮᠯᠢᠭ᠎ᠤᠨ ᠰᠠᠢᠨ ᠲᠤᠷᠠᠴᠤᠳ ᠪᠠᠰᠠ ᠭᠡᠨᠡᠳᠳᠡ ᠮᠡᠳᠡᠭᠡ ᠰᠡᠭᠡᠭᠡ ᠠᠯᠳᠠᠭ᠍ᠰᠠᠨ ᠬᠦᠮᠦᠨ᠎ᠢ ᠪᠠᠴᠢᠮ ᠠᠪᠤᠷᠠᠬᠤ ᠠᠷᠭ᠎ᠠ᠎ᠶ᠋ᠢ ᠤᠯᠠᠨ᠎ᠳᠤ ᠰᠤᠷᠢᠵᠤ ᠦᠵᠡᠭᠦᠯᠦᠭ᠌ᠰᠡᠨ᠎ᠨᠢ ᠡᠨᠡ ᠲᠠᠯ᠎ᠠ᠎ᠶ᠋ᠢᠨ ᠮᠡᠳᠡᠯᠭᠡ᠎ᠪᠠᠷ ᠬᠤᠮᠰᠠ ᠭᠦᠮᠦᠰ᠎ᠲᠤ ᠮᠠᠰᠢ ᠰᠠᠢᠨ ᠬᠢᠴᠢᠶᠡᠯ ᠪᠤᠯᠵᠠᠢ᠃ ᠡᠭᠦᠨ᠎ᠤ ᠬᠠᠮᠳᠤ᠂ ᠠᠵᠢᠯᠯᠠᠭ᠎ᠠ᠎ᠶ᠋ᠢᠨ ᠠᠬᠤᠢ ᠲᠠᠯᠠᠪᠠᠢ᠎ᠳᠤ ᠬᠦᠷᠦᠯᠴᠡᠨ ᠢᠷᠡᠭ᠌ᠰᠡᠡ ᠰᠠᠢᠨ ᠲᠤᠷᠠᠴᠤᠳ ᠦᠪᠡᠷᠰᠡᠳ᠎ᠤᠨ ᠲᠤᠬᠠᠢᠯᠠᠭ᠍ᠰᠠᠨ ᠠᠵᠢᠯ᠎ᠲᠠᠢ ᠬᠤᠯᠪᠤᠭ᠍ᠳᠠᠭ᠍ᠰᠠᠨ ᠮᠡᠳᠡᠭᠡ ᠮᠡᠷᠭᠡᠵᠢᠯ᠎ᠤᠨ ᠲᠤᠬᠠᠢ ᠤᠯᠠᠨ᠎ᠳᠤ ᠠᠰᠠᠭᠤᠨ ᠯᠠᠪᠯᠠᠬᠤ ᠦᠢᠯᠡᠴᠢᠯᠡᠭᠡ ᠬᠠᠩᠭᠠᠭ᠍ᠰᠠᠨ ᠪᠦᠭᠡᠳ ᠤᠷᠢᠳᠴᠢᠯᠠᠨ ᠨᠠᠷᠢᠯᠢᠭ ᠪᠡᠯᠡᠳᠭᠡᠭ᠌ᠰᠡᠨ ᠤᠬᠠᠭᠤᠯᠭ᠎ᠠ᠎ᠶ᠋ᠢᠨ ᠵᠢᠷᠤᠭ᠍ᠳᠤ ᠬᠠᠭᠤᠳᠠᠰᠤ᠎ᠪᠠᠨ ᠨᠡᠢᠭᠡᠮ ᠲᠤᠭᠤᠷᠢᠭ᠎ᠤᠨ ᠤᠯᠠᠨ᠎ᠳᠤ ᠬᠦᠷᠭᠡᠪᠡ᠃

ᠲᠤᠰ ᠤᠳᠠᠭᠠᠨ᠎ᠤ ᠠᠵᠢᠯᠯᠠᠭ᠎ᠠ ᠪᠤᠯ 《ᠨᠠᠮ᠎ᠤᠨ ᠲᠡᠤᠬᠡ᠎ᠶ᠋ᠢ ᠰᠤᠷᠤᠯᠴᠠᠵᠤ᠂ ᠦᠵᠡᠯ ᠰᠠᠨᠠᠭ᠎ᠠ᠎ᠶ᠋ᠢ ᠡᠵᠡᠮᠱᠢᠨ ᠤᠢ᠍ᠢᠯᠠᠭᠠᠵᠤ᠂ ᠤᠯᠠᠨ ᠲᠦᠮᠡᠨ᠎ᠳᠤ ᠪᠤᠳᠠᠳᠤ ᠠᠵᠢᠯ ᠬᠢᠵᠦ᠍ ᠦᠭ᠌ᠭᠦ᠂ ᠠᠵᠢᠯ ᠦᠢᠯᠡᠰ᠎ᠤᠨ ᠱᠢᠨ᠎ᠡ ᠭᠠᠷᠤᠭ᠎ᠠ᠎ᠪᠠᠨ ᠡᠬᠢᠯᠡᠭᠦᠯᠬᠦ᠌》 ᠱᠠᠭᠠᠷᠳᠠᠯᠭ᠎ᠠ᠎ᠶ᠋ᠢ ᠦᠨᠡᠨ ᠬᠦ᠌ ᠨᠠᠢᠳᠠᠪᠤᠷᠢᠵᠢᠭᠤᠯᠵᠤ᠂ ᠤᠯᠠᠨ ᠲᠦᠮᠡᠨ᠎ᠤ ᠠᠩᠬᠠᠷᠤᠨ ᠬᠠᠯᠠᠮᠵᠢᠯᠠᠵᠤ ᠪᠠᠢᠭ᠎ᠠ᠂ ᠰᠡᠳᠭᠢᠯ ᠵᠤᠪᠠᠵᠤ ᠪᠠᠢᠭ᠎ᠠ᠂ ᠰᠠᠨᠠᠭᠠᠱᠢᠷᠠᠵᠤ ᠪᠠᠢᠭ᠎ᠠ ᠠᠰᠠᠭᠤᠳᠠᠯ᠎ᠳᠤ ᠬᠠᠨᠳᠤᠭᠤᠯᠤᠨ᠂ ᠤᠯᠠᠨ ᠲᠦᠮᠡᠨ᠎ᠳᠤ ᠦᠢᠯᠡᠴᠢᠯᠡᠬᠦ᠌ ᠶᠠᠪᠤᠴᠠ᠎ᠳᠤ ᠤᠯᠠᠨ ᠲᠦᠮᠡᠨ᠎ᠢ ᠬᠦᠲᠦᠯᠦᠨ ᠲᠠᠭᠠᠭᠤᠯᠵᠤ᠂ 《ᠪᠢ ᠲᠠᠨ᠎ᠳᠤ ᠬᠠᠪᠰᠤᠷᠬᠤ》᠂ 《ᠤᠯᠠᠨ ᠲᠦᠮᠡᠨ᠎ᠳᠤ ᠪᠤᠳᠠᠳᠤ ᠠᠵᠢᠯ ᠬᠢᠵᠦ᠍ ᠦᠭ᠌ᠭᠦ》 ᠎ᠶ᠋ᠢ ᠪᠡᠶᠡᠯᠡᠭᠦᠯᠦᠨ᠂ ᠤᠯᠠᠨ ᠲᠦᠮᠡᠨ᠎ᠤ ᠬᠦᠷᠳᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ ᠪᠤᠯᠤᠨ ᠠᠮᠤᠷ ᠲᠦᠪᠱᠢᠨ᠎ᠤ ᠲᠦᠷᠦᠭ᠌ᠳᠡᠯ᠎ᠢ ᠤᠯᠠᠮ ᠨᠢᠭᠡ ᠠᠯᠬᠤᠮ ᠨᠡᠮᠡᠭ᠌ᠳᠡᠭᠦᠯᠬᠦ᠌᠎ᠪᠠᠷ ᠵᠤᠷᠢᠬ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号