ᠮᠠᠨ᠎ᠤ ᠤᠷᠤᠨ 《ᠤᠮᠠᠷᠠᠳᠤ ᠬᠢᠯᠢ᠎ᠶ᠋ᠢ ᠲᠤᠬ᠍ᠳᠤᠯᠤᠭᠤᠯᠤᠬ᠍ᠰᠠᠨ ᠬᠠᠮᠤᠬ᠎ᠤᠨ ᠭᠤᠶᠤ ᠴᠠᠬ᠍ᠳᠠᠭ᠎ᠠ》 ᠎ᠶ᠋ᠢ ᠱᠢᠯᠭᠠᠷᠠᠭᠤᠯᠤᠨ ᠭᠠᠷᠭᠠᠯ᠎ᠠ
2021-05-11 09:32:01
ᠵᠣᠬᠢᠶᠠᠭ᠍ᠴᠢ᠄
ᠱᠢᠨᠡᠪᠢᠯᠢᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂  ᠦᠪᠡᠷᠳᠡᠭᠡᠨ ᠵᠠᠰᠠᠬᠤ ᠤᠷᠤᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ 《ᠴᠠᠬ᠍ᠳᠠᠭ᠎ᠠ᠎ᠶ᠋ᠢᠨ ᠰᠡᠳᠭᠢᠯ ᠨᠠᠮ᠎ᠢᠶᠠᠨ ᠳᠠᠭᠠᠵᠣ ᠱᠢᠨ᠎ᠠ ᠠᠶᠠᠯᠠᠯ᠎ᠢ ᠬᠠᠮᠠᠭᠠᠯᠠᠬᠤ》 ᠪᠠᠭᠠᠲᠤᠷ ᠵᠢᠱ᠌ᠢᠶᠡᠴᠢ᠎ᠶ᠋ᠢᠨ ᠦᠢᠯᠡ ᠠᠵᠢᠯᠯᠠᠭ᠎ᠠ᠎ᠶ᠋ᠢᠨ ᠮᠡᠳᠡᠭᠦᠯᠦᠯᠲᠡ᠎ᠶ᠋ᠢᠨ ᠬᠤᠷᠠᠯ ᠵᠢᠴᠢ 2020 ᠣᠨ᠎ᠤ 《ᠤᠮᠠᠷᠠᠲᠤ ᠬᠢᠯᠢ᠎ᠶ᠋ᠢ ᠳᠣᠭ᠍ᠳᠣᠯᠤᠭᠤᠯᠤᠭ᠍ᠰᠠᠨ ᠬᠠᠮᠤᠭ᠎ᠤᠨ ᠭᠤᠶᠣ ᠴᠠᠭ᠍ᠳᠠᠭ᠎ᠠ》 ᠎ᠶ᠋ᠢ ᠨᠡᠢᠲᠡᠯᠡᠬᠦ᠌ ᠶᠣᠰᠣᠯᠠᠯ ᠶᠠᠪᠤᠭᠤᠯᠪᠠ᠃

ᠶᠤᠰᠤᠯᠠᠯ ᠳᠡᠭᠡᠷ᠎ᠡ᠂ 2020 ᠤᠨ᠎ᠤ 10 《ᠤᠮᠠᠷᠠᠳᠤ ᠬᠢᠯᠢ᠎ᠶ᠋ᠢ ᠲᠤᠬ᠍ᠳᠤᠯᠤᠭᠤᠯᠤᠬ᠍ᠰᠠᠨ ᠬᠠᠮᠤᠬ᠎ᠤᠨ ᠭᠤᠶᠤ ᠴᠠᠬ᠍ᠳᠠᠭ᠎ᠠ》 ᠪᠤᠯᠤᠨ 3 ᠤᠨᠴᠠᠭᠠᠢ ᠬᠦᠨᠳᠦᠳᠭᠡᠯ ᠲᠡᠪᠱᠢᠬᠦᠯᠦᠭ᠌ᠴᠢ᠎ᠶ᠋ᠢ ᠨᠡᠢᠳᠡᠯᠡᠪᠡ᠃ ᠲᠡᠳᠡᠨᠡᠷ ᠪᠤᠯ᠂ ᠬᠥᠬᠡᠬᠤᠲᠠ᠎ᠶ᠋ᠢᠨ ᠱᠢᠨ᠎ᠡ ᠬᠤᠲᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠶᠡᠭᠡ ᠠᠩᠭᠢ᠎ᠶ᠋ᠢᠨ ᠳᠡᠳ᠋ ᠳᠠᠷᠤᠭ᠎ᠠ ᠵᠠᠩ ᠵᠢᠶᠦ᠋ᠨ᠂ ᠤᠯᠠᠭᠠᠨᠴᠠᠪ ᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶᠠᠨ᠎ᠤ ᠣᠨᠴᠠ ᠴᠠᠭ᠍ᠳᠠᠭ᠎ᠠ᠎ᠶ᠋ᠢᠨ ᠰᠠᠯᠪᠤᠷᠢ ᠠᠩᠭᠢ᠎ᠶ᠋ᠢᠨ ᠳᠡᠳ᠋ ᠳᠠᠷᠤᠭ᠎ᠠ ᠯᠢ ᠸᠧᠨ ᠢᠦᠶ᠂ ᠬᠥᠬᠡᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠡᠷᠡᠭᠦᠦ᠎ᠶ᠋ᠢᠨ ᠴᠠᠭ᠍ᠳᠠᠭ᠎ᠠ᠎ᠶ᠋ᠢᠨ ᠰᠠᠯᠪᠤᠷᠢ ᠠᠩᠭᠢ᠎ᠶ᠋ᠢᠨ ᠡᠷᠡᠭᠦᠦ᠎ᠶ᠋ᠢᠨ ᠬᠡᠷᠡᠭ᠎ᠤᠨ ᠮᠡᠷᠭᠡᠵᠢᠯ᠎ᠤᠨ ᠲᠥᠪ᠎ᠤᠨ ᠡᠷᠬᠢᠯᠡᠭ᠌ᠴᠢ ᠶᠦᠨ ᠴᠦᠨ ᠮᠢᠩ᠂ ᠦᠦᠱᠢᠨ ᠬᠤᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶᠠᠨ᠎ᠤ ᠠᠮᠤᠷ᠎ᠢ ᠬᠠᠮᠠᠭᠠᠯᠠᠬᠤ ᠶᠡᠭᠡ ᠠᠩᠬᠢ᠎ᠶ᠋ᠢᠨ ᠳᠡᠳ᠋ ᠳᠠᠷᠤᠭ᠎ᠠ ᠾᠧ ᠱᠢᠶᠠ᠂ ᠲᠦᠩᠯᠢᠶᠣᠤ ᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶᠠᠨ᠎ᠤ ᠰᠦᠯᠵᠢᠶᠡᠨ᠎ᠤ ᠠᠮᠤᠷ ᠲᠦᠪᠱᠢᠨ᠎ᠤ ᠰᠠᠯᠪᠤᠷᠢ ᠠᠩᠭᠢ᠎ᠶ᠋ᠢᠨ ᠳᠡᠳ᠋ ᠳᠠᠷᠤᠭ᠎ᠠ ᠯᠢ ᠬᠤᠩ ᠵᠧ᠂ ᠦᠬᠠᠶ ᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠬᠠᠢᠷᠤᠪ᠎ᠤᠨ ᠲᠣᠬᠤᠢ ᠲᠣᠭᠤᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ᠎ᠶ᠋ᠢᠨ ᠠᠮᠤᠷ᠎ᠢ ᠬᠠᠮᠠᠭᠠᠯᠠᠬᠤ ᠶᠡᠭᠡ ᠠᠩᠭᠢ᠎ᠶ᠋ᠢᠨ ᠳᠠᠷᠤᠭ᠎ᠠ ᠯᠢ ᠵᠢᠶᠠ ᠴᠢ᠂ ᠠᠷᠤᠨ ᠬᠤᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠳᠡᠳ᠋ ᠳᠠᠷᠤᠭ᠎ᠠ ᠯᠢᠦ ᠸᠠᠨ ᠵᠢᠶᠦ᠋ᠨ᠂ ᠱᠢᠯᠢ᠎ᠶ᠋ᠢᠨ ᠭᠤᠤᠯ ᠠᠢᠮᠠᠭ᠎ᠤᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠴᠠᠭ᠍ᠳᠠᠭ᠎ᠠ ᠮᠢᠶᠣᠣ ᠶᠠ ᠹᠦ᠍᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠬᠢᠨᠠᠨ ᠬᠠᠮᠢᠶᠠᠷᠬᠤ ᠶᠡᠭᠡ ᠠᠩᠭᠢ᠎ᠶ᠋ᠢᠨ ᠳᠠᠷᠤᠭ᠎ᠠ ᠵᠦ᠍ ᠢᠦᠶ ᠱᠠᠨ᠂ ᠪᠠᠶᠠᠨᠨᠠᠭᠤᠷ ᠬᠤᠲᠠ᠎ᠶ᠋ᠢᠨ ᠯᠢᠨ ᠾᠧ ᠲᠣᠭᠤᠷᠢᠭ᠎ᠤᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠳᠠᠷᠤᠭ᠎ᠠ ᠵᠧᠤ ᠶᠦᠩ ᠵᠢᠶᠠᠩ ᠨᠠᠷ ᠪᠤᠯᠤᠨ᠎ᠠ᠃ ᠵᠣᠬᠢᠶᠠᠨ ᠪᠠᠢᠭᠤᠯᠬᠤ ᠺᠣᠮᠢᠰ᠎ᠠᠴᠠ ᠪᠠᠰᠠ᠂ ᠬᠢᠩᠭᠠᠨ ᠠᠢᠮᠠᠭ᠎ᠤᠨ ᠤᠯᠠᠭᠠᠨᠬᠤᠲᠠ᠎ᠶ᠋ᠢᠨ ᠳᠡᠳ᠋ ᠳᠠᠷᠤᠭ᠎ᠠ᠂ ᠳᠣᠲᠣᠭᠠᠳᠤ᠎ᠶ᠋ᠢ ᠬᠠᠮᠠᠭᠠᠯᠠᠬᠤ ᠲᠣᠪᠴᠢᠶᠠᠨ᠎ᠤ ᠳᠠᠷᠤᠭ᠎ᠠ ᠯᠢᠦ ᠬᠤᠩ ᠪᠥᠸᠧ ᠂ ᠲᠦᠴᠢᠦᠸᠠᠨ ᠱᠢᠶᠠᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠢᠦᠶ ᠸᠧᠨ ᠲᠣᠮᠢᠯᠠᠭ᠍ᠰᠠᠨ ᠰᠠᠯᠪᠤᠷᠢ᠎ᠶ᠋ᠢᠨ ᠴᠠᠭ᠍ᠳᠠᠭ᠎ᠠ ᠾᠧ ᠵᠢᠶᠠᠨ ᠬᠤᠸᠠ᠂ ᠳᠠᠯᠠᠳ ᠬᠤᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠬᠤᠶᠠᠳᠤᠭᠠᠷ ᠳᠡᠰ᠎ᠤᠨ ᠴᠠᠭ᠍ᠳᠠᠭᠠᠨ ᠳᠠᠷᠤᠭ᠎ᠠ ᠰᠤ᠌ ᠢᠦᠶ ᠫᠢᠩ᠎ᠳᠤ ᠬᠠᠮᠤᠬ᠎ᠤᠨ ᠭᠤᠶᠤ ᠬᠦᠨᠳᠦᠳᠭᠡᠯ ᠲᠡᠪᠱᠢᠬᠦᠯᠦᠭ᠌ᠴᠢ᠎ᠶ᠋ᠢᠨ ᠱᠠᠩᠨᠠᠯ ᠤᠯᠭᠤᠪᠠ᠃

ᠶᠤᠰᠤᠯᠠᠯ᠎ᠤᠨ ᠲᠠᠷᠠᠭ᠎ᠠ᠂ 《ᠤᠮᠠᠷᠠᠲᠤ ᠬᠢᠯᠢ᠎ᠶ᠋ᠢ ᠳᠣᠭ᠍ᠳᠣᠯᠤᠭᠤᠯᠤᠭ᠍ᠰᠠᠨ ᠬᠠᠮᠤᠭ᠎ᠤᠨ ᠭᠤᠶᠤ ᠴᠠᠭ᠍ᠳᠠᠭ᠎ᠠ》 ᠎ᠶ᠋ᠢᠨ ᠢᠷᠠᠭᠤ ᠠᠯᠳᠠᠷ᠎ᠢ ᠬᠦᠷᠳᠡᠭ᠌ᠰᠡᠳ ᠪᠤᠯᠤᠨ ᠠᠮᠢᠳᠤ ᠰᠡᠷᠡᠭᠦᠨ ᠪᠠᠢᠬᠤ ᠦᠶ᠎ᠠ᠎ᠶ᠋ᠢᠨ ᠲᠠᠢᠴᠢᠨ ᠨᠦᠬᠦᠳ᠎ᠨᠢ ᠤᠷᠢᠳ ᠡᠮᠦᠨ᠎ᠡ ᠲᠠᠢᠰᠠᠨ᠎ᠳᠤ ᠭᠠᠷᠴᠤ᠌᠂ ᠥᠪᠡᠷ᠎ᠤᠨ ᠥᠩᠭᠡᠷᠡᠯᠲᠡ᠎ᠲᠠᠢ᠎ᠪᠠᠨ ᠤᠶᠠᠯᠳᠤᠭᠤᠯᠤᠨ ᠪᠠᠭᠠᠳᠤᠷ ᠵᠢᠱ᠌ᠢᠶᠡᠴᠢ᠎ᠶ᠋ᠢᠨ ᠰᠡᠳᠭᠢᠯ ᠲᠤᠬ᠍ᠳᠤᠯᠤᠭᠤᠯᠤᠮ᠎ᠠ ᠦᠯᠢᠬᠡᠷ ᠦᠢᠯᠡ ᠶᠠᠪᠤᠳᠠᠯ᠎ᠢ ᠣᠯᠠᠨ᠎ᠲᠠᠢ ᠬᠤᠪᠢᠶᠠᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号