ᠬᠢᠩᠭᠠᠨ ᠠᠢᠮᠠᠭ᠎ᠤᠨ 《ᠲᠠᠨ᠎ᠳᠤ ᠲᠤᠰᠠᠯᠠᠬᠤ》 ᠰᠠᠢᠨ ᠳᠤᠷ᠎ᠠ᠎ᠶ᠋ᠢᠨ ᠦᠢᠯᠡᠴᠢᠯᠡᠭᠡ 25 ᠲᠦᠮᠡᠨ ᠬᠥᠮᠦᠨ᠎ᠳᠤ ᠠᠱᠢᠭ ᠬᠦᠷᠲᠡᠭᠡᠪᠡ
2021-05-11 09:43:53
ᠵᠣᠬᠢᠶᠠᠭ᠍ᠴᠢ᠄
ᠬᠡᠱᠢᠭ᠌ᠪᠦᠶᠠᠨ
ᠣᠩᠱᠢᠭ᠍ᠰᠠᠨ ᠣᠳᠠᠭ᠎ᠠ᠄
★★★☆☆

ᠬᠢᠩᠭᠠᠨ ᠠᠢᠮᠠᠭ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠮᠳᠠ 6 ᠪᠣᠯᠪᠠᠰᠤᠨ᠎ᠤ ᠦᠢᠯᠡᠳᠦᠯᠭᠡ᠎ᠶ᠋ᠢᠨ ᠲᠥᠪ᠂ 74 ᠪᠣᠯᠪᠠᠰᠤᠨ᠎ᠤ ᠦᠢᠯᠡᠳᠦᠯᠭᠡ᠎ᠶ᠋ᠢᠨ ᠭᠠᠵᠠᠷ᠂ 993 ᠪᠣᠯᠪᠠᠰᠤᠨ᠎ᠤ ᠦᠢᠯᠡᠳᠦᠯᠭᠡ᠎ᠶ᠋ᠢᠨ ᠦᠷᠳᠡᠭᠡ᠂ 223 ᠪᠣᠯᠪᠠᠰᠤᠨ᠎ᠤ ᠦᠢᠯᠡᠳᠦᠯᠭᠡ᠎ᠶ᠋ᠢᠨ ᠵᠢᠭ᠍ᠰᠠᠭᠠᠯ᠎ᠤᠨ ᠭᠠᠵᠠᠷ᠎ᠲᠤ ᠲᠦᠱᠢᠭ᠌ᠯᠡᠵᠤ᠂ 《ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ᠍ ᠥᠭ᠌ᠬᠦ》 ᠠᠵᠢᠯᠯᠠᠭ᠎ᠠ᠎ᠲᠠᠢ ᠨᠢᠭ᠍ᠲᠠ ᠤᠶᠠᠯᠳᠤᠭᠤᠯᠤᠨ 《ᠲᠠᠨ᠎ᠳᠤ ᠲᠤᠰᠠᠯᠠᠬᠤ》 ᠰᠠᠢᠨ ᠳᠤᠷ᠎ᠠ᠎ᠶ᠋ᠢᠨ ᠦᠢᠯᠡᠴᠢᠯᠡᠭᠡ ᠦᠷᠨᠢᠬᠦᠯᠦᠭᠡᠳ 25 ᠲᠦᠮᠡᠨ ᠬᠥᠮᠦᠨ᠎ᠳᠤ ᠠᠱᠢᠭ ᠬᠦᠷᠲᠡᠭᠡᠪᠡ᠃

《ᠪᠢ ᠪᠣᠯ ᠡᠪ ᠬᠠᠮᠲᠤ ᠨᠠᠮ᠎ᠤᠨ ᠭᠡᠱᠢᠭᠦᠨ᠂ ᠪᠢ ᠲᠠᠨ᠎ᠳᠤ ᠲᠤᠰᠠᠯᠠᠨ᠎ᠠ》 ᠭᠡᠬᠦ᠌ ᠲᠦᠷᠦᠯ ᠲᠡᠮᠳᠡᠭ᠎ᠢᠶᠠᠷ ᠨᠠᠮ᠎ᠤᠨ ᠭᠡᠱᠢᠭᠦᠨ ᠺᠠᠳ᠋ᠷᠴᠤᠳ᠎ᠤᠨ ᠳᠠᠢᠴᠢᠯᠠᠬᠤ ᠦᠶᠯᠡᠳᠦᠯ᠎ᠢ ᠪᠠᠳᠠᠷᠠᠭᠤᠯᠵᠠᠢ᠃ ᠬᠢᠩᠭᠠᠨ ᠠᠢᠮᠠᠭ᠎ᠤᠨ ᠠᠵᠢᠯ᠎ᠤᠨ ᠪᠠᠢᠷᠢᠨ᠎ᠳᠤ ᠪᠠᠢᠭ᠎ᠠ 2.8 ᠲᠦᠮᠡᠨ ᠨᠠᠮ᠎ᠤᠨ ᠭᠡᠱᠢᠭᠦᠨ ᠨᠡᠢᠭᠡᠮ ᠲᠣᠭᠤᠷᠢᠭ᠎ᠲᠤ ᠨᠡᠷ᠎ᠠ ᠮᠡᠳᠡᠬᠦᠯᠵᠦ᠍᠂ ᠰᠠᠢᠨ ᠳᠤᠷ᠎ᠠ᠎ᠶ᠋ᠢᠨ ᠦᠢᠯᠡᠴᠢᠯᠡᠭᠡ᠎ᠶ᠋ᠢ ᠨᠡᠢᠲᠡ 8200 ᠭᠠᠷᠤᠶ ᠤᠳᠠᠭ᠎ᠠ ᠥᠷᠨᠢᠭᠦᠯᠤᠨ ᠣᠯᠠᠨ ᠲᠦᠮᠡᠨ᠎ᠤ ᠬᠦᠷᠢᠶᠡᠯᠡᠯ ᠪᠠ ᠳᠡᠮᠵᠢᠯᠭᠡ᠎ᠶ᠋ᠢ ᠤᠯᠤᠭ᠍ᠰᠠᠨ ᠪᠠᠢᠨ᠎ᠠ᠃

ᠤᠯᠠᠭᠠᠨᠬᠤᠳᠠ᠎ᠶ᠋ᠢᠨ ᠠᠯᠪᠠᠨ ᠵᠢᠷᠤᠮ᠎ᠤᠨ ᠴᠠᠭ᠍ᠳᠠᠭᠠᠨ᠎ᠤ ᠨᠡᠢᠭᠡᠮᠯᠢᠭ᠎ᠤᠨ᠎ᠬᠢᠨ ᠠᠷᠠᠳ᠎ᠤᠨ ᠬᠦᠴᠦᠨ᠎ᠢ ᠱᠢᠩᠭᠡᠭᠡᠨ ᠠᠪᠴᠤ᠌ ᠬᠠᠮᠳᠤ᠎ᠪᠠᠷ ᠰᠡᠷᠭᠡᠢᠯᠡᠵᠦ᠍ ᠬᠠᠮᠳᠤ᠎ᠪᠠᠷ ᠵᠠᠰᠠᠬᠤ ᠠᠵᠢᠯ᠎ᠳᠤ ᠣᠷᠣᠯᠴᠠᠭᠤᠯᠵᠤ᠂ ᠣᠯᠠᠨ ᠲᠦᠮᠡᠨ᠎ᠳᠤ ᠠᠮᠤᠷ ᠠᠮᠤᠭᠤᠯᠠᠩ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠲᠤᠤᠷ᠎ᠢ ᠪᠠᠢᠭᠤᠯᠵᠤ ᠦᠭ᠌ᠴᠡᠢ; ᠲᠦᠴᠢᠦᠸᠠᠨ ᠱᠢᠶᠠᠨ᠎ᠤ 3875 ᠨᠠᠮ᠎ᠤᠨ ᠭᠡᠱᠢᠭᠦᠨ ᠺᠠᠳ᠋ᠷ 4.7 ᠲᠦᠮᠡᠨ ᠲᠠᠷᠢᠶᠠᠯᠠᠬᠤ ᠡᠷᠦᠬᠡ᠎ᠲᠠᠢ ᠬᠠᠪᠰᠤᠷᠤᠨ ᠬᠤᠯᠪᠣᠭᠠᠯᠠᠬᠤ ᠬᠠᠷᠢᠴᠠᠭ᠎ᠠ ᠪᠠᠢᠭᠤᠯᠵᠤ᠂ ᠦᠶᠯᠡᠴᠢᠯᠡᠭᠡᠨ᠎ᠤ ᠲᠥᠷᠥᠯ ᠵᠦᠢᠯ᠎ᠢ ᠨᠠᠷᠢᠠ ᠣᠨᠣᠪᠴᠢᠲᠠᠶ ᠵᠣᠯᠭᠠᠭᠤᠯᠬᠤ᠎ᠶ᠋ᠢ ᠦᠨᠡᠨ ᠬᠦ᠌ ᠪᠠᠲᠤᠯᠠᠵᠤ ᠪᠤᠢ; ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤ 《ᠪᠢ ᠪᠣᠯ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠦᠭ᠌ᠴᠢ᠂ ᠪᠢ ᠪᠣᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠣᠨᠴᠠ ᠲᠣᠮᠢᠯᠠᠭ᠍ᠴᠢ᠂ ᠪᠢ ᠪᠣᠯ ᠨᠡᠢᠭᠡᠮ ᠲᠣᠭᠤᠷᠢᠭ᠎ᠤᠨ ᠠᠵᠢᠯᠲᠠᠨ᠂ ᠪᠢ ᠪᠣᠯ ᠡᠮᠴᠢ᠂ ᠪᠢ ᠪᠣᠯ ᠪᠠᠭ᠍ᠰᠢ᠂ ᠪᠢ ᠪᠤᠯ ᠬᠠᠤᠯᠢ ᠴᠠᠭᠠᠵᠠ᠎ᠶ᠋ᠢᠨ ᠦᠢᠯᠡᠴᠢᠯᠡᠭ᠌ᠴᠢ᠂ ᠪᠢ ᠪᠣᠯ ᠲᠤᠤᠷᠵᠢᠯ᠎ᠤᠨ ᠠᠵᠢᠯᠲᠠᠨ》 ᠵᠡᠷᠭᠡ ᠣᠨᠴᠠᠯᠢᠭ᠍ᠲᠤ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠩᠭᠢ᠎ᠶ᠋ᠢ ᠵᠣᠬᠢᠶᠠᠨ ᠪᠠᠢᠭᠤᠯᠵᠤ᠂ ᠤᠯᠠᠨ ᠲᠦᠮᠡᠨ᠎ᠤ ᠤᠯᠠᠨ ᠲᠠᠯ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠵᠤ ᠪᠤᠢ; ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤ 《ᠪᠢ ᠪᠣᠯ ᠮᠠᠯ ᠠᠵᠤ ᠠᠬᠤᠶ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠣᠨᠴᠠ ᠲᠣᠮᠢᠯᠠᠭ᠍ᠴᠢ᠂ ᠪᠢ ᠲᠠᠨ᠎ᠳᠤ ᠲᠤᠰᠠᠯᠠᠨ᠎ᠠ》 ᠬᠡᠬᠦ᠌ ᠰᠠᠢᠨ ᠳᠤᠷ᠎ᠠ᠎ᠶ᠋ᠢᠨ  ᠦᠢᠯᠡᠴᠢᠯᠡᠭᠡᠨ᠎ᠤ ᠠᠩᠭᠢ ᠪᠠᠢᠭᠤᠯᠵᠤ᠂ ᠬᠠᠪᠤᠷ᠎ᠤᠨ ᠲᠥᠯ ᠲᠤᠰᠴᠤ᠌ ᠪᠤᠢᠵᠢᠭᠤᠯᠬᠤ᠂ ᠪᠣᠭ ᠮᠠᠯ᠎ᠤᠨ ᠡᠭᠦᠯᠳᠡᠷ ᠰᠠᠢᠵᠢᠷᠠᠭᠤᠯᠬᠤ ᠵᠡᠷᠬᠡ ᠠᠵᠢᠯ᠎ᠤᠨ ᠲᠣᠭᠤᠷᠢᠨ᠎ᠳᠤ ᠮᠡᠷᠬᠡᠵᠢᠯ ᠴᠢᠳᠠᠪᠤᠷᠢ᠎ᠶ᠋ᠢᠨ ᠪᠣᠯᠪᠠᠰᠤᠷᠠᠯ ᠥᠷᠨᠢᠭᠦᠯᠪᠡ᠃

ᠬᠢᠩᠭᠠᠨ ᠠᠢᠮᠠᠭ ᠰᠠᠭᠤᠭᠠᠯᠢ ᠠᠷᠠᠳ ᠲᠥᠪᠯᠡᠷᠡᠭ᠌ᠰᠡᠨ ᠲᠣᠭᠤᠷᠢᠭ᠂ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠭᠠᠵᠠᠷ᠂ ᠴᠤᠩᠬᠤᠪᠴᠢ ᠨᠢᠭᠡᠴᠢ ᠵᠡᠷᠬᠡ ᠭᠠᠵᠠᠷ᠎ᠲᠤ 《ᠲᠠᠨ᠎ᠳᠤ ᠲᠤᠰᠠᠯᠠᠬᠤ》 ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠥᠷᠲᠡᠭᠡ᠎ᠶ᠋ᠢ 522 ᠪᠠᠢᠭᠤᠯᠵᠤ᠂ ᠨᠡᠢᠭᠡᠮ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠣᠬᠢᠶᠠᠨ ᠪᠠᠢᠭᠤᠯᠤᠯᠲᠠ᠎ᠶ᠋ᠢ ᠬᠥᠲᠥᠯᠦᠨ ᠵᠢᠯᠣᠭᠤᠳᠴᠤ᠌ ᠢᠳᠡᠪᠬᠢᠲᠡᠶ ᠣᠷᠣᠯᠴᠠᠭᠤᠯᠤᠭ᠍ᠰᠠᠨ᠎ᠢᠶᠠᠷ ᠦᠢᠯᠡᠴᠢᠯᠡᠭᠡ᠎ᠨᠢ ᠴᠢᠨᠠᠷ ᠰᠠᠢᠲᠠᠶ᠂ ᠠᠵᠢᠯᠯᠠᠭᠠᠨ᠎ᠨᠢ ᠥᠨᠳᠥᠷ ᠦᠷ᠎ᠡ ᠪᠦᠲᠦᠮᠵᠢᠲᠡᠶ ᠠᠵᠢᠯ᠎ᠤᠨ ᠱᠢᠰᠲ᠋ᠧᠮ᠎ᠢ ᠪᠦᠷᠢᠯᠳᠦᠬᠦᠯᠪᠡ᠃ ᠣᠳᠣᠬᠠᠨ ᠪᠣᠯᠲᠠᠯ᠎ᠠ ᠪᠥᠬᠦ᠌ ᠠᠢᠮᠠᠭ᠎ᠢᠶᠠᠷ᠎ᠢᠶᠠᠨ 《ᠲᠠᠨ᠎ᠳᠤ ᠲᠤᠰᠠᠯᠠᠬᠤ》 ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠪᠦᠯᠬᠦᠮ᠎ᠢ 3106 ᠪᠠᠢᠭᠤᠯᠵᠤ᠂ ᠠᠢᠮᠠᠭ᠎ᠤᠨ ᠱᠢᠭᠤᠳ ᠬᠠᠷᠢᠶ᠎ᠠ ᠰᠠᠯᠠᠭ᠎ᠠ ᠮᠥᠴᠢᠷ᠎ᠤᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠩᠭᠢ᠎ᠶ᠋ᠢᠨ ᠭᠡᠱᠢᠭᠦᠨ 2971 ᠬᠥᠮᠦᠨ᠎ᠳᠤ ᠬᠦᠷᠴᠦ᠍᠂ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠲᠥᠷᠥᠯ ᠵᠦᠢᠯ᠎ᠢ 268 ᠲᠣᠭ᠍ᠲᠠᠭᠠᠨ 《ᠲᠠᠨ᠎ᠳᠤ ᠲᠤᠰᠠᠯᠠᠬᠤ》 ᠠᠵᠢᠯᠯᠠᠭ᠎ᠠ᠎ᠶ᠋ᠢ 2539 ᠤᠳᠠᠭ᠎ᠠ ᠥᠷᠨᠢᠬᠦᠯᠪᠡ᠃

ᠲᠣᠰ ᠠᠢᠮᠠᠭ ᠪᠠᠰᠠ ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢᠨ ᠲᠤᠰᠠᠯᠠᠬᠤ ᠦᠢᠯᠡᠳᠦᠯ᠎ᠢ ᠪᠠᠳᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠲᠦᠪ᠎ᠲᠤ ᠲᠦᠱᠢᠭ᠌ᠯᠡᠨ᠂ ᠰᠠᠢᠨ ᠳᠤᠷᠠᠴᠤᠳ᠎ᠤᠨ ᠬᠡᠷ ᠪᠦᠯᠢ᠎ᠶ᠋ᠢ ᠪᠠᠢᠭᠤᠯᠵᠤ᠂ ᠨᠡᠢᠲᠡ᠎ᠶ᠋ᠢᠨ ᠠᠰᠠᠷᠠᠮᠵᠢ᠎ᠶ᠋ᠢᠨ ᠵᠣᠬᠢᠶᠠᠨ ᠪᠠᠢᠭᠤᠯᠤᠯᠲᠠ᠎ᠶ᠋ᠢ ᠨᠢᠭᠡ ᠴᠤᠭ᠍ᠴᠠᠵᠢᠭᠤᠯᠤᠭ᠍ᠰᠠᠨ ᠬᠠᠮᠢᠶᠠᠷᠤᠯᠲᠠ᠎ᠳᠤ ᠣᠷᠣᠭᠤᠯᠪᠠ᠃ ᠪᠦᠬᠦ᠌ ᠠᠢᠮᠠᠭ᠎ᠤᠨ ᠡᠯ᠎ᠡ ᠲᠥᠷᠥᠯ᠎ᠤᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠵᠣᠬᠢᠶᠠᠨ ᠪᠠᠢᠭᠤᠯᠤᠯᠲᠠ᠎ᠶ᠋ᠢ ᠪᠠᠢᠭᠤᠯᠵᠤ᠂ 《ᠪᠢ ᠪᠣᠯ ᠰᠠᠢᠨ ᠳᠤᠷ᠎ᠠ᠎ᠶ᠋ᠢᠨ ᠦᠢᠯᠡᠴᠢᠯᠡᠭ᠌ᠴᠢ᠂ ᠪᠢ ᠲᠠᠨ᠎ᠳᠤ ᠲᠤᠰᠠᠯᠠᠨ᠎ᠠ》 ᠭᠡᠬᠦ᠌ ᠠᠵᠢᠯᠯᠠᠭ᠎ᠠ᠎ᠶ᠋ᠢ ᠪᠠᠢᠩᠭᠤ᠎ᠶ᠋ᠢᠨ ᠴᠢᠨᠠᠷᠳᠠᠢ ᠥᠷᠨᠢᠭᠦᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号