5 ᠰᠠᠷ᠎ᠠ᠎ᠶ᠋ᠢᠨ 9 ᠤ ᠡᠳᠦᠷ᠂ ᠤᠯᠠᠭᠠᠨᠴᠠᠪ ᠬᠤᠲᠠ᠎ᠶ᠋ᠢᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ 《ᠪᠢ ᠣᠯᠠᠨ ᠲᠦᠮᠡᠨ᠎ᠤ ᠲᠦᠯᠦᠭᠡ ᠪᠤᠳᠠᠳᠤ ᠶᠠᠪᠤᠳᠠᠯ ᠬᠢᠵᠤ ᠲᠠᠨ᠎ᠢ ᠬᠠᠪᠰᠤᠷᠤᠶ᠎ᠠ》 ᠬᠡᠬᠦ᠌ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠲᠥᠪᠯᠡᠷᠡᠭ᠌ᠰᠡᠨ ᠠᠵᠢᠯᠯᠠᠭ᠎ᠠ ᠵᠢᠨᠢᠩ ᠲᠣᠭᠤᠷᠢᠭ᠎ᠤᠨ ᠲᠥᠪ ᠠᠭᠤᠳᠠᠮ ᠲᠠᠯᠠᠪᠠᠶ᠎ᠳᠤ ᠶᠠᠪᠤᠭ᠍ᠳᠠᠪᠠ᠃
ᠠᠵᠢᠯᠯᠠᠭ᠎ᠠ᠎ᠶ᠋ᠢᠨ ᠠᠬᠤᠢ ᠲᠠᠯᠠᠪᠠᠢ᠎ᠳᠤ᠂ ᠲᠣᠰ ᠬᠤᠲᠠ᠎ᠶ᠋ᠢᠨ ᠬᠠᠤᠯᠢ ᠴᠠᠭᠠᠵᠠ᠎ᠶ᠋ᠢᠨ ᠲᠣᠪᠴᠢᠶ᠎ᠠ᠂ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠬᠢᠭᠡᠳ ᠨᠡᠢᠭᠡᠮ᠎ᠤᠨ ᠪᠠᠲᠤᠯᠠᠭ᠎ᠠ᠎ᠶ᠋ᠢᠨ ᠲᠣᠪᠴᠢᠶ᠎ᠠ ᠵᠡᠷᠭᠡ 14 ᠨᠢᠭᠡᠴᠢ᠎ᠶ᠋ᠢᠨ 400 ᠭᠠᠷᠤᠶ ᠠᠵᠢᠯᠲᠠᠨ᠎ᠢᠶᠠᠷ ᠪᠦᠷᠢᠯᠳᠦᠭ᠌ᠰᠡᠨ 14 ᠵᠢᠭ᠍ᠰᠠᠭᠠᠯ᠎ᠤᠨ ᠡᠩᠨᠡᠭᠡ ᠲᠤᠬᠠᠢ᠎ᠶ᠋ᠢᠨ ᠲᠠᠯᠠᠪᠠᠢ᠎ᠳᠤ ᠡᠮᠬᠢ ᠵᠢᠷᠤᠮ᠎ᠲᠠᠢ ᠵᠢᠭ᠍ᠰᠠᠨ᠎ᠠ᠃ ᠠᠵᠢᠯᠯᠠᠭ᠎ᠠ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ᠎ᠶ᠋ᠢᠨ ᠳᠤᠮᠳᠠ ᠬᠥᠱᠢᠭᠡ ᠰᠡᠬᠦᠵᠦ᠍᠂ ᠤᠯᠤᠰ᠎ᠤᠨ ᠰᠦᠯᠳᠡ ᠳᠠᠭᠤᠤ᠎ᠶ᠋ᠢᠨ ᠠᠢᠵᠠᠮ᠎ᠢ ᠳᠠᠭᠠᠯᠳᠤᠨ᠂ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠯ᠎ᠠ᠃ ᠠᠵᠢᠯᠯᠠᠭ᠎ᠠ ᠳᠤᠮᠳᠠ᠂ ᠤᠯᠠᠭᠠᠨᠴᠠᠪ ᠬᠤᠲᠠ᠎ᠶ᠋ᠢᠨ 《ᠪᠢ ᠣᠯᠠᠨ ᠲᠦᠮᠡᠨ᠎ᠤ ᠲᠦᠯᠦᠭᠡ ᠪᠤᠳᠠᠳᠤ ᠶᠠᠪᠤᠳᠠᠯ ᠬᠢᠵᠤ ᠲᠠᠨ᠎ᠢ ᠬᠠᠪᠰᠤᠷᠤᠶ᠎ᠠ》 ᠬᠡᠬᠦ᠌ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠲᠦᠷᠢᠮᠵᠢᠭ᠌ᠰᠡᠨ ᠢᠯᠡᠷᠬᠡᠢᠯᠠᠯᠤᠨ ᠫᠠᠢᠰᠠ ᠰᠡᠬᠦᠬᠦ᠌ ᠶᠤᠰᠤᠯᠠᠯ ᠶᠠᠪᠤᠭᠤᠯᠤᠭ᠍ᠰᠠᠨ ᠪᠦᠭᠡᠳ 11 ᠬᠤᠱᠢᠭᠤ ᠱᠢᠶᠠᠨ ᠬᠤᠲᠠ ᠲᠣᠭᠤᠷᠢᠭ 《ᠪᠢ ᠲᠠᠨ᠎ᠢ ᠬᠠᠪᠰᠤᠷᠤᠶ᠎ᠠ》 ᠭᠡᠬᠦ᠌ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠶᠡᠷᠦᠩᠬᠡᠶ ᠠᠩᠭᠢ᠎ᠳᠤ ᠲᠤᠭ ᠣᠯᠭᠤᠬᠤ ᠶᠣᠰᠣᠯᠠᠯ ᠪᠠ 《ᠪᠢ ᠲᠠᠨ᠎ᠢ ᠬᠠᠪᠰᠤᠷᠤᠶ᠎ᠠ》 ᠭᠡᠬᠦ᠌ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ APP ᠺᠣᠳ᠋ ᠱᠢᠷᠪᠢᠬᠦ᠌ ᠠᠵᠢᠯᠯᠠᠭ᠎ᠠ ᠥᠷᠨᠢᠭᠦᠯᠪᠡ᠃ ᠪᠠᠰᠠ 《ᠪᠢ ᠲᠠᠨ᠎ᠢ ᠬᠠᠪᠰᠤᠷᠤᠶ᠎ᠠ》 ᠬᠡᠬᠦ᠌ 14 ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠨᠠᠷᠠᠲᠤ ᠲᠥᠷᠥᠯ ᠵᠦᠢᠯ᠎ᠢ ᠲᠤᠬᠠᠶ᠎ᠶ᠋ᠢᠨ ᠲᠠᠯᠠᠪᠠᠢ᠎ᠳᠤ ᠳᠡᠯᠭᠡᠨ ᠦᠵᠡᠭᠦᠯᠬᠦ᠌ ᠠᠵᠢᠯᠯᠠᠭ᠎ᠠ ᠥᠷᠨᠢᠭᠦᠯᠪᠡ᠃
ᠲᠤᠰ ᠬᠤᠲᠠ᠎ᠶ᠋ᠢᠨ ᠬᠤᠲᠠ ᠲᠣᠭᠤᠷᠢᠭ ᠬᠤᠶᠠᠷ ᠱᠠᠲᠤᠨ᠎ᠤ ᠳᠠᠭᠠᠭᠠᠴᠢᠯᠠᠨ ᠬᠠᠷᠢᠯᠴᠠᠬᠤ ᠨᠢᠭᠡᠴᠢ᠎ᠶ᠋ᠢᠨ ᠨᠠᠮ᠎ᠤᠨ ᠭᠡᠱᠢᠭᠦᠨ ᠰᠠᠢᠨ ᠳᠤᠷᠠᠴᠤᠳ ᠡᠯ᠎ᠡ ᠰᠠᠭᠤᠭᠠᠯᠢ ᠲᠣᠭᠤᠷᠢᠭ᠎ᠲᠤ ᠬᠦᠷᠴᠦ᠍᠂ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠵᠢᠯᠯᠠᠭ᠎ᠠ ᠥᠷᠨᠢᠭᠦᠯᠪᠡ᠃ ᠲᠦᠪᠯᠡᠷᠡᠭ᠌ᠰᠡᠨ ᠠᠵᠢᠯᠯᠠᠭ᠎ᠠ ᠥᠷᠨᠢᠭᠦᠯᠦᠭ᠌ᠰᠡᠨᠤ ᠳᠠᠷᠠᠭ᠎ᠠ᠂ ᠲᠤᠰ ᠬᠤᠳᠠ᠎ᠶ᠋ᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠯᠠᠨ ᠲᠦᠮᠡᠨ᠎ᠤ ᠬᠠᠯᠠᠮᠱᠢᠯ ᠠᠰᠠᠭᠤᠳᠠᠯ ᠬᠦᠴᠢᠷ ᠠᠰᠠᠭᠤᠳᠠᠯ᠎ᠳᠤ ᠰᠠᠭᠤᠷᠢᠯᠠᠵᠤ᠂ ᠨᠠᠮ᠎ᠤᠨ ᠭᠡᠱᠢᠭᠦᠨ ᠺᠠᠳ᠋ᠷ᠎ᠤᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠩᠬᠢ᠂ ᠵᠠᠯᠠᠭᠤᠴᠤᠳ᠎ᠤᠨ ᠡᠪᠯᠡᠯ᠎ᠤᠨ ᠭᠡᠱᠢᠭᠦᠨ᠎ᠤ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠩᠬᠢ᠂ ᠨᠡᠢᠭᠡᠮ᠎ᠤᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠩᠬᠢ᠎ᠶ᠋ᠢ ᠵᠣᠬᠢᠶᠠᠨ ᠪᠠᠢᠭᠤᠯᠵᠤ᠂ ᠦᠨᠳᠦᠰᠦᠨ ᠱᠠᠲᠤᠨ᠎ᠳᠤ ᠭᠦᠨᠵᠡᠭᠡᠢᠷᠡᠵᠦ᠍᠂ ᠤᠯᠠᠨ ᠲᠦᠮᠡᠨ᠎ᠤ ᠳᠤᠮᠳᠠ ᠭᠦᠨᠵᠡᠭᠡᠢᠷᠡᠵᠦ᠍᠂ ᠴᠢᠩ ᠰᠡᠳᠭᠢᠯ ᠪᠦᠬᠦ᠌ ᠬᠦᠴᠦᠨ᠎ᠢᠶᠠᠷ᠎ᠢᠶᠠᠨ ᠤᠯᠠᠨ ᠲᠦᠮᠡᠨ᠎ᠳᠤ ᠰᠠᠢᠨ ᠶᠠᠪᠤᠳᠠᠯ᠂ ᠪᠣᠳᠠᠲᠠᠢ ᠶᠠᠪᠤᠳᠠᠯ ᠬᠢᠵᠦ᠍᠂ ᠬᠦᠴᠢᠷ ᠠᠰᠠᠭᠤᠳᠠᠯ᠎ᠢ᠎ᠨᠢ ᠱᠢᠢᠳᠪᠦᠷᠢᠯᠡᠵᠦ᠍ ᠥᠭ᠌ᠭᠦᠨ᠎ᠡ; 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ》 ᠦᠢᠯᠡᠳᠦᠯᠭᠡ᠎ᠶ᠋ᠢᠨ ᠠᠵᠢᠯᠯᠠᠭ᠎ᠠ᠎ᠶ᠋ᠢᠨ 《ᠲᠤᠯᠤᠭᠠᠨ ᠨᠢᠭᠡ》 ᠶ᠋ᠢᠨ ᠠᠵᠢᠯ᠎ᠤᠨ ᠲᠣᠭ᠍ᠲᠠᠴᠠ᠎ᠲᠠᠢ ᠤᠶᠠᠯᠳᠤᠭᠤᠯᠤᠨ᠂ ᠪᠥᠬᠦ᠌ ᠤᠯᠤᠰ᠂ ᠪᠥᠬᠦ᠌ ᠣᠷᠣᠨ᠎ᠤ ᠪᠣᠯᠪᠠᠰᠤᠨ ᠬᠤᠲᠠ᠎ᠶ᠋ᠢ ᠡᠭᠦᠳᠦᠨ ᠪᠠᠢᠭᠤᠯᠬᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠵᠡᠷᠭᠡ ᠭᠤᠤᠯᠳᠠᠯᠭ᠎ᠠ᠎ᠲᠠᠢ ᠠᠵᠢᠯ᠎ᠤᠨ ᠲᠣᠭᠤᠷᠢᠨ᠎ᠳᠤ᠂ ᠪᠥᠬᠦ᠌ ᠬᠤᠲᠠ᠎ᠶ᠋ᠢᠨ ᠨᠠᠮ᠎ᠤᠨ ᠭᠡᠱᠢᠭᠦᠨ ᠺᠠᠳ᠋ᠷᠴᠤᠳ ᠬᠥᠮᠦᠨ ᠪᠣᠯᠭᠠᠨ᠎ᠢ ᠳᠠᠢᠴᠢᠯᠠᠨ ᠰᠠᠢᠨ ᠳᠤᠷ᠎ᠠ᠎ᠶ᠋ᠢᠨ ᠦᠶᠯᠡᠴᠢᠯᠡᠭᠡᠨ᠎ᠤ ᠠᠵᠢᠯᠯᠠᠭ᠎ᠠ᠎ᠳᠤ ᠣᠷᠣᠯᠴᠠᠭᠤᠯᠵᠤ᠂ ᠳᠡᠷᠭᠡᠳᠡᠬᠢ ᠶᠠᠪᠤᠳᠠᠯ᠎ᠠᠴᠠ᠎ᠪᠠᠨ ᠡᠬᠢᠯᠡᠨ ᠬᠢᠵᠦ᠍᠂ ᠪᠠᠭ᠎ᠠ ᠶᠠᠪᠤᠳᠠᠯ᠎ᠠᠴᠠ ᠡᠬᠢᠯᠡᠨ ᠬᠢᠵᠦ᠍᠂ ᠰᠠᠨᠠᠭᠠᠴᠢᠯᠠᠭ᠎ᠠ᠎ᠠᠴᠠ᠎ᠪᠠᠨ ᠣᠯᠠᠨ ᠲᠦᠮᠡᠨ᠎ᠤ ᠬᠦᠴᠢᠷ ᠵᠣᠪᠠᠭᠤᠷᠢ᠎ᠶ᠋ᠢ ᠱᠢᠢᠳᠪᠦᠷᠢᠯᠡᠵᠦ᠍ ᠥᠭ᠌ᠭᠦᠨ᠎ᠡ; 《ᠪᠢ ᠲᠠᠨ᠎ᠢ ᠬᠠᠪᠰᠤᠷᠤᠶ᠎ᠠ》 ᠬᠡᠬᠦ᠌ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠵᠢᠯᠯᠠᠭ᠎ᠠ᠎ᠶ᠋ᠢ ᠤᠶᠤᠨ᠎ᠤ ᠪᠣᠯᠪᠠᠰᠤᠨ᠎ᠢ ᠡᠭᠦᠳᠦᠨ ᠪᠠᠢᠭᠤᠯᠬᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠡᠶᠡᠯᠡᠭᠦᠯᠬᠦ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠨᠢᠭ᠍ᠲᠠᠷᠠᠭᠤᠯᠵᠤ᠂ ᠤᠯᠠᠨ ᠲᠦᠮᠡᠨ᠎ᠤ ᠲᠤᠰ ᠪᠡᠶ᠎ᠡ᠎ᠶ᠋ᠢᠨ ᠠᠱᠢᠭ ᠲᠤᠰᠠᠲᠠᠢ ᠬᠤᠯᠪᠣᠭ᠍ᠳᠠᠬᠤ ᠣᠷᠴᠢᠨ ᠲᠣᠭᠤᠷᠢᠨ᠎ᠤ ᠠᠷᠢᠭᠤᠨ ᠴᠡᠪᠡᠷ᠎ᠢ ᠴᠡᠭ᠌ᠴᠡᠯᠡᠨ ᠵᠠᠰᠠᠬᠤ᠂ ᠡᠮ ᠡᠮᠨᠡᠯᠭᠡ᠎ᠶ᠋ᠢᠨ ᠳᠠᠭᠠᠳᠭᠠᠯ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠂ ᠰᠤᠷᠭᠠᠨ ᠬᠥᠮᠦᠵᠢᠯ ᠵᠡᠷᠭᠡ ᠠᠷᠠᠳ᠎ᠤᠨ ᠠᠮᠢᠳᠤᠷᠠᠯ᠎ᠤᠨ ᠬᠦᠷᠢᠶᠡᠨ᠎ᠳᠤ ᠰᠠᠢᠨ ᠳᠤᠷ᠎ᠠ᠎ᠶ᠋ᠢᠨ ᠦᠢᠯᠡᠴᠢᠯᠡᠭᠡ᠎ᠶ᠋ᠢ ᠥᠷᠭᠡᠨ ᠥᠷᠨᠢᠭᠦᠯᠵᠦ᠍᠂ ᠤᠯᠠᠨ ᠲᠦᠮᠡᠨ᠎ᠤ 《ᠪᠠᠴᠢᠮᠳᠠᠵᠤ ᠬᠦᠴᠢᠷᠳᠠᠵᠦ᠍ ᠵᠤᠪᠠᠨᠢᠵᠤ᠂ ᠬᠦᠰᠡᠵᠤ ᠪᠠᠢᠭ᠎ᠠ》 ᠪᠣᠳᠠᠲᠤ ᠶᠠᠪᠤᠳᠠᠯ᠎ᠢ ᠦᠨᠡᠨ ᠬᠦ᠌ ᠱᠢᠢᠳᠪᠤᠷᠢᠯᠡᠵᠤ ᠦᠭ᠌ᠬᠦ᠎ᠪᠠᠷ ᠠᠮᠠᠯᠳᠠᠵᠤ᠂ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠤᠷᠢᠶᠠᠯᠠᠬᠤ ᠬᠦᠴᠦᠨ᠂ ᠨᠥᠯᠥᠭᠡᠯᠡᠬᠦ᠌ ᠬᠦᠴᠦᠨ ᠪᠠ ᠦᠢᠯᠡᠳᠦᠯᠭᠡ᠎ᠶ᠋ᠢᠨ ᠬᠦᠴᠦᠨ᠎ᠢ ᠪᠦᠲᠦᠮᠵᠢᠲᠡᠢ ᠳᠡᠭᠡᠭ᠌ᠰᠢᠯᠡᠭᠦᠯᠬᠦ᠌᠎ᠪᠠᠷ ᠪᠤᠢ᠃