ᠲᠦᠴᠢᠦᠸᠠᠨ ᠱᠢᠶᠠᠨ᠎ᠤ ᠲᠠᠷᠢᠶᠠᠴᠢᠳ ᠱᠢᠬᠢᠷ ᠯᠤᠤᠪᠠᠩ᠎ᠤᠨ ᠴᠢᠬᠢ ᠵᠠᠢᠯᠠᠵᠥ᠍ ᠶᠠᠭᠠᠷᠠᠯᠳᠤᠨ᠎ᠠ
2021-05-14 11:23:47
ᠵᠣᠬᠢᠶᠠᠭ᠍ᠴᠢ᠄
ᠬᠡᠱᠢᠭ᠌ᠪᠦᠶᠠᠨ
ᠣᠩᠱᠢᠭ᠍ᠰᠠᠨ ᠣᠳᠠᠭ᠎ᠠ᠄
★★★☆☆


ᠤᠢ᠍ᠢᠷ᠎ᠠ᠎ᠳᠤ᠂ ᠲᠦᠴᠢᠦᠸᠠᠨ ᠱᠢᠶᠠᠨ᠎ᠤ ᠲᠡᠷᠢᠶᠠᠯᠠᠬᠤ ᠤᠷᠤᠠ᠎ᠳᠤ ᠲᠷᠠᠺᠲ᠋ᠣᠷ᠂ ᠬᠠᠭᠠᠯᠪᠦᠷᠢᠯᠠᠬᠤ ᠮᠠᠱᠢᠨ᠂ ᠦᠷ᠎ᠡ ᠰᠠᠴᠤᠬᠤ ᠮᠠᠱᠢᠨ ᠶᠠᠭᠠᠷᠠᠯᠳᠠᠢ ᠠᠵᠢᠯᠯᠠᠵᠥ᠍᠂ ᠬᠠᠪᠤᠷ᠎ᠤᠨ ᠲᠠᠷᠢᠶᠠᠯᠠᠭ᠎ᠠ᠎ᠶ᠋ᠢᠨ ᠬᠦᠭ ᠠᠶᠠᠰ᠎ᠢ ᠴᠢᠪᠬᠠᠳᠠᠨ᠎ᠠ᠃

ᠲᠦᠴᠢᠦᠸᠠᠨ ᠱᠢᠶᠠᠨ᠎ᠤ ᠶᠠᠨ ᠯᠢᠶᠠᠩ ᠲᠠᠷᠢᠶᠠᠯᠠᠩ᠎ᠤᠨ ᠮᠠᠱᠢᠨᠴᠢᠯᠠᠭ᠍ᠰᠠᠨ ᠲᠠᠷᠢᠮᠠᠯ᠎ᠤᠨ ᠬᠤᠷᠱᠢᠶ᠎ᠠ᠎ᠶ᠋ᠢᠨ ᠠᠵᠢᠯᠴᠢᠳ ᠱᠢᠬᠢᠷ ᠯᠤᠤᠪᠠᠩ᠎ᠤᠨ ᠴᠢᠬᠢ ᠵᠠᠢᠯᠠᠵᠥ᠍ ᠶᠠᠭᠠᠷᠠᠯᠳᠤᠨ᠎ᠠ᠂ ᠡᠨᠡ ᠵᠢᠯ ᠲᠤᠰ ᠬᠤᠷᠱᠢᠶ᠎ᠠ ᠱᠢᠬᠢᠷ ᠯᠤᠤᠪᠠᠩ᠎ᠤᠨ ᠴᠢᠬᠢ᠎ᠶ᠋ᠢ ᠱᠢᠯᠵᠢᠭᠦᠯᠦᠨ ᠵᠠᠢᠯᠠᠬᠤ᠎ᠳᠤ ᠮᠠᠱᠢᠨ ᠬᠡᠷᠡᠭ᠌ᠯᠡᠭ᠌ᠰᠡᠨ ᠦᠭᠡᠢ ᠬᠠᠷᠢᠨ ᠬᠥᠮᠦᠨ᠎ᠤ ᠬᠦᠴᠦ᠎ᠪᠠᠷ ᠱᠢᠯᠵᠢᠭᠦᠯᠦᠨ ᠵᠠᠢᠯᠠᠵᠠᠢ᠃


55.jpg


《ᠡᠨᠡ ᠬᠦ᠌ ᠪᠦᠷᠬᠦᠪᠴᠢ᠎ᠶ᠋ᠢᠨ ᠳᠤᠤᠭᠤᠷ ᠲᠤᠰᠤᠯᠠᠭᠠ ᠤᠰᠤᠯᠠᠬᠤ ᠱᠢᠨ᠎ᠡ ᠲᠠᠷᠢᠮᠠᠯ᠎ᠤᠨ ᠵᠠᠭ᠍ᠪᠤᠷ ᠪᠤᠯ ᠲᠤᠰ ᠬᠤᠷᠱᠢᠶ᠎ᠠ᠎ᠶ᠋ᠢᠨ ᠠᠵᠢᠯᠳᠠᠳ ᠤᠯᠠᠭᠠᠨᠬᠠᠳᠠ ᠬᠤᠲᠠ᠎ᠳᠤ ᠱᠢᠨᠵᠢᠯᠡᠨ ᠪᠠᠢᠴᠠᠭᠠᠵᠤ ᠢᠷᠡᠭ᠌ᠰᠡᠨ᠎ᠤ ᠳᠠᠷᠠᠭ᠎ᠠ ᠲᠤᠷᠱᠢᠨ ᠬᠡᠷᠡᠭ᠌ᠯᠡᠵᠦ᠍ ᠪᠠᠢᠭ᠎ᠠ ᠱᠢᠨ᠎ᠠ ᠮᠡᠷᠬᠡᠵᠢᠯ ᠪᠤᠯᠤᠨ᠎ᠠ᠃ ᠡᠨᠡ ᠵᠢᠯ 1500 ᠮᠥ᠍ ᠱᠢᠬᠢᠷ ᠯᠤᠤᠪᠠᠩ᠎ᠤᠨ ᠴᠢᠬᠢ᠎ᠶ᠋ᠢ ᠬᠦᠮᠦᠠ᠎ᠤ ᠬᠦᠴᠦ᠎ᠪᠠᠷ ᠱᠢᠯᠵᠢᠬᠦᠯᠤᠨ ᠲᠡᠷᠢᠨ᠎ᠠ᠂ ᠵᠢᠱ᠌ᠢᠯᠲᠡ᠎ᠪᠠᠷ ᠮᠦ᠍ ᠨᠢᠭᠡᠴᠢ᠎ᠶ᠋ᠢᠨ ᠤᠨᠠᠯᠲᠠ 5 ᠲᠣᠨ ᠣᠷᠴᠢᠮ ᠬᠦᠷᠴᠦ᠍᠂ ᠮᠦ᠍ ᠨᠢᠬᠡᠴᠢ᠎ᠶ᠋ᠢᠨ ᠤᠨᠠᠯᠳᠠ ᠳᠤᠮᠳᠠᠴᠢ᠎ᠪᠠᠷ 1 ᠲᠣᠨ ᠨᠡᠮᠡᠭ᠌ᠳᠡᠨ᠎ᠠ》 ᠭᠡᠵᠦ᠍ ᠶᠠᠨ ᠯᠢᠶᠠᠩ ᠲᠠᠷᠢᠶᠠᠯᠠᠩ᠎ᠤᠨ ᠮᠠᠱᠢᠨᠴᠢᠯᠠᠭ᠍ᠰᠠᠨ ᠲᠠᠷᠢᠮᠠᠯ᠎ᠤᠨ ᠬᠤᠷᠱᠢᠶᠠᠨ᠎ᠤ ᠶᠡᠷᠦᠩᠬᠡᠢ ᠳᠠᠭᠠᠭᠠᠮᠠᠯ ᠭᠤᠤ ᠭᠦᠸᠧ ᠶᠠᠨ ᠬᠡᠯᠡᠨ᠎ᠡ᠃

ᠲᠤᠰ ᠬᠤᠷᠱᠢᠶ᠎ᠠ 2014 ᠣᠨ᠎ᠠᠴᠠ ᠱᠢᠬᠢᠷ ᠯᠤᠤᠪᠠᠩ ᠳᠠᠷᠢᠵᠤ᠂ ᠳᠠᠷᠢᠬᠤ᠎ᠠᠴᠠ ᠡᠮᠦᠨ᠎ᠡ ᠪᠦᠷ ᠥᠪᠥᠷ ᠮᠣᠩᠭᠤᠯ᠎ᠤᠨ ᠾᠧᠹᠧᠩ ᠲᠠᠷᠢᠶᠠᠯᠠᠩ᠎ᠤᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠲᠠᠢ ᠭᠡᠷ᠎ᠡ ᠲᠣᠭ᠍ᠲᠠᠵᠤ ᠵᠠᠬᠢᠶᠠᠯᠠᠭ᠎ᠠ᠎ᠶ᠋ᠢᠨ ᠬᠡᠯᠪᠡᠷᠢ᠎ᠪᠠᠷ ᠳᠠᠷᠢᠳᠠᠭ ᠪᠤᠯᠬᠤᠷ ᠠᠱᠢᠭ ᠤᠷᠤᠯᠭ᠎ᠠ᠎ᠨᠢ ᠪᠠᠳᠤᠯᠠᠪᠤᠷᠢ᠎ᠲᠠᠢ ᠮᠦᠷᠳᠡᠬᠡᠡ ᠦᠢᠷ᠎ᠠ ᠵᠡᠷᠬᠡᠯᠡᠳᠡᠭᠡ ᠲᠣᠰᠭᠤᠨ᠎ᠤ ᠠᠷᠠᠳ᠎ᠤᠨ ᠰᠡᠯᠡᠭᠦᠦ ᠴᠠᠭ᠎ᠤᠨ ᠠᠵᠢᠯ ᠣᠯᠭᠤᠯᠲᠠ᠎ᠶ᠋ᠢᠨ ᠠᠰᠠᠭᠤᠳᠠᠯ᠎ᠢ  ᠱᠢᠢᠳᠪᠦᠷᠢᠯᠡᠵᠦ᠍ ᠪᠠᠢᠨ᠎ᠠ᠃ 《ᠬᠠᠪᠤᠷ᠎ᠤᠨ ᠡᠬᠢ᠎ᠪᠠᠷ ᠱᠢᠬᠢᠷ ᠯᠤᠤᠪᠠᠩ᠎ᠤᠨ ᠴᠢᠬᠢ ᠳᠠᠷᠢᠵᠤ᠂ ᠣᠲᠣ ᠱᠢᠯᠵᠢᠭᠦᠯᠦᠨ ᠵᠠᠢᠯᠠᠵᠤ᠂ ᠨᠠᠮᠤᠷ ᠬᠤᠷᠢᠶᠠᠨ᠎ᠠ᠃ ᠵᠢᠯ ᠲᠤᠷᠰᠢ ᠬᠢᠬᠦ᠌ ᠠᠵᠢᠯ᠎ᠲᠠᠢ᠂ ᠭᠡᠷ᠎ᠠᠴᠠ ᠣᠢᠷ᠎ᠠ ᠪᠤᠯᠬᠤᠷ ᠬᠤᠪᠢᠠ᠎ᠤ ᠲᠠᠷᠢᠶᠠᠨ ᠠᠵᠢᠯ᠎ᠢᠶᠠᠨ ᠴᠤ᠌ ᠰᠠᠭᠠᠲᠠᠭᠠᠬᠤ ᠦᠭᠡᠶ᠂ ᠰᠠᠷ᠎ᠠ᠎ᠳᠠᠭᠠᠨ 4000 ᠭᠠᠷᠤᠶ ᠲᠥᠭᠦᠷᠢᠭ᠎ᠤᠨ ᠣᠷᠣᠯᠭ᠎ᠠ᠎ᠲᠠᠢ》 ᠭᠡᠵᠦ᠍ ᠫᠢᠩ ᠶᠤᠸᠠᠨ ᠲᠣᠰᠭᠤᠨ᠎ᠤ ᠲᠡᠷᠢᠶᠠᠴᠢᠠ ᠸᠧᠨ ᠶᠠᠨ ᠯᠢ ᠬᠡᠯᠡᠨ᠎ᠡ᠃


6666.jpg


《ᠡᠨᠡ ᠵᠢᠯ ᠬᠤᠷᠱᠢᠶ᠎ᠠ 4300 ᠮᠥ᠍ ᠱᠢᠬᠢᠷ ᠯᠤᠤᠪᠠᠩ ᠳᠠᠷᠢᠵᠤ᠂ ᠬᠤᠶᠠᠷ ᠵᠦᠢᠯ᠎ᠤᠨ ᠵᠠᠭ᠍ᠪᠤᠷ ᠬᠡᠷᠡᠭ᠌ᠯᠡᠵᠠᠢ᠂ ᠨᠢᠭᠡ᠎ᠨᠢ ᠮᠠᠱᠢᠨ᠎ᠢᠶᠠᠷ ᠱᠢᠯᠵᠢᠭᠦᠯᠦᠨ ᠵᠠᠢᠯᠠᠬᠤ᠂ ᠨᠦᠬᠦᠭᠡ᠎ᠨᠢ ᠰᠦᠯᠢᠶᠣᠣ ᠪᠦᠷᠬᠦᠪᠴᠢ᠎ᠶ᠋ᠢᠨ ᠳᠤᠤᠭᠤᠷ ᠲᠤᠰᠤᠯᠭᠠᠠ ᠤᠰᠤᠯᠠᠵᠦ᠍ ᠬᠥᠮᠦᠨ᠎ᠤ ᠬᠦᠴᠦ᠎ᠪᠠᠷ ᠱᠢᠯᠵᠢᠭᠦᠯᠦᠨ ᠵᠠᠢᠯᠠᠬᠤ ᠵᠠᠬ᠍ᠪᠦᠷ ᠪᠤᠯᠤᠨ᠎ᠠ᠂ ᠵᠢᠱ᠌ᠢᠯᠲᠡ᠎ᠪᠠᠷ ᠡᠨᠡ ᠵᠢᠯ᠎ᠤᠨ ᠤᠨᠠᠯᠲᠠ 1.8 ᠲᠦᠮᠡᠡ ᠲᠣᠨ᠎ᠳᠤ ᠬᠦᠷᠴᠦ᠍᠂ ᠦᠷᠳᠡᠭ᠎ᠨᠢ 1000 ᠲᠦᠮᠡᠨ ᠲᠥᠭᠦᠷᠢᠭ᠎ᠲᠤ ᠬᠦᠷᠦᠨ᠎ᠠ》 ᠭᠡᠵᠦ᠍ ᠶᠠᠨ ᠯᠢᠶᠠᠩ ᠲᠠᠷᠢᠶᠠᠯᠠᠩ᠎ᠤᠨ ᠮᠠᠱᠢᠨᠴᠢᠯᠠᠭ᠍ᠰᠠᠨ ᠲᠠᠷᠢᠮᠠᠯ᠎ᠤᠨ ᠬᠤᠷᠱᠢᠶᠠᠨ᠎ᠤ ᠶᠡᠷᠦᠩᠬᠡᠢ ᠳᠠᠭᠠᠭᠠᠮᠠᠯ ᠭᠤᠤ ᠭᠦᠸᠧ ᠶᠠᠨ ᠬᠡᠯᠡᠨ᠎ᠡ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号