ᠱᠢᠯᠤᠭᠤᠨ ᠬᠦᠪᠡᠭᠡᠳᠤ ᠴᠠᠭᠠᠨ ᠬᠤᠱᠢᠭᠤ 100 ᠱᠢᠯᠢᠳᠡᠭ ᠨᠠᠮ᠎ᠤᠨ ᠭᠡᠱᠢᠬᠦᠨ ᠪᠠ ᠡᠪᠯᠡᠯ᠎ᠤᠨ ᠭᠡᠱᠢᠬᠦᠨ 《ᠲᠠᠨ᠎ᠳᠤ ᠬᠠᠪᠰᠤᠷᠬᠤ》 ᠰᠠᠢᠨ ᠲᠤᠷ᠎ᠠ᠎ᠶ᠋ᠢᠨ ᠦᠢᠯᠡᠴᠢᠯᠡᠭᠡ᠎ᠶ᠋ᠢᠨ ᠠᠵᠢᠯᠯᠠᠭ᠎ᠠ ᠦᠷᠨᠢᠬᠦᠯᠪᠡ
2021-05-14 11:55:13
ᠵᠣᠬᠢᠶᠠᠭ᠍ᠴᠢ᠄
ᠤᠳᠤᠩᠭᠤᠸ᠎ᠠ
ᠣᠩᠱᠢᠭ᠍ᠰᠠᠨ ᠣᠳᠠᠭ᠎ᠠ᠄
★★★☆☆

ᠦᠢᠷ᠎ᠡ᠎ᠳᠤ᠂ ᠱᠢᠯᠤᠭᠤᠨ ᠬᠦᠪᠡᠭᠡᠳᠤ ᠴᠠᠭᠠᠨ ᠬᠤᠱᠢᠭᠤ 100 ᠱᠢᠯᠢᠳᠡᠭ ᠨᠠᠮ᠎ᠤᠨ ᠭᠡᠱᠢᠬᠦᠨ ᠪᠠ ᠡᠪᠯᠡᠯ᠎ᠤᠨ ᠭᠡᠱᠢᠬᠦᠨ᠎ᠢ ᠵᠤᠬᠢᠶᠠᠨ ᠪᠠᠢᠭᠤᠯᠵᠤ᠂ 《ᠲᠠᠨ᠎ᠳᠤ ᠬᠠᠪᠰᠤᠷᠬᠤ》 ᠰᠠᠢᠨ ᠲᠤᠷ᠎ᠠ᠎ᠶ᠋ᠢᠨ ᠠᠵᠢᠯᠯᠠᠭ᠎ᠠ ᠵᠢᠴᠢ 《ᠡᠬᠦᠷᠢᠳᠡ ᠨᠠᠮ᠎ᠢᠶᠠᠨ ᠲᠠᠭᠠᠬᠤ》 ᠤᠯᠠᠨ ᠲᠦᠮᠡᠨᠴᠢ ᠰᠤᠶᠤᠯ᠎ᠤᠨ ᠠᠵᠢᠯᠯᠠᠭ᠎ᠠ᠎ᠶ᠋ᠢ ᠮᠢᠩᠭᠠᠳᠤ ᠠᠭᠤᠳᠠᠮ ᠲᠠᠯᠠᠪᠠᠢ᠎ᠳᠤ ᠬᠢᠵᠡᠢ᠃

ᠲᠤᠰ ᠤᠳᠠᠭ᠎ᠠ᠎ᠶ᠋ᠢᠨ ᠠᠵᠢᠯᠯᠠᠭ᠎ᠠ᠎ᠳᠤ 《ᠲᠠᠨ᠎ᠳᠤ ᠬᠠᠪᠰᠤᠷᠬᠤ》 ᠤᠯᠠᠭᠠᠨᠮᠦᠴᠢᠷ᠎ᠤᠨ ᠰᠠᠢᠨ ᠲᠤᠷ᠎ᠠ᠎ᠶ᠋ᠢᠨ ᠦᠢᠯᠡᠴᠢᠯᠡᠭᠡ᠎ᠶ᠋ᠢᠨ ᠡᠩᠨᠡᠭᠡ ᠪᠠ 《ᠲᠠᠨ᠎ᠳᠤ ᠬᠠᠪᠰᠤᠷᠬᠤ》 ᠨᠡᠢᠭᠡᠮ ᠲᠤᠭᠤᠷᠢᠭ᠎ᠤᠨ ᠤᠤᠠᠬ᠎ᠠ ᠤᠷᠠᠯᠢᠭ᠎ᠤᠨ ᠰᠠᠢᠨ ᠲᠤᠷ᠎ᠠ᠎ᠶ᠋ᠢᠨ ᠦᠢᠯᠡᠴᠢᠯᠡᠭᠡ᠎ᠶ᠋ᠢᠨ ᠡᠩᠨᠡᠭᠡ ᠭᠤᠴᠤ᠌ ᠰᠠᠢᠬᠠᠨ ᠲᠤᠭ᠍ᠯᠠᠯᠳᠠ ᠭᠠᠷᠭᠠᠭ᠍ᠰᠠᠨ ᠪᠦᠭᠡᠳ 《ᠲᠠᠨ᠎ᠳᠤ ᠬᠠᠪᠰᠤᠷᠬᠤ》 ᠦᠨᠳᠤᠰᠤᠨ ᠱᠠᠳᠤᠨ᠎ᠤ ᠬᠠᠤᠯᠢ ᠴᠠᠭᠠᠵᠠ᠂ ᠰᠤᠶᠤᠯ ᠤᠷᠠᠯᠢᠭ᠂ ᠬᠤᠳᠠ᠎ᠶ᠋ᠢᠨ ᠬᠠᠮᠢᠶᠠᠷᠤᠯᠳᠠ᠂ ᠨᠡᠢᠭᠡᠮ᠎ᠤᠨ ᠪᠠᠳᠤᠯᠠᠭ᠎ᠠ᠂ ᠵᠠᠬ᠎ᠠ ᠲᠡᠯᠭᠡᠬᠦᠷ᠎ᠤᠨ ᠬᠢᠨᠠᠨ ᠬᠠᠮᠢᠶᠠᠷᠤᠯᠳᠠ᠂ ᠠᠵᠤ ᠠᠬᠤᠢ᠎ᠶ᠋ᠢᠨ ᠬᠦᠭ᠌ᠵᠢᠯᠳᠡ ᠵᠡᠷᠭᠡ ᠰᠠᠢᠨ ᠲᠤᠷ᠎ᠠ᠎ᠶ᠋ᠢᠨ ᠦᠢᠯᠡᠴᠢᠯᠡᠭᠡ᠎ᠶ᠋ᠢᠨ ᠡᠩᠨᠡᠭᠡ ᠠᠰᠠᠭᠤᠨ ᠯᠠᠪᠯᠠᠬᠤ ᠲᠠᠪᠴᠠᠩ ᠪᠠᠢᠷᠢᠯᠠᠭᠤᠯᠬᠤ᠂ ᠤᠬᠠᠭᠤᠯᠭ᠎ᠠ᠎ᠶ᠋ᠢᠨ ᠰᠠᠮᠪᠠᠷ᠎ᠠ ᠪᠠ ᠲᠡᠯᠭᠡᠨ ᠦᠵᠡᠬᠦᠯᠬᠦ᠌ ᠰᠠᠮᠪᠠᠷ᠎ᠠ ᠭᠠᠷᠭᠠᠬᠤ᠂ ᠬᠦᠨᠳᠡᠯᠡᠨ ᠪᠢᠴᠢᠭᠡᠰᠤ ᠡᠯᠬᠦᠬᠦ᠂ ᠤᠬᠠᠭᠤᠯᠭ᠎ᠠ᠎ᠶ᠋ᠢᠨ ᠬᠠᠭᠤᠳᠠᠰᠤ ᠲᠠᠷᠬᠠᠭᠠᠬᠤ ᠵᠡᠷᠭᠡ ᠭᠡᠯᠪᠡᠷᠢ᠎ᠪᠠᠷ ᠲᠠᠮᠵᠢᠨ ᠦᠷᠭᠡᠨ ᠤᠯᠠᠨ ᠲᠦᠮᠡᠨ᠎ᠳᠤ ᠬᠠᠮᠢᠶ᠎ᠠ ᠪᠦᠬᠦᠢ ᠲᠦᠷᠦ᠎ᠶ᠋ᠢᠨ ᠪᠤᠳᠤᠯᠭ᠎ᠠ ᠬᠠᠤᠯᠢ ᠲᠦᠷᠢᠮ᠎ᠤᠨ ᠮᠡᠳᠡᠯᠭᠡ᠎ᠶ᠋ᠢ ᠤᠬᠠᠭᠤᠯᠤᠭ᠍ᠰᠠᠨ ᠪᠠᠢᠨ᠎ᠠ᠃

 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号