ᠪᠦᠬᠦ᠌ ᠤᠯᠤᠰ᠎ᠤᠨ ᠵᠢᠷᠭᠤᠳᠤᠭᠠᠷ ᠬᠤᠭᠤᠴᠠᠭᠠᠨ᠎ᠤ ᠤᠶᠤᠲᠠᠳ᠎ᠤᠨ ᠤᠷᠠᠯᠢᠭ᠎ᠤᠨ ᠦᠵᠡᠭᠦᠯᠭᠡ 5 ᠰᠠᠷ᠎ᠠ᠎ᠶ᠋ᠢᠨ 12 ᠤᠨ ᠡᠳᠦᠷ ᠰᠧᠴᠤᠸᠠᠨ ᠮᠤᠵᠢ᠎ᠶ᠋ᠢᠨ ᠴᠧᠩᠳᠦ᠋᠎ᠳᠤ ᠥᠨᠳᠥᠷᠯᠡᠪᠡ᠃ ᠮᠠᠨ᠎ᠤ ᠤᠷᠤᠨ᠎ᠤ ᠶᠡᠭᠡ ᠳᠡᠬᠡᠳᠤ ᠰᠤᠷᠭᠠᠭᠤᠯᠢ ᠨᠡᠢᠳᠡ 9 ᠨᠢᠭᠡᠳᠦᠭᠡᠷ ᠳᠡᠰ᠎ᠤᠨ ᠱᠠᠩᠨᠠᠯ᠂ 11 ᠬᠤᠶᠠᠳᠤᠭᠠᠷ ᠳᠡᠰ᠎ᠤᠨ ᠱᠠᠩᠨᠠᠯ ᠪᠠ 7 ᠭᠤᠷᠪᠠᠳᠤᠭᠠᠷ ᠳᠡᠰ᠎ᠤᠨ ᠱᠠᠩᠨᠠᠯ ᠬᠦᠷᠳᠡᠵᠦ᠍᠂ ᠥᠪᠥᠷ ᠮᠣᠩᠭᠤᠯ᠎ᠤᠨ ᠭᠤᠸ᠎ᠠ ᠰᠠᠢᠬᠠᠨ᠎ᠤ ᠬᠥᠮᠦᠵᠢᠯ᠎ᠤᠨ 《ᠨᠡᠷ᠎ᠡ᠎ᠶ᠋ᠢᠨ ᠬᠠᠭᠤᠳᠠᠰᠤ》 ᠶ᠋ᠢ ᠭᠦᠢᠴᠡᠳ ᠳᠡᠯᠭᠡᠨ ᠦᠵᠡᠭᠦᠯᠵᠡᠶ᠃
ᠤᠢ᠍ᠢᠯᠠᠭᠠᠭ᠍ᠰᠠᠨ᠎ᠢᠶᠠᠷ᠂ ᠳᠤᠰ ᠤᠳᠠᠭ᠎ᠠ᠎ᠶ᠋ᠢᠨ ᠤᠶᠤᠲᠠᠳ᠎ᠤᠨ ᠤᠷᠠᠯᠢᠭ᠎ᠤᠨ ᠦᠵᠡᠭᠦᠯᠭᠡ᠎ᠶ᠋ᠢᠨ ᠲᠣᠭ᠍ᠯᠠᠯᠲᠠ᠎ᠶ᠋ᠢᠨ ᠠᠵᠢᠯᠯᠠᠭ᠎ᠠ᠎ᠳᠤ ᠪᠥᠬᠦ᠌ ᠤᠯᠤᠰ᠎ᠤᠨ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ ᠪᠠ ᠱᠢᠨᠵᠢᠶᠠᠩ᠎ᠤᠨ ᠦᠢᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ ᠵᠢᠴᠢ ᠱᠢᠶᠠᠩᠭᠠᠩ᠂ ᠣᠣᠮᠧᠨ᠎ᠤ 198 ᠶᠡᠭᠡ ᠳᠡᠭᠡᠳᠦ ᠰᠤᠷᠭᠠᠭᠤᠯᠢ᠎ᠶ᠋ᠢᠨ 264 ᠲᠥᠯᠥᠭᠡᠯᠡᠭ᠌ᠴᠢᠳ᠎ᠤᠨ ᠠᠩᠭᠢ᠎ᠶ᠋ᠢᠨ 6800 ᠭᠠᠷᠤᠶ ᠪᠠᠭ᠍ᠰᠢ ᠰᠤᠷᠤᠭ᠍ᠴᠢ ᠣᠷᠣᠯᠴᠠᠵᠤ᠂ ᠳᠠᠭᠤᠯᠠᠬᠤᠶ᠂ ᠬᠥᠭ᠌ᠵᠢᠮᠳᠡᠬᠦᠶ᠂ ᠪᠥᠵᠢᠭ᠂ ᠰᠢ ᠵᠦᠴᠦᠭᠡ᠂ ᠤᠷᠠᠨ ᠤᠩᠱᠢᠯᠭ᠎ᠠ᠎ᠶ᠋ᠢᠨ ᠲᠠᠪᠤᠨ ᠶᠡᠭᠡ ᠤᠷᠠᠯᠢᠭ᠎ᠤᠨ ᠲᠣᠭ᠍ᠯᠠᠯᠲᠠ᠎ᠶ᠋ᠢᠨ ᠲᠥᠷᠥᠯ᠎ᠤᠨ 12 ᠲᠠᠯᠠᠪᠤᠷ ᠦᠵᠡᠭᠦᠯᠬᠡ᠎ᠶ᠋ᠢᠨ ᠠᠵᠢᠯᠯᠠᠭ᠎ᠠ ᠥᠷᠨᠢᠭᠦᠯᠦᠭ᠌ᠰᠡᠨ ᠪᠥᠭᠡᠳ 43 ᠤᠶᠤᠲᠠᠳ᠎ᠤᠨ ᠤᠷᠠᠯᠢᠭ᠎ᠤᠨ ᠦᠢᠯᠡᠳᠦᠯᠭᠡ᠎ᠶ᠋ᠢᠨ ᠭᠠᠵᠠᠷ ᠣᠷᠣᠯᠴᠠᠵᠤ᠂ ᠪᠥᠬᠦ᠌ ᠤᠯᠤᠰ᠎ᠤᠨ ᠭᠤᠸ᠎ᠠ ᠰᠠᠢᠬᠠᠨ᠎ᠤ ᠬᠥᠮᠦᠵᠢᠯ᠎ᠤᠨ ᠥᠭᠡᠷᠡᠴᠢᠯᠡᠯᠲᠡ ᠬᠥᠭ᠌ᠵᠢᠯᠲᠡ᠎ᠶ᠋ᠢᠨ ᠬᠠᠮᠤᠭ᠎ᠤᠨ ᠱᠢᠨ᠎ᠡ᠂ ᠬᠠᠮᠤᠭ᠎ᠤᠨ ᠣᠨᠴᠠᠯᠢᠭ᠎ᠲᠠᠢ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠦᠭ᠌ᠰᠡᠨ ᠪᠠᠢᠨ᠎ᠠ᠃
ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠎ᠶ᠋ᠢᠨ ᠪᠥᠵᠢᠭ 《ᠨᠤᠲᠤᠭ᠎ᠤᠨ ᠮᠠᠭ᠍ᠲᠠᠭᠠᠯ》᠂ ᠥᠪᠥᠷ ᠮᠣᠩᠭᠤᠯ᠎ᠤᠨ ᠤᠷᠠᠯᠢᠭ᠎ᠤᠨ ᠳᠡᠭᠡᠳᠦ ᠰᠤᠷᠭᠠᠭᠤᠯᠢ᠎ᠶ᠋ᠢᠨ ᠪᠥᠵᠢᠭ 《ᠮᠣᠩᠭᠤᠯ ᠮᠣᠷᠢ》᠂ ᠬᠥᠬᠡᠬᠤᠲᠠ᠎ᠶ᠋ᠢᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠶ᠋ᠢᠨ ᠤᠷᠠᠨ ᠤᠩᠱᠢᠯᠭ᠎ᠠ 《ᠳᠡᠭ᠌ᠷᠢᠯᠢᠭ ᠲᠠᠯ᠎ᠠ ᠨᠤᠲᠤᠭ》᠂ ᠥᠪᠥᠷ ᠮᠣᠩᠭᠤᠯ᠎ᠤᠨ ᠤᠷᠠᠯᠢᠭ᠎ᠤᠨ ᠳᠡᠭᠡᠳᠦ ᠰᠤᠷᠭᠠᠭᠤᠯᠢ᠎ᠶ᠋ᠢᠨ ᠠᠵᠢᠯ᠎ᠤᠨ ᠦᠷᠦᠬᠡ 《ᠬᠤᠪᠢᠰᠭᠠᠯᠳᠤ ᠵᠦᠴᠦᠭᠡ᠎ᠶ᠋ᠢᠨ ᠪᠦᠯᠬᠦᠮ᠎ᠤᠨ ᠰᠢ ᠵᠦᠴᠦᠭᠡ ᠵᠣᠬᠢᠶᠠᠨ ᠪᠦᠲᠦᠭᠡᠬᠦ᠌ ᠦᠢᠯᠡᠳᠦᠯᠭᠡ᠎ᠶ᠋ᠢᠨ ᠭᠠᠵᠠᠷ》᠂ ᠥᠪᠥᠷ ᠮᠣᠩᠭᠤᠯ᠎ᠤᠨ ᠦᠨᠳᠦᠰᠦᠲᠡᠨ᠎ᠤ ᠶᠡᠭᠡ ᠰᠤᠷᠭᠠᠭᠤᠯᠢ᠎ᠶ᠋ᠢᠨ ᠬᠡᠷᠡᠭ᠎ᠤᠨ ᠵᠢᠱ᠌ᠢᠶ᠎ᠡ 《ᠦᠨᠳᠦᠰᠦᠲᠡᠨ᠎ᠤ ᠭᠠᠵᠠᠷ ᠣᠷᠣᠨ᠎ᠤ ᠳᠡᠭᠡᠳᠦ ᠰᠤᠷᠭᠠᠭᠤᠯᠢ᠎ᠶ᠋ᠢᠨ ᠭᠤᠸ᠎ᠠ ᠰᠠᠢᠬᠠᠨ᠎ᠤ ᠬᠥᠮᠦᠵᠢᠯ᠎ᠤᠨ ᠦᠢᠯᠡᠴᠢᠯᠡᠭᠡᠨ᠎ᠤ ᠳᠤᠬᠠᠢ ᠨᠡᠢᠭᠡᠮ᠎ᠤᠨ ᠰᠥᠪᠡᠭ᠌ᠴᠢᠯᠡᠯᠲᠡ ᠪᠠ ᠦᠢᠯᠡᠳᠦᠯᠭᠡ — 〈ᠲᠤᠯᠠᠭᠠᠨ ᠨᠠᠷᠠ〉 ᠠᠯᠪᠠᠨ ᠵᠢᠷᠤᠮ᠎ᠤᠨ ᠦᠢᠯᠡᠴᠢᠯᠡᠭᠡ᠎ᠪᠠᠷ ᠤᠮᠠᠷᠠᠲᠤ ᠬᠢᠯᠢ᠎ᠶ᠋ᠢᠨ ᠶᠠᠳᠠᠭᠤ ᠬᠦᠴᠢᠷᠳᠡᠯᠲᠡᠶ ᠰᠤᠷᠤᠭ᠍ᠴᠢᠳ᠎ᠤᠨ ᠰᠡᠳᠭᠢᠯ ᠰᠠᠨᠠᠭ᠎ᠠ᠎ᠶ᠋ᠢ ᠳᠤᠯᠠᠭᠠᠴᠠᠭᠤᠯᠤᠨ᠎ᠠ》᠂ ᠥᠪᠥᠷ ᠮᠣᠩᠭᠤᠯ᠎ᠤᠨ ᠮᠠᠱᠢᠨ ᠴᠠᠬᠢᠯᠭᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠶ᠋ᠢᠨ ᠬᠡᠷᠡᠭ᠎ᠤᠨ ᠵᠢᠱ᠌ᠢᠶ᠎ᠡ 《〈ᠨᠡᠷᠡᠲᠦ ᠲᠡᠮᠳᠡᠭ + ᠣᠨᠴᠠᠯᠢᠭ〉 ᠪᠦᠬᠦᠢ ᠰᠣᠶᠣᠯ᠎ᠤᠨ ᠱᠢᠮᠡᠳᠦ ᠬᠥᠷᠥᠰᠥ᠎ᠶ᠋ᠢ ᠵᠤᠵᠠᠭᠠᠳᠭᠠᠵᠤ᠂ ᠣᠯᠠᠨ ᠡᠱᠢᠲᠦ ᠬᠥᠮᠦᠨ ᠬᠥᠮᠦᠵᠢᠭᠦᠯᠬᠦ᠌ ᠲᠠᠪᠴᠠᠩ》 ᠵᠡᠷᠬᠡ 9 ᠪᠦᠳᠦᠬᠡᠯ ᠨᠢᠬᠡᠳᠦᠬᠡᠷ ᠳᠡᠰ᠎ᠤᠨ ᠱᠠᠩᠨᠠᠯ ᠳᠤᠰᠤᠭ᠍ᠰᠠᠨ ᠪᠠᠢᠨ᠎ᠠ᠃