ᠠᠵᠤ ᠦᠢᠯᠡᠰ᠎ᠢᠶᠠᠷ ᠬᠤᠱᠢᠭᠤ᠎ᠪᠠᠨ ᠬᠥᠭ᠌ᠵᠢᠭᠦᠯᠵᠦ᠍ ᠠᠷᠠᠳ᠎ᠢᠶᠠᠨ ᠴᠢᠨᠡᠭᠡᠯᠢᠭ᠌ᠵᠢᠭᠦᠯᠦᠨ᠎ᠠ
2021-05-17 10:09:46
ᠵᠣᠬᠢᠶᠠᠭ᠍ᠴᠢ᠄
ᠠᠭᠤᠯᠠ ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠤᠷᠢᠬᠠᠨ ᠬᠠᠪᠤᠷ᠎ᠢᠶᠠᠷ ᠲᠦᠮᠡᠨ ᠪᠣᠳᠠᠰ ᠠᠮᠢᠵᠢᠷᠠᠯ᠎ᠢᠶᠠᠷ ᠪᠢᠯᠬᠠᠵᠤ᠂ ᠬᠠᠰ ᠯᠣᠣ᠎ᠶ᠋ᠢᠨ ᠨᠤᠲᠤᠭ᠎ᠤᠨ ᠬᠦᠷᠦᠰᠦᠨ᠎ᠳᠤ ᠴᠢᠨᠠᠷ ᠰᠠᠢᠲᠠᠢ ᠬᠥᠭ᠌ᠵᠢᠯᠲᠡ᠎ᠶ᠋ᠢᠨ ᠤᠷᠢᠶ᠎ᠠ ᠬᠠᠩᠬᠢᠨᠠᠨ᠎ᠠ᠃ ᠣᠪᠣᠭ᠎ᠠ ᠠᠭᠤᠯᠠᠠ᠎ᠠᠴᠠ ᠪᠣᠷᠣᠬᠤᠲᠠ᠎ᠶ᠋ᠢ ᠪᠠᠷᠠᠯᠠᠬᠤ᠎ᠳᠤ ᠥᠷᠭᠡᠨ ᠳᠠᠷᠳᠠᠩ ᠵᠡᠭᠡᠯᠢ ᠭᠤᠳᠤᠮᠵᠢ᠎ᠨᠤᠭᠤᠳ ᠳᠥᠷᠪᠡᠨ ᠵᠦᠭ ᠨᠠᠶᠮᠠᠨ ᠵᠣᠪᠬᠢᠰ᠎ᠲᠤ ᠨᠡᠪᠲᠡᠷᠡᠨ᠂ ᠦᠨᠳᠦᠷ ᠥᠨᠳᠥᠷ ᠠᠰᠠᠷ᠎ᠤᠳ ᠰᠡᠬᠦ᠋ᠢᠨ ᠰᠦᠨᠳᠡᠷᠯᠡᠵᠤ᠂ ᠭᠠᠵᠠᠷ ᠰᠠᠢ ᠦᠭᠡᠢ ᠠᠮᠢᠵᠢᠷᠠᠯ᠎ᠤᠨ ᠬᠦᠴᠦᠨ ᠪᠢᠯᠬᠠᠨ᠎ᠠ ᠁

ᠠᠵᠤ ᠦᠢᠯᠡᠰ᠎ᠤᠨ ᠲᠥᠪᠯᠡᠷᠡᠯ᠎ᠤᠨ ᠱᠢᠨ᠎ᠡ ᠥᠨᠳᠦᠷᠯᠢᠭ᠎ᠢ ᠪᠤᠢ ᠪᠣᠯᠭᠠᠨ᠎ᠠ

4 ᠰᠠᠷ᠎ᠠ᠎ᠶ᠋ᠢᠨ ᠰᠡᠭᠦᠯᠴᠢ᠎ᠪᠠᠷ ᠤᠯᠠᠭᠠᠨᠬᠠᠳᠠ ᠬᠤᠲᠠ᠎ᠶ᠋ᠢᠨ ᠢᠦᠶ ᠯᠦᠩ ᠠᠵᠤ ᠦᠢᠯᠡᠳᠪᠦᠷᠢ᠎ᠶ᠋ᠢᠨ ᠬᠦᠷᠢᠶᠡᠯᠡᠩ᠎ᠳᠤ ᠰᠤᠪᠤᠷᠭᠠᠨ ᠡᠯᠭᠦᠭᠦᠷ ᠰᠦᠨᠳᠡᠷᠯᠡᠨ᠂ ᠮᠠᠱᠢᠨ ᠮᠧᠬᠠᠨᠢᠭ᠎ᠤᠨ ᠠᠵᠢᠯᠯᠠᠬᠤ ᠲᠠᠭᠤᠨ ᠬᠦᠷᠴᠢᠭᠢᠨᠡᠵᠦ᠍᠂ ᠪᠠᠷᠢᠯᠭ᠎ᠠ᠎ᠶ᠋ᠢᠨ ᠲᠠᠯᠠᠪᠤᠷ ᠬᠥᠷ ᠬᠥᠭ᠌ᠵᠢᠶᠡᠨ᠎ᠢᠶᠠᠷ ᠪᠢᠯᠬᠠᠨ᠎ᠠ᠃

ᠵᠦᠩ ᠯᠢᠶᠠᠩ ᠪᠦᠯᠦᠭ᠌ᠯᠡᠯ᠎ᠤᠨ ᠶᠡᠷᠦᠩᠬᠡᠢ ᠪᠡᠯᠡ ᠣᠷᠣᠭᠤᠯᠤᠯᠲᠠ᠎ᠨᠢ 3.5 ᠳ᠋ᠦᠩᠱᠢᠭᠤᠷ ᠲᠥᠭᠦᠷᠢᠭ᠎ᠤᠨ 100 ᠲᠦᠮᠡᠨ ᠭᠠᠭ᠍ᠠᠢ ᠨᠢᠲᠤᠯᠵᠤ ᠡᠳ᠋ᠱᠢᠭᠦᠯᠬᠦ᠌ ᠲᠦᠷᠦᠯ ᠵᠦᠢᠯ᠎ᠨᠢ ᠨᠢᠭᠡᠨᠲᠡ ᠦᠢᠯᠡᠳᠪᠦᠷᠢ᠎ᠶ᠋ᠢᠨ ᠲᠣᠭᠤᠷᠢᠭ᠎ᠤᠨ ᠲᠦᠷ ᠴᠠᠭ᠎ᠤᠨ ᠪᠦᠳᠦᠭᠡᠨ ᠪᠠᠢᠭᠤᠯᠤᠯᠲᠠ᠂ ᠭᠠᠵᠠᠷ ᠱᠢᠷᠣᠢ᠎ᠶ᠋ᠢ ᠲᠡᠭ᠌ᠰᠢᠯᠡᠬᠦ᠌᠎ᠶ᠋ᠢ ᠪᠡᠶᠡᠯᠡᠭᠦᠯᠵᠦ᠍᠂ ᠵᠢᠱ᠌ᠢᠯᠲᠡ᠎ᠪᠠᠷ ᠡᠨᠡ ᠵᠢᠯ᠎ᠤᠨ 10 ᠰᠠᠷ᠎ᠠ᠎ᠳᠤ ᠪᠠᠷᠢᠯᠭ᠎ᠠ ᠳᠠᠭᠤᠰᠴᠤ᠌ ᠠᠱᠢᠭ᠍ᠯᠠᠯᠲᠠ᠎ᠳᠤ ᠣᠷᠣᠨ᠎ᠠ; ᠶᠡᠷᠦᠩᠬᠡᠶ ᠪᠠᠯᠠ ᠣᠷᠣᠭᠤᠯᠤᠯᠲᠠ᠎ᠨᠢ 10.6 ᠳ᠋ᠦᠩᠱᠢᠭᠤᠷ ᠲᠥᠭᠦᠷᠢᠭ᠎ᠤᠨ ᠯᠢᠩ ᡁᠢ ᠲᠥᠮᠥᠰᠥ᠎ᠶ᠋ᠢᠨ 7 ᠲᠦᠮᠡᠨ ᠲᠣᠨ᠎ᠤ ᠲᠦᠷᠭᠡᠨ ᠬᠥᠯᠳᠡᠭᠡᠬᠦ᠌ ᠲᠥᠮᠥᠰᠥᠨ ᠱᠢᠷᠭᠡᠭ ᠡᠳ᠋ᠱᠢᠭᠦᠯᠬᠦ᠌ ᠲᠥᠷᠥᠯ ᠵᠦᠶᠯ᠎ᠨᠢ ᠶᠠᠭ ᠬᠡᠷ ᠳᠣᠲᠣᠷᠠᠬᠢ ᠵᠠᠰᠠᠯ ᠴᠢᠮᠡᠭ᠌ᠯᠡᠯ᠎ᠢᠶᠠᠨ ᠬᠢᠵᠦ᠍᠂ ᠵᠢᠱ᠌ᠢᠯᠲᠡ᠎ᠪᠠᠷ ᠡᠨᠡ ᠵᠢᠯ ᠠᠱᠢᠭ᠍ᠯᠠᠯᠲᠠ᠎ᠳᠤ ᠣᠷᠣᠬᠤ ᠪᠤᠯᠤᠨ᠎ᠠ᠃ ᠲᠤᠰ ᠲᠥᠷᠥᠯ ᠵᠦᠶᠯ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ᠂ ᠵᠢᠯ᠎ᠳᠤ 14 ᠲᠦᠮᠡᠨ ᠲᠣᠨ ᠱᠢᠨ᠎ᠡ ᠰᠣᠷᠭᠤᠭ ᠲᠥᠮᠥᠰᠥ᠍ ᠪᠣᠯᠪᠠᠰᠤᠷᠠᠭᠤᠯᠵᠤ᠂ 7 ᠲᠦᠮᠡᠨ ᠲᠣᠨ ᠲᠦᠷᠭᠡᠨ ᠬᠥᠯᠳᠡᠭᠡᠬᠦ᠌ ᠲᠥᠮᠥᠰᠥᠨ ᠱᠢᠷᠬᠡᠭ ᠦᠢᠯᠡᠳᠪᠦᠷᠢᠯᠡᠨ᠎ᠡ; ᠶᠡᠷᠦᠩᠬᠡᠶ ᠪᠠᠯᠠ ᠣᠷᠣᠭᠤᠯᠤᠯᠲᠠ᠎ᠨᠢ 8000 ᠲᠦᠮᠡᠨ ᠲᠥᠭᠦᠷᠢᠭ᠎ᠤᠨ ᠵᠢᠯ᠎ᠳᠤ ᠲᠦᠮᠡᠨ ᠲᠣᠨ ᠭᠠᠩᠨᠠᠬᠤ ᠮᠠᠲ᠋ᠧᠷᠢᠶᠠᠯ ᠦᠢᠯᠡᠳᠬᠦ᠌ ᠢᠦᠶ ᠴᠢᠶᠣᠤ ᠬᠠᠢᠯᠤᠰᠢ ᠮᠠᠲ᠋ᠧᠷᠢᠶᠠᠯ ᠦᠢᠯᠡᠳᠬᠦ᠌ ᠲᠦᠷᠦᠯ ᠵᠦᠢᠯ ᠪᠠ 5 ᠲᠦᠮᠡᠨ ᠱᠢᠨ᠎ᠡ ᠡᠨᠧᠷᠭᠢ᠎ᠶ᠋ᠢᠨ ᠴᠤᠯ ᠴᠠᠬᠢᠯᠭᠠᠨ ᠬᠥᠳᠡᠯᠭᠡᠭᠦᠷᠲᠦ ᠮᠠᠱᠢᠨ ᠲᠡᠷᠭᠡᠨ᠎ᠤ ᠳ᠋ᠢᠶᠠᠨ ᡂᠢ᠎ᠶ᠋ᠢᠨ ᠬᠠᠢᠷᠴᠠᠭ᠎ᠤᠨ ᠬᠤᠶᠠᠳᠤᠭᠠᠷ ᠬᠤᠭᠤᠴᠠᠭᠠᠨ᠎ᠤ ᠲᠥᠷᠥᠯ ᠵᠦᠶᠯ᠎ᠨᠢ ᠶᠠᠭ ᠪᠠᠷᠢᠯᠭ᠎ᠠ ᠪᠠᠷᠢᠬᠤ ᠵᠥᠪᠱᠢᠶᠡᠷᠡᠯ᠎ᠤᠨ ᠭᠠᠷᠳᠠᠮ᠎ᠢ ᠭᠦᠢᠴᠡᠳᠭᠡᠵᠦ᠍᠂ ᠵᠢᠱ᠌ᠢᠯᠲᠡ᠎ᠪᠠᠷ ᠵᠢᠯ᠎ᠤᠨ ᠡᠴᠦᠰ᠎ᠲᠤ ᠪᠠᠢᠭᠤᠯᠤᠨ ᠳᠠᠭᠤᠰᠭᠠᠵᠤ ᠠᠱᠢᠭ᠍ᠯᠠᠯᠲᠠ᠎ᠳᠤ ᠣᠷᠣᠬᠤ ᠪᠤᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠠᠵᠤ ᠦᠢᠯᠡᠰ᠎ᠤᠨ ᠱᠢᠯᠵᠢᠯᠲᠡ᠎ᠶ᠋ᠢ ᠭᠥᠯᠢᠶᠡᠨ ᠠᠪᠤᠭ᠍ᠰᠠᠨ ᠵᠢᠱ᠌ᠢᠶ᠎ᠡ ᠦᠵᠡᠭᠦᠯᠬᠦ᠌ ᠬᠦᠷᠢᠶᠡᠯᠡᠩ ᠪᠠ ᠣᠩᠨᠢᠭᠤᠳ ᠬᠤᠱᠢᠭᠤᠨ᠎ᠤ 《ᠨᠢᠭᠡ ᠲᠣᠭᠤᠷᠢᠯ ᠭᠤᠷᠪᠠᠨ ᠲᠣᠭᠤᠷᠢᠭ ᠳᠤᠯᠤᠭᠠᠨ ᠬᠦᠷᠢᠶᠡᠯᠡᠩ》 ᠎ᠤᠨ ᠬᠤᠲᠠ ᠲᠣᠭᠤᠷᠢᠭ᠍ᠰᠠᠨ ᠠᠵᠤ ᠦᠢᠯᠡᠰ᠎ᠤᠨ ᠪᠦᠰᠡ᠎ᠶ᠋ᠢᠨ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ ᠤᠯᠠᠭᠠᠨᠬᠠᠳᠠ᠎ᠶ᠋ᠢᠨ ᠢᠦᠶ ᠯᠦᠩ ᠠᠵᠤ ᠦᠢᠯᠡᠳᠪᠦᠷᠢ᠎ᠶ᠋ᠢᠨ ᠬᠦᠷᠢᠶᠡᠯᠡᠩ᠎ᠨᠢ ᠲᠥᠷᠥᠯ ᠵᠦᠶᠯ᠎ᠤᠨ ᠪᠥᠲᠥᠭᠡᠨ ᠪᠠᠢᠭᠤᠯᠤᠯᠲᠠ ᠭᠡᠬᠦ᠌ ᠡᠨᠡ ᠬᠦ᠌ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢ ᠴᠢᠩᠭ᠎ᠠ ᠠᠳᠭᠤᠵᠤ᠂ ᠭᠤᠤᠯᠳᠠᠯᠭ᠎ᠠ᠎ᠲᠠᠢ ᠲᠥᠷᠥᠯ ᠵᠦᠶᠯ᠎ᠤᠨ ᠪᠥᠲᠥᠭᠡᠨ ᠪᠠᠢᠭᠤᠯᠤᠯᠲᠠ᠎ᠶ᠋ᠢᠨ ᠠᠬᠢᠴᠠ᠎ᠶ᠋ᠢ ᠪᠥᠬᠦ᠌ ᠬᠦᠴᠦᠨ᠎ᠢᠶᠠᠷ᠎ᠢᠶᠠᠨ ᠠᠬᠢᠭᠤᠯᠤᠨ᠂ ᠣᠷᠣᠨ ᠪᠦᠰᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠲᠡᠶ ᠲᠤᠯᠭᠠᠭᠤᠷᠢᠯᠠᠯ ᠬᠠᠩᠭᠠᠪᠠ᠃

ᠣᠢᠷ᠎ᠠ᠎ᠶ᠋ᠢᠨ ᠵᠢᠯ᠎ᠳᠤ᠂ ᠣᠩᠨᠢᠭᠤᠳ ᠬᠤᠱᠢᠭᠤ ᠦᠷᠭᠦᠯᠵᠢᠯᠡᠨ ᠬᠤᠲᠠ᠎ᠶ᠋ᠢᠨ ᠪᠥᠲᠥᠭᠡᠨ ᠪᠠᠢᠭᠤᠯᠤᠯᠲᠠ᠎ᠳᠤ ᠬᠦᠴᠦᠨ᠎ᠢᠶᠠᠨ ᠲᠥᠪᠯᠡᠷᠡᠭᠦᠯᠵᠦ᠍᠂ ᠬᠤᠲᠠ᠎ᠶ᠋ᠢᠨ ᠠᠵᠤ ᠠᠬᠤᠶ᠎ᠶ᠋ᠢ ᠬᠥᠭ᠌ᠵᠢᠭᠦᠯᠦᠨ᠂ ᠬᠤᠲᠠ ᠲᠣᠭᠤᠷᠢᠭ᠍ᠰᠠᠨ ᠠᠵᠤ ᠦᠢᠯᠡᠰ᠎ᠤᠨ ᠪᠦᠰᠡ᠎ᠶ᠋ᠢ ᠬᠦᠴᠦᠯᠡᠨ ᠪᠠᠢᠭᠤᠯᠵᠤ᠂ ᠠᠵᠤ ᠦᠢᠯᠡᠰ᠎ᠢᠶᠠᠷ ᠬᠤᠲᠠ᠎ᠪᠠᠨ ᠬᠥᠭ᠌ᠵᠢᠭᠦᠯᠬᠦ᠂ ᠬᠤᠲᠠ᠎ᠪᠠᠷ ᠠᠵᠤ ᠦᠢᠯᠡᠰ᠎ᠢ ᠠᠬᠢᠭᠤᠯᠬᠤ᠂ ᠠᠵᠤ ᠦᠢᠯᠡᠰ ᠪᠠ ᠬᠤᠲᠠ᠎ᠶ᠋ᠢ ᠠᠭᠤᠰᠤᠯᠴᠠᠭᠤᠯᠬᠤ ᠲᠥᠪᠯᠡᠷᠡᠭ᠌ᠰᠡᠨ ᠡᠷᠴᠢᠮᠵᠢᠭ᠌ᠰᠡᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠥᠬᠦ᠌ ᠬᠦᠴᠦᠨ᠎ᠢᠶᠠᠷ᠎ᠢᠶᠠᠨ ᠪᠤᠢᠵᠢᠭᠤᠯᠤᠨ᠂ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠪᠠᠷ ᠳᠡᠮᠵᠢᠨ ᠱᠢᠶᠠᠨ᠎ᠤ ᠬᠤᠲᠠ᠎ᠶ᠋ᠢᠨ ᠠᠵᠤ ᠠᠬᠤᠶ᠎ᠶ᠋ᠢ ᠬᠥᠭ᠌ᠵᠢᠭᠦᠯᠬᠦ᠌ ᠴᠣ᠌ ᠱᠢᠨ᠎ᠡ ᠠᠷᠭ᠎ᠠ ᠵᠠᠮ᠎ᠢ ᠬᠠᠢᠨ ᠰᠦᠪᠡᠭ᠌ᠴᠢᠯᠡᠵᠦ᠍ ᠭᠠᠷᠭᠠᠪᠠ᠃

ᠠᠵᠤ ᠦᠢᠯᠡᠰ᠎ᠤᠨ ᠪᠦᠰᠡ᠎ᠨᠢ ᠱᠢᠶᠠᠨ᠎ᠤ ᠬᠤᠲᠠ᠎ᠶ᠋ᠢᠨ ᠭᠠᠳᠠᠨᠠᠬᠢ 36 ᠺᠢᠯᠣᠮᠧᠲᠷ ᠤᠷᠳᠤ ᠲᠣᠭᠤᠷᠢᠯ ᠵᠠᠮ᠎ᠤᠨ ᠲᠤᠭᠤᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠠᠵᠤ ᠦᠢᠯᠡᠳᠪᠦᠷᠢ᠎ᠶ᠋ᠢᠨ ᠲᠥᠪᠯᠡᠷᠡᠭ᠌ᠰᠡᠨ ᠣᠷᠣᠨ᠂ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ᠌ ᠣᠷᠣᠨ᠂ ᠦᠢᠯᠡᠴᠢᠯᠡᠭᠡᠨ᠎ᠤ ᠦᠢᠯᠡᠰ ᠲᠥᠪᠯᠡᠷᠡᠭ᠌ᠰᠡᠨ 3 ᠠᠵᠤ ᠦᠢᠯᠡᠰ᠎ᠤᠨ ᠬᠥᠭ᠌ᠵᠢᠯᠲᠡ᠎ᠶ᠋ᠢᠨ ᠣᠷᠣᠨ ᠪᠦᠰᠡ᠎ᠶ᠋ᠢ ᠲᠥᠯᠥᠪᠵᠢᠭᠦᠯᠦᠨ ᠲᠥᠯᠥᠪᠯᠡᠨ᠂ ᠪᠣᠷᠣᠬᠤᠲᠠ᠎ᠶ᠋ᠢᠨ ᠠᠷᠠᠯᠵᠢᠶ᠎ᠠ ᠬᠤᠳᠠᠯᠳᠤᠭᠠᠨ᠎ᠤ ᠪᠠᠷᠠᠭ᠎ᠠ᠎ᠶ᠋ᠢᠨ ᠭᠦᠢᠯᠭᠡᠭᠡᠨ᠎ᠤ ᠬᠦᠷᠢᠶᠡᠯᠡᠩ᠂ ᠴᠢᠤᠸᠠᠨ ᠨᠢᠩ ᠰᠣᠶᠣᠯ ᠵᠢᠭᠤᠯᠴᠢᠯᠠᠯ᠎ᠤᠨ ᠪᠦᠲᠦᠭᠡᠯᠴᠢ ᠠᠵᠤ ᠦᠢᠯᠡᠰ᠎ᠤᠨ ᠬᠦᠷᠢᠶᠡᠯᠡᠩ᠂ ᠡᠮᠨᠡᠯᠭᠡ ᠰᠤᠪᠢᠯᠠᠯᠲᠠ ᠡᠷᠡᠭᠦᠯᠵᠢᠯ᠎ᠤᠨ ᠠᠵᠤ ᠦᠢᠯᠡᠰ᠎ᠤᠨ ᠬᠦᠷᠢᠶᠡᠯᠡᠩ᠂ ᠵᠦᠩ ᠬᠤᠸᠠ ᠯᠦᠩ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ᠂ ᠳᠠᠷᠠᠰᠤ ᠠᠮᠢ ᠠᠬᠤᠶ᠎ᠶ᠋ᠢᠨ ᠲᠠᠷᠢᠶᠠᠯᠠᠩ ᠣᠶ ᠱᠢᠭᠤᠶ᠎ᠶ᠋ᠢᠨ ᠰᠡᠯᠡᠭᠦᠴᠡᠨ ᠲᠣᠭᠤᠷᠢᠬᠤ ᠬᠦᠷᠢᠶᠡᠯᠡᠩ᠂ ᠶᠠᠩ ᠵᠢᠶᠠ ᠶᠢᠩᠽᠢ ᠣᠳᠣᠬᠢᠴᠢᠯᠠᠭ᠍ᠰᠠᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ᠌ ᠵᠢᠴᠢ ᠪᠡᠭᠡᠵᠢᠩ ᠥᠪᠥᠷ ᠮᠣᠩᠭᠤᠯ᠎ᠤᠨ ᠶᠠᠳᠠᠭᠤ᠎ᠶ᠋ᠢ ᠲᠡᠳᠬᠦᠬᠦ᠌ ᠬᠠᠮᠵᠢᠯᠴᠠᠭᠠᠨ᠎ᠤ ᠠᠵᠤ ᠦᠢᠯᠡᠰ᠎ᠤᠨ ᠬᠦᠷᠢᠶᠡᠯᠡᠩ᠂ ᠢᠦᠶ ᠯᠦᠩ ᠠᠵᠤ ᠦᠢᠯᠡᠳᠪᠦᠷᠢ᠎ᠶ᠋ᠢᠨ ᠬᠦᠷᠢᠶᠡᠯᠡᠩ ᠵᠡᠷᠭᠡ 7 ᠬᠦᠷᠢᠶᠡᠯᠡᠩ᠎ᠢ ᠭᠤᠣᠯᠳᠠᠯᠭ᠎ᠠ᠎ᠲᠠᠢ ᠪᠥᠲᠥᠭᠡᠨ ᠪᠠᠢᠭᠤᠯᠵᠤ᠂ ᠪᠦᠬᠦ᠌ ᠬᠤᠱᠢᠭᠤᠨ᠎ᠤ ᠮᠠᠯ ᠠᠵᠤ ᠠᠬᠤᠶ ᠲᠠᠷᠢᠶᠠᠯᠠᠩ᠎ᠤᠨ ᠲᠠᠷᠢᠵᠤ ᠲᠡᠵᠢᠭᠡᠬᠦ᠂ ᠴᠡᠪᠡᠷ ᠡᠨᠧᠷᠭᠢ᠂ ᠠᠭᠤᠷᠬᠠᠶ᠎ᠶ᠋ᠢᠨ ᠨᠡᠭᠡᠭᠡᠯᠲᠡ᠂ ᠬᠥᠳᠡᠭᠡ ᠲᠣᠰᠭᠤᠨ᠎ᠤ ᠵᠢᠭᠤᠯᠴᠢᠯᠠᠯ᠎ᠠᠴᠠ ᠭᠠᠳᠠᠨᠠᠬᠢ ᠠᠵᠤ ᠦᠢᠯᠡᠰ᠎ᠢ ᠵᠠᠷᠴᠢᠮ ᠳᠡᠭᠡᠷ᠎ᠡ᠎ᠪᠠᠨ ᠪᠦᠬᠦᠨ᠎ᠢ ᠬᠤᠲᠠ᠎ᠶ᠋ᠢ ᠲᠣᠭᠤᠷᠢᠭ᠍ᠰᠠᠨ ᠠᠵᠤ ᠦᠢᠯᠡᠰ᠎ᠤᠨ ᠪᠦᠰᠡ᠎ᠳᠤ ᠣᠷᠣᠭᠤᠯᠤᠨ᠎ᠠ᠃ ᠵᠢᠱ᠌ᠢᠯᠲᠡ᠎ᠪᠠᠷ 2025 ᠤᠨ ᠪᠣᠯᠬᠤ᠎ᠳᠤ᠂ ᠬᠤᠲᠠ ᠲᠣᠭᠤᠷᠢᠭ᠍ᠰᠠᠨ ᠠᠵᠤ ᠦᠢᠯᠡᠰ᠎ᠤᠨ ᠪᠦᠰᠡ᠎ᠶ᠋ᠢᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠶ᠋ᠢ ᠪᠥᠬᠦ᠌ ᠬᠤᠱᠢᠭᠤᠨ᠎ᠤ ᠣᠷᠣᠨ ᠨᠤᠳᠤᠬ᠎ᠤᠨ ᠦᠢᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ 70% ᠎ᠠᠴᠠ ᠳᠡᠭᠡᠭ᠌ᠰᠢ᠎ᠳᠤ ᠬᠦᠷᠭᠡᠨ᠎ᠡ᠃

ᠣᠳᠣᠬᠠᠨ᠎ᠳᠤ᠂ ᠪᠣᠷᠣᠬᠤᠲᠠ᠎ᠶ᠋ᠢᠨ ᠠᠷᠠᠯᠵᠢᠶ᠎ᠠ ᠬᠤᠳᠠᠯᠳᠤᠭᠠᠨ᠎ᠤ ᠪᠠᠷᠠᠭᠠᠨ᠎ᠤ ᠭᠦᠢᠯᠭᠡᠭᠡᠨ᠎ᠤ ᠬᠦᠷᠢᠶᠡᠯᠡᠩ᠂ ᠴᠢᠤᠸᠠᠨ ᠨᠢᠩ ᠰᠣᠶᠣᠯ ᠵᠢᠭᠤᠯᠴᠢᠯᠠᠯ᠎ᠤᠨ ᠪᠦᠲᠦᠭᠡᠯᠴᠢ ᠠᠵᠤ ᠦᠢᠯᠡᠰ᠎ᠤᠨ ᠬᠦᠷᠢᠶᠡᠯᠡᠩ ᠵᠡᠷᠭᠡ 5 ᠬᠦᠷᠢᠶᠡᠯᠡᠩ ᠨᠢᠭᠡᠨᠲᠡ ᠠᠩᠬ᠎ᠠ ᠠᠯᠬᠤᠮ ᠬᠡᠪᠴᠢᠶᠡᠵᠢᠵᠦ᠍᠂ ᠵᠦᠩ ᠬᠤᠸᠠ ᠯᠦᠩ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ᠂ ᠳᠠᠷᠠᠰᠤ ᠠᠮᠢ ᠠᠬᠤᠶ᠎ᠶ᠋ᠢᠨ ᠲᠠᠷᠢᠶᠠᠯᠠᠩ ᠣᠶ ᠱᠢᠭᠤᠶ᠎ᠶ᠋ᠢᠨ ᠰᠡᠯᠡᠭᠦᠴᠡᠨ ᠲᠣᠭᠤᠷᠢᠬᠤ ᠬᠦᠷᠢᠶᠡᠯᠡᠩ ᠵᠡᠷᠭᠡ 2 ᠬᠦᠷᠢᠶᠡᠯᠡᠩ ᠨᠢᠭᠡᠨᠲᠡ ᠭᠦᠨᠵᠡᠭᠡᠶ ᠤᠬᠠᠭᠠᠯᠠᠬᠤ ᠪᠠ ᠠᠷᠠᠯᠵᠢᠶᠠᠴᠢᠨ ᠤᠷᠢᠵᠤ ᠪᠠᠯᠠ ᠮᠦᠩᠬᠦ᠌ ᠣᠷᠣᠭᠤᠯᠤᠠ ᠠᠪᠴᠢᠷᠠᠬᠤ ᠱᠠᠲᠤᠨ᠎ᠳᠤ ᠣᠷᠣᠪᠠ᠃

ᠬᠤᠲᠠ᠎ᠶ᠋ᠢᠨ ᠱᠢᠨ᠎ᠡ ᠳᠦᠷᠢ ᠲᠥᠷᠬᠦ᠌᠎ᠶ᠋ᠢ ᠴᠢᠮᠡᠭ᠌ᠯᠡᠨ᠎ᠡ

ᠱᠣᠣ ᠯᠠᠩ ᠭᠤᠤᠯ᠎ᠤᠨ ᠬᠥᠪᠡᠭᠡᠨ᠎ᠡ ᠠᠯᠬᠤᠯᠠᠵᠤ᠂ ᠵᠥᠭᠡᠯᠡᠨ ᠰᠠᠯᠬᠢᠨ᠎ᠤ ᠠᠶ᠎ᠠ᠎ᠶ᠋ᠢ ᠮᠡᠳᠡᠷᠡᠵᠦ᠍᠂ ᠤᠷᠤᠰᠭᠠᠯ ᠤᠰᠤᠨ᠎ᠤ ᠭᠤᠷᠴᠢᠭᠢᠨᠠᠬᠤ᠎ᠶ᠋ᠢ ᠰᠣᠨᠣᠷᠳᠠᠨ᠂ ᠰᠡᠳᠭᠢᠯ ᠰᠠᠨᠠᠭ᠎ᠠ ᠬᠤᠪᠢ᠎ᠶ᠋ᠢᠨ ᠭᠠᠳᠠᠨ᠎ᠠ ᠲᠠᠭᠠᠯᠠᠮᠵᠢᠳᠠᠢ᠃ ᠦᠮᠡᠬᠡᠢ ᠤᠰᠤᠨ ᠭᠤᠤ ᠪᠠᠢᠭ᠍ᠰᠠᠨ᠎ᠠᠴᠠ᠎ᠪᠠᠨ ᠥᠨᠥᠳᠦᠷ ᠱᠢᠨ᠎ᠡ ᠳᠦᠷᠰᠦ ᠪᠠᠢᠳᠠᠯ᠎ᠲᠠᠢ ᠪᠤᠯᠵᠤ᠂ ᠠᠭᠠᠵᠢᠮ᠎ᠢᠶᠠᠷ ᠬᠤᠳᠠ᠎ᠶ᠋ᠢᠨ ᠰᠠᠭᠤᠭᠠᠯᠢ ᠠᠷᠠᠳ᠎ᠤᠨ ᠵᠢᠷᠭᠠᠨ ᠴᠡᠩᠭᠡᠬᠦ᠌ ᠭᠠᠵᠠᠷ᠂ ᠰᠡᠯᠡᠭᠦᠴᠡᠯ᠎ᠤᠨ ᠭᠠᠵᠠᠷ ᠪᠣᠯᠪᠠ᠃ ᠱᠤᠤ ᠯᠠᠩ ᠾᠧ ᠭᠤᠣᠯ᠎ᠤᠨ ᠬᠤᠪᠢᠷᠠᠯᠲᠠ ᠪᠣᠯ ᠣᠩᠨᠢᠭᠤᠳ ᠬᠤᠱᠢᠭᠤᠨ᠎ᠤ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠭ᠍ᠰᠠᠨ ᠠᠮᠢᠳᠤᠯᠢᠭ ᠦᠢᠯᠡᠳᠦᠯᠭᠡ ᠪᠣᠯᠤᠨ᠎ᠠ᠃

ᠤᠢ᠍ᠢᠷ᠎ᠠ᠎ᠶ᠋ᠢᠨ ᠵᠢᠯ᠎ᠳᠤ᠂ ᠣᠩᠨᠢᠭᠤᠳ ᠬᠤᠱᠢᠭᠤ ᠤᠯᠤᠰ᠎ᠤᠨ ᠴᠡᠴᠡᠷᠯᠢᠭ᠌ᠳᠦ ᠱᠢᠶᠠᠨ᠎ᠤ ᠬᠤᠳᠠ᠎ᠶ᠋ᠢ ᠪᠦᠳᠤᠬᠡᠨ ᠪᠠᠢᠭᠤᠯᠬᠤ᠎ᠪᠠᠷ ᠠᠵᠠ ᠲᠣᠬᠢᠶᠠᠯ ᠪᠣᠯᠭᠠᠵᠤ᠂ ᠲᠦᠬᠦᠮ ᠪᠦᠳᠦᠴᠡᠳᠦ ᠣᠷᠣᠨ ᠰᠠᠭᠤᠴᠠ᠎ᠶ᠋ᠢᠨ ᠲᠣᠭᠤᠷᠢᠭ᠎ᠢ ᠥᠭᠡᠷᠡᠴᠢᠯᠡᠨ ᠪᠠᠢᠭᠤᠯᠬᠤ᠂ ᠬᠤᠳᠠ᠎ᠶ᠋ᠢᠨ ᠠᠮᠢ ᠠᠬᠤᠢ ᠪᠣᠯᠤᠨ ᠬᠤᠳᠠ᠎ᠶ᠋ᠢᠨ ᠶᠠᠪᠤᠳᠠᠯ᠎ᠤᠨ ᠰᠠᠭᠤᠷᠢ ᠭᠤᠷᠪᠠᠨ ᠶᠡᠭᠡ ᠢᠨᠵᠧᠨᠧᠷᠢᠩ᠎ᠢ ᠲᠦᠷᠭᠡᠳᠭᠡᠨ ᠬᠡᠷᠡᠭ᠌ᠵᠢᠭᠦᠯᠵᠦ᠍᠂ ᠬᠤᠳᠠ᠎ᠶ᠋ᠢᠨ ᠲᠣᠭᠤᠷᠢᠭ᠎ᠤᠨ ᠠᠮᠢ ᠠᠬᠤᠢ ᠣᠷᠴᠢᠨ ᠲᠣᠭᠤᠷᠢᠨ᠎ᠢ ᠲᠠᠰᠤᠷᠠᠯᠳᠠ ᠦᠬᠡᠢ ᠰᠠᠢᠵᠢᠷᠠᠭᠤᠯᠵᠤ᠂ ᠬᠤᠳᠠ ᠲᠣᠭᠤᠷᠢᠭ᠎ᠤᠨ ᠵᠠᠮ ᠲᠣᠣᠷ᠎ᠢ ᠨᠡᠩ ᠰᠠᠭᠠᠳ ᠦᠬᠡᠢ ᠨᠡᠪᠲᠡᠷᠡᠭᠦᠯᠦᠨ᠂ ᠬᠤᠳᠠ᠎ᠶ᠋ᠢᠨ ᠴᠢᠨᠠᠷ ᠲᠡᠰ ᠪᠣᠯᠤᠨ ᠬᠤᠳᠠ᠎ᠶ᠋ᠢᠨ ᠪᠠᠢᠷᠢᠱᠢᠯ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠠᠵᠤ ᠦᠢᠯᠡᠰ ᠪᠣᠯᠤᠨ ᠬᠤᠳᠠ ᠬᠠᠮᠵᠢᠯᠴᠠᠨ ᠬᠥᠭ᠌ᠵᠢᠬᠦ᠌ ᠰᠠᠭᠤᠷᠢ᠎ᠶ᠋ᠢ ᠲᠠᠯᠪᠢᠭ᠍ᠰᠠᠨ ᠪᠠᠢᠨ᠎ᠠ᠃

《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠲᠣᠰ ᠬᠤᠱᠢᠭᠤ 15.5 ᠳ᠋ᠦᠩᠱᠢᠭᠤᠷ ᠲᠥᠭᠦᠷᠢᠭ᠎ᠤᠨ ᠪᠡᠯᠡ ᠣᠷᠣᠭᠤᠯᠵᠤ᠂  《ᠬᠤᠶᠠᠷ ᠠᠭᠤᠯᠠ ᠨᠢᠭᠡ ᠭᠤᠣᠯ ᠣᠯᠠᠨ ᠵᠠᠩᠭᠢᠯᠠᠭ᠎ᠠ ᠴᠡᠭ》 ᠎ᠤᠨ ᠠᠮᠢ ᠠᠬᠤᠢ᠎ᠶ᠋ᠢᠨ ᠢᠨᠵᠧᠨᠧᠷᠢᠩ ᠪᠠ 《ᠭᠤᠷᠪᠠᠨ ᠵᠡᠭᠡᠯᠢ ᠨᠢᠭᠡ ᠵᠠᠮ ᠣᠯᠠᠨ ᠬᠤᠯᠪᠣᠭᠠᠳᠤ ᠱᠤᠭᠤᠮ》 ᠬᠤᠲᠠ᠎ᠶ᠋ᠢᠨ ᠶᠠᠪᠤᠳᠠᠯ᠎ᠤᠨ ᠢᠨᠵᠧᠨᠧᠷᠢᠩ᠎ᠢ ᠬᠡᠷᠡᠭ᠌ᠵᠢᠭᠦᠯᠦᠨ᠂ ᠬᠤᠲᠠ ᠲᠣᠭᠤᠷᠢᠭ᠎ᠤᠨ ᠵᠠᠮ᠎ᠢ 47.2 ᠺᠢᠯᠣᠮᠧ᠊ ᠲ᠋ᠷ ᠱᠢᠨ᠎ᠡ᠎ᠪᠠᠷ ᠨᠡᠮᠡᠭ᠌ᠳᠡᠭᠦᠯᠵᠦ᠍᠂ 710 ᠲᠦᠮᠡᠨ ᠲᠡᠭ᠌ᠰᠢ ᠳᠥᠷᠪᠡᠯᠵᠢᠨ ᠮᠧᠳ᠋ᠷ ᠭᠠᠵᠠᠷ᠎ᠢ ᠨᠣᠭᠤᠭᠠᠷᠠᠭᠤᠯᠤᠨ᠂ ᠪᠣᠷᠣᠬᠤᠲᠠ᠎ᠶ᠋ᠢᠨ 《ᠠᠷᠪᠠᠨ ᠨᠢᠭᠡᠨ ᠬᠥᠨᠳᠡᠯᠡᠨ ᠠᠷᠪᠠᠨ ᠨᠢᠭᠡᠨ ᠭᠤᠯᠳᠤ》 ᠵᠠᠮ ᠲᠤᠤᠷ᠎ᠤᠨ ᠱᠢᠰᠲ᠋ᠧᠮ᠎ᠢ ᠦᠨᠳᠦᠰᠦᠨ᠎ᠳᠡᠭᠡᠨ ᠪᠦᠷᠢᠯᠳᠦᠭᠦᠯᠵᠦ᠍᠂ ᠨᠣᠭᠤᠭᠠᠷᠠᠭᠤᠯᠤᠯᠲᠠ᠎ᠶ᠋ᠢᠨ ᠨᠣᠷᠮ᠎ᠠ᠎ᠶ᠋ᠢ 35% ᠬᠦᠷᠲᠡᠯ᠎ᠡ ᠳᠡᠭᠡᠭ᠌ᠰᠢᠯᠡᠭᠦᠯᠦᠨ᠂ ᠬᠤᠲᠠ᠎ᠶ᠋ᠢᠨ ᠰᠠᠭᠠᠳ ᠦᠭᠡᠢ ᠨᠡᠪᠲᠡᠷᠡᠬᠦ᠌ ᠬᠡᠮᠵᠢᠶ᠎ᠡ ᠪᠠ ᠣᠷᠣᠱᠢᠨ ᠰᠠᠭᠤᠬᠤ ᠲᠣᠬᠢᠷᠠᠮᠵᠢ᠎ᠶ᠋ᠢᠨ ᠬᠡᠮᠵᠢᠶ᠎ᠡ ᠢᠯᠡᠳᠲᠡ ᠳᠡᠭᠡᠭ᠌ᠰᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠴᠡᠴᠡᠷᠯᠢᠭ᠌ᠵᠢᠭ᠌ᠰᠡᠨ ᠬᠤᠲᠠ᠂ ᠥᠪᠡᠷᠲᠡᠭᠡᠨ ᠵᠠᠰᠠᠬᠤ ᠣᠷᠣᠨ᠎ᠤ ᠪᠣᠯᠪᠠᠰᠤᠨ ᠬᠤᠱᠢᠭᠤ ᠱᠢᠶᠠᠨ᠎ᠤ ᠬᠤᠲᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ᠎ᠶ᠋ᠢᠨ ᠤᠷᠤᠱᠢᠨ ᠰᠠᠭᠤᠷᠢᠱᠢᠬᠤ᠎ᠳᠤ ᠲᠣᠬᠢᠷᠠᠮᠵᠢᠲᠠᠶ ᠱᠢᠶᠠᠨ᠎ᠤ ᠬᠤᠲᠠ᠎ᠶ᠋ᠢᠨ ᠵᠢᠱ᠌ᠢᠶ᠎ᠡ ᠦᠵᠡᠭᠦᠯᠬᠦ᠌ ᠬᠤᠱᠢᠭᠤ ᠱᠢᠶᠠᠨ᠎ᠢ ᠠᠮᠵᠢᠯᠲᠠ᠎ᠲᠠᠢ ᠡᠭᠦᠳᠦᠨ ᠪᠠᠢᠭᠤᠯᠪᠠ᠃

《ᠱᠢᠨ᠎ᠡ ᠬᠡᠷ ᠪᠠᠢᠱᠢᠩ᠎ᠳᠤ ᠨᠡᠷᠡᠨ᠎ᠤ ᠬᠡᠷᠡᠯ ᠭᠦᠢᠴᠡᠳ᠂ ᠰᠠᠯᠬᠢ ᠨᠡᠪᠲᠡᠷᠡᠬᠦ᠌᠎ᠨᠢ ᠰᠠᠢᠨ᠂ ᠤᠰᠤ᠂ ᠴᠠᠬᠢᠯᠭᠠᠨ᠂ ᠳᠤᠯᠠᠭᠠᠯᠠᠭ᠎ᠠ᠂ ᠰᠦᠯᠵᠢᠶ᠎ᠡ ᠪᠦᠷᠢᠨ ᠪᠠᠢᠵᠤ᠂ ᠥᠩᠭᠡᠷᠡᠭ᠌ᠰᠡᠨ᠎ᠤ᠎ᠬᠢ᠎ᠠᠴᠠ ᠬᠤᠯᠠ ᠰᠠᠢᠨ ᠪᠣᠯᠵᠠᠶ》 ᠭᠡᠵᠦ᠍ ᠳᠥᠭᠦᠮ ᠪᠦᠳᠦᠴᠡᠳᠦ ᠣᠷᠣᠨ ᠰᠠᠭᠤᠴᠠ᠎ᠶ᠋ᠢᠨ ᠲᠣᠭᠤᠷᠢᠭ᠎ᠢ ᠥᠭᠡᠷᠡᠴᠢᠯᠡᠭ᠌ᠰᠡᠨ᠎ᠤ ᠳᠠᠷᠠᠭ᠎ᠠ ᠱᠢᠨ᠎ᠡ ᠠᠰᠠᠷ᠎ᠲᠤ ᠣᠷᠣᠵᠤ ᠰᠠᠭᠤᠭ᠍ᠰᠠᠨ ᠨᠢᠭᠡᠨ ᠰᠠᠭᠤᠭᠠᠯᠢ ᠡᠷᠦᠬᠡ᠎ᠶ᠋ᠢᠨ᠎ᠬᠢᠨ ᠢᠩᠭᠢᠵᠦ᠍ ᠬᠡᠯᠡᠵᠡᠶ᠃ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ ᠲᠣᠰ ᠬᠤᠱᠢᠭᠤ 12.5 ᠳ᠋ᠦᠩᠱᠢᠭᠤᠷ ᠲᠥᠭᠦᠷᠢᠭ᠎ᠤᠨ ᠳᠥᠭᠦᠮ ᠪᠦᠲᠦᠴᠡᠲᠦ ᠣᠷᠣᠨ ᠰᠠᠭᠤᠴᠠ᠎ᠶ᠋ᠢ ᠥᠭᠡᠷᠡᠴᠢᠯᠡᠬᠦ᠌ ᠪᠡᠯᠡ ᠮᠥᠩᠭᠦ᠌ ᠣᠯᠵᠤ᠂ 1810 ᠡᠷᠦᠬᠡ ᠭᠡᠷ ᠪᠠᠢᠱᠢᠩ᠎ᠢ ᠲᠠᠲᠠᠪᠤᠷᠢᠯᠠᠨ᠂ ᠬᠤᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠶᠡᠭᠡ᠎ᠪᠠᠷ ᠲᠦᠯᠬᠢᠨ ᠠᠬᠢᠭᠤᠯᠵᠤ᠂ ᠤᠯᠠᠨ ᠲᠦᠮᠡᠨ᠎ᠤ ᠣᠷᠣᠱᠢᠨ ᠰᠠᠭᠤᠷᠢᠱᠢᠬᠤ ᠬᠢᠷᠢ ᠲᠦᠪᠱᠢᠨ᠎ᠢ ᠳᠡᠭᠡᠭ᠌ᠰᠢᠯᠡᠭᠦᠯᠦᠭ᠌ᠰᠡᠨ ᠪᠠᠢᠨ᠎ᠠ᠃ ᠪᠠᠰᠠ 《ᠱᠢᠨ᠎ᠡ ᠲᠣᠭᠤᠷᠢᠭ᠎ᠲᠤ ᠬᠢᠯᠠᠰ ᠴᠡᠭ᠎ᠢ ᠴᠣᠭ᠍ᠴᠠᠯᠠᠵᠤ᠂ ᠬᠠᠭᠤᠴᠢᠨ ᠲᠤᠭᠤᠷᠢᠭ᠎ᠢ ᠲᠠᠰ ᠳᠡᠪᠱᠢᠭᠦᠯᠬᠦ᠌》 ᠰᠡᠳᠭᠢᠴᠡ᠎ᠪᠠᠷ ᠬᠤᠲᠠ᠎ᠶ᠋ᠢᠨ ᠲᠣᠭᠤᠷᠢᠭ᠎ᠤᠨ ᠰᠠᠭᠤᠭᠠᠯᠢ ᠠᠷᠠᠳ᠎ᠤᠨ ᠣᠷᠣᠨ ᠰᠠᠭᠤᠴᠠ᠎ᠶ᠋ᠢᠨ ᠨᠥᠬᠦᠴᠡᠯ᠎ᠢ ᠰᠠᠢᠵᠢᠷᠠᠭᠤᠯᠬᠤ᠎ᠶ᠋ᠢ ᠡᠮᠬᠢ ᠵᠢᠷᠤᠮ᠎ᠲᠠᠢ ᠳᠥᠯᠭᠢᠨ ᠠᠬᠢᠭᠤᠯᠵᠤ᠂ ᠪᠠᠢ ᠾᠧ ᠵᠡᠭᠦᠨ ᠲᠣᠭᠤᠷᠢᠭ᠂ ᠱᠢᠨ ᠬᠤᠸᠠ ᠶᠤᠸᠠᠨ ᠵᠡᠷᠭᠡ 160 ᠭᠠᠷᠤᠢ ᠣᠷᠣᠨ ᠰᠠᠭᠤᠴᠠ᠎ᠶ᠋ᠢᠨ ᠲᠣᠭᠤᠷᠢᠭ᠎ᠢ ᠵᠠᠯᠭᠠᠭ᠎ᠠ᠎ᠪᠠᠷ ᠪᠠᠢᠭᠤᠯᠵᠤ᠂ ᠣᠨᠳᠣᠣ ᠭᠠᠵᠠᠷ ᠨᠡᠭᠦᠯᠭᠡᠨ ᠶᠠᠳᠠᠭᠤ᠎ᠶ᠋ᠢ ᠲᠡᠳᠬᠦᠬᠦ᠌᠎ᠲᠠᠢ ᠤᠶᠠᠯᠳᠤᠭᠤᠯᠤᠨ 2 ᠲᠣᠮᠣ ᠬᠡᠯᠪᠡᠷᠢ᠎ᠶ᠋ᠢᠨ ᠲᠥᠪᠯᠡᠷᠡᠭᠦᠯᠦᠨ ᠲᠥᠪᠬᠢᠨᠡᠭᠦᠯᠬᠦ᠌ ᠲᠣᠭᠤᠷᠢᠭ᠎ᠢ ᠪᠠᠢᠭᠤᠯᠵᠤ᠂ 10 ᠭᠠᠷᠤᠢ ᠲᠦᠮᠡᠨ ᠡᠭᠡᠯ ᠠᠷᠠᠳ ᠪᠠ 7000 ᠱᠢᠬᠠᠮ ᠳᠠᠩᠰᠠᠯᠠᠵᠤ ᠺᠠᠷᠳ᠋ᠯᠠᠭ᠍ᠰᠠᠨ ᠶᠠᠳᠠᠭᠤ ᠬᠦᠴᠢᠷᠳᠡᠯᠲᠡᠢ ᠡᠷᠦᠬᠡ ᠠᠰᠠᠷ᠎ᠲᠤ ᠰᠠᠭᠤᠬ᠍ᠰᠡᠨ ᠪᠠᠢᠨ᠎ᠠ᠃

ᠠᠷᠠᠳ ᠲᠦᠮᠡᠨ᠎ᠤ ᠵᠣᠯ ᠵᠢᠷᠭᠠᠯᠳᠤ ᠲᠥᠷᠥᠭ᠌ᠳᠡᠯ᠎ᠢ ᠳᠡᠭᠡᠭ᠌ᠰᠢᠯᠡᠭᠦᠯᠦᠨ᠎ᠡ

ᠶᠠᠩ ᠵᠢᠶᠠ ᠶᠢᠩ ᠽᠢ ᠣᠳᠣᠬᠢᠴᠢᠯᠠᠭ᠍ᠰᠠᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ᠌ ᠬᠦᠷᠢᠶᠡᠯᠡᠩ᠎ᠳᠤ ᠬᠦᠷᠬᠦ᠌᠎ᠳᠤ ᠣᠨᠳᠣᠣ ᠭᠠᠵᠠᠷ᠎ᠲᠤ ᠨᠡᠭᠦᠯᠭᠡᠨ ᠶᠠᠳᠠᠭᠤ᠎ᠶ᠋ᠢ ᠲᠡᠳᠬᠦᠭ᠌ᠰᠡᠨ ᠡᠷᠦᠬᠡ ᠯᠢ ᠭᠦᠸᠧ ᠴᠢᠩ ᠶᠠᠭ ᠰᠠᠢᠬᠠᠨ ᠬᠦᠯᠡᠮᠵᠢ᠎ᠳᠡᠭᠡᠨ ᠲᠥᠪᠡᠳ ᠬᠠᠰᠢ ᠲᠡᠭᠦᠵᠦ᠍ ᠪᠠᠢᠪᠠ᠃ ᠡᠨᠡ ᠵᠢᠯ ᠲᠡᠷᠡ ᠨᠡᠢᠲᠡ 15 ᠲᠤᠮᠤ ᠬᠦᠯᠡᠮᠵᠢ᠎ᠶ᠋ᠢ ᠳᠠᠭᠠᠭᠠᠴᠢᠯᠠᠪᠠ᠂ ᠬᠡᠳᠦ᠋ᠢᠪᠡᠷ ᠰᠠᠶᠢ ᠡᠬᠢᠯᠡᠨ ᠬᠢᠵᠦ᠍ ᠲᠤᠷᠱᠢᠯᠭ᠎ᠠ ᠮᠡᠬᠦᠰ ᠪᠣᠯᠪᠠᠴᠤ᠌ ᠯᠢ ᠭᠦᠸᠧ ᠴᠢᠩ᠄ 《1 ᠬᠦᠯᠡᠮᠵᠢ᠎ᠠᠴᠠ 5 ᠲᠦᠮᠡᠨ ᠲᠥᠭᠦᠷᠢᠭ᠎ᠤᠨ ᠴᠡᠪᠡᠷ ᠣᠷᠣᠯᠭ᠎ᠠ ᠤᠯᠬᠤ ᠪᠤᠯᠤᠮᠵᠢ᠎ᠲᠠᠢ》 ᠭᠡᠵᠦ᠍ ᠢᠳᠡᠭᠡᠯ ᠲᠡᠭᠦᠯᠳᠡᠷ ᠶᠠᠷᠢᠨ᠎ᠠ᠃

ᠶᠠᠩ ᠵᠢᠶᠠ ᠶᠢᠩ ᠽᠢ ᠣᠳᠣᠬᠢᠴᠢᠯᠠᠭ᠍ᠰᠠᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ᠌ ᠬᠦᠷᠢᠶᠡᠯᠡᠩ᠎ᠨᠢ ᠣᠩᠨᠢᠭᠤᠳ ᠬᠤᠱᠢᠭᠤᠨ᠎ᠤ 《ᠨᠢᠭᠡ ᠲᠣᠭᠤᠷᠢᠯ ᠭᠤᠷᠪᠠᠨ ᠲᠣᠭᠤᠷᠢᠭ ᠲᠤᠯᠤᠭᠠᠨ ᠬᠦᠷᠢᠶᠡᠯᠡᠩ》 ᠎ᠤᠨ ᠬᠤᠲᠠ ᠲᠣᠭᠤᠷᠢᠭ᠍ᠰᠠᠨ ᠠᠵᠤ ᠦᠢᠯᠡᠰ᠎ᠤᠨ ᠪᠦᠰᠡ᠎ᠶ᠋ᠢᠨ ᠴᠢᠬᠤᠯᠠ ᠬᠡᠰᠡᠭ ᠪᠣᠯᠤᠭ᠍ᠰᠠᠨ᠎ᠤ ᠬᠤᠪᠢ᠎ᠳᠤ᠂ ᠪᠡᠭᠡᠵᠢᠩ ᠥᠪᠥᠷ ᠮᠣᠩᠭᠤᠯ᠎ᠤᠨ ᠶᠠᠳᠠᠭᠤ᠎ᠶ᠋ᠢ ᠲᠡᠳᠬᠦᠬᠦ᠌ ᠬᠠᠮᠵᠢᠯᠴᠠᠭ᠎ᠠ᠎ᠶ᠋ᠢᠨ ᠠᠵᠤ ᠦᠢᠯᠡᠰ᠎ᠤᠨ ᠬᠦᠷᠢᠶᠡᠯᠡᠩ ᠪᠣᠯᠬᠤ ᠪᠥᠭᠡᠳ ᠪᠠᠰᠠ ᠤᠨᠳᠤᠤ ᠭᠠᠵᠠᠷ᠎ᠲᠤ ᠨᠡᠭᠦᠯᠭᠡᠨ ᠶᠠᠳᠠᠭᠤ᠎ᠶ᠋ᠢ ᠲᠡᠳᠬᠦᠬᠦ᠌ ᠣᠯᠠᠨ ᠲᠦᠮᠡᠨ᠎ᠤ ᠵᠠᠯᠭᠠᠮᠵᠢ ᠠᠵᠤ ᠦᠢᠯᠡᠰ᠎ᠤᠨ ᠬᠥᠭ᠌ᠵᠢᠯᠲᠡ᠎ᠶ᠋ᠢᠨ ᠰᠠᠭᠤᠷᠢᠨ ᠪᠣᠯᠤᠨ᠎ᠠ᠃

ᠣᠢᠷ᠎ᠠ᠎ᠶ᠋ᠢᠨ ᠵᠢᠯ᠎ᠳᠤ᠂ ᠲᠣᠰ ᠬᠤᠱᠢᠭᠤ ᠦᠷᠭᠦᠯᠵᠢᠯᠡᠨ ᠬᠦᠴᠦᠨ᠎ᠢᠶᠠᠨ ᠲᠥᠪᠯᠡᠷᠡᠭᠦᠯᠦᠨ᠂ ᠬᠦᠷᠢᠶᠡᠯᠡᠩ᠎ᠳᠠᠬᠢ ᠪᠠᠯᠠ ᠣᠷᠣᠭᠤᠯᠤᠯᠲᠠ᠎ᠶ᠋ᠢᠨ ᠡᠷᠴᠢᠮ᠎ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠤᠨᠳᠤᠤ ᠭᠠᠵᠠᠷ᠎ᠲᠤ ᠨᠡᠭᠦᠯᠭᠡᠨ ᠶᠠᠳᠠᠭᠤ᠎ᠶ᠋ᠢ ᠲᠡᠳᠬᠦᠬᠦ᠌ ᠣᠯᠠᠨ ᠲᠦᠮᠡᠨ᠎ᠢ ᠬᠠᠪᠰᠤᠷᠤᠨ ᠡᠵᠡᠩᠨᠡᠯᠲᠡ᠎ᠳᠤ ᠱᠢᠭᠤᠳ ᠣᠷᠣᠯᠴᠠᠭᠤᠯᠬᠤ ᠪᠤᠶᠤ ᠲᠤᠬᠠᠶ᠎ᠶ᠋ᠢᠨ ᠭᠠᠵᠠᠷ᠎ᠲᠤᠨᠢ ᠠᠵᠢᠯ ᠬᠢᠯᠭᠡᠵᠦ᠍᠂ ᠨᠡᠭᠦᠭ᠌ᠰᠡᠨ ᠡᠷᠦᠬᠡ᠎ᠶ᠋ᠢ ᠨᠡᠭᠦᠵᠦ᠍ ᠳᠡᠢᠯᠬᠦ᠂ ᠲᠣᠭ᠍ᠲᠠᠪᠤᠷᠢᠵᠢᠵᠤ ᠳᠡᠢᠯᠬᠦ᠂ ᠠᠵᠢᠯ ᠣᠯᠵᠤ ᠳᠡᠢᠯᠬᠦ᠂ ᠪᠠᠶᠠᠵᠢᠵᠤ ᠳᠡᠢᠯᠬᠦ᠌ ᠪᠣᠯᠭᠠᠪᠠ᠃ 2020 ᠣᠨ᠎ᠳᠤ ᠬᠦᠷᠢᠶᠡᠯᠡᠩ᠎ᠳᠤ 607 ᠰᠠᠭᠤᠷᠢ ᠥᠨᠳᠥᠷ ᠪᠠᠷᠢᠮᠵᠢᠶᠠᠲᠤ ᠨᠡᠷᠡᠨ ᠭᠡᠷᠡᠯ᠎ᠤᠨ ᠬᠦᠯᠡᠮᠵᠢ ᠪᠠᠢᠭᠤᠯᠵᠤ᠂ ᠪᠦᠬᠦᠨ᠎ᠢ ᠠᠱᠢᠭ᠍ᠯᠠᠯᠲᠠ᠎ᠳᠤ ᠣᠷᠣᠭᠤᠯᠵᠡᠢ᠃

ᠯᠢ ᠭᠦᠸᠧ ᠴᠢᠩ᠎ᠲᠠᠢ ᠠᠳᠠᠯᠢ᠎ᠪᠠᠷ᠂ ᠣᠨᠳᠣᠣ ᠭᠠᠵᠠᠷ ᠨᠡᠭᠦᠯᠭᠡᠨ ᠶᠠᠳᠠᠭᠤ᠎ᠶ᠋ᠢ ᠲᠡᠳᠬᠦᠬᠦ᠌ ᠡᠷᠦᠬᠡ ᠺᠦᠩ ᠳ᠋ᠧ ᠷᠦ᠋ ᠴᠦ᠍ ᠤᠳᠤ᠎ᠶ᠋ᠢᠨ ᠠᠮᠢᠳᠤᠷᠠᠯ᠎ᠳᠠᠭᠠᠨ ᠮᠠᠰᠢ ᠰᠡᠳᠭᠢᠯ ᠬᠠᠨᠤᠮᠵᠢᠲᠠᠢ ᠪᠠᠢᠯ᠎ᠠ᠃ ᠲᠡᠷᠡ ᠣᠲᠣ ᠥᠪᠥᠷ ᠮᠣᠩᠭᠤᠯ᠎ᠤᠨ ᠮᠢᠩ ᠶᠠᠩ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠷᠠᠯᠵᠢᠶᠠᠨ᠎ᠤ ᠬᠢᠵᠠᠭᠠᠷᠲᠤ ᠺᠣᠮᠫᠠᠨᠢ᠎ᠶ᠋ᠢᠨ ᠣᠶᠣᠳᠠᠯ᠎ᠤᠨ ᠲᠠᠰᠤᠭ᠎ᠤᠨ ᠮᠡᠷᠭᠡᠵᠢᠯᠲᠡᠨ᠂ ᠰᠠᠷ᠎ᠠ ᠪᠦᠷᠢ 2500 ᠲᠥᠭᠦᠷᠢᠭ᠎ᠤᠨ ᠣᠷᠣᠯᠭ᠎ᠠ᠎ᠲᠠᠢ᠂ ᠬᠡᠷ᠎ᠤᠨ᠎ᠢᠶᠠᠨ ᠤᠢ᠍ᠢᠷᠠᠯᠴᠠᠭ᠎ᠠ ᠠᠵᠢᠯ ᠣᠯᠤᠭ᠍ᠰᠠᠨ᠎ᠠᠴᠠ ᠮᠦᠡᠭ᠌ᠭᠦ ᠤᠯᠬᠤ ᠪᠠ ᠬᠡᠷ᠎ᠤᠨ ᠠᠵᠢᠯ᠎ᠢᠶᠠᠨ ᠠᠯᠢ᠎ᠶ᠋ᠢ᠎ᠨᠢ ᠴᠤ᠌ ᠰᠠᠭᠠᠲᠠᠭᠠᠬᠤ ᠥᠬᠡᠶ᠃ ᠥᠪᠥᠷ ᠮᠣᠩᠭᠤᠯ᠎ᠤᠨ ᠮᠢᠩ ᠶᠠᠩ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠷᠠᠯᠵᠢᠶᠠᠨ᠎ᠤ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠶᠠᠩ ᠶᠢᠩ᠎ᠤᠨ ᠲᠠᠨᠢᠯᠴᠠᠭᠤᠯᠤᠭ᠍ᠰᠠᠨ᠎ᠢᠶᠠᠷ᠂ ᠣᠢᠷ᠎ᠠ᠎ᠶ᠋ᠢᠨ ᠵᠢᠯ᠎ᠳᠤ ᠺᠣᠮᠫᠠᠨᠢ᠎ᠨᠢ ᠶᠠᠳᠠᠭᠤ ᠬᠦᠴᠢᠷᠳᠡᠯᠲᠡᠶ ᠡᠷᠦᠬᠡ᠎ᠳᠤ ᠰᠦᠶᠳᠭᠡᠯ ᠬᠤᠷᠢᠶᠠᠬᠤ ᠥᠬᠡᠶ᠎ᠪᠠᠷ ᠦᠷ᠎ᠡ ᠲᠠᠷᠬᠠᠭᠠᠬᠤ᠎ᠶ᠋ᠢᠨ ᠬᠠᠮᠲᠤ ᠮᠡᠷᠭᠡᠵᠢᠯ᠎ᠤᠨ ᠳᠡᠮᠵᠢᠯᠭᠡ ᠬᠠᠩᠭᠠᠵᠤ᠂ ᠶᠠᠳᠠᠭᠤ ᠬᠦᠴᠢᠷᠳᠡᠯᠲᠡᠶ ᠡᠷᠦᠬᠡ᠎ᠶ᠋ᠢ ᠭᠠᠷ ᠤᠷᠠᠯᠠᠯ᠎ᠤᠨ ᠪᠦᠲᠦᠭᠡᠭ᠌ᠳᠡᠬᠦᠨ ᠦᠢᠯᠡᠳᠬᠦ᠌᠎ᠳᠤ ᠣᠷᠣᠯᠴᠠᠭᠤᠯᠬᠤ᠂ ᠠᠵᠢᠯ᠎ᠤᠨ ᠪᠠᠢᠷᠢ ᠬᠠᠩᠭᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠤᠨᠳᠤᠤ ᠭᠠᠵᠠᠷ ᠨᠡᠭᠦᠯᠭᠡᠨ ᠶᠠᠳᠠᠭᠤ᠎ᠶ᠋ᠢ ᠲᠡᠳᠬᠦᠬᠦ᠌ ᠣᠯᠠᠨ ᠲᠦᠮᠡᠨ᠎ᠤ ᠠᠮᠤᠷ ᠲᠠᠢᠪᠤᠩ ᠠᠵᠤ ᠲᠦᠷᠦᠭᠦ᠎ᠶ᠋ᠢ ᠬᠠᠪᠰᠤᠷᠤᠨ ᠲᠡᠳᠬᠦᠪᠡ᠃ ᠣᠳᠣᠬᠠᠨ᠎ᠳᠤ᠂ ᠲᠤᠰ ᠺᠣᠮᠫᠠᠨᠢ ᠨᠢᠭᠡᠨᠲᠡ 1900 ᠭᠠᠷᠤᠶ ᠡᠷᠦᠬᠡ ᠣᠯᠠᠨ ᠲᠦᠮᠡᠨ᠎ᠢ ᠳᠠᠢᠴᠢᠯᠠᠨ ᠰᠠᠭᠠᠭ᠎ᠤᠨ ᠠᠵᠤ ᠦᠢᠯᠡᠰ᠎ᠤᠨ ᠬᠡᠯᠬᠢᠶ᠎ᠡ᠎ᠳᠤ ᠤᠷᠤᠯᠴᠠᠭᠤᠯᠤᠨ ᠣᠷᠣᠯᠭ᠎ᠠ᠎ᠶ᠋ᠢ᠎ᠨᠢ ᠨᠡᠮᠡᠭ᠌ᠳᠡᠭᠦᠯᠵᠡᠢ᠃

ᠣᠩᠨᠢᠭᠤᠳ ᠬᠤᠱᠢᠭᠤ ᠠᠷᠠᠳ ᠲᠦᠮᠡᠨ᠎ᠢᠶᠠᠷ ᠭᠤᠣᠯ ᠪᠣᠯᠭᠠᠬᠤ᠎ᠶ᠋ᠢ ᠢᠮᠠᠭ᠍ᠲᠠ ᠦᠢᠯᠡᠳᠦᠯᠭᠡᠵᠢᠭᠦᠯᠵᠦ᠍᠂ ᠠᠷᠠᠳ ᠤᠯᠠᠨ᠎ᠤ ᠵᠢᠷᠭᠠᠯᠳᠤ ᠳᠦᠷᠦᠭ᠌ᠳᠡᠯ᠎ᠢ ᠨᠡᠮᠡᠭ᠌ᠳᠡᠭᠦᠯᠦᠨ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠂ ᠣᠨᠳᠣᠣ ᠭᠠᠵᠠᠷ᠎ᠲᠤ ᠨᠡᠭᠦᠯᠭᠡᠨ ᠶᠠᠳᠠᠭᠤ᠎ᠶ᠋ᠢ ᠲᠡᠳᠬᠦᠬᠦ᠂ ᠱᠢᠨ᠎ᠡ ᠬᠡᠯᠪᠡᠷᠢ᠎ᠶ᠋ᠢᠨ ᠬᠤᠳᠠ ᠪᠠᠯᠭᠠᠰᠤᠵᠢᠯᠳᠠ᠂ ᠬᠤᠳᠠ᠎ᠶ᠋ᠢᠨ ᠲᠥᠯᠥᠪᠵᠢᠭᠦᠯᠭᠡ ᠪᠦᠳᠦᠭᠡᠨ ᠪᠠᠢᠭᠤᠯᠤᠯᠲᠠ ᠵᠡᠷᠭᠡ ᠠᠵᠢᠯ᠎ᠢ ᠠᠬᠢᠭᠤᠯᠬᠤ᠎ᠲᠠᠢ ᠤᠶᠠᠯᠳᠤᠭᠤᠯᠵᠤ᠂ ᠭᠡᠷ ᠭᠠᠵᠠᠷ᠎ᠤᠨ ᠬᠦᠷᠦᠩᠭᠡ᠂ ᠵᠡᠭᠡᠯᠢ ᠭᠤᠳᠤᠮᠵᠢ᠂ ᠴᠡᠴᠡᠷᠯᠢᠭ᠂ ᠠᠭᠤᠳᠠᠮ ᠲᠠᠯᠠᠪᠠᠢ ᠵᠡᠷᠭᠡ ᠰᠠᠭᠤᠷᠢ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠡᠷᠴᠢᠮ ᠪᠣᠯᠤᠨ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ᠂ ᠠᠵᠢᠯ ᠣᠯᠭᠤᠯᠲᠠ ᠵᠡᠷᠭᠡ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠬᠠᠩᠭᠠᠯᠭ᠎ᠠ᠎ᠶ᠋ᠢᠨ ᠡᠷᠴᠢᠮ᠎ᠢᠶᠠᠨ ᠴᠢᠩᠭᠠᠷᠠᠭᠤᠯᠵᠤ᠂ 25 ᠲᠦᠮᠡᠨ ᠬᠥᠮᠦᠨ ᠠᠮᠠ᠎ᠲᠠᠢ ᠪᠣᠷᠣᠬᠤᠲᠠ᠎ᠶ᠋ᠢᠨ ᠰᠣᠶᠣᠯ ᠵᠢᠭᠤᠯᠴᠢᠯᠠᠯ᠎ᠤᠨ ᠬᠤᠳᠠ᠎ᠶ᠋ᠢ ᠪᠠᠢᠭᠤᠯᠬᠤ᠎ᠳᠤ ᠲᠤᠯᠭᠠᠭᠤᠷᠢᠯᠠᠯ ᠬᠠᠩᠭᠠᠵᠠᠢ᠃

ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠵᠤ ᠱᠢᠨ᠎ᠡ ᠠᠶᠠᠨ᠎ᠳᠠᠭᠠᠨ ᠲᠠᠬᠢᠨ ᠮᠣᠷᠳᠠᠨ᠎ᠠ᠃ ᠣᠩᠨᠢᠭᠤᠳ ᠬᠤᠱᠢᠭᠤᠨ᠎ᠤ ᠠᠵᠤ ᠦᠢᠯᠡᠰ ᠪᠠ ᠬᠤᠳᠠ᠎ᠶ᠋ᠢ ᠠᠭᠤᠰᠤᠯᠴᠠᠭᠤᠯᠬᠤ ᠠᠯᠬᠤᠭ᠎ᠠ ᠢᠳᠡ ᠬᠦᠴᠦᠲᠡᠢ ᠶᠠᠪᠤᠭ᠍ᠳᠠᠵᠤ᠂ ᠠᠵᠤ ᠦᠢᠯᠡᠰ ᠨᠡᠩ ᠬᠦᠴᠦᠷᠬᠡᠭ᠂ ᠬᠤᠳᠠ ᠬᠥᠳᠡᠭᠡ ᠨᠡᠩ ᠦᠵᠡᠰᠭᠦᠯᠡᠩᠲᠦ ᠰᠠᠢᠬᠠᠨ᠂ ᠠᠷᠠᠳ ᠢᠷᠭᠡᠳ ᠨᠡᠩ ᠪᠠᠶᠠᠨ ᠴᠢᠨᠡᠭᠡᠯᠢᠭ ᠴᠠᠭ ᠦᠶ᠎ᠡ᠎ᠶ᠋ᠢᠨ ᠱᠢᠨ᠎ᠡ ᠬᠤᠳᠠ ᠬᠡᠷᠡᠯ ᠭᠢᠯᠪᠠᠭ᠎ᠠ᠎ᠪᠠᠨ ᠰᠠᠴᠤᠷᠠᠭᠤᠯᠤᠭ᠍ᠰᠠᠭᠠᠷ ᠠᠢᠰᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号