ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠬᠤᠬᠢᠷᠠᠭᠤᠯᠤᠭ᠍ᠰᠠᠨ ᠠᠰᠠᠭᠤᠳᠠᠯ᠎ᠤᠨ 6 ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠵᠠᠷᠯᠠᠨ ᠨᠡᠢᠲᠡᠯᠡᠪᠡ
2021-05-18 09:02:53
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠠᠰᠠᠭᠤᠳᠠᠯ᠎ᠢ ᠴᠢᠩᠭ᠎ᠠ ᠠᠳᠭᠤᠵᠤ ᠣᠭ᠍ᠳᠣ ᠰᠤᠯᠠᠷᠠᠭᠤᠯᠬᠤ ᠥᠬᠡᠶ᠎ᠪᠠᠷ ᠴᠢᠩᠭ᠎ᠠ ᠳᠣᠬᠢᠶ᠎ᠠ ᠥᠭ᠌ᠬᠦ᠎ᠶ᠋ᠢᠨ ᠲᠥᠯᠥᠭᠡ᠂ ᠦᠪᠡᠷᠲᠡᠭᠡᠨ ᠵᠠᠰᠭᠠᠤ ᠤᠷᠤᠨ᠎ᠤ ᠰᠠᠬᠢᠯᠭ᠎ᠠ ᠪᠠᠲᠦ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠦᠪᠯᠡᠯ ᠪᠥᠬᠦ᠌ ᠣᠷᠣᠨ᠎ᠤ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠶ᠋ᠢᠨ ᠪᠠᠢᠴᠠᠭᠠᠨ ᠱᠢᠶᠳᠪᠦᠷᠢᠯᠡᠭ᠌ᠰᠡᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠬᠤᠬᠢᠷᠠᠭᠤᠯᠤᠭ᠍ᠰᠠᠨ ᠠᠰᠠᠭᠤᠳᠠᠯ᠎ᠤᠨ 6 ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠵᠠᠷᠯᠠᠨ ᠨᠡᠢᠲᠡᠯᠡᠪᠡ᠃

ᠨᠢᠭᠡ᠂ ᠦᠪᠡᠷᠲᠡᠭᠡᠨ ᠵᠠᠰᠭᠠᠤ ᠤᠷᠤᠨ᠎ᠤ ᠬᠤᠤᠷ ᠳᠠᠢᠯᠤᠭᠤᠯᠬᠤ ᠬᠠᠮᠢᠶᠠᠷᠤᠯᠲᠠ᠎ᠶ᠋ᠢᠨ ᠲᠤᠪᠴᠢᠶ᠎ᠠ᠎ᠶ᠋ᠢᠨ ᠤᠤᠯ᠎ᠤᠨ ᠨᠠᠮ᠎ᠤᠨ ᠬᠤᠷᠢᠶᠠᠨ᠎ᠤ ᠲᠡᠳ᠋ ᠱᠦᠵᠢ᠂ ᠲᠤᠪᠴᠢᠶᠠᠨ ᠲᠠᠷᠤᠭ᠎ᠠ ᠳ᠋ᠤᠸᠠᠨ ᠾᠧ ᠫᠢᠩ᠎ᠤᠨ ᠲᠤᠬ᠍ᠲᠠᠭᠠᠯ᠎ᠠᠴᠠ ᠵᠦᠷᠢᠴᠡᠨ ᠬᠠᠤᠯᠢ ᠴᠠᠭᠠᠵᠠ᠎ᠶ᠋ᠢᠨ ᠱᠢᠰᠲ᠋ᠧᠮ᠎ᠤᠨ ᠪᠠᠷᠢᠯᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠦᠷᠦᠯ ᠵᠦᠢᠯ᠎ᠳᠤ ᠭᠠᠷ ᠲᠦᠷᠦᠵᠦ᠍᠂ ᠪᠤᠰᠤᠳ᠎ᠤᠨ ᠵᠤᠭᠤᠰ ᠮᠦᠩᠬᠦ᠌ ᠡᠳ᠋ ᠪᠤᠲᠠᠰ᠎ᠢ ᠬᠤᠷᠢᠶᠠᠨ ᠠᠪᠤᠬ᠍ᠰᠠᠨ ᠠᠰᠠᠭᠤᠲᠠᠯ᠃ 1999 ᠣᠨ᠎ᠠᠴᠠ 2018 ᠤᠨ ᠪᠣᠯᠲᠠᠯ᠎ᠠ᠂ ᠳ᠋ᠤᠸᠠᠨ ᠾᠧ ᠫᠢᠩ ᠲᠡᠮᠡᠬᠡᠵᠢ ᠬᠥᠳᠡᠯᠮᠦᠷᠢ᠎ᠪᠠᠷ ᠵᠠᠰᠠᠨ ᠬᠥᠮᠦᠵᠢᠭᠦᠯᠬᠦ᠌ ᠭᠠᠵᠠᠷ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠪᠠᠷ ᠵᠠᠰᠠᠨ ᠬᠥᠮᠦᠵᠢᠭᠦᠯᠬᠦ᠌ ᠲᠣᠪᠴᠢᠶᠠᠨ᠎ᠤ ᠺᠣᠮᠢᠰᠰᠠᠷ᠂ ᠲᠣᠪᠴᠢᠶᠠᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠬᠤᠣᠷ ᠳᠠᠢᠯᠤᠭᠤᠯᠬᠤ ᠲᠣᠪᠴᠢᠶᠠᠨ᠎ᠤ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍ ᠪᠠᠢᠭ᠍ᠰᠠᠨ ᠲᠤᠱᠢᠶᠠᠯ᠎ᠤᠨ᠎ᠢᠶᠠᠨ ᠲᠦᠬᠦᠮ ᠪᠠ ᠲᠤᠱᠢᠶᠠᠯ᠎ᠤᠨ᠎ᠢᠶᠠᠨ ᠨᠥᠯᠥᠭᠡᠯᠡᠬᠦ᠌ ᠬᠦᠴᠦᠨ᠎ᠢᠶᠠᠨ ᠠᠱᠢᠬ᠍ᠯᠠᠨ᠂ ᠲᠣᠭ᠍ᠲᠠᠭᠠᠯ᠎ᠠᠴᠠ ᠵᠥᠷᠢᠴᠡᠨ ᠪᠤᠰᠤᠳ᠎ᠢ ᠬᠠᠪᠰᠤᠷᠤᠨ ᠬᠥᠳᠡᠯᠮᠦᠷᠢ᠎ᠪᠠᠷ ᠵᠠᠰᠠᠨ ᠬᠥᠮᠦᠵᠢᠭᠦᠯᠬᠦ᠂ ᠬᠤᠣᠷ ᠳᠠᠢᠯᠤᠭᠤᠯᠬᠤ᠂ ᠭᠢᠨᠳᠠᠨ᠎ᠤ ᠪᠠᠷᠢᠯᠭ᠎ᠠ᠎ᠶ᠋ᠢᠨ ᠲᠦᠷᠦᠯ ᠵᠦᠢᠯ᠎ᠢ ᠳᠠᠭᠠᠭᠠᠯᠭᠠᠵᠤ᠂ ᠳᠤᠮᠳᠠ᠎ᠠᠴᠠ᠎ᠨᠢ ᠪᠠᠷᠢᠯᠭ᠎ᠠ᠎ᠶ᠋ᠢᠨ ᠲᠠᠯ᠎ᠠ᠎ᠶ᠋ᠢᠨ ᠯᠤᠲᠤ ᠶᠡᠭᠡ ᠬᠡᠮᠵᠢᠶᠡᠨ᠎ᠤ ᠲᠠᠯᠠᠷᠬᠠᠯ᠎ᠤᠨ ᠮᠥᠩᠭᠦ᠌ ᠬᠤᠷᠢᠶᠠᠵᠤ᠂ ᠪᠠᠷᠢᠯᠭ᠎ᠠ᠎ᠶ᠋ᠢᠨ ᠬᠦᠷᠢᠶᠡᠨ᠎ᠳᠠᠬᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠌ ᠡᠮᠬᠢ ᠵᠢᠷᠣᠮ᠎ᠢ ᠬᠦᠨᠳᠦ ᠨᠣᠴᠢᠲᠠᠢ ᠡᠪᠳᠡᠪᠡ᠃ 2021 ᠣᠨ᠎ᠤ 4 ᠰᠠᠷ᠎ᠠ᠎ᠳᠤ ᠳ᠋ᠤᠸᠠᠨ ᠾᠧ ᠫᠢᠩ᠎ᠳᠤ ᠨᠠᠮ᠎ᠠᠴᠠ ᠬᠥᠭᠡᠭᠡᠬᠦ᠌ ᠱᠢᠢᠳᠭᠡᠯ ᠦᠭ᠌ᠭᠦᠭ᠌ᠰᠡᠨ ᠪᠥᠭᠡᠳ ᠲᠡᠭᠦᠨ᠎ᠤ ᠠᠵᠢᠯ᠎ᠠᠴᠠ᠎ᠪᠠᠨ ᠠᠮᠠᠷᠠᠭ᠍ᠰᠠᠨ ᠬᠠᠷᠠᠭᠠᠯᠵᠠᠯ᠎ᠢ ᠬᠦᠴᠦᠨ ᠥᠬᠡᠶ ᠪᠣᠯᠭᠠᠵᠤ᠂ ᠲᠡᠭᠦᠨ᠎ᠤ ᠶᠠᠯ᠎ᠠ ᠬᠢᠭ᠌ᠰᠡᠨ᠎ᠢᠶᠠᠷ ᠰᠡᠵᠢᠭ᠌ᠯᠡᠭ᠌ᠲᠡᠭ᠌ᠰᠡᠨ ᠠᠰᠠᠭᠤᠳᠠᠯ᠎ᠢ ᠨᠢᠭᠡᠨᠲᠡ ᠬᠠᠤᠯᠢ ᠪᠠᠷᠢᠬᠤ ᠪᠠᠢᠭᠤᠯᠭ᠎ᠠ᠎ᠳᠤ ᠱᠢᠯᠵᠢᠭᠦᠯᠦᠨ ᠬᠦᠷᠭᠡᠵᠦ᠍ ᠱᠢᠢᠳᠪᠦᠷᠢᠯᠡᠭᠦᠯᠪᠡ᠃

ᠬᠤᠶᠠᠷ᠂ ᠥᠪᠥᠷ ᠮᠣᠩᠭᠤᠯ᠎ᠤᠨ ᠺᠢᠨᠣ᠋᠎ᠶ᠋ᠢᠨ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠤᠤᠯ᠎ᠤᠨ ᠨᠠᠮ᠎ᠤᠨ ᠬᠤᠷᠢᠶᠠᠨ᠎ᠤ ᠱᠦᠵᠢ᠂ ᠬᠡᠷᠡᠭ ᠮᠡᠳᠡᠭ᠌ᠴᠢᠳ᠎ᠤᠨ ᠳᠠᠷᠤᠭ᠎ᠠ ᠯᠢ ᠹᠧᠩ᠎ᠤᠨ ᠲᠣᠭ᠍ᠲᠠᠭᠠᠯ᠎ᠠᠴᠠ ᠵᠥᠷᠢᠴᠡᠨ ᠺᠢᠨᠣ᠋ ᠲᠧᠯᠸᠢᠰ᠎ᠤᠨ ᠵᠠᠭᠤᠴᠢᠯᠠᠭᠤᠷ᠎ᠤᠨ ᠪᠦᠲᠦᠭᠡᠯ᠎ᠤᠨ ᠲᠥᠷᠥᠯ ᠵᠦᠶᠯ᠎ᠤᠨ ᠪᠠᠯᠠ ᠣᠷᠣᠭᠤᠯᠤᠯᠲᠠ᠎ᠳᠤ ᠭᠠᠷ ᠲᠦᠷᠦᠵᠦ᠍᠂ ᠪᠤᠰᠤᠳ᠎ᠤᠨ ᠵᠣᠭᠤᠰ ᠮᠥᠩᠭᠦ᠌ ᠡᠳ᠋ ᠪᠣᠳᠠᠰ᠎ᠢ ᠬᠤᠷᠢᠶᠠᠨ ᠠᠪᠤᠬ᠍ᠰᠠᠨ ᠠᠰᠠᠭᠤᠳᠠᠯ᠃ 2014 ᠣᠨ᠎ᠠᠴᠠ 2017 ᠤᠨ ᠪᠣᠯᠲᠠᠯ᠎ᠠ᠂ ᠯᠢ ᠹᠧᠩ ᠥᠪᠥᠷ ᠮᠣᠩᠭᠤᠯ᠎ᠤᠨ ᠺᠢᠨᠣ᠋᠎ᠶ᠋ᠢᠨ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠤᠷᠢᠶᠠᠨ᠎ᠤ ᠱᠦᠵᠢ᠂ ᠬᠡᠷᠡᠭ ᠮᠡᠳᠡᠭ᠌ᠴᠢᠳ᠎ᠤᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍ ᠪᠠᠢᠭ᠎ᠠ ᠲᠥᠬᠦᠮ ᠨᠥᠬᠦᠴᠡᠯ᠎ᠢᠶᠠᠨ ᠠᠱᠢᠬ᠍ᠯᠠᠨ᠂ ᠺᠢᠨᠣ᠋ ᠲᠧᠯᠸᠢᠰ᠎ᠤᠨ ᠵᠠᠭᠤᠴᠢᠯᠠᠭᠤᠷ᠎ᠤᠨ ᠪᠦᠲᠦᠭᠡᠯ᠎ᠤᠨ ᠲᠥᠷᠥᠯ ᠵᠦᠶᠯ᠎ᠳᠤ ᠪᠠᠯᠠ ᠣᠷᠣᠭᠤᠯᠬᠤ ᠵᠢᠴᠢ ᠺᠢᠨᠣ᠋ ᠲᠢᠶᠠᠲᠷ ᠬᠤᠳᠠᠯᠳᠤᠨ ᠠᠪᠬᠤ ᠵᠡᠷᠭᠡ ᠲᠠᠯ᠎ᠠ᠎ᠪᠠᠷ ᠲᠣᠭ᠍ᠲᠠᠭᠠᠯ᠎ᠠᠴᠠ ᠵᠥᠷᠢᠴᠡᠨ ᠪᠤᠰᠤᠳ᠎ᠲᠤ ᠠᠱᠢᠭ ᠲᠤᠰᠠ ᠣᠯᠭᠤᠵᠤ᠂ ᠪᠤᠰᠤᠳ᠎ᠤᠨ ᠵᠣᠭᠤᠰ ᠮᠥᠩᠭᠦ᠌ ᠡᠳ᠋ ᠪᠣᠳᠠᠰ᠎ᠢ ᠬᠤᠷᠢᠶᠠᠨ ᠠᠪᠴᠤ᠌᠂ ᠺᠢᠨᠣ᠋ ᠲᠧᠯᠸᠢᠰ᠎ᠤᠨ ᠵᠠᠭᠤᠴᠢᠯᠠᠭᠤᠷ᠎ᠤᠨ ᠠᠵᠢᠯ ᠲᠥᠷᠥᠯ᠎ᠤᠨ ᠬᠡᠪ᠎ᠤᠨ ᠥᠷᠢᠰᠥᠯᠳᠦᠭᠡᠨ᠎ᠤ ᠡᠮᠬᠢ ᠵᠢᠷᠤᠮ᠎ᠢ ᠡᠪᠳᠡᠭ᠌ᠰᠡᠨ ᠪᠠᠢᠨ᠎ᠠ᠃ 2021 ᠣᠨ᠎ᠤ 4 ᠰᠠᠷ᠎ᠠ᠎ᠳᠤ ᠯᠢ ᠹᠧᠩ᠎ᠳᠤ ᠨᠠᠮ᠎ᠠᠴᠠ ᠬᠥᠭᠡᠭᠡᠬᠦ᠌ ᠱᠢᠢᠳᠭᠡᠯ ᠦᠭ᠌ᠴᠦ᠂ ᠲᠡᠭᠦᠨ᠎ᠤ ᠭᠥᠷᠳᠡᠬᠦ᠌ ᠬᠠᠷᠠᠭᠠᠯᠵᠠᠯ᠎ᠳᠤ ᠲᠣᠬᠢᠷᠠᠭᠤᠯᠤᠯᠲᠠ ᠬᠢᠵᠦ᠍ (ᠬᠦᠴᠦᠨ ᠥᠬᠡᠶ ᠪᠣᠯᠭᠠᠵᠦ᠍)᠂ ᠲᠡᠭᠦᠨ᠎ᠤ ᠶᠠᠯ᠎ᠠ ᠬᠢᠭ᠌ᠰᠡᠨ᠎ᠢᠶᠠᠷ ᠰᠡᠵᠢᠭ᠌ᠯᠡᠭ᠌ᠲᠡᠭ᠌ᠰᠡᠨ ᠠᠰᠠᠭᠤᠳᠠᠯ᠎ᠢ ᠨᠢᠭᠡᠨᠲᠡ ᠬᠠᠤᠯᠢ ᠪᠠᠷᠢᠬᠤ ᠪᠠᠢᠭᠤᠯᠭ᠎ᠠ᠎ᠳᠤ ᠱᠢᠯᠵᠢᠭᠦᠯᠦᠨ ᠬᠦᠷᠭᠡᠵᠦ᠍ ᠱᠢᠢᠳᠪᠦᠷᠢᠯᠡᠭᠦᠯᠪᠡ᠃

ᠭᠤᠷᠪᠠ᠂ ᠪᠤᠭᠤᠲᠦ ᠬᠤᠲᠠ᠎ᠶ᠋ᠢᠨ ᠠᠷᠠᠳ᠎ᠤᠨ ᠠᠭᠠᠷ᠎ᠤᠨ ᠰᠡᠷᠬᠡᠢᠯᠡᠯᠲᠡ᠎ᠶ᠋ᠢᠨ ᠠᠯᠪᠠᠨ ᠬᠡᠷ᠎ᠤᠨ ᠤᠤᠯ᠎ᠤᠨ ᠪᠠᠢᠴᠠᠭᠠᠨ ᠰᠤᠳᠤᠯᠤᠬ᠍ᠴᠢ ᠵᠠᠩ ᠲᠢᠶᠧ ᠶᠢᠩ᠎ᠤᠨ ᠲᠤᠬ᠍ᠲᠠᠭᠠᠯ᠎ᠠᠴᠠ ᠵᠦᠷᠢᠴᠡᠨ ᠠᠭᠠᠷ᠎ᠤᠨ ᠰᠡᠷᠬᠡᠢᠯᠡᠯᠲᠡ᠎ᠶ᠋ᠢᠨ ᠡᠳ᠋ ᠬᠦᠷᠦᠩᠭᠡ᠎ᠶ᠋ᠢ ᠲᠦᠷᠢᠶᠡᠰᠦᠯᠡᠭᠦᠯᠬᠦ᠌᠎ᠳᠤ ᠭᠠᠷ ᠲᠦᠷᠦᠭ᠌ᠰᠡᠨ᠂ ᠬᠠᠮᠢᠶᠠᠷᠴᠣ ᠪᠠᠢᠭ᠎ᠠ ᠵᠢᠴᠢ ᠦᠢᠯᠡᠴᠢᠯᠡᠭᠦ᠌ ᠡᠲᠡᠭᠡᠳ᠎ᠤᠨ᠎ᠢᠶᠠᠨ ᠵᠤᠭᠤᠰ ᠮᠦᠩᠬᠦ᠌ ᠡᠳ᠋ ᠪᠤᠲᠠᠰ᠎ᠢ ᠬᠦᠯᠢᠶᠡᠨ ᠠᠪᠤᠬ᠍ᠰᠠᠨ ᠠᠰᠠᠭᠤᠲᠠᠯ᠃ 1998 ᠣᠨ᠎ᠠᠴᠠ 2012 ᠤᠨ ᠪᠣᠯᠲᠠᠯ᠎ᠠ᠂ ᠵᠠᠩ ᠲᠢᠶᠧ ᠶᠢᠩ ᠬᠤᠲᠠ᠎ᠶ᠋ᠢᠨ ᠲᠡᠭᠡᠭᠡᠪᠦᠷᠢ᠎ᠶ᠋ᠢᠨ ᠬᠠᠮᠢᠶᠠᠷᠤᠯᠲᠠ᠎ᠶ᠋ᠢᠨ ᠭᠠᠵᠠᠷ᠎ᠤᠨ ᠳᠠᠷᠤᠭ᠎ᠠ᠂ ᠬᠤᠲᠠ᠎ᠶ᠋ᠢᠨ ᠠᠷᠠᠳ᠎ᠤᠨ ᠠᠭᠠᠷ᠎ᠤᠨ ᠰᠡᠷᠭᠡᠢᠯᠡᠯᠲᠡ᠎ᠶ᠋ᠢᠨ ᠠᠯᠪᠠᠨ ᠭᠡᠷ᠎ᠤᠨ ᠪᠠᠢᠴᠠᠭᠠᠨ ᠰᠤᠳᠤᠯᠤᠭ᠍ᠴᠢ᠎ᠶ᠋ᠢᠨ ᠲᠤᠱᠢᠶᠠᠯ᠎ᠤᠨ᠎ᠢᠶᠠᠨ ᠳᠦᠭᠦᠮ᠎ᠢᠶᠠᠨ ᠠᠱᠢᠬ᠍ᠯᠠᠨ᠂ ᠪᠤᠰᠤᠳ ᠬᠥᠮᠦᠨ᠎ᠳᠤ ᠠᠷᠠᠳ᠎ᠤᠨ ᠠᠭᠠᠷ᠎ᠤᠨ ᠰᠡᠷᠭᠡᠢᠯᠡᠯᠲᠡ᠎ᠶ᠋ᠢᠨ ᠡᠳ᠋ ᠬᠦᠷᠦᠩᠭᠡ᠎ᠶ᠋ᠢ ᠲᠦᠷᠢᠶᠡᠰᠦᠯᠡᠭᠦᠯᠬᠦ᠂ ᠪᠠᠷᠢᠯᠭ᠎ᠠ᠎ᠶ᠋ᠢ ᠳᠠᠭᠠᠭᠠᠴᠢᠯᠠᠭᠤᠯᠬᠤ ᠵᠡᠷᠭᠡ ᠲᠠᠯ᠎ᠠ᠎ᠪᠠᠷ ᠠᠱᠢᠭ ᠲᠤᠰᠠ ᠣᠯᠭᠤᠵᠤ᠂ ᠬᠠᠮᠢᠶᠠᠷᠴᠣ ᠪᠠᠢᠭ᠎ᠠ ᠵᠢᠴᠢ ᠦᠢᠯᠡᠴᠢᠯᠡᠬᠦ᠌ ᠡᠲᠡᠭᠡᠳ᠎ᠤᠨ ᠵᠤᠭᠤᠰ ᠮᠦᠩᠬᠦ᠌ ᠡᠳ᠋ ᠪᠣᠳᠠᠰ᠎ᠢ ᠬᠦᠯᠢᠶᠡᠨ ᠠᠪᠴᠤ᠌᠂ ᠵᠠᠬ᠎ᠠ ᠳᠡᠯᠭᠡᠭᠦᠷ᠎ᠤᠨ ᠡᠷᠬᠡ ᠲᠡᠭ᠌ᠰᠢ᠎ᠪᠠᠷ ᠦᠷᠢᠰᠦᠯᠳᠦᠬᠦ᠌ ᠡᠮᠬᠢ ᠵᠢᠷᠣᠮ᠎ᠢ ᠡᠪᠳᠡᠪᠡ᠃ ᠡᠭᠦᠨ᠎ᠤ ᠬᠠᠮᠲᠤ ᠪᠠᠰᠠ ᠬᠠᠤᠯᠢ ᠰᠠᠬᠢᠯᠭ᠎ᠠ᠎ᠠᠴᠠ ᠵᠥᠷᠢᠴᠡᠭ᠌ᠰᠡᠨ ᠪᠤᠰᠤᠳ ᠠᠰᠠᠭᠤᠳᠠᠯ ᠣᠷᠣᠱᠢᠵᠤ ᠪᠠᠢᠨ᠎ᠠ᠃ 2021 ᠣᠨ᠎ᠤ 2 ᠰᠠᠷ᠎ᠠ᠎ᠳᠤ ᠵᠠᠩ ᠲᠢᠶᠧ ᠶᠢᠩ᠎ᠳᠤ ᠨᠠᠮ᠎ᠠᠴᠠ ᠬᠥᠭᠡᠭᠡᠬᠦ᠌ ᠱᠢᠢᠳᠭᠡᠯ ᠦᠭ᠌ᠭᠦᠭ᠌ᠰᠡᠨ ᠪᠥᠭᠡᠳ ᠠᠵᠢᠯ᠎ᠠᠴᠠ᠎ᠪᠠᠨ ᠠᠮᠠᠷᠠᠭ᠍ᠰᠠᠨ ᠬᠠᠷᠠᠭᠠᠯᠵᠠᠯ᠎ᠢ᠎ᠨᠢ ᠬᠦᠴᠦᠨ ᠥᠬᠡᠶ ᠪᠣᠯᠭᠠᠵᠤ᠂ ᠲᠡᠭᠦᠨ᠎ᠤ ᠶᠠᠯ᠎ᠠ ᠬᠢᠭ᠌ᠰᠡᠨ᠎ᠢᠶᠠᠷ ᠰᠡᠵᠢᠭ᠌ᠯᠡᠭ᠌ᠲᠡᠭ᠌ᠰᠡᠨ ᠠᠰᠠᠭᠤᠳᠠᠯ᠎ᠢ ᠨᠢᠭᠡᠨᠲᠡ ᠬᠠᠤᠯᠢ ᠪᠠᠷᠢᠬᠤ ᠪᠠᠢᠭᠤᠯᠭ᠎ᠠ᠎ᠳᠤ ᠱᠢᠯᠵᠢᠭᠦᠯᠦᠨ ᠬᠦᠷᠭᠡᠵᠦ᠍ ᠱᠢᠢᠳᠪᠦᠷᠢᠯᠡᠭᠦᠯᠪᠡ᠃

ᠳᠥᠷᠪᠡ᠂ ᠤᠯᠠᠭᠠᠨᠴᠠᠪ ᠬᠤᠲᠠ᠎ᠶ᠋ᠢᠨ ᠵᠦᠸᠧᠽᠢ ᠱᠢᠶᠠᠨ᠎ᠤ ᠵᠠᠰᠠᠭ᠎ᠤᠨ ᠣᠷᠳᠣᠨ᠎ᠤ ᠤᠤᠯ᠎ᠤᠨ ᠳᠡᠳ᠋ ᠳᠠᠷᠤᠭ᠎ᠠ ᠳ᠋ᠤᠸᠠᠨ ᠱᠢᠶᠦ᠋ᠩ ᠲᠤᠤ᠎ᠶ᠋ᠢᠨ ᠡᠷᠬᠡ ᠲᠤᠱᠢᠶᠠᠯ᠎ᠢᠶᠠᠨ ᠳᠤᠷ᠎ᠠ᠎ᠪᠠᠷ᠎ᠢᠶᠠᠨ ᠬᠡᠷᠡᠭ᠌ᠯᠡᠵᠦ᠍᠂ ᠲᠣᠭ᠍ᠲᠠᠭᠠᠯ᠎ᠠᠴᠠ ᠵᠥᠷᠢᠴᠡᠨ ᠠᠱᠢᠭ ᠬᠤᠨᠵᠢᠭ᠍ᠰᠠᠨ ᠠᠰᠠᠭᠤᠳᠠᠯ᠃ 2008 ᠣᠨ᠎ᠠᠴᠠ 2020 ᠤᠨ ᠪᠣᠯᠲᠠᠯᠠᠬᠢ ᠬᠤᠭᠤᠴᠠᠭᠠᠨ᠎ᠳᠤ ᠳ᠋ᠤᠸᠠᠨ ᠱᠢᠶᠦ᠋ᠩ ᠲᠤᠤ ᠵᠦᠸᠧᠽᠢ ᠱᠢᠶᠠᠨ᠎ᠤ ᠵᠤᠰᠤᠳᠤ᠎ᠶ᠋ᠢᠨ ᠠᠭᠤᠯᠠ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠠᠷᠤᠭ᠎ᠠ᠂ ᠨᠠᠮ᠎ᠤᠨ ᠬᠤᠷᠢᠶᠠᠨ᠎ᠤ ᠱᠦᠵᠢ ᠵᠢᠴᠢ ᠵᠦᠸᠧᠽᠢ ᠱᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍ ᠪᠠᠢᠭ᠎ᠠ ᠲᠤᠱᠢᠶᠠᠯ᠎ᠤᠨ᠎ᠢᠶᠠᠨ ᠳᠥᠭᠦᠮ᠎ᠢᠶᠠᠨ ᠠᠱᠢᠬ᠍ᠯᠠᠨ᠂ ᠤᠷᠢᠳᠴᠢᠯᠠᠨ ᠮᠡᠳᠡᠭ᠌ᠳᠡᠬᠦ᠂ ᠵᠠᠭᠤᠴᠢᠯᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠪᠤᠰᠤᠳ ᠬᠥᠮᠦᠨ᠎ᠳᠤ ᠪᠠᠷᠢᠯᠭ᠎ᠠ ᠳᠠᠭᠠᠭᠠᠴᠢᠯᠠᠭᠤᠯᠬᠤ᠂ ᠦᠢᠯᠡᠳᠪᠦᠷᠢᠯᠡᠯ ᠡᠵᠡᠩᠨᠡᠯᠲᠡ ᠵᠡᠷᠭᠡ ᠲᠠᠯ᠎ᠠ᠎ᠪᠠᠷ ᠠᠱᠢᠭ ᠲᠤᠰᠠ ᠣᠯᠭᠤᠵᠤ᠂ ᠬᠠᠤᠯᠢ ᠪᠤᠰᠤ᠎ᠪᠠᠷ ᠪᠤᠰᠤᠳ᠎ᠤᠨ ᠵᠣᠭᠤᠰ ᠮᠥᠩᠭᠦ᠌ ᠡᠳ᠋ ᠪᠣᠳᠠᠰ᠎ᠢ ᠬᠦᠯᠢᠶᠡᠨ ᠠᠪᠴᠤ᠌᠂ ᠲᠤᠬᠠᠢ᠎ᠶ᠋ᠢᠨ ᠭᠠᠵᠠᠷ᠎ᠤᠨ ᠪᠠᠷᠢᠯᠭ᠎ᠠ᠎ᠶ᠋ᠢᠨ ᠬᠦᠷᠢᠶᠡᠨ᠎ᠤ ᠡᠷᠬᠡ ᠲᠡᠭ᠌ᠰᠢ᠎ᠪᠠᠷ ᠦᠷᠢᠰᠦᠯᠳᠦᠬᠦ᠌ ᠣᠷᠴᠢᠨ ᠲᠣᠭᠤᠷᠢᠨ᠎ᠢ ᠬᠦᠨᠳᠦ ᠨᠣᠴᠢᠲᠠᠢ ᠬᠤᠬᠢᠷᠠᠭᠤᠯᠵᠠᠢ᠃ 2020 ᠣᠨ᠎ᠤ 9 ᠰᠠᠷ᠎ᠠ᠎ᠳᠤ ᠳ᠋ᠤᠸᠠᠨ ᠱᠢᠶᠦ᠋ᠩ ᠲᠤᠤ᠎ᠳᠤ ᠨᠠᠮ᠎ᠠᠴᠠ ᠬᠥᠭᠡᠭᠡᠬᠦ᠂ ᠠᠯᠪᠠᠨ ᠲᠤᠱᠢᠶᠠᠯ᠎ᠠᠴᠠ᠎ᠨᠢ ᠬᠥᠭᠡᠭᠡᠬᠦ᠌ ᠱᠢᠢᠳᠭᠡᠯ ᠥᠭ᠌ᠴᠦ᠂ ᠲᠡᠭᠦᠨ᠎ᠤ ᠶᠠᠯ᠎ᠠ ᠬᠢᠭ᠌ᠰᠡᠨ᠎ᠢᠶᠠᠷ ᠰᠡᠵᠢᠭ᠌ᠯᠡᠭ᠌ᠲᠡᠭ᠌ᠰᠡᠨ ᠠᠰᠠᠭᠤᠳᠠᠯ᠎ᠢ ᠨᠢᠭᠡᠨᠲᠡ ᠬᠠᠤᠯᠢ ᠪᠠᠷᠢᠬᠤ ᠪᠠᠢᠭᠤᠯᠭ᠎ᠠ᠎ᠳᠤ ᠱᠢᠯᠵᠢᠭᠦᠯᠦᠨ ᠬᠦᠷᠭᠡᠵᠦ᠍ ᠱᠢᠢᠳᠪᠦᠷᠢᠯᠡᠭᠦᠯᠪᠡ᠃

ᠲᠠᠪᠤ᠂ ᠤᠯᠠᠭᠠᠨᠬᠠᠳᠠ ᠬᠤᠲᠠ᠎ᠶ᠋ᠢᠨ ᠠᠷᠤ ᠬᠤᠷᠴᠢᠨ ᠬᠤᠱᠢᠭᠤᠨ᠎ᠤ ᠡᠳ᠋᠎ᠤᠨ ᠵᠠᠰᠠᠭ᠎ᠤᠨ ᠲᠣᠪᠴᠢᠶ᠎ᠠ᠎ᠶ᠋ᠢᠨ ᠪᠠᠯᠠ ᠣᠷᠣᠭᠤᠯᠤᠯᠲᠠ᠎ᠶ᠋ᠢ ᠬᠢᠨᠠᠨ ᠲᠣᠭ᠍ᠲᠠᠭᠠᠬᠤ ᠲᠥᠪ᠎ᠤᠨ ᠡᠷᠬᠢᠯᠡᠭ᠌ᠴᠢ ᠵᠠᠢ ᠱ᠌ᠢ ᠴᠤᠤ᠂ ᠠᠵᠢᠯᠲᠠᠨ ᠶᠠᠩ ᠬᠠᠶ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠵᠥᠪ ᠣᠨᠣᠪᠴᠢᠲᠠᠶ ᠭᠦᠶᠴᠡᠳᠭᠡᠭ᠌ᠰᠡᠨ ᠥᠬᠡᠶ ᠠᠰᠠᠭᠤᠳᠠᠯ᠃ 2015 ᠣᠨ᠎ᠳᠤ ᠲᠤᠬᠠᠶ᠎ᠶ᠋ᠢᠨ ᠦᠶ᠎ᠡ᠎ᠳᠤ ᠠᠷᠤ ᠬᠤᠷᠴᠢᠨ ᠬᠤᠱᠢᠭᠤᠨ᠎ᠤ ᠡᠳ᠋᠎ᠤᠨ ᠵᠠᠰᠠᠭ᠎ᠤᠨ ᠲᠣᠪᠴᠢᠶ᠎ᠠ᠎ᠶ᠋ᠢᠨ ᠪᠠᠯᠠ ᠣᠷᠣᠭᠤᠯᠤᠯᠲᠠ᠎ᠶ᠋ᠢ ᠬᠢᠨᠠᠨ ᠲᠣᠭ᠍ᠲᠠᠭᠠᠬᠤ ᠲᠥᠪ᠎ᠤᠨ ᠠᠵᠢᠯᠲᠠᠨ ᠪᠠᠢᠭ᠍ᠰᠠᠨ ᠵᠠᠢ ᠱ᠌ᠢ ᠴᠤᠤ᠂ ᠶᠠᠩ ᠬᠠᠶ ᠠᠷᠤ ᠬᠤᠷᠴᠢᠨ ᠬᠤᠱᠢᠭᠤᠨ᠎ᠤ ᠬᠠᠨ ᠲᠢᠩ ᠰᠣᠶᠣᠯ᠎ᠤᠨ ᠬᠦᠷᠢᠶᠡᠯᠡᠩ᠎ᠤᠨ ᠪᠠᠷᠢᠯᠭ᠎ᠠ᠎ᠶ᠋ᠢᠨ ᠲᠥᠷᠥᠯ ᠵᠦᠶᠯ᠎ᠢ ᠬᠢᠨᠠᠨ ᠲᠣᠭ᠍ᠲᠠᠭᠠᠬᠤ ᠠᠩᠬᠠᠨ᠎ᠤ ᠬᠢᠨᠠᠭ᠍ᠴᠢ᠂ ᠳᠠᠬᠢᠨ ᠬᠢᠨᠠᠭ᠍ᠴᠢ ᠪᠣᠯᠤᠬ᠍ᠰᠠᠨ᠎ᠤ ᠬᠤᠪᠢ᠎ᠳᠤ᠂ ᠪᠤᠰᠤᠳ ᠬᠥᠮᠦᠨ᠎ᠤ ᠨᠠᠢᠳᠠᠯᠭ᠎ᠠ᠎ᠶ᠋ᠢ ᠭᠥᠯᠢᠶᠡᠵᠦ᠍᠂ ᠲᠣᠭ᠍ᠲᠠᠭᠠᠯ᠎ᠠᠴᠠ ᠵᠥᠷᠢᠴᠡᠨ ᠲᠣᠰ ᠲᠥᠷᠥᠯ ᠵᠦᠶᠯ᠎ᠤᠨ ᠬᠡᠰᠡᠭ ᠳᠠᠭᠠᠭᠠᠴᠢᠯᠠᠯᠲᠠ᠎ᠶ᠋ᠢᠨ ᠬᠡᠰᠡᠭ᠎ᠤᠨ ᠬᠢᠨᠠᠨ ᠲᠣᠭ᠍ᠲᠠᠭᠠᠬᠤ ᠦᠨ᠎ᠡ᠎ᠶ᠋ᠢ ᠪᠠᠭᠤᠷᠠᠭᠤᠯᠵᠤ᠂ ᠪᠠᠷᠢᠯᠭ᠎ᠠ᠎ᠳᠤ ᠲᠥᠬᠦᠮ ᠳᠠᠭᠠᠭᠠᠴᠢᠯᠠᠯᠲᠠ ᠵᠠᠷᠯᠠᠬᠤ ᠠᠷᠭ᠎ᠠ ᠮᠠᠶᠢᠭ᠎ᠢᠶᠠᠷ ᠳᠠᠭᠠᠭᠠᠴᠢᠯᠠᠯᠲᠠ ᠵᠠᠷᠯᠠᠵᠤ᠂ ᠲᠤᠬᠠᠶ᠎ᠶ᠋ᠢᠨ ᠭᠠᠵᠠᠷ᠎ᠤᠨ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠦᠷᠢᠶᠡᠨ᠎ᠳᠠᠬᠢ ᠬᠡᠪ᠎ᠤᠨ ᠡᠮᠬᠢ ᠵᠢᠷᠤᠮ᠎ᠢ ᠡᠪᠳᠡᠭ᠌ᠰᠡᠨ ᠪᠠᠢᠨ᠎ᠠ᠃ 2021 ᠣᠨ᠎ᠤ 2 ᠰᠠᠷ᠎ᠠ᠎ᠳᠤ ᠵᠠᠢ ᠱ᠌ᠢ ᠴᠤᠤ᠂ ᠶᠠᠩ ᠬᠠᠢ᠎ᠳᠤ ᠲᠤᠰ ᠲᠤᠰ ᠨᠠᠮ᠎ᠤᠨ ᠳᠣᠲᠣᠭᠠᠳᠤ᠎ᠳᠤ ᠳᠣᠩᠭᠤᠳᠭᠤ ᠱᠢᠢᠳᠭᠡᠯ ᠦᠭ᠌ᠪᠡ᠃

ᠵᠢᠷᠭᠤᠭ᠎ᠠ᠂ ᠬᠢᠩᠭᠠᠨ ᠠᠢᠮᠠᠭ᠎ᠤᠨ ᠤᠯᠠᠭᠠᠨᠬᠤᠲᠠ᠎ᠶ᠋ᠢᠨ ᠡᠳ᠋᠎ᠤᠨ ᠵᠠᠰᠠᠭ᠎ᠤᠨ ᠲᠣᠪᠴᠢᠶ᠎ᠠ᠎ᠶ᠋ᠢᠨ ᠲᠠᠷᠢᠶᠠᠯᠠᠩ᠎ᠤᠨ ᠶᠡᠷᠦᠩᠬᠡᠢᠯᠡᠭ᠌ᠰᠡᠨ ᠨᠡᠭᠡᠭᠡᠯᠲᠡ᠎ᠶ᠋ᠢᠨ ᠠᠯᠪᠠᠨ ᠬᠡᠷ᠎ᠤᠨ ᠨᠢᠭ᠍ᠲᠠᠯᠠᠨ ᠪᠤᠳᠤᠭ᠍ᠴᠢ ᠶᠠᠩ ᠶᠠᠨ ᠵᠢᠶᠧ᠎ᠶ᠋ᠢᠨ ᠦᠶᠯᠡᠴᠢᠯᠡᠭᠡᠨ᠎ᠤ ᠤᠬᠠᠮᠰᠠᠷ ᠴᠢᠩᠭ᠎ᠠ ᠪᠣᠰᠣ᠂ ᠬᠠᠮᠢᠶᠠᠷᠴᠤ᠌ ᠦᠶᠯᠡᠴᠢᠯᠡᠬᠦ᠌ ᠡᠲᠡᠭᠡᠳ᠎ᠤᠨ ᠠᠱᠢᠭ ᠲᠤᠰᠠ᠎ᠳᠤ ᠬᠠᠯᠳᠠᠭ᠍ᠰᠠᠨ ᠠᠰᠠᠭᠤᠳᠠᠯ᠃ 2019 ᠣᠨ᠎ᠠᠴᠠ 2020 ᠤᠨ ᠪᠣᠯᠲᠠᠯ᠎ᠠ᠂ ᠶᠠᠩ ᠶᠠᠨ ᠵᠢᠶᠧ ᠤᠯᠠᠭᠠᠨᠬᠤᠲᠠ᠎ᠶ᠋ᠢᠨ ᠡᠳ᠋᠎ᠤᠨ ᠵᠠᠰᠠᠭ᠎ᠤᠨ ᠲᠣᠪᠴᠢᠶ᠎ᠠ᠎ᠶ᠋ᠢᠨ ᠲᠠᠷᠢᠶᠠᠯᠠᠩ᠎ᠤᠨ ᠶᠡᠷᠦᠩᠬᠡᠢᠯᠡᠭ᠌ᠰᠡᠨ ᠨᠡᠭᠡᠭᠡᠯᠲᠡ᠎ᠶ᠋ᠢᠨ ᠠᠯᠪᠠᠨ ᠬᠡᠷ᠎ᠤᠨ ᠨᠢᠭ᠍ᠲᠠᠯᠠᠨ ᠪᠤᠳᠤᠭ᠍ᠴᠢ ᠪᠣᠯᠤᠭ᠍ᠰᠠᠨ᠎ᠤ ᠬᠤᠪᠢ᠎ᠳᠤ᠂ ᠣᠯᠠᠨ ᠤᠳᠠᠭ᠎ᠠ ᠨᠢᠭᠡᠨ ᠮᠠᠯ ᠠᠵᠤ ᠠᠬᠤᠶ᠎ᠶ᠋ᠢᠨ ᠺᠣᠮᠫᠠᠨᠢ᠎ᠶ᠋ᠢᠨ ᠬᠠᠩᠭᠠᠭ᠍ᠰᠠᠨ ᠪᠠᠷᠢᠮᠲᠠ᠎ᠨᠢ ᠱᠠᠭᠠᠷᠳᠠᠯᠭ᠎ᠠ᠎ᠳᠤ ᠨᠡᠢᠴᠡᠬᠦ᠌ ᠥᠬᠡᠶ ᠭᠡᠳᠡᠭ᠎ᠢᠶᠠᠷ ᠱᠢᠯᠲᠠᠭ ᠪᠣᠯᠭᠠᠵᠤ᠂ ᠲᠣᠰ ᠺᠣᠮᠫᠠᠨᠢ᠎ᠶ᠋ᠢᠨ ᠨᠥᠬᠦᠪᠥᠷᠢ ᠪᠠᠯᠠ ᠮᠥᠩᠭᠦ᠎ᠶ᠋ᠢᠨ ᠡᠴᠦᠰ᠎ᠤᠨ ᠵᠣᠭᠤᠰ᠎ᠢ ᠱᠢᠯᠵᠢᠭᠦᠯᠦᠨ ᠥᠭ᠌ᠬᠦ᠎ᠶ᠋ᠢ ᠲᠡᠪᠴᠢᠭ᠌ᠰᠡᠨ᠎ᠠᠴᠠ ᠪᠣᠯᠵᠣ᠂ ᠲᠣᠰ ᠺᠣᠮᠫᠠᠨᠢ᠎ᠶ᠋ᠢᠨ ᠡᠵᠡᠩᠨᠡᠯᠲᠡ᠎ᠶ᠋ᠢᠨ ᠪᠠᠯᠠ ᠮᠥᠩᠭᠦ᠌ ᠬᠢᠵᠠᠭᠠᠷᠯᠠᠭ᠍ᠳᠠᠵᠤ᠂ ᠬᠠᠮᠢᠶᠠᠷᠤᠯᠲᠠ ᠦᠢᠯᠡᠴᠢᠯᠡᠭᠡᠨ᠎ᠤ ᠡᠲᠡᠭᠡᠳ᠎ᠤᠨ ᠡᠷᠬᠡ ᠠᠱᠢᠭ᠎ᠲᠤ ᠬᠦᠨᠳᠦ ᠨᠣᠴᠢᠲᠠᠶ ᠬᠠᠯᠳᠠᠵᠤ᠂ ᠲᠤᠬᠠᠶ᠎ᠶ᠋ᠢᠨ ᠭᠠᠵᠠᠷ᠎ᠤᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠳᠤ ᠮᠠᠭᠤ ᠨᠥᠯᠥᠭᠡ ᠭᠠᠷᠭᠠᠭ᠍ᠰᠠᠨ ᠪᠠᠢᠨ᠎ᠠ᠃ 2021 ᠣᠨ᠎ᠤ 4 ᠰᠠᠷ᠎ᠠ᠎ᠳᠤ ᠶᠠᠩ ᠶᠠᠨ ᠵᠢᠶᠧ᠎ᠳᠤ ᠵᠠᠰᠠᠭ᠎ᠤᠨ ᠶᠠᠪᠤᠳᠠᠯ᠎ᠤᠨ ᠶᠡᠭᠡ ᠣᠰᠣᠯ ᠲᠡᠮᠳᠡᠭ᠌ᠯᠡᠬᠦ᠌ ᠱᠢᠢᠳᠭᠡᠯ ᠦᠭ᠌ᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号