《ᠪᠢ 1945 ᠣᠨ᠎ᠳᠤ ᠬᠤᠪᠢᠰᠭᠠᠯᠳᠤ ᠣᠷᠣᠯᠴᠠᠪᠠ᠂ ᠮᠠᠰᠢ ᠤᠯᠠᠨ ᠲᠠᠢᠴᠢᠨ ᠬᠠᠨᠢ᠎ᠶ᠋ᠢᠨ ᠪᠠᠭᠠᠲᠤᠷᠯᠢᠭ᠎ᠢᠶᠠᠷ ᠪᠡᠶ᠎ᠡ ᠦᠷᠡᠭ᠌ᠳᠡᠭ᠌ᠰᠡᠨᠢ ᠦᠵᠡᠭᠡᠳ ᠬᠤᠪᠢᠰᠭᠠᠯ᠎ᠤᠨ ᠢᠯᠠᠯᠲᠠ ᠬᠢᠯᠪᠡᠷ ᠪᠤᠰᠤ᠎ᠪᠠᠷ ᠢᠷᠡᠭ᠌ᠰᠡᠨ ᠭᠡᠳᠡᠭ᠎ᠢ ᠭᠦᠨ ᠣᠢᠯᠠᠭᠠᠪᠠ᠃ ᠪᠢ ᠡᠨᠡ ᠵᠢᠯ 93 ᠨᠠᠰᠤᠯᠠᠴᠢᠬᠠᠵᠠᠢ᠂ ᠬᠠᠮᠤᠭ᠎ᠤᠨ ᠬᠦᠰᠡᠨ ᠬᠦᠯᠢᠶᠡᠵᠦ᠍ ᠪᠠᠢᠭ᠎ᠠ ᠶᠠᠪᠤᠳᠠᠯ ᠪᠣᠯ ᠳᠠᠷᠤᠢ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢᠨ ᠡᠨᠡ ᠬᠦ᠌ ᠠᠭᠤᠤ ᠶᠡᠭᠡ ᠴᠠᠭ ᠮᠥᠴᠡ᠎ᠶ᠋ᠢ ᠪᠡᠶ᠎ᠡ᠎ᠪᠠᠷ᠎ᠢᠶᠠᠨ ᠦᠩᠭᠡᠷᠡᠬᠦᠯᠬᠦ᠌ ᠶᠠᠪᠤᠳᠠᠯ ᠪᠣᠯᠤᠨ᠎ᠠ》᠃ ᠤᠬᠠᠭᠤᠯᠤᠨ ᠲᠠᠢᠯᠪᠤᠷᠢᠯᠠᠬᠤ ᠲᠠᠢᠰᠠᠨ ᠳᠡᠭᠡᠷ᠎ᠡ᠂ ᠱᠢᠨ᠎ᠡ ᠳᠥᠷᠪᠡᠳᠦᠭᠡᠷ ᠠᠷᠮᠢ᠎ᠶ᠋ᠢᠨ ᠠᠬᠠᠮᠠᠳ ᠴᠡᠷᠢᠭ ᠶᠠᠩ ᠴᠢᠶᠣᠤ ᠶᠦᠨ ᠲᠡᠷᠡ ᠬᠦ᠌ ᠪᠡᠷᠬᠡ ᠬᠠᠲᠠᠭᠤᠵᠢᠯᠲᠠᠢ ᠪᠥᠭᠡᠳ ᠢᠷᠠᠭᠤ ᠠᠯᠳᠠᠷᠲᠠᠢ ᠤᠨ ᠰᠠᠷᠠᠶ᠋ᠢ ᠡᠷᠭᠢᠴᠡᠭᠦᠯᠬᠦ᠌᠎ᠳᠡᠭᠡᠨ ᠮᠥᠨ ᠯᠡ ᠰᠡᠳᠭᠢᠯ ᠲᠤᠬ᠍ᠳᠤᠯᠵᠦ᠍ ᠪᠠᠢᠯ᠎ᠠ᠃
5 ᠰᠠᠷ᠎ᠠ᠎ᠶ᠋ᠢᠨ 15 ᠤ ᠡᠳᠦᠷ ᠪᠣᠯ 《ᠤᠯᠠᠨ ᠤᠯᠤᠰ᠎ᠤᠨ ᠭᠡᠷ ᠪᠦᠯᠢ᠎ᠶ᠋ᠢᠨ ᠡᠳᠦᠷ》 ᠪᠣᠯᠤᠨ᠎ᠠ᠂ ᠬᠤᠪᠢᠰᠭᠠᠯ᠎ᠤᠨ ᠤᠯᠠᠭᠠᠨ ᠣᠩᠭᠤᠴᠠ᠎ᠶ᠋ᠢᠨ ᠠᠶᠠᠯᠠᠯ ᠡᠬᠢᠯᠡᠭ᠌ᠰᠡᠨ ᠭᠠᠵᠠᠷ ᠵᠧᠵᠢᠶᠠᠩ᠎ᠤᠨ ᠵᠢᠶᠠᠱᠢᠩ᠎ᠳᠤ᠂ 《ᠨᠠᠮ᠎ᠤᠨ ᠠᠴᠢ᠎ᠶ᠋ᠢ ᠮᠠᠭ᠍ᠲᠠᠵᠤ ᠭᠡᠷ᠎ᠤᠨ ᠰᠤᠷᠲᠠᠯ᠎ᠢ ᠤᠯᠠᠮᠵᠢᠯᠠᠬᠤ》 ᠬᠤᠪᠢᠰᠭᠠᠯᠲᠤ ᠭᠡᠷ᠎ᠤᠨ ᠰᠤᠷᠲᠠᠯ᠎ᠤᠨ ᠦᠯᠢᠭᠡᠷ᠎ᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠢᠳᠡ ᠬᠦᠭ᠎ᠲᠠᠢ ᠶᠠᠪᠤᠭ᠍ᠳᠠᠵᠤ ᠪᠠᠢᠯ᠎ᠠ᠃ ᠡᠨᠡ ᠪᠣᠯ ᠪᠦᠬᠦ᠌ ᠤᠯᠤᠰ᠎ᠤᠨ ᠡᠮᠡᠭ᠌ᠲᠡᠢᠴᠦᠳ᠎ᠤᠨ ᠬᠤᠯᠪᠣᠭ᠎ᠠ᠎ᠠᠴᠠ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠦᠪᠡᠳᠡᠭ᠌ᠰᠢ ᠶᠡᠭᠡ᠎ᠪᠠᠷ ᠪᠡᠯᠭᠡᠯᠡᠬᠦ᠌᠎ᠶ᠋ᠢᠨ ᠲᠦᠯᠦᠭᠡ᠂ ᠭᠡᠷ ᠪᠦᠯᠢ᠎ᠳᠤ ᠬᠠᠨᠳᠤᠭᠤᠯᠤᠭ᠍ᠰᠠᠨ ᠬᠤᠪᠢᠰᠭᠠᠯᠲᠤ ᠭᠡᠷ᠎ᠤᠨ ᠰᠤᠷᠲᠠᠯ᠎ᠢ ᠤᠯᠠᠮᠵᠢᠯᠠᠨ ᠵᠠᠯᠭᠠᠮᠵᠢᠯᠠᠬᠤ ᠱᠢᠷᠢᠰ ᠭᠤᠣᠯᠳᠠᠯᠭ᠎ᠠ᠎ᠲᠠᠢ ᠠᠵᠢᠯᠯᠠᠭ᠎ᠠ᠎ᠶ᠋ᠢᠨ ᠨᠢᠭᠡ ᠪᠣᠯᠤᠨ᠎ᠠ᠃
ᠠᠵᠢᠯᠯᠠᠭ᠎ᠠ᠎ᠨᠢ ᠡᠮᠦᠨᠡᠬᠢ ᠬᠤᠭᠤᠴᠠᠭᠠᠨ᠎ᠳᠤ ᠢᠯᠡᠷᠡᠭᠦᠯᠦᠭ᠌ᠰᠡᠨ ᠬᠤᠪᠢᠰᠭᠠᠯ᠎ᠤᠨ ᠬᠡᠷ᠎ᠤᠨ ᠰᠤᠷᠲᠠᠯ᠎ᠤᠨ ᠥᠯᠢᠭᠡᠷ᠎ᠤᠨ ᠳᠤᠮᠳᠠ᠎ᠠᠴᠠ ᠭᠤᠷᠪᠠᠨ ᠤᠬᠠᠭᠤᠯᠤᠨ ᠲᠠᠢᠯᠪᠤᠷᠢᠯᠠᠭ᠍ᠴᠢ᠎ᠶ᠋ᠢ ᠲᠤᠬᠠᠶ᠎ᠶ᠋ᠢᠨ ᠲᠠᠯᠠᠪᠠᠶ᠎ᠳᠤ ᠣᠷᠢᠨ ᠠᠪᠴᠢᠷᠠᠵᠦ᠍ ᠨᠠᠷᠢᠨ ᠨᠢᠮᠪᠠᠶ ᠲᠠᠢᠯᠪᠤᠷᠢᠯᠠᠨ ᠶᠠᠷᠢᠭᠤᠯᠪᠠ᠃ ᠠᠬᠠᠮᠠᠳ ᠬᠤᠪᠢᠰᠭᠠᠯᠴᠢ ᠶᠠᠩ ᠴᠢᠶᠣᠤ ᠶᠦᠨ᠎ᠠᠴᠠ ᠭᠠᠳᠠᠨ᠎ᠠ᠂ ᠦᠷᠡᠭ᠌ᠳᠡᠭ᠌ᠰᠡᠨ ᠪᠠᠭᠠᠲᠤᠷᠴᠤᠳ᠎ᠤᠨ ᠭᠡᠷ ᠪᠦᠯᠢ᠎ᠶ᠋ᠢᠨ ᠲᠥᠯᠥᠭᠡᠯᠡᠭ᠌ᠴᠢ ᠶᠤᠸᠠᠨ ᠶᠢᠩ᠂ ᠤᠯᠠᠭᠠᠨ ᠣᠩᠭᠤᠴᠠ᠎ᠶ᠋ᠢ ᠰᠠᠬᠢᠨ ᠬᠠᠮᠠᠭᠠᠯᠠᠭ᠍ᠴᠢ ᠵᠠᠩ ᠢ ᠪᠠᠰᠠ ᠲᠤᠰ ᠲᠤᠰ ᠥᠪᠡᠷ᠎ᠤᠨ ᠥᠩᠭᠡᠷᠡᠯᠲᠡ᠎ᠪᠠᠷ᠎ᠢᠶᠠᠨ ᠨᠠᠮ᠎ᠤᠨ ᠲᠡᠦᠬᠡ᠎ᠶ᠋ᠢᠨ ᠤᠬᠠᠭᠤᠯᠭ᠎ᠠ ᠬᠢᠵᠥ᠍᠂ ᠬᠤᠪᠢᠰᠭᠠᠯ᠎ᠤᠨ ᠭᠡᠷ᠎ᠤᠨ ᠰᠤᠷᠲᠠᠯ᠎ᠤᠨ ᠰᠣᠶᠣᠯ᠎ᠢ ᠤᠯᠠᠮᠵᠢᠯᠠᠵᠤ᠂ ᠡᠯ᠎ᠡ ᠭᠡᠷ ᠪᠦᠯᠢ᠎ᠶ᠋ᠢᠨ᠎ᠬᠢᠨ᠎ᠢ ᠬᠤᠪᠢᠰᠭᠠᠯ᠎ᠤᠨ ᠭᠠᠯ ᠭᠤᠯᠤᠮᠲᠠ᠎ᠶ᠋ᠢ ᠰᠠᠢᠲᠤᠷ ᠰᠠᠬᠢᠵᠤ᠂ ᠬᠤᠪᠢᠰᠭᠠᠯ᠎ᠤᠨ ᠭᠡᠷ᠎ᠤᠨ ᠰᠤᠷᠲᠠᠯ᠎ᠢ ᠤᠯᠠᠮᠵᠢᠯᠠᠭᠠᠷᠠᠢ ᠭᠡᠵᠦ᠍ ᠤᠷᠢᠶᠠᠯᠠᠪᠠ᠃
ᠣᠢᠯᠠᠭᠠᠭ᠍ᠰᠠᠨ᠎ᠢᠶᠠᠷ᠂ ᠲᠣᠰ ᠤᠳᠠᠭᠠᠨ᠎ᠤ ᠠᠵᠢᠯᠯᠠᠭ᠎ᠠ᠎ᠳᠤ ᠪᠠᠰᠠ 100 ᠬᠠᠮᠤᠭ᠎ᠤᠨ ᠭᠤᠶᠣ ᠬᠡᠷ ᠪᠦᠯᠢ ᠪᠣᠯᠤᠨ ᠵᠢᠶᠠᠱᠢᠩ ᠬᠤᠲᠠ᠎ᠶ᠋ᠢᠨ ᠠᠷᠠᠳ᠎ᠤᠨ ᠬᠡᠷ ᠪᠦᠯᠢ᠎ᠶ᠋ᠢᠨ ᠲᠥᠯᠥᠭᠡᠯᠡᠭ᠌ᠴᠢ᠎ᠶ᠋ᠢ ᠤᠷᠢᠵᠤ᠂ 《ᠨᠠᠮ᠎ᠤᠨ ᠠᠩᠬᠠᠳᠤᠭᠠᠷ ᠶᠡᠭᠡ ᠬᠤᠷᠠᠯ᠎ᠤᠨ ᠪᠠᠭᠤᠷᠢ᠎ᠶ᠋ᠢᠨ ᠠᠵᠢᠯᠳᠠᠳ》 ᠤᠨ ᠤᠰᠤᠨ ᠳᠡᠭᠡᠷᠡᠬᠢ ᠨᠠᠮ᠎ᠤᠨ ᠬᠢᠴᠢᠶᠡᠯ᠎ᠢ ᠰᠣᠨᠣᠰᠤᠭᠤᠯᠵᠤ᠂ ᠬᠤᠪᠢᠰᠭᠠᠯ᠎ᠤᠨ ᠤᠯᠠᠭᠠᠨ ᠣᠩᠭᠤᠴᠠ᠎ᠶ᠋ᠢ ᠪᠠᠷᠠᠳᠠᠵᠤ᠂ ᠨᠠᠮ᠎ᠳᠤ ᠣᠷᠣᠬᠤ ᠲᠠᠩᠭᠠᠷᠢᠭ᠎ᠤᠨ ᠦᠭᠡ᠎ᠶ᠋ᠢ ᠳᠠᠬᠢᠨ ᠤᠡᠭ᠌ᠰᠢᠭᠤᠯᠵᠤ᠂ ᠬᠤᠪᠢᠰᠭᠠᠯ᠎ᠤᠨ ᠣᠭ ᠰᠠᠨᠠᠭ᠎ᠠ᠎ᠶ᠋ᠢ ᠣᠢᠯᠠᠭᠠᠵᠤ᠂ ᠬᠠᠮᠤᠭ᠎ᠤᠨ ᠭᠤᠶᠣ ᠬᠡᠷ ᠪᠦᠯᠢ᠎ᠶ᠋ᠢᠨ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶᠯᠡᠳᠦᠯ᠎ᠢᠶᠠᠨ ᠪᠠᠳᠠᠷᠠᠭᠤᠯᠬᠤ᠎ᠶ᠋ᠢ ᠵᠣᠷᠢᠭ᠍ᠵᠢᠭᠤᠯᠵᠤ᠂ ᠥᠷᠭᠡᠨ ᠣᠯᠠᠨ ᠬᠡᠷ ᠪᠦᠯᠢ᠎ᠶ᠋ᠢᠨ ᠰᠠᠢᠨ ᠰᠠᠢᠬᠠᠨ ᠬᠡᠷ᠎ᠤᠨ ᠰᠤᠷᠲᠠᠯ᠎ᠢ ᠤᠯᠠᠮᠵᠢᠯᠠᠨ ᠵᠠᠯᠭᠠᠮᠵᠢᠯᠠᠬᠤ᠎ᠶ᠋ᠢ ᠬᠥᠲᠥᠯᠥᠨ ᠵᠢᠯᠣᠭᠤᠳᠪᠠ᠃
ᠬᠤᠪᠢᠰᠭᠠᠯ᠎ᠤᠨ ᠭᠡᠷ᠎ᠤᠨ ᠰᠤᠷᠲᠠᠯ᠎ᠤᠨ ᠦᠯᠢᠭᠡᠷ᠎ᠢ ᠥᠷᠭᠡᠨ᠎ᠢᠶᠠᠷ ᠳᠠᠮᠵᠢᠭᠤᠯᠵᠤ᠂ ᠬᠥᠮᠦᠰ᠎ᠤᠨ ᠰᠡᠳᠭᠢᠯ᠎ᠳᠤ ᠬᠠᠳᠠᠩᠱᠢᠭᠤᠯᠬᠤ᠎ᠶ᠋ᠢᠨ ᠲᠥᠯᠥᠭᠡ᠂ ᠵᠢᠶᠠᠱᠢᠩᠤᠨᠬᠢᠨ ᠤᠯᠠᠭᠠᠨ ᠣᠩᠭᠤᠴᠠᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠵᠣᠬᠢᠶᠠᠨ ᠪᠠᠢᠭᠤᠯᠵᠤ᠂ 《ᠬᠤᠪᠢᠰᠭᠠᠯ᠎ᠤᠨ ᠥᠩᠭᠡᠷᠡᠯᠲᠡ᠎ᠶ᠋ᠢ ᠤᠢ᠍ᠢᠯᠠᠭᠠᠬᠤ ᠦᠷ᠎ᠡ ᠬᠡᠦᠬᠡᠳ᠎ᠲᠠᠢ᠎ᠪᠠᠨ ᠬᠠᠮᠳᠤ᠎ᠪᠠᠷ ᠠᠶᠠᠯᠠᠨ᠎ᠠ》 ᠭᠡᠬᠦ᠌ ᠠᠵᠢᠯᠯᠠᠭ᠎ᠠ᠂ 《ᠡᠵᠢ ᠨᠠᠮᠠᠶ᠋ᠢ ᠳᠠᠭᠠᠭᠤᠯᠤᠨ ᠰᠣᠩᠭᠤᠳᠠᠭ ᠵᠣᠬᠢᠶᠠᠯ ᠤᠩᠱᠢᠨ᠎ᠠ》 ᠬᠡᠭᠦ᠌ ᠭᠡᠷ᠎ᠤᠨ ᠠᠬᠠᠮᠠᠳ ᠪᠤᠯᠤᠨ ᠦᠷ᠎ᠡ ᠬᠡᠤᠬᠡᠳ᠎ᠤᠨ ᠬᠠᠮᠲᠤ᠎ᠶ᠋ᠢᠨ ᠤᠩᠱᠢᠯᠭ᠎ᠠ᠎ᠶ᠋ᠢᠨ ᠠᠵᠢᠯᠯᠠᠭ᠎ᠠ ᠥᠷᠨᠢᠭᠦᠯᠵᠦ᠍᠂ ᠥᠷᠭᠡᠨ ᠤᠯᠠᠨ ᠭᠡᠷ ᠪᠦᠯᠢ᠎ᠶ᠋ᠢᠨ ᠨᠠᠮ᠎ᠤᠨ ᠦᠭᠡ᠎ᠶ᠋ᠢ ᠰᠣᠨᠣᠰᠭᠤ᠂ ᠨᠠᠮ᠎ᠤᠨ ᠠᠴᠢ᠎ᠶ᠋ᠢ ᠮᠠᠭ᠍ᠲᠠᠨ ᠳᠠᠭᠤᠯᠠᠬᠤ᠂ ᠨᠠᠮ᠎ᠢᠶᠠᠨ ᠳᠠᠭᠠᠬᠤ ᠠᠮᠢᠳᠤᠯᠢᠭ ᠦᠢᠯᠡᠳᠦᠯᠭᠡ᠎ᠶ᠋ᠢ ᠳᠡᠯᠭᠡᠨ ᠦᠵᠡᠭᠦᠯᠵᠦ᠍᠂ ᠨᠠᠮ᠎ᠤᠨ ᠲᠡᠦᠬᠡ᠎ᠶ᠋ᠢᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠲᠦᠭ ᠲᠦᠮᠡᠨ ᠠᠢᠯ ᠡᠷᠦᠬᠡ᠎ᠳᠤ ᠣᠷᠣᠭᠤᠯᠬᠤ᠎ᠶ᠋ᠢ ᠠᠬᠢᠭᠤᠯᠪᠠ᠃
ᠵᠧᠵᠢᠶᠠᠩ ᠮᠤᠵᠢ᠎ᠶ᠋ᠢᠨ ᠡᠮᠡᠭ᠌ᠲᠡᠢᠴᠦᠳ᠎ᠤᠨ ᠬᠤᠯᠪᠣᠭ᠎ᠠ᠎ᠶ᠋ᠢᠨ ᠬᠤᠯᠪᠣᠭ᠍ᠳᠠᠯ ᠪᠦᠬᠦᠢ ᠬᠠᠷᠢᠭᠤᠴᠠᠯᠭᠠᠲᠠᠨ᠂ 《ᠨᠠᠮ᠎ᠤᠨ ᠠᠴᠢ᠎ᠶ᠋ᠢ ᠮᠠᠭ᠍ᠲᠠᠵᠤ ᠭᠡᠷ᠎ᠤᠨ ᠰᠤᠷᠲᠠᠯ᠎ᠢ ᠤᠯᠠᠮᠵᠢᠯᠠᠬᠤ》 ᠬᠤᠪᠢᠰᠭᠠᠯ᠎ᠤᠨ ᠦᠯᠢᠭᠡᠷ᠎ᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠨᠢ ᠥᠷᠭᠡᠨ ᠤᠯᠠᠨ ᠭᠡᠷ ᠪᠦᠯᠢ᠎ᠶ᠋ᠢ ᠬᠦᠳᠦᠯᠥᠨ ᠳᠠᠭᠠᠭᠤᠯᠵᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠥᠩᠭᠡᠷᠡᠯᠲᠡ᠂ ᠨᠠᠮ ᠪᠣᠯᠤᠨ ᠤᠯᠤᠰ᠎ᠤᠨ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠣᠯᠤᠭ᠍ᠰᠠᠨ ᠲᠡᠦᠬᠡᠲᠦ ᠴᠢᠨᠠᠷᠲᠠᠢ ᠠᠮᠵᠢᠯᠲᠠ ᠵᠢᠴᠢ ᠭᠡᠷ ᠪᠦᠯᠢ᠎ᠶ᠋ᠢᠨ ᠠᠮᠢᠳᠤᠷᠠᠯ᠎ᠳᠤ ᠭᠠᠷᠤᠭ᠍ᠰᠠᠨ ᠯᠤᠲᠤ ᠶᠡᠭᠡ ᠬᠤᠪᠢᠷᠠᠯᠲᠠ᠎ᠶ᠋ᠢ ᠭᠦᠨᠵᠡᠭᠡᠢ ᠤᠢ᠍ᠢᠯᠠᠭᠠᠭᠤᠯᠵᠥ᠍᠂ ᠬᠤᠪᠢᠰᠭᠠᠯ᠎ᠤᠨ ᠵᠣᠷᠢᠭ ᠰᠠᠨᠠᠭ᠎ᠠ᠎ᠠᠴᠠ ᠡᠷᠡᠮᠡᠬᠡᠢᠯᠡᠨ ᠤᠷᠤᠭ᠍ᠰᠢᠯᠠᠬᠤ ᠬᠦᠴᠦᠨ ᠴᠢᠳᠠᠯ᠎ᠢ ᠱᠢᠩᠭᠡᠭᠡᠨ ᠠᠪᠴᠤ᠌᠂ ᠱᠢᠨ᠎ᠡ ᠴᠠᠭ ᠦᠶ᠎ᠡ᠂ ᠲᠡᠮᠡᠴᠡᠯ᠎ᠤᠨ ᠱᠢᠨ᠎ᠡ ᠠᠶᠠᠨ᠎ᠳᠤ ᠭᠡᠷ ᠪᠦᠯᠢ᠎ᠶ᠋ᠢᠨ ᠬᠦᠴᠦᠨ ᠴᠢᠳᠠᠯ᠎ᠢ ᠬᠠᠩᠭᠠᠪᠠ ᠭᠡᠵᠦ᠍ ᠢᠯᠡᠳᠭᠡᠪᠡ᠃