ᠦᠬᠡ᠎ᠶ᠋ᠢᠨ ᠲᠡᠬᠦᠪᠤᠷᠢ
ᠠᠯᠢᠪᠠ ᠪᠦᠬᠦᠨ ᠤᠷᠤᠭ᠍ᠰᠢᠯᠠᠵᠤ ᠪᠠᠢᠭ᠍ᠰᠠᠨ ᠴᠦ᠍ ᠶᠠᠪᠤᠵᠤ ᠦᠩᠬᠡᠷᠡᠭ᠌ᠰᠡᠨ ᠵᠠᠮ᠎ᠢᠶᠠᠨ ᠮᠠᠷᠳᠠᠵᠤ ᠪᠤᠯᠬᠤ ᠦᠬᠡᠢ᠂ ᠬᠡᠳᠤᠢ ᠬᠤᠯᠠ ᠶᠠᠪᠤᠵᠤ ᠬᠡᠳᠤᠢ ᠭᠡᠭᠡᠨ ᠰᠠᠷᠠᠭᠤᠯ ᠢᠷᠡᠬᠡᠳᠤᠢ᠎ᠳᠤ ᠬᠦᠷᠦᠭ᠌ᠰᠡᠨ ᠴᠤ᠌ ᠲᠤᠭᠤᠯᠵᠤ ᠦᠩᠬᠡᠷᠡᠭᠦᠯᠦᠭ᠌ᠰᠡᠨ ᠵᠦᠢᠯ᠎ᠢᠶᠠᠨ ᠮᠠᠷᠳᠠᠵᠤ ᠪᠤᠯᠬᠤ ᠦᠬᠡᠢ᠂ ᠶᠠᠭᠤᠨ᠎ᠳᠤ ᠮᠤᠷᠳᠠᠬ᠍ᠰᠠᠨ᠎ᠢᠶᠠᠨ ᠮᠠᠷᠳᠠᠵᠤ ᠪᠤᠯᠬᠤ ᠦᠬᠡᠢ ᠶᠤᠮ᠃
ᠱᠢᠨ᠎ᠠ ᠳᠤᠮᠳᠠᠳᠤ ᠤᠯᠤᠰ ᠪᠠᠢᠭᠤᠯᠤᠬ᠍ᠳᠠᠬ᠍ᠰᠠᠨᠤ ᠲᠠᠷᠠᠭ᠎ᠠ᠂ ᠦᠪᠤᠷ ᠮᠤᠩᠭᠤᠯ᠎ᠤᠨ᠎ᠬᠢᠨ 《ᠰᠡᠳᠭᠢᠯ ᠨᠢᠭᠡᠳᠦᠨ ᠬᠦᠴᠦ᠎ᠪᠠᠨ ᠬᠠᠮᠳᠤᠳᠭᠠᠵᠤ ᠪᠤᠭᠤᠳᠤ᠎ᠶ᠋ᠢᠨ ᠪᠤᠯᠤᠳ ᠲᠡᠮᠤᠷ᠎ᠤᠨ ᠤᠢ᠍ᠢᠯᠡᠳᠪᠤᠷᠢ᠎ᠶ᠋ᠢ ᠪᠠᠢᠭᠤᠯᠤᠭ᠍ᠰᠠᠨ》᠂ 《ᠭᠤᠷᠪᠠᠨ ᠮᠢᠩᠭᠠᠨ ᠦᠨᠤᠴᠢᠨ ᠬᠡᠤᠬᠡᠳ᠎ᠢ ᠦᠷᠡᠴᠢᠯᠡᠨ ᠳᠡᠵᠢᠭᠡᠭ᠌ᠰᠡᠨ》 ᠵᠡᠷᠬᠡ ᠲᠡᠤᠬᠡ᠎ᠶ᠋ᠢᠨ ᠰᠤᠳᠤᠨ ᠰᠠᠢᠬᠠᠨ ᠳᠠᠭᠤᠷᠢᠰᠭᠠᠯ᠎ᠢ ᠪᠤᠢ ᠪᠤᠯᠭᠠᠪᠠ᠃ ᠨᠠᠮ᠎ᠤᠨ ᠲᠡᠤᠬᠡ᠎ᠶ᠋ᠢᠨ ᠰᠤᠷᠤᠯᠴᠠᠯᠭ᠎ᠠ ᠬᠦᠮᠤᠵᠢᠯ᠎ᠳᠤ ᠡᠳᠡᠬᠡᠷ ᠬᠤᠪᠢᠰᠭᠠᠯ᠎ᠤᠨ ᠡᠬᠢ ᠪᠠᠶᠠᠯᠢᠬ᠎ᠢ ᠰᠠᠢᠳᠦᠷ ᠠᠱᠢᠬ᠍ᠯᠠᠵᠤ᠂ ᠦᠷᠬᠡᠨ ᠤᠯᠠᠨ ᠨᠠᠮ᠎ᠤᠨ ᠬᠡᠱᠢᠬᠦᠨ ᠺᠠᠳ᠋ᠷ᠎ᠢ ᠵᠤᠬᠢᠶᠠᠨ ᠪᠠᠢᠭᠤᠯᠤᠨ ᠨᠠᠮ᠎ᠤᠨ ᠲᠡᠤᠬᠡ᠎ᠶ᠋ᠢ ᠭᠤᠤᠯᠳᠠᠯᠭ᠎ᠠ᠎ᠲᠠᠢ ᠰᠤᠷᠤᠯᠴᠠᠬᠤ᠎ᠶ᠋ᠢᠨ ᠬᠠᠮᠳᠤ ᠱᠢᠨ᠎ᠠ ᠳᠤᠮᠳᠠᠳᠤ ᠤᠯᠤᠰ᠎ᠤᠨ ᠲᠡᠤᠬᠡ᠂ ᠦᠬᠡᠷᠡᠴᠢᠯᠠᠯᠳᠠ ᠨᠡᠬᠡᠬᠡᠯᠳᠠ᠎ᠶ᠋ᠢᠨ ᠲᠡᠤᠬᠡ᠂ ᠨᠡᠢᠬᠡᠮ ᠵᠢᠷᠤᠮ᠎ᠤᠨ ᠬᠦᠭ᠌ᠵᠢᠯᠳᠠ᠎ᠶ᠋ᠢᠨ ᠲᠡᠤᠬᠡ᠎ᠶ᠋ᠢ ᠰᠤᠷᠤᠯᠴᠠᠵᠤ᠂ ᠲᠡᠤᠬᠡ᠎ᠶ᠋ᠢ ᠰᠤᠷᠤᠯᠴᠠᠵᠤ ᠶᠤᠰᠤ ᠤᠴᠢᠷ᠎ᠢ ᠤᠢ᠍ᠢᠯᠠᠭᠠᠬᠤ᠂ ᠲᠡᠤᠬᠡ᠎ᠶ᠋ᠢ ᠰᠤᠷᠤᠯᠴᠠᠵᠤ ᠢᠳᠡᠬᠡᠯ᠎ᠢᠶᠠᠨ ᠨᠡᠮᠡᠭ᠌ᠳᠡᠬᠦᠯᠬᠦ᠂ ᠲᠡᠤᠬᠡ᠎ᠶ᠋ᠢ ᠰᠤᠷᠤᠯᠴᠠᠵᠤ ᠶᠤᠰᠤ ᠰᠤᠷᠳᠠᠬᠤᠨ᠎ᠢ ᠡᠷᠬᠢᠮᠯᠡᠬᠦ᠂ ᠲᠡᠤᠬᠡ᠎ᠶ᠋ᠢ ᠰᠤᠷᠤᠯᠴᠠᠵᠤ ᠴᠢᠷᠮᠠᠢᠨ ᠦᠢᠯᠡᠲᠦᠯᠭᠡᠵᠢᠭᠦᠯᠬᠦ᠌ᠶ᠋ᠢ ᠪᠡᠶᠡᠯᠡᠭᠦᠯᠵᠦ᠍᠂ ᠨᠠᠮ᠎ᠤᠨ ᠲᠡᠤᠬᠡ᠎ᠶ᠋ᠢ ᠰᠤᠷᠤᠯᠴᠠᠬᠤ᠂ ᠦᠵᠡᠯ ᠰᠠᠨᠠᠭ᠎ᠠ᠎ᠪᠠᠨ ᠰᠡᠭᠡᠭᠡᠷᠡᠭᠦᠯᠬᠦ᠂ ᠪᠤᠳᠠᠳᠤ ᠶᠠᠪᠤᠳᠠᠯ ᠬᠢᠬᠦ᠂ ᠱᠢᠨ᠎ᠠ ᠪᠠᠢᠳᠠᠯ᠎ᠢ ᠡᠬᠦᠳᠬᠦ᠌᠎ᠶ᠋ᠢ ᠪᠡᠶᠡᠯᠡᠭᠦᠯᠵᠤ᠂ ᠢᠯᠠᠩᠭᠤᠶ᠎ᠠ ᠳᠤᠮᠳᠠᠳᠤ ᠤᠯᠤᠰ᠎ᠤᠨ ᠤᠨᠴᠠᠯᠢᠬ᠎ᠲᠠᠢ ᠦᠨᠳᠤᠰᠤᠳᠠᠨ᠎ᠤ ᠠᠰᠠᠭᠤᠳᠠᠯ᠎ᠢ ᠱᠢᠢᠳᠪᠤᠷᠢᠯᠡᠬᠦ᠌ ᠵᠦᠪ ᠵᠠᠮ᠎ᠢᠶᠠᠷ ᠵᠠᠮᠨᠠᠬᠤ᠎ᠶ᠋ᠢ ᠪᠠᠷᠢᠮᠳᠠᠯᠠᠬᠤ᠂ ᠦᠨᠳᠤᠰᠤᠳᠠᠨ᠎ᠨᠦᠭᠦᠳ᠎ᠤᠨ ᠶᠡᠭᠡ ᠪᠦᠯᠬᠦᠮᠳᠡᠯ᠎ᠢ ᠬᠠᠮᠠᠭᠠᠯᠠᠬᠤ᠂ ᠳᠤᠮᠳᠠᠳᠤ᠎ᠶ᠋ᠢᠨ ᠦᠨᠳᠤᠰᠤᠳᠠᠨ᠎ᠤ ᠬᠠᠮᠳᠤ ᠴᠤᠬ᠍ᠴᠠ᠎ᠶ᠋ᠢᠨ ᠤᠬᠠᠮᠰᠠᠷ᠎ᠢ ᠪᠠᠳᠤ ᠴᠤᠬ᠍ᠴᠠᠯᠠᠬᠤ ᠵᠡᠷᠬᠡ ᠴᠢᠬᠤᠯᠠ ᠶᠡᠭᠡ ᠠᠰᠠᠭᠤᠳᠠᠯ ᠳᠡᠭᠡᠷ᠎ᠠ ᠦᠵᠡᠯ ᠰᠠᠨᠠᠭ᠎ᠠ ᠲᠠᠨᠢᠯᠳᠠ ᠪᠠ ᠠᠵᠢᠯ᠎ᠤᠨ ᠲᠦᠪᠱᠢᠨ᠎ᠢᠶᠠᠨ ᠲᠠᠰᠤᠷᠠᠯᠳᠠ ᠦᠬᠡᠢ ᠲᠡᠭᠡᠭ᠌ᠰᠢᠯᠡᠬᠦᠯᠬᠦ᠌ ᠭᠡᠷᠡᠭ᠌ᠳᠠᠢ᠃
— ᠶᠡᠷᠤᠩᠬᠡᠢ ᠱᠦᠵᠢ ᠰᠢ᠎ᠶ᠋ᠢᠨ ᠫᠢᠩ᠎ᠤᠨ 2021 ᠤᠨ᠎ᠤ 3 ᠰᠠᠷ᠎ᠠ᠎ᠶ᠋ᠢᠨ 5 ᠤ ᠡᠲᠦᠷ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠦᠯᠥᠬᠡᠯᠡᠭ᠌ᠴᠢᠳ᠎ᠤᠨ ᠶᠡᠭᠡ ᠬᠤᠷᠡᠯ᠎ᠤᠨ ᠲᠦᠷᠪᠡᠳᠦᠭᠡᠷ ᠬᠤᠷᠡᠯ᠎ᠤᠨ ᠦᠪᠤᠷ ᠮᠤᠩᠭᠤᠯ᠎ᠤᠨ ᠲᠦᠯᠥᠬᠡᠯᠡᠭ᠌ᠴᠢᠳ᠎ᠤᠨ ᠪᠦᠯᠬᠦᠮ᠎ᠤᠨ ᠬᠢᠨᠠᠨ ᠵᠦᠪᠯᠡᠬᠦ᠌᠎ᠳᠤ ᠤᠷᠤᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠠᠴᠠ

ᠲᠡᠦᠬᠡ᠎ᠶ᠋ᠢᠨ ᠬᠠᠭᠤᠳᠠᠰᠤ᠎ᠶ᠋ᠢ ᠰᠡᠬᠦᠬᠦ᠌᠎ᠳᠤ᠂ ᠬᠤᠪᠢᠰᠭᠠᠯ᠎ᠤᠨ ᠳᠤᠷᠠᠰᠤᠮᠵᠢ᠎ᠪᠠᠷ ᠪᠢᠯᠬᠠᠭ᠍ᠰᠠᠨ ᠥᠪᠥᠷ ᠮᠣᠩᠭᠤᠯ᠎ᠤᠨ ᠬᠠᠯᠠᠭᠤᠨ ᠬᠥᠷᠥᠰᠥᠨ ᠳᠡᠭᠡᠷ᠎ᠡ ᠮᠠᠰᠢ ᠤᠯᠠᠨ ᠰᠦᠷ ᠵᠢᠪᠬᠤᠯᠠᠩᠲᠠᠢ᠂ ᠰᠡᠳᠭᠢᠯ ᠵᠢᠷᠦᠬᠡ᠎ᠶ᠋ᠢ ᠳᠣᠭ᠍ᠳᠣᠯᠤᠭᠤᠯᠤᠭ᠍ᠰᠠᠨ᠂ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠤᠭ᠍ᠰᠠᠨ ᠲᠡᠦᠬᠡ᠎ᠶ᠋ᠢᠨ ᠰᠤᠳᠤᠨ ᠰᠠᠢᠬᠠᠨ ᠲᠠᠭᠤᠷᠢᠰᠭᠠᠯ ᠪᠤᠢ ᠪᠣᠯᠪᠠ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠠᠴᠠ ᠨᠠᠭᠠᠱᠢᠬᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 70 ᠭᠠᠷᠤᠶ ᠵᠢᠯ᠎ᠤᠨ ᠬᠥᠭ᠌ᠵᠢᠯᠲᠡ᠎ᠶ᠋ᠢᠨ ᠶᠠᠪᠤᠴᠠ᠎ᠶ᠋ᠢ ᠡᠷᠭᠢᠴᠡᠭᠦᠯᠪᠡᠯ᠂ ᠲᠠᠷᠤᠢ ᠥᠪᠥᠷ ᠮᠣᠩᠭᠤᠯ᠎ᠤᠨ ᠦᠨᠳᠦᠰᠦᠲᠡᠨ᠎ᠨᠦᠭᠦᠳ ᠬᠡᠨ ᠠᠯᠢᠨ᠎ᠠᠴᠠ᠎ᠪᠠᠨ ᠦᠯᠦ᠍ ᠰᠠᠯᠣᠭ᠍ᠰᠠᠨ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢᠶᠠᠨ ᠲᠠᠰᠤᠷᠠᠯᠲᠠ ᠥᠬᠡᠶ ᠨᠡᠮᠡᠭ᠌ᠳᠡᠭᠦᠯᠵᠦ᠍᠂ ᠬᠠᠮᠲᠤ᠎ᠪᠠᠷ ᠪᠦᠯᠬᠦᠮᠳᠡᠨ ᠳᠡᠪᠱᠢᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠭ᠌ᠰᠡᠨ ᠲᠡᠦᠬᠡ ᠪᠣᠯᠤᠨ᠎ᠠ᠃
ᠡᠨᠡ ᠵᠢᠯ᠎ᠤᠨ ᠪᠦᠬᠦ᠌ ᠤᠯᠤᠰ᠎ᠤᠨ ᠬᠤᠶᠠᠷ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ ᠥᠪᠥᠷ ᠮᠣᠩᠭᠤᠯ᠎ᠤᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠳᠠᠬᠢᠨᠲᠠ ᠪᠠᠢᠷᠢᠯᠠᠭᠤᠯᠤᠯᠲᠠ ᠬᠢᠵᠦ᠍᠂ ᠱᠠᠭᠠᠷᠳᠠᠯᠭ᠎ᠠ ᠳᠤᠷᠠᠳᠴᠠᠢ᠃
ᠶᠡᠷᠦᠩᠬᠡᠢ ᠱᠦᠵᠢ᠎ᠶ᠋ᠢᠨ ᠴᠢᠩ ᠰᠡᠳᠭᠢᠯ᠎ᠤᠨ ᠨᠠᠢᠳᠠᠯᠭ᠎ᠠ᠂ ᠦᠨᠡᠨ ᠰᠡᠳᠭᠢᠯ᠎ᠤᠨ ᠰᠤᠷᠭᠠᠯ᠎ᠨᠢ ᠮᠠᠨ᠎ᠤ ᠣᠷᠣᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠬᠦ᠌᠎ᠳᠤ ᠴᠢᠭ᠌ᠯᠡᠯ᠎ᠢ ᠲᠣᠳᠣᠷᠬᠠᠢ ᠵᠢᠭᠠᠨ ᠦᠭ᠌ᠴᠦ᠂ ᠵᠢᠷᠤᠮᠯᠠᠯ ᠬᠠᠩᠭᠠᠪᠠ᠃ ᠣᠷᠣᠨ ᠳᠠᠶᠠᠭᠠᠷ᠎ᠢᠶᠠᠨ ᠵᠠᠷᠯᠢᠭ᠎ᠢ ᠰᠣᠨᠣᠰᠤᠮᠠᠭ᠍ᠴᠠ ᠬᠥᠳᠡᠯᠦᠯᠴᠡᠵᠦ᠍᠂ ᠨᠠᠢᠳᠠᠪᠤᠷᠢᠵᠢᠭᠤᠯᠬᠤ᠎ᠶ᠋ᠢ ᠴᠢᠩᠭ᠎ᠠ ᠠᠳᠭᠤᠵᠤ᠂ ᠦᠳᠲᠡᠷ ᠲᠦᠷᠭᠡᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠥᠷᠨᠢᠯᠲᠡ ᠭᠠᠷᠭᠠᠵᠣ᠂ ᠵᠠᠭᠤᠨ ᠵᠢᠯ᠎ᠤᠨ ᠨᠠᠮ᠎ᠤᠨ ᠲᠡᠦᠬᠡ᠎ᠠᠴᠠ ᠱᠢᠮ᠎ᠡ ᠲᠡᠵᠢᠭᠡᠯ ᠱᠢᠩᠭᠡᠭᠡᠨ᠂ ᠡᠨᠧᠷᠭᠢ ᠬᠤᠷᠠᠮᠳᠤᠭᠤᠯᠵᠤ᠂ ᠣᠳᠣᠬᠢᠴᠢᠯᠠᠭ᠍ᠰᠠᠨ ᠥᠪᠥᠷ ᠮᠣᠩᠭᠤᠯ᠎ᠢ ᠪᠦᠲᠦᠭᠡᠨ ᠪᠠᠢᠭᠤᠯᠬᠤ ᠱᠢᠨ᠎ᠡ ᠪᠠᠢᠳᠠᠯ᠎ᠢ ᠴᠢᠷᠮᠠᠢᠨ ᠡᠭᠦᠳᠴᠦ᠍᠂ ᠱᠢᠨ᠎ᠡ ᠴᠠᠭ ᠦᠶ᠎ᠡ ᠱᠢᠨ᠎ᠡ ᠠᠶᠠᠨ ᠵᠠᠮ ᠳᠡᠭᠡᠷ᠎ᠡ ᠥᠪᠥᠷ ᠮᠣᠩᠭᠤᠯ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠦᠢᠯᠡᠰ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ᠃
ᠶᠡᠭᠡ ᠶᠣᠰᠣ᠎ᠶ᠋ᠢ ᠮᠡᠳᠡᠶ᠎ᠡ ᠬᠡᠮᠡᠪᠡᠰᠦ ᠡᠷᠬᠡᠪᠰᠢ ᠤᠷᠢᠳ᠎ᠢᠶᠠᠷ ᠲᠡᠦᠬᠡ᠎ᠶ᠋ᠢ ᠰᠤᠳᠤᠯᠬᠤ ᠬᠡᠷᠡᠭ᠌ᠲᠡᠶ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠦᠬᠡ ᠪᠣᠯ ᠳᠠᠷᠤᠢ ᠮᠠᠨ᠎ᠤ ᠨᠠᠮ ᠠᠷᠠᠳ ᠲᠦᠮᠡᠨ᠎ᠲᠠᠢ ᠰᠡᠳᠭᠢᠯ ᠵᠢᠷᠦᠬᠡ᠎ᠪᠠᠨ ᠬᠤᠯᠪᠣᠵᠤ᠂ ᠠᠷᠠᠳ ᠲᠦᠮᠡᠨ᠎ᠲᠠᠢ ᠵᠢᠷᠭᠠᠯ ᠵᠣᠪᠠᠯᠠᠩ᠎ᠢᠶᠠᠨ ᠬᠠᠮᠲᠤᠳᠭᠠᠨ᠂ ᠠᠷᠠᠳ ᠲᠦᠮᠡᠨ᠎ᠲᠠᠢ ᠪᠦᠯᠬᠦᠮᠳᠡᠨ ᠲᠡᠮᠡᠴᠡᠭ᠌ᠰᠡᠨ ᠲᠡᠦᠬᠡ ᠪᠣᠯᠣᠨ᠎ᠠ᠂ ᠲᠡᠭᠦᠨ᠎ᠳᠤ ᠬᠦᠴᠦᠷᠬᠡᠭ ᠶᠡᠭᠡ ᠦᠵᠡᠯ ᠰᠠᠨᠠᠭᠠᠨ᠎ᠤ ᠠᠤᠭ᠎ᠠ ᠬᠦᠴᠦᠨ ᠠᠭᠤᠯᠤᠭ᠍ᠳᠠᠵᠤ ᠪᠠᠢᠳᠠᠭ᠃
2 ᠰᠠᠷ᠎ᠠ᠎ᠶ᠋ᠢᠨ 20 ᠤ ᠡᠳᠦᠷ᠂ ᠲᠥᠪ᠎ᠤᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠠᠢᠴᠢᠯᠠᠯᠳᠠ᠎ᠶ᠋ᠢᠨ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ ᠪᠦᠬᠦ᠌ ᠨᠠᠮ᠎ᠳᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ᠌ ᠲᠠᠢᠴᠢᠯᠠᠯᠳᠠ᠎ᠶ᠋ᠢᠨ ᠵᠠᠷᠯᠢᠭ ᠪᠠᠭᠤᠯᠭᠠᠵᠤ᠂ ᠪᠦᠬᠦ᠌ ᠨᠠᠮ᠎ᠤᠨ ᠨᠥᠬᠦᠳ᠎ᠢ ᠲᠡᠦᠬᠡ᠎ᠶ᠋ᠢ ᠰᠤᠷᠤᠯᠴᠠᠵᠦ᠍ ᠶᠣᠰᠣ ᠤᠴᠢᠷ᠎ᠢ ᠤᠢᠯᠠᠭᠠᠬᠤ᠂ ᠲᠡᠦᠬᠡ᠎ᠶ᠋ᠢ ᠰᠤᠷᠤᠯᠴᠠᠵᠦ᠍ ᠢᠲᠡᠭᠡᠯ᠎ᠢᠶᠠᠨ ᠨᠡᠮᠡᠭ᠌ᠳᠡᠭᠦᠯᠬᠦ᠂ ᠲᠡᠦᠬᠡ᠎ᠶ᠋ᠢ ᠰᠤᠷᠤᠯᠴᠠᠵᠦ᠍ ᠶᠣᠰᠣ ᠰᠤᠷᠲᠠᠬᠤᠨ᠎ᠢ ᠡᠷᠬᠢᠮᠯᠡᠬᠦ᠂ ᠲᠡᠦᠬᠡ᠎ᠶ᠋ᠢ ᠰᠤᠷᠤᠯᠴᠠᠵᠦ᠍ ᠴᠢᠷᠮᠠᠢᠨ ᠦᠢᠯᠡᠲᠦᠯᠭᠡᠵᠢᠭᠦᠯᠬᠦ᠌ᠶ᠋ᠢ ᠪᠡᠶᠡᠯᠡᠭᠦᠯᠵᠦ᠍᠂ ᠨᠠᠮ᠎ᠤᠨ ᠲᠡᠦᠬᠡ᠎ᠶ᠋ᠢ ᠰᠤᠷᠤᠯᠴᠠᠬᠤ᠂ ᠦᠵᠡᠯ ᠰᠠᠨᠠᠭ᠎ᠠ᠎ᠪᠠᠨ ᠰᠡᠭᠡᠭᠡᠷᠡᠭᠦᠯᠬᠦ᠂ ᠪᠣᠳᠠᠲᠤ ᠶᠠᠪᠤᠳᠠᠯ ᠬᠢᠬᠦ᠂ ᠱᠢᠨ᠎ᠡ ᠪᠠᠢᠳᠠᠯ᠎ᠢ ᠡᠭᠦᠳᠬᠦ᠌᠎ᠶ᠋ᠢ ᠪᠡᠶᠡᠯᠡᠭᠦᠯᠵᠦ᠍᠂ ᠴᠤᠭ ᠪᠠᠳᠠᠷᠠᠩᠭᠤᠢ ᠳᠦᠷᠰᠦ ᠪᠠᠢᠳᠠᠯ᠎ᠢᠶᠠᠷ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠢᠶᠠᠨ ᠴᠢᠷᠮᠠᠢᠨ ᠡᠬᠢᠯᠡᠭᠦᠯᠵᠦ᠍᠂ ᠱᠢᠯᠢᠳᠡᠭ ᠠᠮᠵᠢᠯᠲᠠ᠎ᠪᠠᠷ᠎ᠢᠶᠠᠨ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ᠎ᠶ᠋ᠢ ᠤᠭ᠍ᠲᠤᠬᠤ ᠬᠡᠷᠡᠭ᠌ᠲᠡᠢ ᠭᠡᠵᠦ᠍ ᠱᠠᠭᠠᠷᠳᠠᠪᠠ᠃
ᠪᠥᠬᠦ᠌ ᠣᠷᠣᠨ᠎ᠤ ᠡᠯ᠎ᠡ ᠱᠠᠲᠤ ᠡᠯ᠎ᠡ ᠭᠠᠵᠠᠷ ᠤᠷᠤᠨ ᠡᠯ᠎ᠡ ᠠᠵᠢᠯ ᠲᠥᠷᠥᠯ᠎ᠤᠨ᠎ᠬᠢᠨ ᠵᠠᠷᠯᠢᠭ᠎ᠢ ᠰᠣᠨᠣᠰᠤᠮᠠᠭ᠍ᠴᠠ ᠬᠦ᠍ᠳᠡᠯᠦᠯᠴᠡᠵᠦ᠍᠂ ᠦᠳᠲᠡᠷ ᠲᠦᠷᠭᠡᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠬᠠᠯᠠᠭᠤᠨ ᠥᠷᠨᠢᠯᠲᠡ ᠭᠠᠷᠭᠠᠵᠣ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠣᠳ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡ᠎ᠶ᠋ᠢ ᠡᠷᠭᠢᠴᠡᠭᠦᠯᠬᠦ᠌ ᠳᠤᠮᠳᠠ ᠱᠢᠮ᠎ᠡ ᠲᠡᠵᠢᠭᠡᠯ ᠱᠢᠩᠭᠡᠭᠡᠨ ᠠᠪᠴᠣ᠂ ᠬᠦᠴᠦᠨ ᠴᠢᠳᠠᠯ ᠬᠤᠷᠠᠮᠳᠤᠭᠤᠯᠤᠭ᠍ᠰᠠᠨ ᠪᠥᠭᠡᠳ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠥᠷᠭᠡᠨ ᠳᠡᠯᠭᠡᠷ ᠭᠦᠨᠵᠡᠭᠡᠶ ᠥᠷᠨᠢᠭᠦᠯᠬᠦ᠌᠎ᠲᠠᠢ ᠨᠢᠭ᠍ᠲᠠ ᠤᠶᠠᠯᠳᠤᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠦᠶᠯᠡᠰ᠎ᠤᠨ ᠱᠢᠨ᠎ᠡ ᠪᠠᠢᠳᠠᠯ᠎ᠢ ᠴᠢᠷᠮᠠᠢᠨ ᠡᠭᠦᠳᠦᠨ᠎ᠠ᠃
ᠡᠨᠡ ᠵᠢᠯ᠎ᠤᠨ ᠪᠦᠬᠦ᠌ ᠤᠯᠤᠰ᠎ᠤᠨ ᠬᠤᠶᠠᠷ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ ᠥᠪᠥᠷ ᠮᠣᠩᠭᠤᠯ᠎ᠤᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠲᠤᠬᠠᠢ ᠳᠠᠬᠢᠨᠲᠠ ᠪᠠᠢᠷᠢᠯᠠᠭᠤᠯᠤᠯᠲᠠ ᠬᠢᠵᠦ᠍᠂ ᠱᠠᠭᠠᠷᠳᠠᠯᠭ᠎ᠠ ᠳᠤᠷᠠᠳᠴᠠᠢ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠲᠤᠲᠤᠨᠤ ᠨᠠᠢᠲᠠᠯᠭᠠ᠂ ᠴᠢᠩ ᠰᠡᠳᠭᠢᠯ᠎ᠤᠨ ᠵᠣᠷᠢᠭ᠍ᠵᠢᠭᠤᠯᠤᠯ᠎ᠨᠢ ᠮᠠᠨ᠎ᠤ ᠣᠷᠣᠨ᠎ᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠴᠢᠨᠠᠭ᠍ᠰᠢᠳᠠ ᠰᠠᠢᠲᠤᠷ ᠥᠷᠨᠢᠭᠦᠯᠬᠦ᠌᠎ᠳᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠨ ᠦᠭ᠌ᠴᠦ᠂ ᠬᠦᠴᠦᠷᠬᠡᠭ ᠶᠡᠭᠡ ᠬᠥᠳᠡᠯᠭᠡᠬᠦ᠌ ᠬᠦᠴᠦᠨ ᠬᠠᠩᠭᠠᠵᠠᠢ᠃
ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠳᠤ᠂ ᠮᠠᠨ᠎ᠤ ᠣᠷᠣᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠰᠭᠠᠢ ᠰᠡᠳᠦᠪᠲᠦ ᠰᠤᠷᠤᠯᠴᠠᠯᠭ᠎ᠠ ᠬᠥᠮᠦᠵᠢᠯ ᠥᠷᠨᠢᠭᠦᠯᠬᠦ᠌᠎ᠪᠠᠷ ᠴᠢᠬᠤᠯᠠ ᠠᠭᠤᠯᠭ᠎ᠠ ᠪᠣᠯᠭᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ ᠪᠣᠯᠤᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠦᠳᠦᠯᠦᠨ ᠵᠢᠯᠣᠭᠤᠳᠴᠤ᠌ ᠨᠠᠮ᠎ᠤᠨ ᠦᠨᠳᠦᠰᠦᠲᠡᠨ᠎ᠤ ᠲᠦᠷᠦ᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠤᠢ᠍ᠢᠯᠠᠭᠠᠭᠤᠯᠵᠤ᠂ ᠵᠥᠪ ᠣᠨᠣᠪᠴᠢᠲᠠᠢ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠤᠢ ᠪᠣᠯᠭᠠᠵᠤ᠂ 《ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠳᠦᠭᠡᠨ ᠪᠠᠢᠭᠤᠯᠵᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌》 ᠬᠦᠴᠦᠷᠬᠡᠭ ᠶᠡᠭᠡ ᠬᠠᠮᠲᠤᠷᠠᠯ ᠬᠦᠴᠦᠨ᠎ᠢ ᠨᠢᠭ᠍ᠲᠠᠷᠠᠭᠤᠯᠣᠨᠠ᠃
ᠦᠵᠡᠭ᠌ᠳᠡᠯ 1 —
ᠰᠤᠷᠤᠯᠴᠠᠬᠤ ᠬᠡᠯᠪᠡᠷᠢ᠎ᠶ᠋ᠢᠨ ᠱᠢᠨ᠎ᠠ᠎ᠶ᠋ᠢ ᠡᠭᠦᠳᠴᠤ᠌ ᠨᠠᠮ᠎ᠤᠨ ᠲᠡᠤᠬᠡ᠎ᠶ᠋ᠢᠨ ᠰᠤᠷᠤᠯᠴᠠᠯᠭ᠎ᠠ᠎ᠶ᠋ᠢ ᠭᠦᠭ᠌ᠵᠢᠭᠡᠨᠠ
《ᠰᠤᠷᠤᠬ᠍ᠴᠢᠳ ᠡ᠂ ᠲᠤᠮᠳᠠᠳᠤ ᠤᠯᠤᠰ᠎ᠤᠨ ᠡᠪ ᠬᠠᠮᠳᠤ ᠨᠠᠮ 1921 ᠤᠨ᠎ᠳᠤ ᠪᠠᠢᠭᠤᠯᠤᠬ᠍ᠳᠠᠪᠠ᠂ ᠤᠳᠤ ᠪᠤᠯᠳᠠᠯ᠎ᠠ ᠬᠡᠳᠦᠢ ᠵᠢᠯ ᠪᠤᠯᠵᠣ ᠪᠠᠢᠭ᠎ᠠ ᠪᠤᠢ?》 《ᠵᠠᠭᠤᠨ ᠵᠢᠯ!》 ᠲᠠᠭᠤᠨ ᠨᠢᠭᠡᠳᠡᠢ ᠬᠠᠷᠢᠭᠤᠯᠲᠠ ᠬᠥᠬᠡᠬᠤᠲᠠ᠎ᠶ᠋ᠢᠨ ᠨᠠᠨ ᠮᠧᠨ ᠸᠠᠢ ᠪᠠᠭ᠎ᠠ ᠰᠤᠷᠭᠠᠭᠤᠯᠢ᠎ᠶ᠋ᠢᠨ ᠬᠤᠷᠠᠯ᠎ᠤᠨ ᠭᠡᠷ᠎ᠲᠤ ᠴᠤᠤᠷᠢᠶᠠᠲᠤᠨ᠎ᠠ᠃
ᠣᠢᠷ᠎ᠠ᠎ᠶ᠋ᠢᠨ ᠡᠳᠦᠷ᠂ ᠰᠠᠢᠬᠠᠨ ᠲᠣᠭᠤᠷᠢᠭ᠎ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠡᠯᠪᠡᠭ ᠪᠠᠶᠠᠯᠢᠭ ᠠᠭᠤᠯᠭ᠎ᠠ᠎ᠲᠠᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠠᠵᠢᠯᠯᠠᠭ᠎ᠠ ᠥᠷᠨᠢᠭᠦᠯᠪᠡ᠃ ᠰᠠᠢᠬᠠᠨ ᠲᠣᠭᠤᠷᠢᠭ᠎ᠤᠨ ᠦᠨᠳᠦᠰᠦᠲᠡᠨ᠎ᠤ ᠳᠤᠮᠳᠠᠳᠤ ᠰᠤᠷᠭᠠᠭᠤᠯᠢ᠎ᠶ᠋ᠢᠨ 《ᠬᠤᠪᠢᠰᠭᠠᠯ᠎ᠤᠨ ᠭᠡᠷ᠎ᠤᠨ ᠵᠠᠬᠢᠳᠠᠯ᠎ᠢ ᠤᠩᠱᠢᠵᠤ ᠴᠠᠭ ᠦᠶ᠎ᠡ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌》 ᠤᠷᠠᠨ ᠤᠩᠱᠢᠯᠭ᠎ᠠ᠎ᠶ᠋ᠢᠨ ᠤᠷᠤᠯᠳᠤᠭᠠᠨ᠂ ᠵᠢᠤᠢ ᠬᠤᠸᠠ ᠪᠠᠭ᠎ᠠ ᠰᠤᠷᠭᠠᠭᠤᠯᠢ᠎ᠶ᠋ᠢᠨ 《ᠤᠯᠠᠭᠠᠨ ᠪᠥᠴᠡᠲᠡᠳ ᠨᠠᠮ᠎ᠢᠶᠠᠨ ᠳᠠᠭᠠᠬᠤ》 ᠭᠤᠤᠯ ᠰᠡᠳᠦᠪᠲᠦ ᠠᠩᠭᠢ᠎ᠶ᠋ᠢᠨ ᠬᠤᠷᠠᠯ ᠁
ᠭᠤᠢᠲᠠ ᠰᠠᠢᠬᠠᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠦᠮᠦᠵᠢᠯ᠎ᠤᠨ ᠠᠵᠢᠯᠯᠠᠭ᠎ᠠ᠎ᠨᠤᠭᠤᠳ ᠬᠤᠪᠢᠰᠭᠠᠯ᠎ᠤᠨ ᠤᠯᠠᠮᠵᠢᠯᠠᠯ᠂ ᠬᠤᠪᠢᠰᠭᠠᠯ᠎ᠤᠨ ᠤᠴᠢ᠎ᠶ᠋ᠢ ᠦᠶ᠎ᠡ᠎ᠶ᠋ᠢᠨ ᠦᠶ᠎ᠡ ᠵᠠᠯᠭᠠᠮᠵᠢᠯᠠᠭᠤᠯᠤᠨᠠ᠃
ᠣᠢᠯᠠᠭᠠᠭ᠍ᠰᠠᠨ᠎ᠢᠶᠠᠷ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠥᠷᠨᠢᠭᠦᠯᠦᠭ᠌ᠰᠡᠨ᠎ᠠᠴᠠ ᠨᠠᠭᠠᠰᠢ᠂ ᠰᠠᠢᠬᠠᠨ ᠲᠣᠭᠤᠷᠢᠭ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠲᠠᠢ ᠤᠶᠠᠯᠳᠤᠭᠤᠯᠤᠨ᠂ ᠡᠯ᠎ᠡ ᠲᠥᠷᠥᠯ᠎ᠤᠨ ᠰᠤᠷᠤᠯᠴᠠᠯᠭ᠎ᠠ᠎ᠶ᠋ᠢᠨ ᠠᠵᠢᠯᠯᠠᠭ᠎ᠠ ᠥᠷᠨᠢᠭᠦᠯᠵᠦ᠍᠂ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠤᠳᠴᠤ᠌ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ ᠣᠢᠯᠠᠭᠠᠭ᠍ᠳᠠᠬᠤᠨ᠎ᠢ ᠦᠢᠯᠡᠳᠦᠯᠭᠡᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬ᠍ᠴᠠᠯᠠᠨ᠎ᠠ᠃
ᠰᠠᠢᠬᠠᠨ ᠲᠣᠭᠤᠷᠢᠭ᠎ᠤᠨ ᠤᠯᠠᠭᠠᠨᠮᠥ᠋ᠴᠢᠷ 《ᠤᠬᠠᠭᠤᠯᠤᠨ ᠲᠠᠢᠯᠪᠤᠷᠢᠯᠠᠬᠤ ᠠᠩᠭᠢ》᠂ 《ᠵᠢᠱ᠌ᠢᠶ᠎ᠡ ᠦᠵᠡᠭᠦᠯᠬᠦ᠌ ᠠᠩᠭᠢ》᠂ 《ᠰᠠᠢᠨ ᠳᠤᠷ᠎ᠠ᠎ᠶ᠋ᠢᠨ ᠦᠶᠯᠡᠴᠢᠯᠡᠭᠡᠨ᠎ᠤ ᠠᠩᠭᠢ》 ᠶ᠋ᠢᠨ ᠦᠶᠯᠡᠳᠦᠯ᠎ᠢᠶᠠᠨ ᠭᠦᠶᠴᠡᠳ ᠪᠠᠳᠠᠷᠠᠭᠤᠯᠵᠤ᠂ ᠦᠨᠳᠦᠰᠦᠨ ᠱᠠᠲᠤᠨ᠎ᠳᠤ ᠭᠦᠨᠵᠡᠭᠡᠢᠷᠡᠨ᠂ ᠠᠷᠠᠳ ᠣᠯᠠᠨ᠎ᠳᠤ ᠨᠠᠮ᠎ᠤᠨ ᠲᠡᠦᠬᠡ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠵᠦ᠍᠂ ᠨᠠᠮ᠎ᠤᠨ ᠲᠠᠭᠤᠨ᠎ᠢ ᠳᠠᠮᠵᠢᠭᠤᠯᠪᠠ᠃
ᠰᠠᠢᠬᠠᠨ ᠲᠣᠭᠤᠷᠢᠭ᠎ᠤᠨ ᠮᠠᠰᠢ ᠤᠯᠠᠨ ᠨᠡᠢᠭᠡᠮ ᠲᠣᠭᠤᠷᠢᠭ 《ᠰᠤᠷᠤᠯᠴᠠᠯᠭ᠎ᠠ᠎ᠶ᠋ᠢ ᠡᠭᠦᠳᠡᠨ᠎ᠳᠤᠨᠢ ᠬᠦᠷᠭᠡᠬᠦ᠌》 ᠠᠵᠢᠯᠯᠠᠭ᠎ᠠ ᠦᠷᠨᠢᠬᠦᠯᠦᠭ᠌ᠰᠡᠨ ᠪᠦᠭᠡᠳ ᠠᠬᠠᠮᠠᠳ ᠨᠠᠮ᠎ᠤᠨ ᠭᠡᠱᠢᠭᠦᠳ᠎ᠤᠨ ᠶᠠᠷᠢᠯᠴᠠᠬᠤ ᠬᠤᠷᠠᠯ᠂ ᠰᠤᠷᠤᠯᠴᠠᠯᠭ᠎ᠠ᠎ᠶ᠋ᠢᠨ ᠮᠠᠲ᠋ᠧᠷᠢᠶᠠᠯ᠎ᠢ ᠢᠯᠡᠭᠡᠭᠦ᠌ ᠵᠡᠷᠭᠡ ᠠᠷᠭ᠎ᠠ ᠬᠡᠯᠪᠡᠷᠢ᠎ᠪᠠᠷ ᠨᠡᠩ ᠤᠯᠠᠨ ᠨᠠᠮ᠎ᠤᠨ ᠭᠡᠱᠢᠭᠦᠨ ᠤᠯᠠᠨ ᠲᠦᠮᠡᠨ᠎ᠢ ᠳᠠᠢᠴᠢᠯᠠᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠳᠤ ᠣᠷᠣᠯᠴᠠᠭᠤᠯᠪᠠ᠃
ᠣᠳᠣᠬᠠᠨ᠎ᠳᠤ᠂ ᠰᠠᠢᠬᠠᠨ ᠲᠣᠭᠤᠷᠢᠭ ᠲᠤᠰᠭᠠᠶ ᠰᠡᠳᠦᠪ᠎ᠢᠶᠠᠷ ᠤᠬᠠᠭᠤᠯᠤᠨ ᠲᠠᠢᠯᠪᠤᠷᠢᠯᠠᠬᠤ᠂ ᠥᠪᠡᠷ᠎ᠢᠶᠠᠨ ᠰᠤᠷᠤᠯᠴᠠᠬᠤ᠂ ᠨᠠᠮ᠎ᠤᠨ ᠲᠡᠦᠬᠡ᠎ᠶ᠋ᠢᠨ ᠮᠡᠳᠡᠯᠭᠡ᠎ᠶ᠋ᠢᠨ ᠱᠢᠯᠭᠠᠯᠲᠠ ᠵᠡᠷᠭᠡ ᠬᠡᠯᠪᠡᠷᠢ᠎ᠪᠠᠷ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠲᠦᠭ ᠲᠦᠮᠡᠨ ᠠᠢᠯ ᠡᠷᠦᠬᠡ᠎ᠳᠤ ᠬᠦᠷᠭᠡᠵᠦ᠍᠂ ᠲᠡᠦᠬᠡ᠎ᠶ᠋ᠢ ᠮᠡᠳᠡᠵᠦ᠍ ᠨᠠᠮ᠎ᠢᠶᠠᠨ ᠬᠠᠢᠷᠠᠯᠠᠬᠤ᠂ ᠲᠡᠦᠬᠡ᠎ᠶ᠋ᠢ ᠮᠡᠳᠡᠵᠦ᠍ ᠤᠯᠤᠰ᠎ᠢᠶᠠᠨ ᠬᠠᠢᠷᠠᠯᠠᠬᠤ ᠰᠠᠢᠨ ᠰᠠᠢᠬᠠᠨ ᠠᠭᠤᠷ ᠠᠮᠢᠰᠭᠤᠯ᠎ᠢ ᠪᠤᠢ ᠪᠤᠯᠭᠠᠵᠤ ᠪᠤᠢ᠃
ᠦᠵᠡᠭ᠌ᠳᠡᠯ 2 —
《ᠬᠤᠪᠢᠰᠭᠠᠯ᠎ᠤᠨ ᠠᠭᠤᠷᠬᠠᠢ》 ᠶ᠋ᠢ ᠬᠦᠨ ᠠᠭᠤᠳᠠᠯᠵᠦ᠍ ᠬᠤᠪᠢᠰᠭᠠᠯ᠎ᠤᠨ ᠤᠯᠠᠮᠵᠢᠯᠠᠯ᠎ᠢ ᠵᠠᠯᠭᠠᠮᠵᠢᠯᠠᠨ᠎ᠠ
ᠤᠢ᠍ᠢᠷ᠎ᠠ᠎ᠶ᠋ᠢᠨ ᠡᠳᠦᠷ ᠂ ᠤᠯᠠᠭᠠᠨᠬᠤᠳᠠ᠎ᠶ᠋ᠢᠨ ᠺᠤᠸᠠᠩ ᠴᠢᠤᠸᠠᠨ ᠵᠡᠭᠡᠯᠢ᠎ᠳᠤ ᠪᠠᠢᠷᠢᠯᠠᠵᠦ᠍ ᠪᠠᠢᠭ᠎ᠠ ᠦᠪᠤᠷ ᠮᠤᠩᠭᠤᠯ᠎ᠤᠨ ᠦᠨᠳᠦᠰᠦᠳᠡᠨ᠎ᠤ ᠴᠢᠯᠦᠭᠡᠯᠡᠯᠳᠡ᠎ᠶ᠋ᠢᠨ ᠲᠤᠷᠠᠰᠭᠠᠯ᠎ᠤᠨ ᠤᠷᠳᠤᠨ᠎ᠳᠤ ᠳᠣᠭᠤᠷᠢᠨ ᠦᠵᠡᠭ᠌ᠴᠢᠳ ᠳᠠᠰᠣᠷᠠᠯᠳᠠ ᠦᠭᠡᠢ ᠴᠤᠪᠤᠷᠠᠵᠦ᠍᠂ ᠨᠠᠮ᠎ᠤᠨ ᠭᠡᠱᠢᠭᠦᠨ ᠺᠠᠳ᠋ᠷᠴᠤᠳ ᠲᠠᠰᠤᠷᠠᠯᠳᠠ ᠦᠭᠡᠢ ᠠᠳᠡ ᠢᠷᠡᠵᠦ᠍ ᠡᠯ᠎ᠠ ᠵᠦᠢᠯ᠎ᠤᠨ ᠭᠤᠤᠯ ᠰᠡᠳᠦᠪᠳᠤ ᠬᠦᠮᠦᠵᠢᠯ᠎ᠤᠨ ᠠᠵᠢᠯᠯᠠᠭ᠎ᠠ ᠦᠷᠨᠢᠭᠦᠯᠬᠦ᠌ ᠪᠤᠯᠪᠠ᠃
ᠦᠪᠤᠷ ᠮᠤᠩᠭᠤᠯ᠎ᠤᠨ ᠦᠨᠳᠦᠰᠦᠳᠡᠨ᠎ᠤ ᠴᠢᠯᠦᠭᠡᠯᠡᠯᠳᠡ᠎ᠶ᠋ᠢᠨ ᠲᠤᠷᠠᠰᠭᠠᠯ᠎ᠤᠨ ᠤᠷᠳᠤᠨ᠎ᠳᠤ ᠬᠦᠮᠦᠨ ᠬᠠᠷ᠎ᠠ ᠴᠤᠬ᠍ᠯᠠᠷᠠᠵᠦ᠍ ᠬᠦᠭ᠌ᠵᠢᠭᠡᠨ᠎ᠲᠠᠢ ᠪᠠᠢᠭ᠎ᠠ᠎ᠨᠢ᠂ ᠬᠢᠨᠭ᠌ᠭᠠᠨ ᠠᠢᠮᠠᠬ᠎ᠤᠨ ᠬᠤᠪᠢᠰᠭᠠᠯ᠎ᠤᠨ ᠡᠭᠢ ᠪᠠᠶᠠᠯᠢᠭ᠎ᠢ ᠰᠠᠢᠳᠤᠷ ᠠᠱᠢᠬ᠍ᠯᠠᠵᠦ᠍᠂ ᠨᠠᠮ᠎ᠤᠨ ᠲᠡᠤᠭᠡ᠎ᠶ᠋ᠢ ᠰᠠᠢᠳᠤᠷ ᠰᠤᠷᠤᠯᠴᠠᠬᠤ᠎ᠶ᠋ᠢ ᠢᠷᠠᠭᠤ ᠠᠯᠳᠠᠷᠳᠤ ᠬᠤᠪᠢᠰᠭᠠᠯ᠎ᠤᠨ ᠤᠯᠠᠮᠵᠢᠯᠠᠯ᠎ᠢ ᠪᠠᠳᠠᠷᠠᠭᠤᠯᠬᠤ ᠪᠠ ᠬᠤᠪᠢᠰᠭᠠᠯ᠎ᠤᠨ ᠦᠯᠢᠭᠡᠷ᠎ᠢ ᠰᠠᠢᠳᠤᠷ ᠶᠠᠷᠢᠬᠤ᠎ᠲᠠᠢ ᠤᠶᠠᠯᠳᠤᠭᠤᠯᠤᠬ᠍ᠰᠠᠨ ᠱᠢᠰᠲ᠋ᠧᠮ᠎ᠲᠠᠢ ᠪᠠᠢᠷᠢᠱᠢᠯ᠎ᠢ ᠪᠤᠢ ᠪᠤᠯᠭᠠᠬ᠍ᠰᠠᠨ᠎ᠳᠤ ᠪᠠᠢᠭ᠎ᠠ ᠶᠤᠮ᠃
ᠨᠠᠮ᠎ᠤᠨ ᠲᠡᠤᠭᠡ᠎ᠶ᠋ᠢᠨ ᠰᠤᠷᠤᠯᠴᠠᠯᠭ᠎ᠠ ᠬᠦᠮᠦᠵᠢᠯ ᠲᠤᠮᠳᠠ᠂ ᠬᠢᠨᠭ᠌ᠭᠠᠨ ᠠᠢᠮᠠᠬ ᠬᠤᠪᠢᠰᠭᠠᠯ᠎ᠤᠨ ᠡᠭᠢ ᠪᠠᠶᠠᠯᠢᠭ᠂ ᠬᠤᠪᠢᠰᠭᠠᠯ᠎ᠤᠨ ᠰᠠᠭᠤᠷᠢᠨ᠎ᠢ ᠭᠦᠢᠴᠡᠳ ᠠᠱᠢᠬ᠍ᠯᠠᠵᠦ᠍ ᠨᠠᠮ᠎ᠤᠨ ᠲᠡᠤᠭᠡ᠎ᠶ᠋ᠢᠨ ᠰᠤᠷᠤᠯᠴᠠᠯᠭ᠎ᠠ ᠬᠦᠮᠦᠵᠢᠯ ᠦᠷᠨᠢᠭᠦᠯᠭᠦ᠎ᠶ᠋ᠢᠨ ᠬᠠᠮᠳᠤ᠂ ᠬᠤᠪᠢᠰᠭᠠᠯ᠎ᠤᠨ ᠦᠯᠢᠭᠡᠷ᠎ᠢ ᠴᠤᠬ᠍ᠯᠠᠭᠤᠯᠬᠤ᠂ ᠬᠤᠪᠢᠰᠭᠠᠯ᠎ᠤᠨ ᠦᠯᠢᠭᠡᠷ᠎ᠢ ᠶᠠᠷᠢᠬᠤ ᠤᠷᠤᠯᠳᠤᠭᠠᠨ ᠵᠤᠬᠢᠶᠠᠨ ᠪᠠᠢᠭᠤᠯᠬᠤ᠂ ᠬᠤᠪᠢᠰᠭᠠᠯᠳᠤ ᠨᠤᠳᠤᠬᠲᠠᠬᠢ ᠪᠠᠭᠠᠳᠤᠷᠴᠤᠳ᠎ᠤᠨ ᠦᠢᠯᠠ ᠶᠠᠪᠤᠳᠠᠯ᠂ ᠦᠨᠳᠤᠰᠦᠳᠡᠨ᠎ᠤ ᠪᠦᠯᠭᠦᠮᠳᠠᠯ ᠲᠠᠪᠱᠢᠯᠳᠠ᠎ᠶ᠋ᠢᠨ ᠦᠯᠢᠭᠡᠷ᠎ᠢ ᠰᠠᠢᠳᠤᠷ ᠶᠠᠷᠢᠬᠤ᠎ᠶ᠋ᠢ ᠴᠢᠬᠤᠯᠠᠴᠢᠯᠠᠵᠦ᠍᠂ ᠨᠠᠮ᠎ᠤᠨ ᠲᠡᠤᠭᠡ᠎ᠶ᠋ᠢᠨ ᠰᠤᠷᠤᠯᠴᠠᠯᠭ᠎ᠠ ᠬᠦᠮᠦᠵᠢᠯ᠎ᠢ ᠤᠯᠠᠨ ᠲᠦᠮᠡᠨ᠎ᠤ ᠲᠤᠮᠳᠠ ᠬᠦᠨᠵᠡᠭᠡᠢᠷᠡᠭᠦᠯᠵᠦ᠍᠂ ᠦᠨᠳᠦᠰᠦᠨ ᠱᠠᠳᠤᠨ᠎ᠳᠤ ᠬᠦᠨᠵᠡᠭᠡᠢᠷᠡᠭᠦᠯᠵᠦ᠍᠂ ᠬᠦᠮᠦᠰ᠎ᠤᠨ ᠰᠡᠳᠭᠢᠯ᠎ᠳᠤ ᠬᠠᠳᠠᠩᠱᠢᠭᠤᠯᠬᠤ᠎ᠶ᠋ᠢ ᠠᠭᠢᠭᠤᠯᠣᠨ᠎ᠠ᠃
ᠡᠯᠪᠡᠭ ᠪᠠᠶᠠᠯᠢᠭ ᠠᠭᠤᠯᠭ᠎ᠠ ᠪᠦᠭᠦᠢ ᠬᠤᠪᠢᠰᠭᠠᠯ᠎ᠤᠨ ᠰᠡᠳᠦᠪᠳᠤ ᠪᠠᠶᠠᠴᠢᠯᠠᠨ ᠤᠷᠤᠯᠴᠠᠬᠤ ᠠᠵᠢᠯᠯᠠᠭ᠎ᠠ᠎ᠨᠤᠭᠤᠳ ᠨᠠᠮ᠎ᠤᠨ ᠲᠡᠤᠭᠡ᠎ᠶ᠋ᠢᠨ ᠰᠤᠷᠤᠯᠴᠠᠯᠭ᠎ᠠ ᠬᠦᠮᠦᠵᠢᠯ᠎ᠤᠨ ᠬᠡᠷᠡᠭ᠌ᠵᠢᠭᠦᠯᠭᠦ᠌ ᠲᠦᠰᠤᠯ᠎ᠢ ᠠᠮᠢᠳᠤᠯᠢᠭ ᠪᠤᠳᠠᠳᠠᠢ ᠦᠢᠯᠠ ᠠᠵᠢᠯᠯᠠᠭ᠎ᠠ ᠪᠤᠯᠭᠠᠵᠦ᠍᠂ 《ᠬᠤᠪᠢᠰᠭᠠᠯ᠎ᠤᠨ ᠠᠭᠤᠷᠬᠠᠢ》 ᠶ᠋ᠢᠨ ᠡᠭᠢ ᠪᠠᠶᠠᠯᠢᠭ᠎ᠢ ᠪᠤᠳᠠᠳᠤ ᠶᠠᠪᠤᠳᠠᠯ ᠬᠢᠵᠦ᠍᠂ ᠱᠢᠨ᠎ᠠ ᠪᠠᠢᠳᠠᠯ᠎ᠢ ᠡᠭᠦᠳᠭᠦ᠌ ᠡᠷᠡᠮᠡᠭᠡᠢᠯᠡᠨ ᠤᠷᠤᠬ᠍ᠰᠢᠯᠠᠬᠤ ᠬᠦᠴᠤᠨ ᠪᠤᠯᠭᠠᠨ ᠬᠤᠪᠢᠷᠠᠭᠤᠯᠪᠠ᠃
《ᠠᠷᠪᠠᠨ ᠲᠦᠷᠪᠡᠳᠦᠭᠡᠷ ᠲᠠᠪᠤᠨ ᠵᠢᠯ》 ᠳᠤ ᠠᠯᠬᠤᠨ ᠤᠷᠤᠵᠦ᠍᠂ ᠱᠢᠨ᠎ᠠ ᠠᠶᠠᠨ᠎ᠢ ᠡᠭᠢᠯᠡᠭᠦᠯᠭᠦ᠎ᠳᠤ᠂ ᠨᠠᠮ᠎ᠤᠨ ᠲᠡᠤᠭᠡ ᠭᠡᠬᠦ᠌ ᠡᠨᠡ ᠬᠦ᠌ ᠵᠠᠪᠠᠯ ᠰᠤᠷᠬᠤ ᠬᠢᠴᠢᠶᠡᠯ᠎ᠢ ᠡᠷᠭᠡᠪᠰᠢ ᠰᠠᠢᠳᠣᠷ ᠰᠤᠷᠤᠯᠴᠠᠬᠤ ᠬᠡᠷᠡᠭ᠌ᠳᠡᠢ᠃ ᠡᠮᠦᠨᠡᠭᠡᠨ᠂ ᠪᠦᠭᠦ᠌ ᠤᠷᠤᠨ᠎ᠤ ᠨᠠᠮ᠎ᠤᠨ ᠲᠡᠤᠭᠡ᠎ᠶ᠋ᠢᠨ ᠰᠤᠷᠤᠯᠴᠠᠯᠭ᠎ᠠ ᠬᠦᠮᠦᠵᠢᠯ᠎ᠤᠨ ᠤᠳᠤᠷᠢᠳᠭᠤ ᠲᠤᠭᠤᠢ᠍ᠢᠯᠠᠩ ᠪᠦᠭᠦ᠌ ᠤᠷᠤᠨ᠎ᠤ ᠨᠠᠮ᠎ᠤᠨ ᠲᠡᠤᠭᠡ᠎ᠶ᠋ᠢᠨ ᠰᠤᠷᠤᠯᠴᠠᠯᠭ᠎ᠠ ᠬᠦᠮᠦᠵᠢᠯ᠎ᠤᠨ ᠠᠵᠢᠯ᠎ᠢ ᠲᠠᠬᠢᠨᠳᠠ ᠪᠠᠢᠷᠢᠯᠠᠭᠤᠯᠤᠨ ᠲᠤᠬᠢᠷᠠᠭᠤᠯᠪᠠ᠃
— 《ᠪᠠᠴᠢᠮ ᠲᠦᠪᠡᠭ᠌ᠳᠡᠢ ᠵᠤᠪᠠᠨᠢᠨ ᠰᠠᠨᠠᠭᠠᠱᠢᠷᠠᠵᠦ᠍ ᠬᠦᠰᠡᠨ ᠪᠠᠷᠠᠯᠠᠵᠦ᠍》 ᠪᠠᠢᠬᠤ ᠵᠦᠢᠯ ᠲᠡᠭᠡᠷ᠎ᠠ ᠬᠦᠴᠤᠨ᠎ᠢᠶᠠᠨ ᠲᠦᠪᠯᠡᠷᠡᠭᠦᠯᠵᠦ᠍᠂ 《ᠤᠯᠠᠨ ᠲᠦᠮᠡᠨ᠎ᠳᠤ ᠪᠤᠳᠠᠳᠤ ᠶᠠᠪᠤᠳᠠᠯ ᠬᠢᠵᠦ᠍ ᠦᠭ᠌ᠭᠦ》 ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠯᠠᠪᠳᠠᠭᠤᠨ ᠪᠠᠳᠤᠳᠠᠢ ᠦᠷᠨᠢᠭᠦᠯᠵᠦ᠍᠂ 《ᠪᠢ ᠪᠤᠯ ᠡᠪ ᠬᠠᠮᠳᠤ ᠨᠠᠮ᠎ᠤᠨ ᠭᠡᠱᠢᠭᠦᠨ · ᠪᠢ ᠲᠠᠨ᠎ᠢ ᠬᠠᠪᠰᠤᠷᠤᠨ᠎ᠠ》 ᠭᠡᠰᠡᠨ ᠰᠠᠢᠨ ᠲᠤᠷᠠᠴᠤᠳ᠎ᠤᠨ ᠦᠢᠯᠡᠴᠢᠯᠡᠭᠡ᠎ᠶ᠋ᠢ ᠰᠠᠢᠳᠤᠷ ᠵᠤᠬᠢᠶᠠᠨ ᠪᠠᠢᠭᠤᠯᠵᠦ᠍᠂ ᠦᠨᠡᠨ ᠰᠡᠳᠭᠢᠯ᠎ᠤᠨ ᠦᠢᠯᠡᠴᠢᠯᠡᠭᠡ᠎ᠶ᠋ᠢ ᠤᠯᠠᠨ ᠲᠦᠮᠡᠨ᠎ᠤ ᠰᠡᠳᠭᠢᠯ᠎ᠳᠤ ᠬᠦᠷᠭᠡᠭᠦ᠌ ᠬᠡᠷᠡᠭ᠌ᠳᠡᠢ;
— 《ᠡᠭᠦᠷᠢᠳᠡ ᠨᠠᠮ᠎ᠢᠶᠠᠨ ᠲᠠᠭᠠᠬᠤ》 ᠤᠯᠠᠨ ᠲᠦᠮᠡᠨᠴᠢ ᠴᠢᠨᠠᠷᠳᠠᠢ ᠭᠤᠤᠯ ᠰᠡᠳᠦᠪᠳᠤ ᠤᠬᠠᠭᠤᠯᠭ᠎ᠠ ᠬᠦᠮᠦᠵᠢᠯ᠎ᠤᠨ ᠠᠵᠢᠯᠯᠠᠭ᠎ᠠ ᠦᠷᠨᠢᠭᠦᠯᠵᠦ᠍᠂ ᠬᠤᠪᠢᠰᠭᠠᠯ᠎ᠤᠨ ᠡᠭᠢ ᠪᠠᠶᠠᠯᠢᠭ᠎ᠢ ᠰᠠᠢᠳᠤᠷ ᠠᠱᠢᠬ᠍ᠯᠠᠵᠦ᠍᠂ ᠲᠡᠤᠭᠡ᠎ᠶ᠋ᠢ ᠮᠡᠳᠡᠵᠦ᠍ ᠲᠡᠤᠭᠡ᠎ᠶ᠋ᠢ ᠬᠠᠢᠷᠠᠯᠠᠵᠦ᠍᠂ ᠲᠡᠤᠭᠡ᠎ᠶ᠋ᠢ ᠮᠡᠳᠡᠵᠦ᠍ ᠤᠯᠤᠰ᠎ᠢᠶᠠᠨ ᠬᠠᠢᠷᠠᠯᠠᠬᠤ ᠦᠳᠭᠡᠨ ᠵᠤᠵᠠᠭᠠᠨ ᠠᠭᠤᠷ ᠠᠮᠢᠰᠭᠤᠯ᠎ᠢ ᠪᠤᠢ ᠪᠤᠯᠭᠠᠬᠤ ᠬᠡᠷᠡᠭ᠌ᠳᠡᠢ ᠁
ᠬᠤᠢᠱᠢᠳᠠ᠂ ᠦᠪᠦᠷ ᠮᠤᠩᠭᠤᠯ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠦᠮᠦᠵᠢᠯ᠎ᠢ ᠦᠷᠭᠦᠯᠵᠢᠯᠡᠨ ᠯᠠᠪᠲᠠᠭᠤᠨ ᠪᠠᠲᠤᠲᠠᠢ ᠦᠷᠨᠢᠭᠦᠯᠵᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠦᠮᠦᠵᠢᠯ᠎ᠠᠴᠠ ᠱᠢᠮ᠎ᠡ ᠲᠡᠵᠢᠭᠡᠯ ᠱᠢᠩᠭᠡᠭᠡᠨ ᠠᠪᠴᠤ᠌᠂ ᠡᠨᠧᠷᠬᠢ ᠬᠤᠷᠠᠮᠳᠤᠭᠤᠯᠵᠦ᠍᠂ ᠱᠢᠨ᠎ᠡ ᠴᠠᠬ ᠦᠶ᠎ᠠ ᠱᠢᠨ᠎ᠡ ᠠᠶᠠᠨ ᠵᠠᠮ ᠳᠡᠭᠡᠷ᠎ᠡ ᠦᠪᠦᠷ ᠮᠤᠩᠭᠤᠯ᠎ᠤᠨ ᠦᠨᠳᠦᠰᠦᠲᠡᠨ᠎ᠤ ᠪᠦᠯᠬᠦᠮᠲᠡᠯ ᠲᠠᠪᠱᠢᠯᠲᠠ᠎ᠶ᠋ᠢᠨ ᠦᠢᠯᠡᠰ᠎ᠤᠨ ᠱᠢᠨ᠎ᠡ ᠬᠠᠭᠤᠲᠠᠰᠤ᠎ᠶ᠋ᠢ ᠪᠢᠴᠢᠭ᠌ᠯᠡᠬᠦ᠌ ᠪᠣᠯᠣᠨ᠎ᠡ᠃
ᠪᠦᠬᠦ᠌ ᠤᠷᠤᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ ᠶᠡᠷᠦᠩᠬᠡᠢ ᠱᠦᠵᠢ᠎ᠶ᠋ᠢᠨ ᠲᠤᠲᠤᠨᠤ ᠨᠠᠢᠲᠠᠯᠭᠠᠶ᠋ᠢ ᠴᠡᠭᠡᠵᠢᠯᠡᠵᠦ᠍᠂ 《ᠵᠢᠱ᠌ᠢᠶᠡᠴᠢ ᠦᠪᠡᠷᠲᠡᠭᠡᠨ ᠵᠠᠰᠭᠠᠤ ᠤᠷᠤᠨ》 ᠤ ᠡᠷᠬᠢᠮ ᠨᠠᠨᠳᠢᠨ ᠢᠷᠠᠭᠤ ᠠᠯᠲᠠᠷ᠎ᠢ ᠰᠠᠢᠲᠦᠷ ᠪᠠᠳᠣᠯᠠᠵᠣ᠂ ᠦᠨᠳᠦᠰᠦᠲᠡᠨ᠎ᠨᠦᠭᠦᠳ᠎ᠤᠨ ᠶᠡᠭᠡ ᠪᠦᠯᠬᠦᠮᠲᠡᠯ᠂ ᠬᠠᠮᠲᠦ᠎ᠪᠠᠷ ᠲᠠᠪᠱᠢᠬᠤ᠂ ᠬᠠᠮᠲᠦ᠎ᠪᠠᠷ ᠴᠢᠨᠡᠭᠡᠯᠢᠭ᠌ᠵᠢᠬᠦ᠌ ᠵᠠᠮ᠎ᠢᠶᠠᠷ ᠶᠡᠭᠡ ᠠᠯᠬᠤᠮ᠎ᠢᠶᠠᠷ ᠤᠷᠤᠬ᠍ᠰᠢᠯᠠᠨ᠎ᠠ!