ᠨᠠᠮ᠎ᠤᠨ ᠲᠡᠦᠬᠡ᠎ᠶ᠋ᠢ ᠰᠤᠷᠤᠯᠴᠠᠨ ᠦᠵᠡᠯ ᠰᠠᠨᠠᠭ᠎ᠠ᠎ᠪᠠᠨ ᠰᠡᠭᠡᠭᠡᠷᠡᠭᠦᠯᠵᠦ᠍ ᠥᠪᠥᠷ ᠮᠣᠩᠭᠤᠯ᠎ᠤᠨ ᠦᠨᠳᠦᠰᠦᠲᠡᠨ᠎ᠤ ᠠᠵᠢᠯ᠎ᠤᠨ ᠱᠢᠨ᠎ᠡ ᠪᠠᠢᠳᠠᠯ᠎ᠢ ᠡᠭᠦᠳᠬᠦ᠌᠎ᠶ᠋ᠢ ᠠᠬᠢᠭᠤᠯᠤᠶ᠎ᠠ
2021-05-02 11:21:00
ᠵᠣᠬᠢᠶᠠᠭ᠍ᠴᠢ᠄
ᠪᠦᠦ ᠰᠠᠴᠡᠨ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ᠂ ᠥᠪᠥᠷ ᠮᠣᠩᠭᠤᠯ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠳᠡᠭᠡᠨ᠂ ᠨᠠᠮ᠎ᠤᠨ ᠲᠡᠦᠬᠡ᠎ᠶ᠋ᠢ ᠰᠤᠷᠤᠯᠴᠠᠬᠤ᠂ ᠦᠵᠡᠯ ᠰᠠᠨᠠᠭ᠎ᠠ᠎ᠪᠠᠨ ᠰᠡᠭᠡᠭᠡᠷᠡᠭᠦᠯᠬᠦ᠂ ᠪᠣᠳᠠᠲᠦ ᠶᠠᠪᠤᠳᠠᠯ ᠬᠢᠬᠦ᠂ ᠱᠢᠨ᠎ᠡ ᠪᠠᠢᠳᠠᠯ᠎ᠢ ᠡᠭᠦᠳᠬᠦ᠌᠎ᠶ᠋ᠢ ᠪᠡᠶᠡᠯᠡᠭᠦᠯᠵᠦ᠍᠂ ᠢᠯᠠᠩᠭᠤᠶ᠎ᠠ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢᠶᠠᠷ ᠵᠠᠮᠨᠠᠬᠤ᠂ ᠦᠨᠳᠦᠰᠦᠲᠡᠨ᠎ᠨᠦᠭᠦᠳ᠎ᠤᠨ ᠶᠡᠭᠡ ᠪᠦᠯᠬᠦᠮᠳᠡᠯ᠎ᠢ ᠬᠠᠮᠠᠭᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠡᠷᠭᠡ ᠴᠢᠬᠤᠯᠠ ᠠᠰᠠᠭᠤᠳᠠᠯ᠎ᠤᠨ ᠲᠠᠯ᠎ᠠ᠎ᠪᠠᠷ ᠦᠵᠡᠯ ᠰᠠᠨᠠᠭ᠎ᠠ ᠲᠠᠨᠢᠯᠲᠠ ᠪᠠ ᠠᠵᠢᠯ᠎ᠤᠨ ᠲᠦᠪᠱᠢᠨ᠎ᠢᠶᠠᠨ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠢ ᠬᠡᠵᠦ᠍ ᠴᠢᠬᠤᠯᠠᠴᠢᠯᠠᠨ ᠵᠢᠭᠠᠵᠦ᠍ ᠭᠠᠷᠭᠠᠵᠠᠢ᠃ ᠪᠢᠳᠡ ᠶᠡᠷᠦᠩᠬᠡᠶ ᠱᠦᠵᠢ᠎ᠶ᠋ᠢᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠤᠢᠯᠠᠭᠠᠨ ᠡᠷᠡᠰ ᠲᠤᠭᠤᠱᠢᠯᠠᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠲᠠᠢ ᠤᠶᠠᠯᠳᠤᠭᠤᠯᠤᠨ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠤᠨ ᠲᠡᠦᠬᠡᠨ ᠣᠷᠣᠨ ᠪᠠᠢᠷᠢ᠎ᠶ᠋ᠢ ᠭᠦᠨᠵᠡᠭᠡᠶ ᠡᠵᠡᠮᠱᠢᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠠᠬᠢᠭᠤᠯᠬᠤ ᠦᠨᠳᠦᠷᠴᠡ᠎ᠠᠴᠠ ᠦᠨᠳᠦᠰᠦᠲᠡᠨ᠎ᠤ ᠠᠵᠢᠯ᠎ᠤᠨ ᠲᠦᠢᠯ᠎ᠤᠨ ᠴᠢᠬᠤᠯᠠ ᠴᠢᠨᠠᠷ᠂ ᠣᠨᠴᠠᠭᠠᠶ ᠰᠡᠷᠭᠡᠭ ᠴᠢᠨᠠᠷ᠂ ᠠᠬᠤᠢ᠍ᠢᠴᠢ ᠪᠤᠳᠤᠯᠢᠶᠠᠨᠲᠤ ᠴᠢᠨᠠᠷ᠎ᠤᠨ ᠲᠤᠬᠠᠶ ᠲᠠᠨᠢᠯᠲᠠ᠎ᠪᠠᠨ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ᠎ᠲᠠᠢ ᠨᠢᠭ᠍ᠲᠠ ᠤᠶᠠᠯᠳᠤᠭᠤᠯᠤᠨ᠂ ᠦᠨᠳᠦᠰᠦᠲᠡᠨ᠎ᠤ ᠠᠵᠢᠯ᠎ᠢ ᠦᠨᠡᠨ ᠬᠦ᠌ ᠴᠢᠩᠭᠠᠳᠭᠠᠨ ᠰᠠᠢᠵᠢᠷᠠᠭᠤᠯᠵᠤ᠂ ᠦᠨᠳᠦᠰᠦᠲᠡᠨ᠎ᠤ ᠪᠦᠯᠬᠦᠮᠳᠡᠯ᠂ ᠨᠡᠢᠭᠡᠮ᠎ᠤᠨ ᠲᠣᠭ᠍ᠲᠠᠭᠤᠨ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠤ ᠶᠡᠭᠡ ᠰᠠᠢᠨ ᠪᠠᠢᠳᠠᠯ᠎ᠢ ᠲᠠᠰᠤᠷᠠᠯᠲᠠ ᠥᠬᠡᠶ ᠪᠠᠬᠢᠵᠢᠭᠦᠯᠦᠨ ᠬᠥᠭ᠌ᠵᠢᠭᠦᠯᠬᠦ᠌ ᠬᠡᠷᠡᠭ᠌ᠲᠡᠶ᠃ ᠦᠨᠳᠦᠰᠦᠲᠡᠨ᠎ᠤ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠨ ᠴᠢᠩᠭᠠᠳᠭᠠᠵᠤ᠂ ᠶᠡᠭᠡ ᠬᠠᠨᠳᠤᠰᠢ᠎ᠶ᠋ᠢ ᠠᠵᠢᠬ᠍ᠯᠠᠬᠤ᠂ ᠠᠯᠤᠰ ᠬᠡᠳᠦ᠎ᠶ᠋ᠢ ᠪᠣᠳᠣᠯᠬᠢᠯᠠᠬᠤ᠎ᠳᠠᠭᠠᠨ ᠴᠢᠳᠠᠮᠠᠭᠠᠢ ᠪᠠᠢᠵᠤ᠂ ᠨᠡᠢᠲᠡᠯᠢᠭ ᠴᠢᠨᠠᠷ ᠪᠣᠯᠤᠨ ᠵᠥᠷᠢᠶᠡᠲᠦ ᠴᠢᠨᠠᠷ᠎ᠤᠨ ᠬᠠᠷᠢᠴᠠᠭ᠎ᠠ᠂ ᠨᠢᠭᠡᠳᠦᠯ ᠪᠣᠯᠤᠨ ᠥᠪᠡᠷᠲᠡᠭᠡᠨ ᠵᠠᠰᠠᠬᠤ᠎ᠶ᠋ᠢᠨ ᠬᠠᠷᠢᠴᠠᠭ᠎ᠠ᠎ᠶ᠋ᠢ ᠵᠥᠪ ᠡᠵᠡᠮᠱᠢᠵᠦ᠍᠂ ᠳᠤᠮᠳᠠᠳᠤ᠎ᠶ᠋ᠢᠨ ᠰᠣᠶᠣᠯ ᠪᠣᠯᠤᠨ ᠦᠨᠳᠦᠰᠦᠲᠡᠨ᠎ᠨᠦᠭᠦᠳ᠎ᠤᠨ ᠰᠣᠶᠣᠯ᠎ᠤᠨ ᠬᠠᠷᠢᠴᠠᠭ᠎ᠠ᠎ᠶ᠋ᠢ ᠵᠥᠪ ᠲᠠᠨᠢᠵᠤ᠂ ᠵᠦᠷᠢᠶᠡᠴᠢᠯᠡᠭ᠌ᠰᠡᠨ᠂ ᠨᠡᠢᠲᠡᠯᠢᠭ ᠴᠢᠨᠠᠷ᠎ᠢ ᠰᠤᠯᠠᠷᠠᠭᠤᠯᠤᠭ᠍ᠰᠠᠨ ᠬᠢᠳᠡᠯ᠎ᠢ ᠡᠷᠡᠰ ᠵᠠᠯᠠᠷᠠᠭᠤᠯᠵᠤ᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠤᠭ᠍ᠰᠠᠨ ᠪᠣᠳᠠᠲᠤ ᠦᠷ᠎ᠡ ᠪᠦᠲᠦᠮᠵᠢ᠎ᠪᠠᠷ᠎ᠢᠶᠠᠨ ᠮᠠᠨ᠎ᠤ ᠣᠷᠣᠨ᠎ᠤ ᠦᠨᠳᠦᠰᠦᠲᠡᠨ᠎ᠤ ᠠᠵᠢᠯ᠎ᠤᠨ ᠪᠦᠬᠦᠯᠢ ᠴᠣᠭ᠍ᠴᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠬᠡᠷᠡᠭ᠌ᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号