ᠦᠪᠦᠷ ᠮᠤᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠮᠤᠩᠭᠤᠯ ᠰᠤᠳᠤᠯᠤᠯ᠎ᠤᠨ ᠳᠡᠭᠡᠳᠦ ᠰᠤᠷᠭᠠᠭᠤᠯᠢ᠎ᠠᠴᠠ ᠭᠤᠤᠯᠯᠠᠨ ᠡᠷᠬᠢᠯᠡᠵᠤ᠂ ᠦᠪᠦᠷ ᠮᠤᠩᠭᠤᠯ᠎ᠤᠨ ᠱᠢᠨ᠎ᠡ ᠤᠳᠭ᠎ᠠ ᠵᠤᠬᠢᠶᠠᠯ᠎ᠤᠨ ᠨᠡᠢᠬᠡᠮᠯᠢᠭ ᠪᠠ ᠦᠪᠦᠷ ᠮᠤᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠮᠤᠩᠭᠤᠯ ᠰᠤᠳᠤᠯᠤᠯ᠎ᠤᠨ ᠳᠡᠭᠡᠳᠤ ᠰᠤᠷᠭᠠᠭᠤᠯᠢ᠎ᠶ᠋ᠢᠨ ᠮᠤᠩᠭᠤᠯ ᠬᠡᠯᠡ ᠤᠳᠭ᠎ᠠ ᠵᠤᠬᠢᠶᠠᠯ᠎ᠤᠨ ᠰᠠᠯᠪᠤᠷᠢ ᠬᠠᠮᠳᠤᠷᠠᠨ ᠡᠷᠬᠢᠯᠡᠭ᠌ᠰᠡᠨ 《ᠳᠠᠢᠯᠤᠯ ᠬᠢᠬᠡᠳ ᠵᠠᠯᠭᠠᠮᠵᠢᠯᠠᠯ》 ᠦᠪᠦᠷ ᠮᠤᠩᠭᠤᠯ᠎ᠤᠨ ᠬᠤᠪᠢᠰᠭᠠᠯᠳᠤ ᠤᠳᠭ᠎ᠠ ᠵᠤᠬᠢᠶᠠᠯ᠎ᠤᠨ ᠰᠤᠩᠭᠤᠳᠠᠭ ᠪᠦᠳᠦᠭᠡᠯ᠎ᠤᠨ ᠡᠷᠳᠡᠮ ᠱᠢᠨᠵᠢᠯᠡᠭᠡᠨ᠎ᠤ ᠰᠤᠳᠤᠯᠤᠨ ᠶᠠᠷᠢᠯᠴᠠᠬᠤ ᠬᠤᠷᠠᠯ ᠤᠢ᠍ᠢᠷ᠎ᠠ᠎ᠳᠤ ᠬᠦᠬᠡᠬᠤᠳᠠ᠎ᠳᠤ ᠶᠠᠪᠤᠭ᠍ᠳᠠᠪᠠ᠃
ᠲᠤᠰ ᠰᠤᠳᠤᠯᠤᠨ ᠶᠠᠷᠢᠯᠴᠠᠬᠤ ᠬᠤᠷᠠᠯ ᠳᠤᠰᠭᠠᠢ ᠮᠡᠷᠭᠡᠵᠢᠯᠳᠡᠨ᠎ᠤ ᠶᠠᠷᠢᠯᠴᠠᠭᠠᠨ᠎ᠤ ᠳᠠᠪᠴᠠᠩ᠂ ᠬᠤᠪᠢᠰᠭᠠᠯᠳᠤ ᠱᠢᠯᠦᠭ ᠳᠠᠭᠤᠤ᠎ᠶ᠋ᠢᠨ ᠰᠤᠳᠤᠯᠤᠨ ᠶᠠᠷᠢᠯᠴᠠᠬᠤ ᠬᠤᠷᠠᠯ᠂ ᠬᠤᠪᠢᠰᠭᠠᠯᠳᠤ ᠳᠡᠦᠭᠡᠨ ᠳᠤᠭᠤᠵᠢᠰ᠎ᠤᠨ ᠰᠤᠳᠤᠯᠤᠨ ᠶᠠᠷᠢᠯᠴᠠᠬᠤ ᠬᠤᠷᠠᠯ ᠬᠡᠬᠦ᠌ ᠭᠤᠷᠪᠠᠨ ᠬᠡᠰᠡᠭ᠎ᠢᠶᠠᠷ ᠶᠠᠪᠤᠭ᠍ᠳᠠᠵᠤ ᠬᠤᠪᠢᠰᠭᠠᠯ᠎ᠤᠨ ᠳᠤᠷᠠᠰᠤᠮᠵᠢ᠎ᠶ᠋ᠢ ᠴᠠᠭ ᠦᠶ᠎ᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠳᠤ ᠨᠡᠢᠴᠡᠭᠦᠯᠦᠨ ᠲᠦᠷᠦ᠎ᠶ᠋ᠢᠨ ᠮᠡᠳᠡᠷᠡᠮᠵᠢ᠎ᠶ᠋ᠢ ᠪᠠᠬᠢᠵᠢᠭᠦᠯᠬᠦ᠂ ᠬᠠᠮᠳᠤ ᠴᠤᠭ᠍ᠴᠠ᠎ᠶ᠋ᠢᠨ ᠨᠢᠭ᠍ᠳᠠᠷᠠᠯᠤᠨ ᠬᠦᠴᠦᠨ᠎ᠢ ᠴᠢᠩᠭᠠᠳᠭᠠᠬᠤ᠂ ᠬᠤᠪᠢᠰᠭᠠᠯᠳᠤ ᠱᠢᠯᠦᠭ ᠳᠠᠭᠤᠤ ᠳᠤᠭᠤᠵᠢᠰ ᠪᠦᠳᠦᠭᠡᠯᠭᠡ᠎ᠶ᠋ᠢᠨ ᠪᠦᠷᠢᠯᠳᠦᠯ᠂ ᠤᠷᠠᠯᠢᠭ᠎ᠤᠨ ᠤᠨᠴᠠᠯᠢᠭ᠂ ᠤᠯᠠᠮᠵᠢᠯᠠᠯ ᠬᠦᠭ᠌ᠵᠢᠭᠦᠯᠦᠯ ᠵᠡᠷᠭᠡ ᠳᠠᠯ᠎ᠠ᠎ᠪᠠᠷ ᠬᠦᠨᠵᠡᠭᠡᠢ ᠰᠤᠳᠤᠯᠤᠨ ᠶᠠᠷᠢᠯᠴᠠᠪᠠ᠃
ᠳᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢᠨ ᠪᠠᠶᠠᠷ᠎ᠢ ᠪᠡᠯᠭᠡᠯᠡᠬᠦ᠌ ᠪᠠᠶᠠᠷᠳᠦ ᠮᠦᠴᠡ᠎ᠳᠤ ᠶᠠᠪᠤᠭ᠍ᠳᠠᠭᠤᠯᠤᠭ᠍ᠰᠠᠨ ᠳᠤᠰ ᠬᠤᠷᠠᠯ᠎ᠨᠢ ᠬᠤᠪᠢᠰᠭᠠᠯᠳᠤ ᠤᠳᠭ᠎ᠠ ᠵᠤᠬᠢᠶᠠᠯ᠎ᠤᠨ ᠦᠨ᠎ᠡ ᠦᠷᠳᠡᠭ᠎ᠢ ᠬᠦᠨᠵᠡᠭᠡᠢ ᠤᠢ᠍ᠢᠯᠠᠭᠠᠵᠤ᠂ ᠬᠤᠪᠢᠰᠭᠠᠯᠳᠤ ᠤᠳᠭ᠎ᠠ ᠤᠷᠠᠯᠢᠭ᠎ᠤᠨ ᠰᠤᠳᠤᠯᠭᠠᠨ᠎ᠤ ᠴᠢᠨᠠᠷ ᠴᠢᠨᠰᠠᠭ᠎ᠠ ᠪᠠ ᠦᠷ᠎ᠡ ᠪᠦᠳᠦᠮᠵᠢ᠎ᠶ᠋ᠢ ᠳᠡᠭᠡᠭ᠌ᠰᠢᠯᠡᠭᠦᠯᠦᠨ᠂ ᠦᠪᠦᠷ ᠮᠤᠩᠭᠤᠯ᠎ᠤᠨ ᠬᠤᠪᠢᠰᠭᠠᠯᠳᠤ ᠤᠳᠭ᠎ᠠ ᠵᠤᠬᠢᠶᠠᠯ᠎ᠤᠨ ᠵᠢᠭᠠᠨ ᠰᠤᠷᠭᠠᠯᠳᠠ ᠪᠠ ᠰᠤᠳᠤᠯᠭᠠᠨ᠎ᠤ ᠬᠦᠭ᠌ᠵᠢᠯᠳᠡ᠎ᠶ᠋ᠢ ᠠᠬᠢᠭᠤᠯᠬᠤ᠎ᠳᠤ ᠤᠨᠤᠯ ᠪᠠ ᠦᠢᠯᠡᠳᠦᠯᠭᠡ᠎ᠶ᠋ᠢᠨ ᠴᠢᠬᠤᠯᠠ ᠠᠴᠢ ᠬᠤᠯᠪᠤᠭ᠍ᠳᠠᠯ᠎ᠲᠠᠢ ᠶᠤᠮ᠃