《ᠪᠠᠭ᠎ᠠ ᠲᠣᠬᠢᠷᠠᠭᠤᠯᠤᠯᠲᠠ》 ᠎ᠪᠠᠷ 《ᠶᠡᠭᠡ ᠠᠱᠢᠭ》 ᠡᠬᠦᠳᠦᠨ᠎ᠡ
2021-05-24 10:19:07
ᠵᠣᠬᠢᠶᠠᠭ᠍ᠴᠢ᠄
ᠴᠡᠯᠮᠡᠭ
ᠣᠩᠱᠢᠭ᠍ᠰᠠᠨ ᠣᠳᠠᠭ᠎ᠠ᠄
★★★☆☆

ᠡᠷᠡᠭᠦᠯ ᠡᠩᠬᠡ ᠪᠠᠢᠬᠤ ᠪᠤᠯ ᠦᠷᠭᠡᠨ ᠤᠯᠠᠨ ᠲᠦᠮᠡᠨ᠎ᠤ ᠰᠠᠢᠨ ᠰᠠᠢᠬᠠᠨ ᠬᠦᠰᠡᠯ ᠬᠦᠭᠡᠭᠡᠴᠡᠯᠳᠦᠯ ᠪᠤᠯᠤᠨ᠎ᠠ᠃ ᠠᠮᠢᠳᠤᠷᠠᠯ᠎ᠤᠨ ᠠᠢᠵᠠᠮ᠎ᠤᠨ ᠲᠦᠷᠭᠡᠳᠬᠦ᠌ ᠪᠠ ᠠᠵᠢᠯ᠎ᠤᠨ ᠳᠠᠷᠤᠭᠠᠰᠤ᠎ᠶ᠋ᠢᠨ ᠲᠠᠰᠤᠷᠠᠯᠲᠠ ᠦᠭᠡᠢ ᠨᠡᠮᠡᠭ᠌ᠳᠡᠬᠦ᠌᠎ᠶ᠋ᠢ ᠳᠠᠭᠠᠯᠳᠤᠨ᠂ ᠨᠡᠩ ᠤᠯᠠᠨ ᠬᠥᠮᠦᠰ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ ᠪᠣᠯ ᠰᠠᠶᠢ ᠨᠢᠭᠡ ᠨᠠᠰᠤᠨ᠎ᠤ ᠬᠠᠮᠤᠭ᠎ᠤᠨ ᠡᠷᠬᠢᠮ ᠨᠠᠨᠳᠢᠨ ᠡᠳ᠋ ᠪᠠᠶᠠᠯᠢᠭ ᠪᠣᠯᠬᠤ᠎ᠶ᠋ᠢ ᠤᠯᠠᠮ᠎ᠠᠴᠠ ᠤᠯᠠᠮ ᠲᠠᠨᠢᠵᠤ ᠣᠯᠤᠭᠠᠳ᠂ ᠡᠷᠡᠭᠦᠯ ᠪᠤᠯᠪᠠᠰᠤᠨ ᠠᠮᠢᠳᠤᠷᠠᠯ᠎ᠤᠨ ᠠᠷᠭ᠎ᠠ ᠮᠠᠶᠢᠭ ᠪᠠ ᠠᠮᠢᠳᠤᠷᠠᠯ᠎ᠤᠨ ᠣᠪᠣᠷ᠎ᠢ ᠨᠡᠩ ᠢᠯᠡᠭᠦᠤ ᠬᠦᠭᠡᠭᠡᠯᠴᠡᠳᠡᠭ ᠪᠤᠯᠪᠠ᠃


3985391_qilmg_1621395074621.jpg


ᠡᠨᠡ ᠵᠢᠯ᠎ᠤᠨ 《5 · 1》 ᠎ᠤ ᠠᠮᠠᠷᠠᠯᠲᠠ᠎ᠳᠤ᠂ ᠣᠷᠳᠣᠰ ᠬᠤᠲᠠ᠎ᠶ᠋ᠢᠨ᠎ᠬᠢᠨ ᠨᠢᠭᠡ ᠤᠳᠠᠭᠠᠨ᠎ᠤ ᠡᠷᠡᠭᠦᠯᠵᠢᠯ ᠰᠤᠪᠢᠯᠠᠯᠲᠠ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠠᠪᠤᠭᠤᠯᠵᠠᠢ᠃ ᠲᠤᠰ ᠤᠳᠠᠭᠠᠨ᠎ᠤ ᠠᠵᠢᠯᠯᠠᠭ᠎ᠠ᠎ᠨᠢ ᠡᠳᠦᠷ ᠪᠦᠷᠢ ᠬᠠᠭᠠᠰ ᠡᠳᠦᠷ᠎ᠤᠨ ᠴᠠᠭ᠎ᠢ ᠠᠱᠢᠬ᠍ᠯᠠᠨ ᠦᠪᠦᠷ ᠮᠤᠩᠭᠤᠯ᠎ᠤᠨ ᠣᠯᠠᠨ ᠤᠯᠤᠰ᠎ᠤᠨ ᠮᠣᠩᠭᠤᠯ ᠡᠮᠨᠡᠯᠭᠡ᠎ᠶ᠋ᠢᠨ ᠬᠤᠷᠢᠶᠠᠨ᠎ᠤ ᠪᠡᠶ᠎ᠡ ᠰᠡᠳᠭᠢᠴᠡ᠎ᠶ᠋ᠢᠨ ᠡᠮᠴᠢᠯᠡᠭᠡᠨ᠎ᠤ ᠰᠠᠯᠠᠭᠠᠨ᠎ᠤ ᠡᠷᠬᠢᠯᠡᠭ᠌ᠴᠢ᠂ ᠦᠪᠦᠷ ᠮᠤᠩᠭᠤᠯ᠎ᠤᠨ ᠤᠯᠠᠨ ᠤᠯᠤᠰ᠎ᠤᠨ ᠮᠤᠩᠭᠤᠯ ᠡᠮᠨᠡᠯᠭᠡ᠎ᠶ᠋ᠢᠨ ᠬᠤᠷᠢᠶ᠎ᠠ᠎ᠶ᠋ᠢᠨ ᠣᠷᠳᠣᠰ ᠬᠤᠪᠢᠶᠠᠷᠢ ᠬᠤᠷᠢᠶ᠎ᠠ᠎ᠶ᠋ᠢᠨ ᠲᠡᠳ᠋ ᠲᠠᠷᠤᠭ᠎ᠠ ᠨᠠᠭᠤᠨᠪᠢᠯᠢᠡ ᠳ᠋ᠤᠺᠲ᠋ᠤᠷ᠎ᠢᠶᠠᠷ ᠡᠷᠡᠭᠦᠯ ᠮᠡᠨᠳᠦ᠎ᠶ᠋ᠢᠨ ᠬᠥᠮᠦᠵᠢᠯ᠎ᠤᠨ ᠲᠠᠢᠯᠤᠮᠵᠢ ᠬᠢᠯᠭᠡᠵᠦ᠍᠂ ᠬᠢᠲᠠᠳ ᠮᠣᠩᠭᠤᠯ ᠡᠮᠨᠡᠯᠭᠡ᠎ᠶ᠋ᠢᠨ ᠪᠡᠶ᠎ᠡ ᠰᠡᠳᠭᠢᠴᠡ᠎ᠶ᠋ᠢᠨ ᠤᠨᠴᠠᠯᠢᠭ᠍ᠳᠤ ᠵᠠᠰᠠᠯ ᠬᠢᠭᠡᠳ ᠰᠣᠶᠣᠯ ᠵᠢᠭᠤᠯᠴᠢᠯᠠᠯ᠎ᠤᠨ ᠠᠵᠤ ᠦᠢᠯᠡᠰ᠎ᠢ ᠬᠠᠷᠢᠯᠴᠠᠨ ᠠᠭᠤᠰᠤᠯᠴᠠᠭᠤᠯᠤᠬ᠍ᠰᠡᠨ᠂ 《ᠡᠷᠡᠭᠦᠯ ᠮᠡᠨᠳᠦ +》 ᠭᠤᠤᠯᠯᠠᠬᠤ ᠠᠵᠤ  ᠦᠢᠯᠡᠰ᠎ᠢ ᠳᠣᠪᠤᠢᠯᠭᠠᠬ᠍ᠰᠡᠨ᠂ 《ᠡᠮᠴᠢᠯᠡᠭᠡ᠂ ᠡᠮ᠂ ᠰᠤᠪᠢᠯᠠᠯᠲᠠ᠂ ᠵᠢᠭᠤᠯᠴᠢᠯᠠᠯ》 ᠠᠭᠤᠰᠤᠯᠴᠠᠯ᠎ᠢᠶᠠᠷ ᠬᠥᠭ᠌ᠵᠢᠯᠲᠡ᠎ᠶ᠋ᠢᠨ ᠠᠷᠭ᠎ᠠ ᠵᠠᠮ ᠪᠣᠯᠭᠠᠬ᠍ᠰᠡᠨ᠂ ᠬᠢᠲᠠᠳ ᠮᠣᠩᠭᠤᠯ ᠡᠮ ᠡᠮᠨᠡᠯᠭᠡ᠎ᠶ᠋ᠢ ᠪᠡᠶᠡᠳᠡᠨ ᠤᠢ᠍ᠢᠯᠠᠭᠠᠬᠤ ᠰᠡᠯᠡᠭᠦᠴᠡᠯ ᠵᠢᠭᠤᠯᠴᠢᠯᠠᠯ᠂ ᠬᠢᠲᠠᠳ ᠮᠣᠩᠭᠤᠯ ᠡᠮ ᠡᠮᠨᠡᠯᠭᠡ᠎ᠶ᠋ᠢᠨ ᠰᠤᠪᠢᠯᠠᠯᠲᠠ ᠡᠷᠡᠭᠦᠯᠵᠢᠯ᠎ᠤᠨ ᠵᠢᠭᠤᠯᠴᠢᠯᠠᠯ᠂ ᠬᠢᠲᠠᠳ ᠮᠣᠩᠭᠤᠯ ᠡᠮ ᠡᠮᠨᠡᠯᠭᠡ᠎ᠶ᠋ᠢᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠰᠤᠷᠭᠠᠨ ᠬᠥᠮᠦᠵᠢᠯ ᠵᠡᠷᠭᠡ ᠤᠨᠴᠠᠯᠢᠭ᠍ᠳᠤ ᠵᠢᠭᠤᠯᠴᠢᠯᠠᠯ᠎ᠤᠨ ᠦᠢᠯᠡᠳᠬᠦᠨ᠎ᠢ ᠤᠯᠠᠨ᠎ᠳᠤ ᠲᠠᠨᠢᠯᠴᠠᠭᠤᠯᠤᠨ ᠤᠢ᠍ᠢᠯᠠᠭᠠᠭᠤᠯᠤᠬ᠍ᠰᠡᠨ ᠪᠠᠢᠨ᠎ᠡ᠃ ᠪᠦᠬᠦ᠌ ᠤᠯᠤᠰ᠎ᠤᠨ ᠡᠯ᠎ᠡ ᠭᠠᠵᠠᠷ᠎ᠤᠨ 3000 ᠭᠠᠷᠤᠢ ᠬᠥᠮᠦᠨ ᠲᠤᠬᠠᠢ᠎ᠶ᠋ᠢᠨ ᠲᠠᠯᠠᠪᠠᠢ᠎ᠳᠤ ᠬᠦᠷᠦᠯᠴᠡᠡ ᠢᠷᠡᠵᠦ᠍ ᠲᠤᠰ ᠤᠳᠠᠭᠠᠨ᠎ᠤ ᠡᠷᠡᠭᠦᠯ ᠮᠡᠨᠲᠦ᠎ᠶ᠋ᠢᠨ ᠬᠦᠮᠦᠵᠢᠯ᠎ᠤᠨ ᠲᠠᠢᠯᠤᠮᠵᠢ᠎ᠶ᠋ᠢ ᠰᠤᠨᠤᠰᠴᠤ᠌᠂ ᠬᠢᠳᠠᠳ ᠮᠤᠩᠭᠤᠯ ᠡᠮ ᠡᠮᠨᠡᠯᠭᠡ᠎ᠶ᠋ᠢᠨ ᠤᠨᠴᠠᠯᠢᠬ᠍ᠳᠤ ᠵᠠᠰᠠᠯ᠎ᠢ ᠬᠦᠯᠢᠶᠡᠭ᠌ᠰᠡᠨ ᠪᠠ ᠡᠷᠡᠭᠦᠯᠵᠢᠯ᠎ᠤᠨ ᠵᠢᠭᠤᠯᠴᠢᠯᠠᠯ᠎ᠳᠤ ᠤᠷᠤᠯᠴᠠᠬ᠍ᠰᠡᠨ ᠪᠠᠢᠨ᠎ᠡ᠃ ᠡᠷᠡᠭᠦᠯ ᠡᠩᠬᠡ ᠪᠣᠯᠪᠠᠰᠤᠨ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠰᠠᠨᠠᠭᠠᠴᠢᠯᠠᠵᠤ᠂ ᠶᠡᠭᠡ ᠡᠷᠡᠭᠦᠯ ᠬᠠᠮᠠᠭᠠᠯᠠᠯ᠂ ᠶᠡᠭᠡ ᠡᠷᠡᠭᠦᠯ ᠮᠡᠨᠳᠤ᠎ᠶ᠋ᠢᠨ ᠦᠵᠡᠯᠲᠡ᠎ᠶ᠋ᠢ ᠪᠤᠢ ᠪᠣᠯᠭᠠᠨ᠂ ᠡᠪᠡᠳᠴᠢᠨ ᠵᠠᠰᠠᠬᠤ᠎ᠪᠠᠷ ᠭᠤᠣᠯ ᠪᠤᠯᠭᠠᠵᠤ ᠪᠠᠢᠭ᠍ᠰᠠᠨ᠎ᠠᠴᠠ ᠡᠪᠡᠳᠴᠢᠨ ᠡᠮᠭᠡᠭ᠎ᠢ ᠤᠷᠢᠳᠴᠢᠯᠠᠨ ᠰᠡᠷᠭᠡᠢᠯᠡᠬᠦ᠂ ᠠᠷᠠᠳ ᠲᠦᠮᠡᠨ᠎ᠤ ᠡᠷᠡᠭᠦᠯ ᠮᠡᠨᠳᠤ᠎ᠪᠠᠷ ᠭᠤᠣᠯ ᠪᠣᠯᠭᠠᠬᠤ ᠬᠦᠭ᠌ᠵᠢᠯᠲᠡ᠎ᠶ᠋ᠢᠨ ᠦᠵᠡᠯᠲᠡ᠎ᠶ᠋ᠢ ᠪᠤᠢ ᠪᠤᠯᠭᠠᠬᠤ ᠪᠣᠯ ᠤᠯᠤᠰ᠎ᠠᠴᠠ ᠰᠠᠨᠠᠭᠠᠴᠢᠯᠠᠵᠤ ᠪᠦᠬᠦᠢ ᠡᠷᠡᠭᠦᠯ ᠮᠡᠨᠲᠦ ᠬᠦᠭ᠌ᠵᠢᠯᠲᠡ᠎ᠶ᠋ᠢᠨ ᠴᠢᠭ᠌ᠯᠡᠯ ᠮᠦᠨ᠃ ᠪᠠᠶᠠᠷᠯᠠᠭᠤᠱᠢᠳᠠᠢ᠎ᠨᠢ ᠡᠢᠮᠦᠷᠭᠦᠤ ᠠᠵᠢᠯᠯᠠᠭ᠎ᠠ ᠡᠢᠮᠦᠷᠬᠦᠤ ᠵᠠᠬ᠍ᠪᠤᠷ᠎ᠨᠢ ᠪᠦᠬᠦ᠌ ᠤᠯᠤᠰ᠎ᠤᠨ ᠡᠯ᠎ᠡ ᠭᠠᠵᠠᠷ᠎ᠲᠤ ᠴᠦᠮ ᠢᠳᠡ ᠬᠦᠴᠦᠨ᠎ᠲᠠᠢ ᠶᠠᠪᠤᠭ᠍ᠳᠠᠵᠤ ᠪᠤᠢ᠃

《ᠪᠦᠬᠦ᠌ ᠠᠷᠠᠳ᠎ᠤᠨ ᠡᠷᠡᠬᠦᠯ ᠮᠡᠨᠳᠦ ᠪᠠᠢᠬᠤ ᠦᠭᠡᠢ ᠪᠤᠯ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠵᠦ᠍ ᠴᠢᠳᠠᠬᠤ ᠦᠭᠡᠢ ᠶᠤᠮ》᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠶᠡᠷᠦᠩᠬᠡᠢ ᠱᠦᠵᠢ ᠰᠢ᠎ᠶ᠋ᠢᠨ ᠫᠢᠩ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠤᠢ᠍ᠢᠯᠠᠭᠠᠬ᠍ᠳᠠᠬᠤᠨ᠎ᠢ ᠪᠠᠷᠢᠮᠲᠠᠯᠠᠵᠤ᠂ ᠠᠷᠠᠳ ᠲᠦᠮᠡᠨ᠎ᠤ ᠡᠷᠡᠭᠦᠯ ᠮᠡᠨᠳᠤ᠎ᠶ᠋ᠢ ᠪᠠᠢᠯᠳᠤᠬᠤ ᠪᠤᠳᠤᠯᠭ᠎ᠠ᠎ᠶ᠋ᠢᠨ ᠪᠠᠢᠷᠢᠨ᠎ᠳᠤ ᠲᠠᠯᠪᠢᠵᠤ᠂ ᠪᠦᠬᠦ᠌ ᠲᠡᠯ᠎ᠠ᠎ᠪᠠᠷ ᠪᠦᠬᠦ᠌ ᠦᠶᠡᠯᠡᠯ᠎ᠤᠨ ᠬᠤᠭᠤᠴᠠᠭᠠᠨ᠎ᠳᠤ ᠠᠷᠠᠳ ᠲᠦᠮᠡᠨ᠎ᠤ ᠡᠷᠡᠭᠦᠯ ᠮᠡᠨᠳᠤ᠎ᠶ᠋ᠢ ᠪᠠᠲᠤᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠳᠤ ᠡᠷᠡᠭᠦᠯ ᠮᠡᠨᠳᠤ᠎ᠶ᠋ᠢᠨ ᠪᠠᠲᠤ ᠪᠠᠬᠢ ᠰᠠᠭᠤᠷᠢ᠎ᠶ᠋ᠢ ᠲᠠᠯᠪᠢᠭ᠍ᠰᠠᠨ ᠪᠠᠢᠨ᠎ᠠ᠃

— 2016 ᠣᠨ᠎ᠤ 8 ᠰᠠᠷ᠎ᠡ᠎ᠶ᠋ᠢᠨ 19 ᠎ᠤ ᠡᠳᠦᠷ᠂ ᠪᠥᠬᠦ᠌ ᠤᠯᠤᠰ᠎ᠤᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠎ᠶ᠋ᠢᠨ ᠶᠡᠭᠡ ᠬᠤᠷᠠᠯ ᠪᠡᠭᠡᠵᠢᠩ᠎ᠳᠤ ᠦᠪᠡᠳᠡᠭ᠌ᠰᠢ ᠶᠡᠭᠡ᠎ᠪᠠᠷ ᠬᠤᠷᠠᠯᠳᠤᠵᠤ᠂ ᠶᠡᠷᠦᠩᠬᠡᠶ ᠱᠦᠵᠢ ᠰᠢ᠎ᠶ᠋ᠢᠨ ᠫᠢᠩ ᠴᠢᠬᠤᠯᠠ ᠶᠠᠷᠢᠶ᠎ᠠ ᠲᠠᠯᠪᠢᠪᠠ᠃ ᠡᠨᠡ ᠪᠣᠯ ᠱᠢᠨ᠎ᠡ ᠵᠠᠭᠤᠨ᠎ᠠᠴᠠ ᠨᠠᠭᠠᠰᠢ ᠮᠠᠨ᠎ᠤ ᠤᠯᠤᠰ᠎ᠤᠨ ᠬᠤᠷᠠᠯᠳᠤᠭᠤᠯᠤᠭ᠍ᠰᠠᠨ ᠠᠩᠬᠠᠳᠤᠭᠠᠷ ᠤᠳᠠᠭᠠᠨ᠎ᠤ ᠡᠷᠡᠭᠦᠯ ᠬᠠᠮᠠᠭᠠᠯᠠᠯ ᠪᠣᠯᠤᠨ ᠡᠷᠡᠭᠦᠯ ᠮᠡᠨᠳᠦ᠎ᠶ᠋ᠢᠨ ᠶᠡᠭᠡ ᠬᠤᠷᠠᠯ ᠪᠠᠢᠵᠦ᠍ ᠴᠢᠬᠤᠯᠠ ᠶᠡᠭᠡ ᠠᠴᠢ ᠬᠤᠯᠪᠣᠭ᠍ᠳᠠᠯ᠎ᠲᠠᠢ ᠶᠤᠮ᠃

ᠶᠡᠷᠦᠩᠬᠡᠢ ᠱᠦᠵᠢ ᠶᠠᠷᠢᠶᠠᠨ᠎ᠳᠠᠭᠠᠨ᠂ ᠠᠷᠠᠳ ᠲᠦᠮᠡᠨ᠎ᠤ ᠡᠷᠡᠬᠦᠯ ᠮᠠᠨᠳᠦ᠎ᠶ᠋ᠢ ᠤᠷᠢᠳ᠎ᠢᠶᠠᠷ ᠬᠦᠭ᠌ᠵᠢᠬᠦᠯᠬᠦ᠌ ᠪᠠᠢᠯᠳᠤᠬᠤ ᠪᠤᠳᠤᠯᠭ᠎ᠠ᠎ᠶ᠋ᠢᠨ ᠪᠠᠢᠷᠢᠨ᠎ᠳᠤ ᠲᠠᠯᠪᠢᠵᠦ᠍᠂ ᠡᠷᠡᠬᠦᠯ ᠪᠤᠯᠪᠠᠰᠤᠨ ᠠᠮᠢᠳᠤᠷᠠᠯ᠎ᠢ ᠲᠦᠭᠡᠮᠡᠯᠵᠢᠬᠦᠯᠬᠦ᠂ ᠡᠷᠡᠬᠦᠯ ᠮᠡᠨᠳᠦ᠎ᠶ᠋ᠢᠨ ᠦᠢᠯᠡᠴᠢᠯᠡᠭᠡ᠎ᠶ᠋ᠢ ᠱᠢᠯᠢᠳᠡᠭ᠌ᠵᠢᠬᠦᠯᠬᠦ᠂ ᠡᠷᠡᠬᠦᠯ ᠮᠠᠨᠳᠦ᠎ᠶ᠋ᠢᠨ ᠪᠠᠳᠤᠯᠠᠭ᠎ᠠ᠎ᠶ᠋ᠢ ᠳᠡᠬᠦᠯᠳᠡᠷᠵᠢᠬᠦᠯᠬᠦ᠂ ᠡᠷᠡᠬᠦᠯ ᠪᠤᠯᠪᠠᠰᠤᠨ ᠤᠷᠴᠢᠨ ᠲᠤᠭᠤᠷᠢᠨ᠎ᠢ ᠡᠬᠦᠳᠦᠨ ᠪᠠᠢᠭᠤᠯᠬᠤ᠂ ᠡᠷᠡᠬᠦᠯ ᠮᠨᠨᠳᠦ᠎ᠶ᠋ᠢᠨ ᠠᠵᠤ ᠦᠢᠯᠡᠰ᠎ᠢ ᠬᠦᠭ᠌ᠵᠢᠬᠦᠯᠬᠦ᠌᠎ᠪᠠᠷ ᠭᠤᠤᠯᠳᠠᠯᠭ᠎ᠠ ᠪᠤᠯᠭᠠᠵᠦ᠍᠂ ᠡᠷᠡᠬᠦᠯ ᠡᠩᠭᠡ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠳᠠ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ; ᠵᠦᠪ ᠡᠷᠡᠬᠦᠯ ᠬᠠᠮᠠᠭᠠᠯᠠᠯ ᠬᠢᠭᠡᠳ ᠡᠷᠡᠬᠦᠯ ᠮᠡᠨᠳᠦ᠎ᠶ᠋ᠢᠨ ᠠᠵᠢᠯ᠎ᠤᠨ ᠴᠢᠭ᠌ᠯᠡᠯᠳᠠ᠎ᠶ᠋ᠢ ᠪᠠᠷᠢᠮᠳᠠᠯᠠᠵᠤ᠂ ᠬᠢᠳᠡᠳ ᠡᠸᠦ᠋ᠷᠤᠫᠠ ᠡᠮᠨᠡᠯᠭᠡ᠎ᠶ᠋ᠢ ᠵᠡᠷᠬᠡ᠎ᠪᠠᠷ ᠴᠢᠬᠤᠯᠠᠴᠢᠯᠠᠵᠤ᠂ ᠠᠷᠠᠳ ᠲᠦᠮᠡᠨ ᠬᠠᠮᠳᠤ᠎ᠪᠠᠷ ᠪᠠᠢᠭᠤᠯᠵᠤ ᠬᠠᠮᠳᠤ᠎ᠪᠠᠷ ᠡᠳ᠋ᠯᠡᠬᠦ᠌᠎ᠶ᠋ᠢ ᠪᠡᠶᠡᠯᠡᠬᠦᠯᠬᠦ᠌ ᠭᠡᠷᠡᠭ᠌ᠳᠠᠢ ᠭᠡᠵᠦ᠍ ᠴᠢᠬᠤᠯᠠᠴᠢᠯᠠᠪᠠ᠃

— 2016 ᠣᠨ᠎ᠤ 8 ᠰᠠᠷ᠎ᠠ᠎ᠶ᠋ᠢᠨ 26 ᠎ᠤ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ ᠨᠠᠮ᠎ᠤᠨ ᠲᠥᠪ ᠬᠤᠷᠢᠶᠠᠨ᠎ᠤ ᠤᠯᠤᠰ ᠲᠦᠷᠦ᠎ᠶ᠋ᠢᠨ ᠲᠣᠪᠴᠢᠶᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠵᠤ᠂ 《〈ᠡᠷᠡᠭᠦᠯ ᠡᠩᠭᠡ ᠳᠤᠮᠳᠠᠳᠤ ᠤᠯᠤᠰ 2030〉 ᠲᠥᠯᠥᠪᠵᠢᠭᠦᠯᠭᠡ᠎ᠶ᠋ᠢᠨ ᠬᠥᠲᠥᠯᠪᠦᠷᠢ》 ᠎ᠶ᠋ᠢ ᠬᠢᠨᠠᠨ ᠵᠥᠪᠯᠡᠪᠡ;

— 2017 ᠣᠨ᠎ᠤ 10 ᠰᠠᠷ᠎ᠠ᠎ᠳᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ ᠡᠷᠡᠭᠦᠯ ᠡᠩᠭᠡ ᠳᠤᠮᠳᠠᠳᠤ ᠤᠯᠤᠰ᠎ᠤᠨ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌ ᠴᠢᠬᠤᠯᠠ ᠶᠡᠭᠡ ᠱᠢᠢᠳᠪᠦᠷᠢᠲᠦ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠤᠷᠢᠳᠴᠢᠯᠠᠨ ᠰᠡᠷᠭᠡᠢᠯᠡᠬᠦ᠌᠎ᠪᠠᠷ ᠭᠤᠣᠯ ᠪᠣᠯᠭᠠᠬᠤ᠎ᠶ᠋ᠢ ᠪᠠᠷᠢᠮᠲᠠᠯᠠᠵᠤ᠂ ᠤᠯᠤᠰ᠎ᠢᠶᠠᠨ ᠬᠠᠢᠷᠠᠯᠠᠬᠤ ᠡᠷᠡᠭᠦᠯ ᠬᠠᠮᠠᠭᠠᠯᠠᠯ᠎ᠤᠨ ᠬᠥᠳᠡᠯᠭᠡᠭᠡᠨ᠎ᠢ ᠭᠦᠨᠵᠡᠭᠡᠢ ᠥᠷᠨᠢᠭᠦᠯᠵᠦ᠍᠂ ᠡᠷᠡᠭᠦᠯ ᠡᠩᠭᠡ ᠪᠣᠯᠪᠠᠰᠤᠨ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠰᠠᠨᠠᠭᠠᠴᠢᠯᠠᠵᠤ᠂ ᠬᠦᠨᠳᠦ ᠶᠡᠭᠡ ᠡᠪᠡᠳᠴᠢᠨ ᠡᠮᠭᠡᠭ᠎ᠢ ᠰᠡᠷᠭᠡᠢᠯᠡᠨ ᠬᠢᠵᠠᠭᠠᠷᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ;

— 2019 ᠣᠨ᠎ᠤ 7 ᠰᠠᠷ᠎ᠠ᠎ᠳᠤ᠂ 《ᠲᠦᠷᠤ᠎ᠶ᠋ᠢᠨ ᠶᠠᠪᠤᠳᠠᠯ᠎ᠤᠨ ᠬᠤᠷᠢᠶ᠎ᠠ ᠡᠷᠡᠭᠦᠯ ᠡᠩᠬᠡ ᠳᠤᠮᠳᠠᠳᠤ ᠤᠯᠤᠰ᠎ᠤᠨ ᠠᠵᠢᠯᠯᠠᠭ᠎ᠠ᠎ᠶ᠋ᠢ ᠬᠡᠷᠡᠭ᠌ᠵᠢᠭᠦᠯᠬᠦ᠌ ᠲᠤᠬᠠᠶ ᠰᠠᠨᠠᠯ》 ᠎ᠢ ᠨᠡᠢᠲᠡᠯᠡᠵᠦ᠍᠂ 15 ᠲᠤᠰᠭᠠᠶ ᠠᠵᠢᠯᠯᠠᠭ᠎ᠠ᠎ᠶ᠋ᠢ ᠬᠡᠷᠡᠭ᠌ᠵᠢᠭᠦᠯᠬᠦ᠌᠎ᠪᠠᠷ ᠳᠤᠷᠠᠳᠴᠤ᠌᠂ ᠡᠷᠡᠭᠦᠯ ᠡᠩᠬᠡ ᠳᠤᠮᠳᠠᠳᠤ ᠤᠯᠤᠰ᠎ᠤᠨ ᠪᠠᠢᠭᠤᠯᠤᠯᠲᠠ ᠲᠣᠳᠣᠷᠬᠠᠶ ᠠᠵᠢᠯᠯᠠᠭᠠᠨ᠎ᠤ 《ᠱᠤᠭᠤᠮ》 ᠎ᠲᠠᠢ ᠪᠣᠯᠪᠠ᠃

— 2020 ᠣᠨ᠎ᠤ 6 ᠰᠠᠷ᠎ᠠ᠎ᠶ᠋ᠢᠨ 1 ᠎ᠤ ᠡᠳᠦᠷ᠂ 《ᠪᠦᠭᠦᠳᠡ ᠨᠠᠢᠷᠠᠮᠳᠠᠬᠤ ᠲᠤᠮᠳᠠᠳᠤ ᠠᠷᠠᠳ ᠤᠯᠤᠰ ᠬᠤᠲᠠ᠎ᠶ᠋ᠢᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠎ᠶ᠋ᠢ ᠠᠬᠢᠭᠤᠯᠬᠤ ᠬᠠᠤᠯᠢ》 ᠎ᠶ᠋ᠢ ᠬᠡᠷᠡᠭ᠌ᠵᠢᠭᠦᠯᠵᠦ᠍᠂ 《ᠤᠯᠤᠰ᠎ᠠᠴᠠ ᠡᠷᠡᠭᠦᠯ ᠡᠩᠬᠡ ᠳᠤᠮᠳᠠᠳᠤ ᠤᠯᠤᠰ᠎ᠤᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠦᠨ᠎ᠡ》 ᠭᠡᠳᠡᠭ᠎ᠢ ᠬᠠᠤᠯᠢ ᠴᠠᠭᠠᠵᠠ᠎ᠳᠤ ᠪᠢᠴᠢᠵᠦ᠍ ᠣᠷᠣᠭᠤᠯᠪᠠ᠃

ᠤᠢ᠍ᠢᠷ᠎ᠠ᠎ᠶ᠋ᠢᠨ ᠵᠢᠯ᠎ᠤᠨ ᠲᠤᠷᠰᠢ᠂ ᠪᠦᠬᠦ᠌ ᠤᠯᠤᠰ᠎ᠤᠨ ᠡᠯ᠎ᠡ ᠭᠠᠵᠠᠷ᠎ᠤᠨ᠎ᠬᠢᠨ ᠪᠣᠯᠪᠠᠰᠤᠨ ᠡᠷᠡᠭᠦᠯ ᠡᠩᠬᠡ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠢᠳᠡᠪᠬᠢᠲᠡᠢ ᠰᠠᠨᠠᠭᠠᠴᠢᠯᠠᠵᠤ᠂ ᠡᠷᠡᠭᠦᠯ ᠮᠡᠨᠳᠦ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠂ ᠢᠳᠡᠭᠡᠨ ᠤᠮᠳᠠᠭᠠᠨ᠎ᠤ ᠰᠠᠢᠨ ᠰᠠᠢᠬᠠᠨ ᠬᠡᠪ ᠰᠤᠷᠲᠠᠯ᠎ᠢ ᠪᠤᠢ ᠪᠣᠯᠭᠠᠬᠤ᠂ ᠪᠣᠯᠪᠠᠰᠤᠨ ᠡᠷᠡᠭᠦᠯ ᠠᠮᠢᠳᠤᠷᠠᠯ᠎ᠤᠨ ᠵᠠᠩ ᠳᠠᠳᠭᠠᠯ᠎ᠢ ᠳᠡᠯᠭᠡᠷᠡᠭᠦᠯᠬᠦ᠌ ᠮᠡᠲᠦ᠎ᠶ᠋ᠢᠨ ᠡᠯ᠎ᠡ ᠲᠦᠷᠦᠯ᠎ᠤᠨ ᠠᠵᠢᠯᠯᠠᠭ᠎ᠠ᠎ᠶ᠋ᠢ ᠡᠮᠬᠢ ᠵᠢᠷᠤᠮ᠎ᠲᠠᠢ ᠦᠷᠨᠢᠭᠦᠯᠦᠭ᠌ᠰᠡᠭᠡᠷ᠃ ᠡᠷᠡᠭᠦᠯ ᠮᠡᠨᠳᠤ᠎ᠶ᠋ᠢ ᠪᠤᠢ ᠪᠦᠬᠦᠢ ᠲᠦᠷᠦ᠎ᠶ᠋ᠢᠨ ᠪᠤᠳᠤᠯᠭ᠎ᠠ᠎ᠳᠤ ᠠᠭᠤᠰᠤᠯᠴᠠᠭᠤᠯᠬᠤ᠎ᠶ᠋ᠢ ᠠᠬᠢᠭᠤᠯᠵᠤ᠂ ᠪᠦᠬᠦ᠌ ᠠᠮᠢ ᠨᠠᠰᠤᠨ᠎ᠤ ᠦᠶᠡᠯᠡᠯ᠎ᠤᠨ ᠬᠤᠭᠤᠴᠠᠭᠠᠨ᠎ᠤ ᠡᠷᠡᠭᠦᠯ ᠮᠡᠨᠳᠤ᠎ᠶ᠋ᠢᠨ ᠬᠠᠮᠢᠶᠠᠷᠤᠯᠲᠠ᠎ᠶ᠋ᠢᠨ ᠤᠢ᠍ᠢᠯᠠᠭᠠᠭ᠍ᠳᠠᠬᠤᠨ᠎ᠢ ᠬᠤᠳᠠ᠎ᠶ᠋ᠢᠨ ᠲᠥᠯᠥᠪᠵᠢᠭᠦᠯᠭᠡ᠂ ᠪᠦᠳᠦᠭᠡᠨ ᠪᠠᠢᠭᠤᠯᠤᠯᠲᠠ᠂ ᠬᠠᠮᠢᠶᠠᠷᠤᠯᠲᠠ᠎ᠶ᠋ᠢᠨ ᠪᠦᠬᠦ᠌ ᠶᠠᠪᠤᠴᠠ ᠵᠡᠷᠭᠡ ᠡᠯ᠎ᠡ ᠭᠤᠭ᠍ᠴᠤᠭ᠎ᠠ᠎ᠳᠤ ᠲᠤᠭᠤᠱᠢᠯᠠᠭᠤᠯᠵᠤ ᠴᠢᠳᠠᠪᠠᠯ ᠰᠠᠶᠢ ᠡᠷᠡᠭᠦᠯ ᠡᠩᠭᠡ ᠲᠤᠮᠳᠠᠳᠦ ᠤᠯᠤᠰ᠎ᠤᠨ ᠲᠦᠯᠦᠪᠵᠢᠭᠦᠯᠭᠡ᠎ᠶ᠋ᠢ ᠨᠡᠩ ᠱᠢᠭᠤᠨ ᠱᠢᠯᠤᠭᠤᠨ ᠤᠷᠤᠬ᠍ᠰᠢᠲᠠᠢ ᠪᠡᠶᠡᠯᠡᠭᠦᠯᠵᠦ᠍ ᠴᠢᠳᠠᠨ᠎ᠡ᠃

ᠪᠦᠬᠦ᠌ ᠠᠷᠠᠳ᠎ᠤᠨ ᠡᠷᠡᠭᠦᠯ ᠮᠡᠨᠳᠦ᠎ᠶ᠋ᠢᠨ ᠬᠡᠪ ᠪᠣᠯᠪᠠᠰᠤᠷᠠᠯ᠎ᠤᠨ ᠮᠡᠳᠡᠯᠭᠡ᠎ᠶ᠋ᠢ ᠥᠷᠭᠡᠨ᠎ᠢᠶᠠᠷ ᠤᠬᠠᠭᠤᠯᠤᠨ ᠤᠯᠠᠮᠵᠢᠯᠠᠵᠦ᠍᠂ ᠨᠡᠩ ᠤᠯᠠᠨ ᠠᠷᠠᠳ ᠤᠯᠠᠨ᠎ᠳᠤ ᠡᠷᠡᠭᠦᠯ ᠮᠡᠨᠳᠤ᠎ᠶ᠋ᠢᠨ ᠲᠤᠬᠠᠢ ᠣᠢᠯᠠᠭᠠᠭᠤᠯᠵᠤ᠂ ᠡᠷᠡᠭᠦᠯ ᠮᠡᠨᠳᠤ᠎ᠶ᠋ᠢ ᠴᠢᠬᠤᠯᠠᠴᠢᠯᠠᠭᠤᠯᠬᠤ᠎ᠶ᠋ᠢᠨ ᠲᠦᠯᠦᠭᠡ᠂ ᠤᠢ᠍ᠢᠷ᠎ᠠ᠎ᠶ᠋ᠢᠨ ᠵᠢᠯ᠎ᠤᠨ ᠲᠤᠷᠰᠢ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ᠎ᠤᠨ ᠵᠥᠪᠯᠡᠯ᠎ᠤᠨ᠎ᠬᠢᠨ ᠡᠯᠪᠡᠭ ᠪᠠᠶᠠᠯᠢᠭ ᠠᠭᠤᠯᠭ᠎ᠠ᠎ᠲᠠᠢ 《ᠡᠷᠡᠭᠦᠯ ᠡᠩᠭᠡ ᠦᠪᠦᠷ ᠮᠤᠩᠭᠤᠯ》 ᠬᠥᠮᠦᠵᠢᠯ᠎ᠤᠨ ᠠᠵᠢᠯᠯᠠᠭ᠎ᠠ ᠥᠷᠨᠢᠭᠦᠯᠬᠦ᠌᠎ᠶ᠋ᠢᠨ ᠬᠠᠮᠲᠤ᠌᠂ ᠣᠷᠣᠨ᠎ᠤ ᠳᠣᠲᠣᠷᠠᠬᠢ ᠡᠯ᠎ᠡ ᠲᠤᠮᠤ ᠵᠠᠭᠤᠴᠢᠯᠠᠭᠤᠷ᠎ᠲᠠᠢ ᠢᠳᠡᠪᠬᠢᠲᠡᠢ᠎ᠪᠠᠷ ᠬᠠᠮᠲᠤᠷᠠᠨ ᠬᠥᠳᠡᠯᠦᠯᠴᠡᠵᠦ᠍᠂ ᠡᠷᠡᠭᠦᠯ ᠮᠡᠨᠳᠤ᠎ᠶ᠋ᠢᠨ ᠤᠢ᠍ᠢᠯᠠᠭᠠᠭ᠍ᠳᠠᠬᠤᠨ᠎ᠢ ᠰᠠᠨᠠᠭᠠᠴᠢᠯᠠᠵᠤ᠂ ᠡᠷᠡᠭᠦᠯ ᠮᠡᠨᠳᠤ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠵᠦ᠍᠂ ᠡᠷᠡᠭᠦᠯ ᠮᠡᠨᠳᠤ᠎ᠶ᠋ᠢᠨ ᠬᠥᠮᠦᠵᠢᠯ᠎ᠤᠨ ᠠᠵᠢᠯᠯᠠᠭ᠎ᠠ ᠥᠷᠨᠢᠭᠦᠯᠵᠦ᠍᠂ ᠠᠷᠠᠳ ᠤᠯᠠᠨ᠎ᠤ ᠡᠷᠡᠭᠦᠯ ᠮᠡᠨᠳᠤ᠎ᠶ᠋ᠢᠨ ᠲᠦᠪᠱᠢᠨ᠎ᠢ ᠶᠡᠭᠡ᠎ᠪᠠᠷ ᠳᠡᠭᠡᠭ᠌ᠰᠢᠯᠡᠭᠦᠯᠦᠭ᠌ᠰᠡᠨ ᠪᠠᠢᠨ᠎ᠡ᠃

ᠪᠥᠬᠦ᠌ ᠣᠷᠣᠨ᠎ᠤ ᠡᠯ᠎ᠡ ᠭᠠᠵᠠᠷ᠎ᠤᠨ᠎ᠬᠢᠨ 《ᠡᠶ᠎ᠡ ᠵᠣᠬᠢᠴᠠᠯ᠎ᠲᠠᠢ ᠮᠠᠨ᠎ᠤ ᠠᠮᠢᠳᠤᠷᠠᠯ᠂ ᠡᠷᠡᠭᠦᠯ ᠴᠢᠭᠢᠷᠠᠭ ᠳᠤᠮᠳᠠᠳᠤ ᠤᠯᠤᠰ᠎ᠤᠨ ᠬᠥᠮᠦᠨ》 ᠎ᠢᠶᠠᠷ ᠭᠤᠤᠯ ᠰᠡᠳᠦᠪ ᠪᠣᠯᠭᠠᠵᠤ᠂ 《ᠡᠳᠦᠷ᠎ᠲᠤ ᠲᠦᠮᠡᠨ ᠠᠯᠬᠤᠮ ᠶᠠᠪᠤᠵᠤ᠂ ᠢᠳᠡᠭᠡᠨ ᠤᠮᠳᠠᠭᠠᠨ᠎ᠢᠶᠠᠨ ᠲᠡᠩᠴᠡᠭᠦᠷᠢᠲᠡᠶ ᠪᠠᠢᠯᠭᠠᠵᠦ᠍᠂ ᠨᠠᠰᠤᠨ ᠲᠤᠵᠢ ᠡᠷᠡᠭᠦᠯ ᠴᠢᠭᠢᠷᠠᠭ ᠪᠠᠢᠬᠤ》 ᠎ᠪᠠᠷ ᠠᠭᠤᠯᠬᠤᠨ᠎ᠢᠶᠠᠨ ᠪᠣᠯᠭᠠᠨ᠂ 《ᠪᠢ ᠬᠦᠳᠡᠯᠭᠡᠭᠡᠨ ᠬᠢᠨ᠎ᠡ᠂ ᠪᠢ ᠡᠷᠡᠭᠦᠯ ᠴᠢᠭᠢᠷᠠᠭ᠂ ᠪᠢ ᠪᠠᠶᠠᠷ ᠬᠥᠷ᠎ᠲᠠᠢ ᠪᠠᠢᠬᠤ》 ᠎ᠶ᠋ᠢ ᠰᠠᠨᠠᠭᠠᠴᠢᠯᠠᠵᠦ᠍ ᠤᠷᠢᠶ᠎ᠠ ᠬᠠᠰᠭᠢᠷᠴᠦ᠍ ᠡᠷᠡᠭᠦᠯ ᠡᠩᠬᠡ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠢᠳᠡᠪᠬᠢᠲᠡᠶ ᠤᠯᠠᠮᠵᠢᠯᠠᠬ᠍ᠰᠡᠨ ᠪᠠᠢᠨ᠎ᠡ᠃ ᠬᠥᠬᠡᠬᠤᠲᠠ᠎ᠶ᠋ᠢᠨ᠎ᠬᠢᠨ ᠡᠷᠡᠭᠦᠯ ᠪᠤᠰᠤ ᠢᠳᠡᠭᠡᠨ ᠤᠮᠳᠠᠭᠠᠨ ᠪᠠ ᠪᠡᠶ᠎ᠡ ᠮᠠᠬᠠᠪᠣᠳ᠎ᠤᠨ ᠬᠥᠳᠡᠯᠭᠡᠭᠡᠨ ᠬᠦᠷᠦᠯᠴᠡᠬᠦ᠌ ᠥᠬᠡᠶ ᠪᠠᠢᠬᠤ ᠮᠡᠲᠦ᠎ᠶ᠋ᠢᠨ

《ᠠᠮᠢᠳᠤᠷᠠᠯ᠎ᠤᠨ ᠠᠷᠭ᠎ᠠ ᠬᠡᠯᠪᠡᠷᠢ᠎ᠶ᠋ᠢᠨ ᠠᠷᠬᠠᠭ》 ᠎ᠢᠶᠠᠨ ᠬᠤᠪᠢᠷᠠᠭᠤᠯᠬᠤ᠎ᠶ᠋ᠢ ᠠᠬᠢᠭᠤᠯᠬᠤ ᠠᠵᠢᠯᠯᠠᠭ᠎ᠠ᠎ᠳᠤ ᠴᠢᠭ᠌ᠯᠡᠭᠦᠯᠦᠨ᠂ ᠬᠤᠪᠢ ᠬᠥᠮᠦᠨ᠎ᠤ ᠠᠮᠢᠳᠤᠷᠠᠯ᠎ᠤᠨ ᠵᠠᠩ ᠳᠠᠳᠭᠠᠯ᠎ᠢᠶᠠᠨ ᠬᠤᠪᠢᠷᠠᠭᠤᠯᠬᠤ᠎ᠠᠴᠠ ᠡᠬᠢᠯᠡᠨ ᠬᠢᠵᠦ᠍᠂ ᠠᠮᠢᠳᠤᠷᠠᠯ᠎ᠤᠨ ᠵᠠᠩ ᠳᠠᠳᠭᠠᠯ᠎ᠤᠨ 《ᠪᠠᠭ᠎ᠠ ᠲᠣᠬᠢᠷᠠᠭᠤᠯᠤᠯᠲᠠ》 ᠎ᠪᠠᠷ ᠪᠡᠶ᠎ᠡ ᠮᠠᠬᠠᠪᠣᠳ᠎ᠤᠨ ᠡᠷᠡᠭᠦᠯ ᠮᠡᠨᠳᠦ᠎ᠶ᠋ᠢᠨ 《ᠶᠡᠭᠡ ᠠᠱᠢᠭ ᠣᠷᠤᠯᠭ᠎ᠠ》 ᠎ᠶ᠋ᠢ ᠤᠯᠬᠤ᠎ᠶ᠋ᠢ ᠰᠠᠨᠠᠭᠠᠴᠢᠯᠠᠪᠠ; ᠪᠤᠭᠤᠲᠤ ᠬᠤᠲᠠ ᠠᠵᠢᠯᠯᠠᠭ᠎ᠠ ᠳᠤᠮᠳᠠ᠎ᠪᠠᠨ ᠳᠠᠪᠤᠰᠤ ᠬᠢᠵᠠᠭᠠᠷᠯᠠᠬᠤ ᠬᠠᠯᠪᠠᠭ᠎ᠠ᠂ ᠲᠣᠰᠣ ᠬᠢᠵᠠᠭᠠᠷᠯᠠᠬᠤ ᠳᠡᠪᠦᠷ᠎ᠡ᠂ ᠪᠡᠶ᠎ᠡ᠎ᠶ᠋ᠢᠨ ᠬᠦᠨᠳᠦ᠎ᠶ᠋ᠢᠨ ᠢᠯᠡᠳᠭᠡᠭ᠌ᠴᠢ᠎ᠶ᠋ᠢᠨ ᠬᠡᠮᠵᠢᠯᠲᠡ᠎ᠶ᠋ᠢᠨ ᠺᠠᠷᠲ ᠵᠡᠷᠭᠡ ᠡᠷᠡᠭᠦᠯ ᠮᠡᠨᠳᠦ᠎ᠶ᠋ᠢ ᠠᠬᠢᠭᠤᠯᠬᠤ ᠪᠠᠭᠠᠵᠢ ᠬᠡᠷᠡᠭ᠌ᠰᠡᠯ᠎ᠢ ᠰᠠᠭᠤᠭᠠᠯᠢ ᠠᠷᠠᠳ᠎ᠤᠨ ᠭᠠᠷ᠎ᠲᠤ ᠬᠦᠷᠭᠡᠪᠡ; ᠦᠬᠠᠢ ᠬᠤᠲᠠ ᠱᠢᠨ᠎ᠡ᠎ᠪᠠᠷ ᠤᠷᠤᠭ᠍ᠯᠠᠭ᠍ᠰᠠᠨ ᠪᠤᠶᠤ ᠵᠢᠷᠮᠦᠰᠦᠯᠡᠬᠦ᠌᠎ᠪᠠᠷ ᠪᠡᠯᠡᠳᠭᠡᠵᠦ᠍ ᠪᠠᠢᠭ᠎ᠠ ᠬᠡᠷ ᠪᠦᠯᠢ᠂ ᠵᠢᠷᠮᠦᠰᠦᠨ ᠬᠤᠭᠤᠴᠠᠭᠠᠨ᠎ᠳᠠᠬᠢ ᠪᠠ ᠬᠦᠡᠭ᠌ᠭᠡᠵᠢᠭ᠌ᠰᠡᠨ᠎ᠤ ᠳᠠᠷᠠᠭᠠᠬᠢ ᠬᠡᠷ ᠪᠦᠯᠢ᠂ ᠵᠠᠯᠠᠭᠤ ᠪᠠᠭᠠᠴᠤᠳ᠎ᠤᠨ ᠬᠡᠷ ᠪᠦᠯᠢ᠂ ᠬᠡᠤᠬᠡᠳ ᠠᠪᠬᠤ ᠨᠠᠰᠤᠨ᠎ᠤ ᠬᠡᠷ ᠪᠦᠯᠢ᠂ ᠨᠠᠰᠤᠲᠠᠢᠴᠤᠳ᠎ᠤᠨ ᠬᠡᠷ ᠪᠦᠯᠢ᠂ ᠨᠠᠰᠤᠲᠠᠨ ᠬᠡᠤᠬᠡᠳ ᠭᠡᠷ᠎ᠲᠡᠭᠡᠨ ᠦᠯᠡᠳᠡᠨ ᠬᠤᠴᠤᠷᠤᠬ᠍ᠰᠡᠨ ᠬᠡᠷ ᠪᠦᠯᠢ᠂ ᠣᠨᠴᠠ ᠬᠦᠴᠢᠷᠳᠡᠯᠲᠡᠶ ᠬᠡᠷ ᠪᠦᠯᠢ᠂ ᠨᠡᠭᠦᠳᠡᠯ ᠬᠥᠮᠦᠨ ᠠᠮᠠ ᠵᠡᠷᠭᠡ 《ᠶᠢᠰᠦᠨ ᠲᠥᠷᠥᠯ᠎ᠤᠨ ᠬᠡᠷ ᠪᠦᠯᠢ》 ᠎ᠳᠤ ᠭᠤᠤᠯᠳᠠᠯᠭ᠎ᠠ᠎ᠲᠠᠢ᠎ᠪᠠᠷ ᠠᠳᠠᠯᠢ ᠪᠤᠰᠤ ᠦᠢᠯᠡᠴᠢᠯᠡᠭᠡ ᠦᠷᠨᠢᠭᠦᠯᠪᠡ᠃ ᠡᠬᠦᠨ᠎ᠤ ᠵᠣᠷᠢᠯᠭ᠎ᠠ᠎ᠨᠢ ᠪᠤᠯ ᠠᠵᠠ ᠪᠤᠰᠤ ᠬᠡᠷ ᠪᠦᠯᠢ᠎ᠳᠤ ᠬᠠᠯᠠᠮᠵᠢᠯᠠᠯ ᠬᠦᠷᠲᠡᠭᠡᠵᠦ᠍᠂ ᠶᠠᠳᠠᠭᠤ ᠪᠠᠭᠤᠷᠠᠶ ᠬᠡᠷ ᠪᠦᠯᠢ᠎ᠳᠤ ᠲᠡᠳᠬᠦᠮᠵᠢ ᠬᠦᠷᠲᠡᠭᠡᠵᠦ᠍᠂ ᠬᠡᠷᠡᠭ᠌ᠴᠡᠭᠡ᠎ᠲᠠᠢ ᠬᠡᠷ ᠪᠦᠯᠢ᠎ᠳᠤ  ᠦᠢᠯᠡᠴᠢᠯᠡᠭᠡ ᠬᠦᠷᠲᠡᠭᠡᠵᠦ᠍᠂ ᠬᠦᠴᠢᠷᠳᠡᠯᠲᠡᠶ ᠬᠡᠷ ᠪᠦᠯᠢ᠎ᠳᠤ ᠪᠠᠲᠤᠯᠠᠭ᠎ᠠ ᠣᠯᠭᠤᠵᠤ᠂ ᠪᠣᠶ ᠪᠥᠬᠦᠶ ᠬᠡᠷ ᠪᠦᠯᠢ᠎ᠳᠤ ᠵᠣᠯ ᠵᠢᠷᠭᠠᠯ ᠡᠳ᠋ᠯᠡᠭᠦᠯᠬᠦ᠌᠎ᠶ᠋ᠢᠨ ᠲᠦᠯᠦᠭᠡ ᠶᠤᠮ᠃ ᠁

ᠦᠪᠡᠷᠳᠡᠭᠡᠨ ᠵᠠᠰᠠᠬᠤ ᠤᠷᠤᠨ᠎ᠤ ᠬᠠᠮᠢᠶ᠎ᠡ ᠪᠦᠬᠦᠢ ᠪᠠᠢᠭᠤᠯᠭ᠎ᠠ᠎ᠶ᠋ᠢᠨ᠎ᠬᠢᠨ ᠪᠠᠰᠠ ᠵᠢᠷᠬᠢᠶ᠎ᠡ᠂ ᠪᠢᠴᠢᠯ ᠪᠦᠷᠭᠡ ᠵᠡᠷᠭᠡ ᠱᠢᠨ᠎ᠡ ᠵᠠᠭᠤᠴᠢᠯᠠᠭᠤᠷ᠎ᠢ ᠠᠱᠢᠬ᠍ᠯᠠᠨ ᠡᠷᠡᠭᠦᠯ ᠮᠡᠨᠳᠦ᠎ᠶ᠋ᠢᠨ ᠱᠢᠨ᠎ᠡ ᠮᠡᠳᠡᠯᠭᠡ᠂ ᠱᠢᠨ᠎ᠡ ᠣᠢᠯᠠᠭᠠᠭ᠍ᠳᠠᠬᠤᠨ᠎ᠢ ᠥᠷᠭᠡᠨ᠎ᠢᠶᠠᠷ ᠤᠬᠠᠭᠤᠯᠵᠦ᠍ ᠪᠤᠢ᠃ ᠪᠥᠬᠦ᠌ ᠣᠷᠣᠨ᠎ᠤ ᠡᠯ᠎ᠡ ᠠᠢᠮᠠᠭ ᠬᠤᠲᠠ ᠬᠤᠱᠢᠭᠤ ᠱᠢᠶᠠᠨ᠎ᠤ᠎ᠬᠢᠨ ᠦᠨᠳᠦᠰᠦᠲᠡᠨ᠎ᠤ ᠣᠷᠤᠨ ᠨᠤᠲᠤᠭ᠎ᠤᠨ ᠣᠨᠴᠠᠯᠢᠭ᠎ᠲᠠᠢ᠎ᠪᠠᠨ ᠤᠶᠠᠯᠳᠤᠭᠤᠯᠤᠨ᠂ ᠦᠨᠳᠦᠰᠦᠲᠡᠨ᠎ᠤ ᠦᠭᠡ ᠬᠡᠯᠡ᠎ᠪᠠᠷ᠂ ᠡᠷᠡᠭᠦᠯ ᠮᠡᠨᠳᠦ᠎ᠶ᠋ᠢᠨ ᠣᠨᠣᠯᠵᠢᠬᠤᠨ ᠪᠠ ᠡᠷᠡᠭᠦᠯ ᠮᠡᠨᠳᠦ᠎ᠶ᠋ᠢᠨ ᠮᠡᠳᠡᠯᠭᠡ᠎ᠶ᠋ᠢ ᠥᠷᠭᠡᠨ᠎ᠢᠶᠠᠷ ᠤᠬᠠᠭᠤᠯᠵᠤ᠂ ᠠᠷᠠᠳ ᠣᠯᠠᠨ᠎ᠤ ᠬᠦᠷᠢᠶᠡᠯᠡᠯ ᠪᠠ ᠮᠠᠭ᠍ᠲᠠᠭᠠᠯ ᠰᠠᠢᠱᠢᠶᠠᠯ᠎ᠢ ᠣᠯᠤᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号