ᠲᠥᠪ᠎ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠭᠤ ᠳᠤᠭᠤᠢᠯᠠᠩ ᠦᠨᠳᠦᠰᠦᠨ ᠱᠠᠳᠤᠨ᠎ᠳᠤ ᠭᠦᠨᠵᠡᠭᠡᠢᠷᠡᠵᠦ᠍ ᠤᠷᠳᠤᠰ ᠬᠤᠳᠠ᠎ᠶ᠋ᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠠᠵᠢᠯ᠎ᠢ ᠱᠠᠯᠠᠪᠳᠠᠭᠤᠯᠤᠨ ᠵᠢᠯᠣᠭᠤᠳᠪᠠ
2021-05-24 09:21:40
ᠵᠣᠬᠢᠶᠠᠭ᠍ᠴᠢ᠄
ᠵᠶ᠋ᠢ ᠴᠢᠩ ᠯᠢᠩ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 15 ᠎ᠤ ᠡᠳᠦᠷ᠎ᠠᠴᠠ 20 ᠎ᠤ ᠡᠳᠦᠷ ᠪᠣᠯᠲᠠᠯ᠎ᠠ᠂ ᠲᠥᠪ᠎ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠭᠤ ᠳᠤᠭᠤᠢᠯᠠᠩ 4 ᠳᠤᠭᠤᠢᠯᠠᠩ ᠬᠤᠪᠢᠶᠠᠵᠤ᠂ ᠤᠷᠳᠤᠰ ᠬᠤᠳᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠤᠷᠢᠶ᠎ᠠ᠂ ᠲᠠᠯᠠᠳ ᠬᠤᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢ᠊ ᠡᠶ᠎ᠡ ᠵᠡᠷᠭᠡ ᠨᠢᠭᠡᠴᠢ᠎ᠳᠤ ᠭᠦᠨᠵᠡᠭᠡᠢᠷᠡᠵᠦ᠍᠂ 《ᠮᠡᠳᠡᠭ᠌ᠳᠡᠯ ᠪᠠᠭᠤᠯᠭᠠᠬᠤ ᠦᠭᠡᠢ᠂ ᠴᠢᠮᠡᠭᠡ ᠦᠭ᠌ᠬᠦ ᠦᠭᠡᠢ᠂ ᠬᠠᠷᠢᠭᠤ ᠮᠡᠳᠡᠭᠦᠯᠦᠯᠳᠡ᠎ᠶ᠋ᠢ ᠰᠤᠨᠤᠰᠭᠤ ᠦᠭᠡᠢ᠂ ᠪᠠᠷ᠎ᠠ ᠪᠤᠯᠵᠤ ᠤᠭ᠍ᠳᠤᠨ ᠵᠤᠴᠢᠯᠠᠬᠤ᠎ᠶ᠋ᠢ ᠵᠦᠪᠱᠢᠶᠡᠷᠡᠬᠦ᠌ ᠦᠭᠡᠢ᠂ ᠦᠨᠳᠦᠰᠦᠨ ᠱᠠᠳᠤᠨ᠎ᠳᠤ ᠱᠢᠭᠤᠳ ᠬᠦᠷᠴᠤ᠌᠂ ᠲᠤᠬᠠᠢ᠎ᠶ᠋ᠢᠨ ᠭᠠᠵᠠᠷ᠎ᠲᠤ ᠱᠢᠭᠤᠳ ᠤᠴᠢᠬᠤ》 ᠵᠠᠷᠴᠢᠮ ᠶᠤᠰᠤᠭᠠᠷ ᠦᠨᠳᠦᠰᠦᠨ ᠱᠠᠲᠤᠨ᠎ᠳᠤ ᠭᠦᠨᠵᠡᠭᠡᠢᠷᠡᠵᠤ᠂ ᠴᠤᠩᠬᠤᠪᠴᠢ ᠨᠢᠭᠡᠴᠢ᠎ᠶ᠋ᠢ ᠢᠯᠠ ᠪᠤᠶᠤ ᠳᠠᠯᠳᠠᠭᠤᠷ ᠪᠠᠢᠴᠠᠭᠠᠬᠤ᠂ ᠬᠡᠷᠡᠭ᠎ᠤᠨ ᠡᠪᠬᠡᠮᠡᠯ᠎ᠢ ᠭᠠᠷᠭᠠᠵᠤ ᠤᠩᠱᠢᠬᠤ᠂ ᠠᠰᠠᠭᠤᠯᠲᠠ᠎ᠶ᠋ᠢᠨ ᠬᠠᠭᠤᠳᠠᠰᠤ ᠲᠠᠷᠬᠠᠭᠠᠨ ᠪᠠᠢᠴᠠᠭᠠᠬᠤ᠂ ᠲᠤᠰᠭᠠᠢ ᠶᠠᠷᠢᠯᠴᠠᠬᠤ ᠵᠡᠷᠭᠡ ᠠᠷᠭ᠎ᠠ ᠬᠡᠯᠪᠡᠷᠢ᠎ᠪᠠᠷ ᠤᠷᠳᠤᠰ ᠬᠤᠳᠠ᠎ᠶ᠋ᠢᠨ ᠬᠥᠮᠦᠵᠢᠯ ᠴᠡᠭ᠌ᠴᠡᠯᠡᠯᠲᠡ᠎ᠶ᠋ᠢᠨ ᠪᠠᠢᠳᠠᠯ᠎ᠢ ᠪᠦᠬᠦ᠌ ᠲᠠᠯ᠎ᠠ᠎ᠪᠠᠷ ᠣᠢᠯᠠᠭᠠᠪᠠ᠃ 5 ᠰᠠᠷ᠎ᠠ᠎ᠶ᠋ᠢᠨ 20 ᠎ᠤ ᠦᠳᠡ᠎ᠶ᠋ᠢᠨ ᠡᠮᠦᠨ᠎ᠡ᠂ ᠲᠥᠪ᠎ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠭᠤ ᠳᠤᠭᠤᠢᠯᠠᠩ ᠤᠷᠳᠤᠰ ᠬᠤᠳᠠ᠎ᠳᠤ ᠭᠦᠨᠵᠡᠭᠡᠢᠷᠡᠨ ᠱᠠᠯᠠᠪᠳᠠᠭᠤᠯᠤᠨ ᠵᠢᠯᠣᠭᠤᠳᠴᠤ᠌ ᠬᠠᠷᠢᠭᠤ ᠲᠤᠰᠭᠠᠬᠤ ᠬᠤᠷᠠᠯ ᠬᠤᠷᠠᠯᠳᠤᠭᠤᠯᠪᠠ᠃

ᠲᠥᠪ᠎ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠭᠤ ᠳᠤᠭᠤᠢᠯᠠᠩ᠎ᠤᠨ ᠳᠠᠷᠤᠭ᠎ᠠ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠨ ᠪᠠᠢᠴᠠᠭᠠᠬᠤ ᠪᠠ ᠬᠠᠤᠯᠢ ᠴᠠᠭᠠᠵᠠ᠎ᠶ᠋ᠢᠨ ᠵᠥᠪᠯᠡᠯ᠎ᠤᠨ ᠳᠡᠳ᠋ ᠡᠷᠬᠢᠯᠡᠭ᠌ᠴᠢ ᠭᠡᠱᠢᠭᠦᠨ ᠴᠧ ᠵᠢᠶᠦ᠋ᠨ ᠬᠠᠷᠢᠭᠤ ᠲᠤᠰᠭᠠᠬᠤ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ᠂ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠤᠨ ᠳᠠᠷᠤᠭ᠎ᠠ ᠾᠧᠩ ᠱᠢᠶᠤᠤ ᠹᠠᠨ ᠬᠤᠷᠠᠯ᠎ᠳᠤ ᠣᠷᠣᠯᠴᠠᠵᠠᠢ᠃

ᠴᠧ ᠵᠢᠶᠦ᠋ᠨ᠂ ᠣᠷᠳᠣᠰ ᠬᠤᠲᠠ᠎ᠶ᠋ᠢᠨ᠎ᠬᠢᠨ ᠰᠦᠪᠡᠭ᠌ᠴᠢ᠎ᠶ᠋ᠢ ᠬᠠᠷᠭᠤᠭᠤᠯᠤᠨ ᠪᠠᠢᠴᠠᠭᠠᠬᠤ ᠠᠵᠢᠯ᠎ᠤᠨ ᠬᠥᠲᠥᠯᠥᠨ ᠳᠠᠭᠠᠭᠤᠯᠬᠤ ᠴᠢᠨᠠᠷᠲᠠᠶ ᠦᠢᠯᠡᠳᠦᠯ᠎ᠢ ᠭᠦᠶᠴᠡᠳ ᠪᠠᠳᠠᠷᠠᠭᠤᠯᠵᠤ᠂ ᠬᠡᠷᠡᠭ᠎ᠢ ᠪᠠᠢᠴᠠᠭᠠᠨ ᠱᠢᠶᠳᠪᠦᠷᠢᠯᠡᠬᠦ᠌᠎ᠶ᠋ᠢ ᠬᠥᠮᠦᠵᠢᠯ ᠴᠡᠭ᠌ᠴᠡᠯᠡᠯᠲᠡ᠎ᠶ᠋ᠢᠨ ᠪᠥᠬᠦ᠌ ᠶᠠᠪᠤᠴᠠ᠎ᠳᠤ ᠲᠤᠭᠤᠱᠢᠯᠠᠭᠤᠯᠵᠤ᠂ ᠭᠤᠤᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠪᠥᠬᠦ᠌ ᠬᠦᠴᠦᠨ᠎ᠢᠶᠠᠷ᠎ᠢᠶᠠᠨ ᠱᠢᠪᠲᠤᠯᠤᠯᠲᠠ ᠬᠢᠵᠦ᠍᠂ ᠵᠢᠭ᠍ᠰᠠᠭᠠᠨ ᠪᠠᠢᠴᠠᠭᠠᠬᠤ᠎ᠳᠤ ᠦᠨᠴᠦᠭ ᠪᠤᠯᠤᠩ ᠦᠯᠦ᠍ ᠦᠯᠡᠳᠡᠭᠡᠵᠤ᠂ ᠴᠡᠭ᠌ᠴᠡᠯᠡᠨ ᠵᠠᠰᠠᠬᠤ᠎ᠳᠤ ᠵᠠᠶ ᠵᠠᠪᠰᠠᠷ ᠦᠯᠦ᠍ ᠦᠯᠡᠳᠡᠭᠡᠵᠤ᠂ ᠴᠡᠭ᠌ᠴᠡᠯᠡᠨ ᠠᠷᠢᠯᠭᠠᠬᠤ᠎ᠳᠤ ᠨᠢᠭᠤᠷ ᠲᠠᠯ᠎ᠠ ᠦᠯᠦ᠍ ᠦᠭ᠌ᠴᠤ᠂ ᠬᠡᠷᠡᠭ᠎ᠢ ᠪᠠᠢᠴᠠᠭᠠᠨ ᠱᠢᠶᠳᠪᠦᠷᠢᠯᠡᠬᠦ᠌ ᠮᠥᠨ ᠴᠢᠨᠠᠷ᠎ᠤᠨ ᠴᠢᠨᠠᠷᠳᠠᠢ ᠱᠢᠪᠲᠤᠯᠤᠯᠲᠠ᠎ᠪᠠᠷ ᠬᠥᠮᠦᠵᠢᠯ ᠴᠡᠭ᠌ᠴᠡᠯᠡᠯᠲᠡ᠎ᠶ᠋ᠢᠨ ᠴᠢᠨᠠᠷ ᠴᠢᠨᠰᠠᠭ᠎ᠠ᠎ᠶ᠋ᠢᠨ ᠳᠡᠭᠡᠭ᠌ᠰᠢᠯᠡᠯᠲᠡ᠎ᠶ᠋ᠢ ᠳᠠᠢᠴᠢᠯᠠᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠴᠧ ᠵᠢᠶᠦ᠋ᠨ ᠣᠷᠳᠣᠰ᠎ᠤᠨ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠠᠵᠢᠯ᠎ᠤᠨ ᠱᠠᠲᠤᠴᠢ ᠴᠢᠨᠠᠷᠲᠠᠶ ᠦᠷ᠎ᠡ ᠪᠦᠲᠦᠮᠵᠢ᠎ᠶ᠋ᠢ ᠨᠤᠲᠠᠯᠠᠵᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠬᠤ᠎ᠶ᠋ᠢ ᠱᠠᠭᠠᠷᠳᠠᠵᠤ᠂ ᠡᠮᠦᠨᠡᠬᠢ ᠬᠤᠭᠤᠴᠠᠭᠠᠨ᠎ᠤ ᠠᠵᠢᠯ᠎ᠤᠨ ᠰᠠᠭᠤᠷᠢᠨ ᠳᠡᠭᠡᠷ᠎ᠡ᠂ ᠦᠷᠭᠦᠯᠵᠢᠯᠡᠨ ᠳᠠᠷᠤᠯᠲᠠ ᠥᠭ᠌ᠴᠦ᠂ ᠰᠦᠪᠡᠭ᠌ᠴᠢ᠎ᠶ᠋ᠢ ᠬᠠᠷᠭᠤᠭᠤᠯᠤᠨ ᠪᠠᠢᠴᠠᠭᠠᠬᠤ ᠪᠠ ᠬᠡᠷᠡᠭ᠎ᠢ ᠪᠠᠢᠴᠠᠭᠠᠨ ᠱᠢᠶᠳᠪᠦᠷᠢᠯᠡᠬᠦ᠌ ᠵᠠᠩᠭᠢᠯᠠᠭ᠎ᠠ᠎ᠶ᠋ᠢᠨ ᠠᠰᠠᠭᠤᠳᠠᠯ᠎ᠢ ᠴᠢᠩᠭ᠎ᠠ ᠠᠳᠭᠤᠵᠤ᠂ 《ᠪᠠᠢᠴᠠᠭᠠᠬᠤ᠎ᠠᠴᠠ ᠠᠶᠤᠬᠤ᠂ ᠪᠠᠢᠴᠠᠭᠠᠵᠤ ᠴᠢᠳᠠᠬᠤ ᠦᠬᠡᠢ᠂ ᠪᠠᠢᠴᠠᠭᠠᠬᠤ᠎ᠳᠤ ᠴᠢᠳᠠᠮᠠᠭᠠᠢ ᠪᠤᠰᠤ᠂ ᠬᠦᠨᠵᠡᠬᠡᠢ ᠪᠠᠢᠴᠠᠭᠠᠬᠤ ᠦᠬᠡᠢ》 ᠵᠡᠷᠭᠡ ᠲᠤᠪᠤᠢᠮ᠎ᠠ ᠠᠰᠠᠭᠤᠳᠠᠯ᠎ᠢ ᠬᠦᠴᠤᠯᠠᠨ ᠱᠢᠢᠳᠪᠤᠷᠢᠯᠠᠵᠤ᠂ ᠬᠥᠮᠦᠵᠢᠯ ᠴᠡᠭ᠌ᠴᠡᠯᠡᠯᠲᠡ᠎ᠶ᠋ᠢ ᠡᠴᠦᠰ᠎ᠲᠤᠨᠢ ᠲᠤᠯᠲᠠᠯ᠎ᠠ ᠬᠢᠬᠦ᠂ ᠱᠢᠶᠳᠪᠦᠷᠢᠲᠦ ᠲᠠᠢᠯᠠᠯᠳᠤᠭᠠᠨ ᠬᠢᠵᠦ᠍ ᠱᠢᠶᠳᠪᠦᠷᠢᠲᠦ ᠢᠯᠠᠯᠲᠠ ᠤᠯᠬᠤ᠎ᠶ᠋ᠢ ᠠᠬᠢᠭᠤᠯᠵᠤ᠂ ᠠᠷᠠᠳ ᠣᠯᠠᠨ᠎ᠳᠤ ᠬᠦᠮᠤᠵᠢᠯ ᠴᠡᠭ᠌ᠴᠡᠯᠡᠯᠳᠠ᠎ᠨᠢ ᠦᠨᠡᠨ ᠪᠤᠳᠠᠳᠠᠢ ᠬᠢᠵᠦ᠍ ᠪᠠᠢᠬᠤ ᠭᠡᠳᠡᠭ᠎ᠢ ᠦᠨᠡᠨ ᠬᠦ᠌ ᠤᠢ᠍ᠢᠯᠠᠭᠠᠭᠤᠯᠵᠤ᠂ ᠨᠠᠮ᠎ᠤᠨ ᠲᠥᠪ ᠬᠤᠷᠢᠶᠠᠨ᠎ᠤ ᠱᠢᠶᠳᠪᠦᠷᠢᠲᠦ ᠪᠣᠳᠣᠯᠭ᠎ᠠ ᠪᠣᠯ ᠥᠨᠳᠥᠷ᠎ᠲᠤ ᠵᠣᠭ᠍ᠰᠣᠨ ᠠᠯᠤᠰ᠎ᠢ ᠪᠡᠷᠡᠯᠡᠵᠦ᠍᠂ ᠰᠣᠳᠣ ᠮᠡᠷᠭᠡᠨ ᠡᠷᠡᠰ ᠱᠢᠭᠤᠷᠬᠠᠶ ᠪᠠᠢᠬᠤ ᠭᠡᠳᠡᠭ᠎ᠢ ᠮᠡᠳᠡᠷᠡᠬᠦᠯᠬᠦ᠌ ᠭᠡᠷᠡᠭ᠌ᠳᠠᠢ ᠬᠡᠵᠤ ᠱᠠᠭᠠᠷᠳᠠᠪᠠ᠃

ᠴᠧ ᠵᠢᠶᠦ᠋ᠨ᠂ ᠪᠠᠢᠴᠠᠭᠠᠨ ᠵᠠᠯᠠᠷᠠᠭᠤᠯᠵᠤ ᠴᠡᠭ᠌ᠴᠡᠯᠡᠨ ᠰᠠᠢᠵᠢᠷᠠᠭᠤᠯᠬᠤ ᠬᠤᠭᠤᠴᠠᠭ᠎ᠠ ᠨᠢᠭᠡᠨᠲᠡ ᠬᠠᠭᠠᠰ᠎ᠢ ᠥᠩᠭᠡᠷᠡᠪᠡ᠂ ᠬᠠᠮᠤᠭ᠎ᠤᠨ ᠰᠠᠢᠨ ᠴᠤᠩᠬᠤᠪᠴᠢ᠎ᠶ᠋ᠢᠨ ᠬᠤᠭᠤᠴᠠᠭ᠎ᠠ ᠪᠣᠯᠤᠨ ᠬᠠᠮᠤᠭ᠎ᠤᠨ ᠶᠡᠭᠡ ᠲᠥᠷᠥ᠎ᠶ᠋ᠢᠨ ᠪᠣᠳᠣᠯᠭ᠎ᠠ᠎ᠶ᠋ᠢᠨ ᠠᠱᠢᠭ᠎ᠢ ᠴᠢᠩᠭ᠎ᠠ ᠠᠳᠭᠤᠵᠤ᠂ ᠪᠡᠯᠭᠡ ᠲᠡᠮᠳᠡᠭ᠎ᠤᠨ ᠴᠢᠨᠠᠷᠲᠠᠶ ᠬᠡᠷᠡᠭ᠎ᠢ ᠪᠠᠢᠴᠠᠭᠠᠨ ᠱᠢᠶᠳᠪᠦᠷᠢᠯᠡᠬᠦ᠌ ᠲᠠᠯ᠎ᠠ᠎ᠪᠠᠷ ᠠᠯᠢ ᠲᠦᠷᠭᠡᠨ᠎ᠢᠶᠠᠷ 《ᠳᠤᠮᠳᠠ ᠬᠤᠭᠤᠴᠠᠭᠠᠨ᠎ᠤ ᠠᠮᠵᠢᠯᠳᠠ》 ᠎ᠶ᠋ᠢ ᠤᠯᠬᠤ ᠬᠡᠷᠡᠭ᠌ᠲᠡᠶ᠃ ᠨᠢᠭᠡ᠎ᠳᠤ᠂ ᠴᠢᠩᠭ᠎ᠠ ᠠᠵᠠ ᠲᠣᠬᠢᠶᠠᠯ᠎ᠤᠨ ᠤᠬᠠᠮᠰᠠᠷ᠂ ᠰᠠᠨᠠᠭᠠᠱᠢᠷᠠᠬᠤ ᠤᠬᠠᠮᠰᠠᠷ᠂ ᠲᠤᠯᠭᠠᠮ ᠤᠬᠠᠮᠰᠠᠷ᠎ᠲᠠᠢ ᠪᠠᠢᠵᠤ᠂ ᠰᠦᠪᠡᠭ᠌ᠴᠢ᠎ᠶ᠋ᠢ ᠬᠠᠷᠭᠤᠭᠤᠯᠤᠨ ᠪᠠᠢᠴᠠᠭᠠᠬᠤ᠎ᠪᠠᠷ ᠲᠠᠮᠵᠢᠨ 《ᠬᠤᠶᠠᠷ᠎ᠢ ᠬᠠᠮᠠᠭᠠᠯᠠᠬᠤ》 ᠎ᠶ᠋ᠢ ᠦᠢᠯᠡᠳᠦᠯᠭᠡᠵᠢᠭᠦᠯᠬᠦ᠌ ᠬᠡᠷᠡᠭ᠌ᠲᠡᠢ᠃ ᠬᠤᠶᠠᠷ᠎ᠲᠤ᠌᠂ ᠪᠠᠷᠢᠮᠵᠢᠶ᠎ᠠ ᠶᠣᠰᠣᠭᠠᠷ ᠭᠦᠨᠵᠡᠭᠡᠢ ᠶᠠᠷᠢᠯᠴᠠᠬᠤ᠂ ᠬᠡᠷᠡᠭ᠎ᠤᠨ ᠵᠢᠱ᠌ᠢ᠊ ᠡᠶ᠎ᠡ᠎ᠪᠠᠷ ᠵᠢᠱ᠌ᠢ᠊ ᠡᠶ᠎ᠡ ᠦᠵᠡᠭᠦᠯᠬᠦ᠂ ᠲᠦᠷᠦ᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠰᠦᠪᠡᠭ᠌ᠴᠢ᠎ᠶ᠋ᠢ ᠬᠠᠷᠭᠤᠭᠤᠯᠤᠨ ᠪᠠᠢᠴᠠᠭᠠᠬᠤ᠎ᠪᠠᠷ ᠳᠠᠮᠵᠢᠨ ᠠᠭᠤᠵᠢᠭᠤ ᠴᠢᠩᠭ᠎ᠠ ᠲᠦᠷᠦ᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠱᠠᠯᠠᠪᠳᠠᠭᠤᠯᠤᠨ ᠱᠠᠭᠠᠷᠳᠠᠬᠤ ᠬᠡᠷᠡᠭ᠌ᠲᠡᠢ᠃ ᠭᠤᠷᠪᠠ᠎ᠳᠤ᠂ ᠲᠤᠭ ᠲᠡᠮᠳᠡᠭ ᠲᠣᠳᠣᠷᠬᠠᠢ᠂ ᠬᠡᠷᠡᠭ ᠪᠠᠢᠪᠠᠯ ᠵᠠᠪᠠᠯ ᠪᠠᠢᠴᠠᠭᠠᠬᠤ᠎ᠶ᠋ᠢ ᠪᠠᠷᠢᠮᠲᠠᠯᠠᠵᠤ᠂ ᠰᠦᠪᠡᠭ᠌ᠴᠢ᠎ᠶ᠋ᠢ ᠥᠷᠭᠡᠳᠭᠡᠵᠦ᠍᠂ ᠭᠦᠨᠵᠡᠭᠡᠢ ᠪᠠᠢᠴᠠᠭᠠᠨ ᠭᠦᠨᠵᠡᠭᠡᠢ ᠨᠡᠬᠡᠮᠵᠢᠯᠡᠵᠦ᠍᠂ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠨ᠂ ᠡᠴᠦᠰ ᠲᠦᠨᠢ ᠲᠤᠯᠲᠠᠯ᠎ᠠ ᠪᠠᠢᠴᠠᠭᠠᠵᠤ᠂ ᠰᠦᠪᠡᠭ᠌ᠴᠢ᠎ᠶ᠋ᠢ ᠬᠠᠷᠭᠤᠭᠤᠯᠤᠨ ᠪᠠᠢᠴᠠᠭᠠᠬᠤ᠎ᠪᠠᠷ ᠲᠠᠮᠵᠢᠨ ᠤᠯᠠᠨ᠎ᠢ ᠲᠦᠢᠪᠡᠭᠡᠭ᠌ᠴᠢ᠎ᠶ᠋ᠢ ᠭᠡᠳᠡᠷᠬᠦ᠌ ᠱᠢᠬᠠᠮᠳᠠᠭᠤᠯᠤᠨ ᠠᠷᠢᠯᠭᠠᠬᠤ ᠬᠡᠷᠡᠭ᠌ᠲᠡᠢ᠃ ᠳᠥᠷᠪᠡ᠎ᠳᠤ᠂ ᠠᠵᠢᠯ᠎ᠤᠨ ᠭᠤᠤᠯᠳᠠᠯᠭ᠎ᠠ᠎ᠪᠠᠨ ᠳᠣᠪᠤᠢᠯᠭᠠᠵᠤ᠂ ᠱᠢᠰᠲ᠋ᠧᠮ ᠪᠠ ᠬᠡᠰᠡᠭ᠎ᠢ ᠤᠶᠠᠯᠳᠤᠭᠤᠯᠬᠤ ᠪᠠ ᠡᠭᠦᠳᠡ᠎ᠪᠠᠨ ᠨᠡᠭᠡᠭᠡᠵᠦ᠍ ᠴᠡᠭ᠌ᠴᠡᠯᠡᠯᠲᠡ ᠬᠢᠬᠦ᠌᠎ᠶ᠋ᠢ ᠪᠠᠷᠢᠮᠲᠠᠯᠠᠵᠤ᠂ ᠰᠦᠪᠡᠭ᠌ᠴᠢ᠎ᠶ᠋ᠢ ᠬᠠᠷᠭᠤᠭᠤᠯᠤᠨ ᠪᠠᠢᠴᠠᠭᠠᠬᠤ᠎ᠪᠠᠷ ᠳᠠᠮᠵᠢᠨ ᠠᠷᠬᠠᠭ ᠬᠡᠮ᠎ᠢ ᠴᠡᠭ᠌ᠴᠡᠯᠡᠨ ᠵᠠᠰᠠᠬᠤ᠎ᠶ᠋ᠢ ᠠᠬᠢᠭᠤᠯᠬᠤ ᠬᠡᠷᠡᠭ᠌ᠲᠡᠶ᠃ ᠲᠠᠪᠤ᠎ᠳᠤ᠂ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠂ ᠱᠢᠭᠤᠳ ᠬᠠᠷᠢᠭᠤᠴᠠᠯᠭ᠎ᠠ᠂ ᠬᠠᠮᠵᠢᠯᠴᠠᠬᠤ ᠬᠠᠷᠢᠭᠤᠴᠠᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠥᠪᠯᠡᠯ᠎ᠤᠨ ᠬᠡᠷᠡᠭ᠎ᠢ ᠪᠠᠢᠴᠠᠭᠠᠨ ᠱᠢᠢᠳᠪᠦᠷᠢᠯᠡᠬᠦ᠌ ᠶᠠᠪᠤᠴᠠ᠎ᠳᠠᠬᠢ ᠭᠤᠣᠯ ᠬᠦᠴᠦᠨ ᠴᠡᠷᠢᠭ ᠪᠠ 《ᠬᠤᠱᠢᠭᠤᠴᠢ》 ᠦᠢᠯᠡᠳᠦᠯ᠎ᠢ ᠰᠠᠢᠲᠤᠷ ᠪᠠᠳᠠᠷᠠᠭᠤᠯᠵᠤ᠂ ᠰᠦᠪᠡᠭ᠌ᠴᠢ᠎ᠶ᠋ᠢ ᠬᠠᠷᠭᠤᠭᠤᠯᠤᠨ ᠪᠠᠢᠴᠠᠭᠠᠬᠤ᠎ᠪᠠᠷ ᠲᠠᠮᠵᠢᠨ ᠬᠥᠮᠦᠵᠢᠯ ᠴᠡᠭ᠌ᠴᠡᠯᠡᠯᠲᠡ᠎ᠶ᠋ᠢᠨ ᠪᠣᠳᠠᠲᠤ ᠦᠷ᠎ᠡ ᠪᠦᠲᠦᠮᠵᠢ᠎ᠶ᠋ᠢ ᠪᠠᠲᠤᠯᠠᠬᠤ ᠬᠡᠷᠡᠭ᠌ᠲᠡᠢ ᠬᠡᠵᠤ ᠴᠢᠬᠤᠯᠠᠴᠢᠯᠠᠪᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号