ᠱ᠌ᠢ᠎ᠲᠠᠢ ᠹᠧᠩ ᠵᠠᠯᠠᠨ ᠠᠢᠯ ᠬᠤᠳᠠ᠎ᠳᠤ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠪᠤᠯᠤᠨ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠠᠵᠢᠯ᠎ᠢ ᠪᠠᠢᠴᠠᠭᠠᠨ ᠰᠤᠳᠤᠯᠪᠠ
2021-05-24 09:21:46
ᠵᠣᠬᠢᠶᠠᠭ᠍ᠴᠢ᠄
ᠯᠢᠦ ᠱᠢᠶᠤᠤ ᠳ᠋ᠦᠩ
ᠣᠩᠱᠢᠭ᠍ᠰᠠᠨ ᠣᠳᠠᠭ᠎ᠠ᠄
★★★☆☆

5 ᠰᠠᠷ᠎ᠠ᠎ᠶ᠋ᠢᠨ 22 ᠎ᠠᠴᠠ 23 ᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠡᠷᠬᠢᠯᠡᠭ᠌ᠴᠢ ᠱ᠌ᠢ᠎ᠲᠠᠢ ᠹᠧᠩ ᠬᠥᠯᠥᠨ ᠪᠤᠢᠷ ᠬᠤᠳᠠ᠎ᠶ᠋ᠢᠨ ᠵᠠᠯᠠᠨ ᠠᠢᠯ ᠬᠤᠳᠠ᠎ᠳᠤ ᠬᠦᠷᠴᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ ᠵᠡᠷᠭᠡ ᠠᠵᠢᠯ᠎ᠢ ᠭᠦᠨᠵᠡᠭᠡᠢ ᠪᠠᠢᠴᠠᠭᠠᠨ ᠰᠤᠳᠤᠯᠵᠤ᠂ ᠦᠵᠡᠯ ᠰᠠᠨᠠᠭ᠎ᠠ ᠲᠠᠨᠢᠯᠲᠠ᠎ᠪᠠᠨ ᠤᠯᠠᠮ ᠴᠢᠨᠠᠭ᠍ᠰᠢᠳᠠ ᠳᠡᠭᠡᠭ᠌ᠰᠢᠯᠡᠭᠦᠯᠦᠨ᠂ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠢᠵᠢᠭᠤᠯᠵᠤ᠂ ᠨᠡᠩ ᠪᠣᠳᠠᠲᠠᠢ᠎ᠶ᠋ᠢ ᠡᠷᠬᠢᠮᠯᠡᠬᠦ᠌ ᠣᠪᠣᠷ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ᠎ᠪᠠᠷ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠪᠣᠯᠤᠨ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢ ᠰᠠᠢᠲᠤᠷ ᠥᠷᠨᠢᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠱ᠌ᠢ᠎ᠲᠠᠢ ᠹᠧᠩ ᠸᠧ ᠨᠢᠦ ᠾᠧ ᠪᠠᠯᠭᠠᠰᠤ᠂ ᠱᠢᠩ ᠬᠤᠸᠠ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠂ ᠾᠧ ᠰᠢ ᠵᠡᠭᠡᠯᠢ ᠭᠤᠳᠤᠮᠵᠢ᠎ᠶ᠋ᠢᠨ ᠨᠠᠨ ᠱ᠌ᠢ ᠨᠡᠢᠭᠡᠮ ᠲᠣᠭᠤᠷᠢᠭ᠎ᠲᠤ ᠭᠦᠨᠵᠡᠭᠡᠢᠷᠡᠵᠦ᠍᠂ ᠨᠠᠮ ᠪᠠ ᠣᠯᠠᠨ ᠲᠦᠮᠡᠨ᠎ᠤ ᠦᠢᠯᠡᠴᠢᠯᠡᠭᠡᠨ᠎ᠤ ᠲᠥᠪ᠂ ᠬᠠᠢᠷ᠎ᠠ ᠬᠠᠯᠠᠮᠵᠢ᠎ᠶ᠋ᠢᠨ ᠬᠡᠷ᠂ ᠬᠠᠢᠷ᠎ᠠ ᠬᠠᠯᠠᠮᠵᠢ᠎ᠶ᠋ᠢᠨ ᠬᠡᠳᠤ ᠳᠡᠯᠬᠡᠬᠦᠷ ᠵᠢᠴᠢ ᠲᠣᠣᠷᠵᠢᠭᠤᠯᠤᠭ᠍ᠰᠠᠨ ᠬᠠᠮᠢᠶᠠᠷᠤᠯᠲᠠ᠎ᠶ᠋ᠢᠨ ᠵᠢᠯᠣᠭᠤᠳᠭᠤ ᠲᠥᠪ ᠵᠡᠷᠭᠡ᠎ᠪᠠᠷ ᠭᠦᠨᠵᠡᠭᠡᠢᠷᠡᠨ᠂ ᠨᠠᠮ᠎ᠤᠨ ᠭᠡᠱᠢᠭᠦᠨ᠂ ᠺᠠᠳ᠋ᠷ᠂ ᠠᠵᠢᠯᠲᠠᠨ ᠠᠵᠢᠯᠴᠢᠨ᠎ᠲᠠᠢ ᠰᠠᠨᠠᠯ᠎ᠢᠶᠠᠨ ᠭᠦᠨᠵᠡᠭᠡᠶ ᠰᠣᠯᠢᠯᠴᠠᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭ᠌ᠰᠡᠨ ᠪᠠᠢᠳᠠᠯ᠎ᠢ ᠨᠠᠷᠢᠨ ᠣᠢᠯᠠᠭᠠᠵᠤ᠂ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ》 ᠎ᠶ᠋ᠢᠨ ᠠᠷᠭ᠎ᠠ ᠬᠡᠮᠵᠢᠶ᠎ᠡ ᠪᠣᠯᠤᠨ ᠦᠷ᠎ᠡ ᠪᠦᠲᠦᠮᠵᠢ᠎ᠶ᠋ᠢ ᠭᠦᠨᠵᠡᠭᠡᠶ ᠱᠢᠨᠵᠢᠯᠡᠨ ᠪᠠᠢᠴᠠᠭᠠᠪᠠ᠃ ᠲᠡᠷᠡ᠂ ᠱᠢᠶᠠᠩ ᠪᠠᠯᠭᠠᠰᠤ᠂ ᠵᠡᠭᠡᠯᠢ ᠭᠤᠳᠤᠮᠵᠢ ᠪᠣᠯᠤᠨ ᠨᠡᠢᠭᠡᠮ ᠲᠣᠭᠤᠷᠢᠭ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠣᠷᠣᠱᠢᠵᠤ᠂ ᠥᠷᠭᠡᠨ ᠤᠯᠠᠨ ᠠᠷᠠᠳ ᠲᠦᠮᠡᠨ᠎ᠳᠤ ᠱᠢᠭᠤᠳ ᠬᠠᠨᠳᠤᠵᠤ ᠪᠠᠢᠬᠤ ᠪᠤᠯᠬᠤᠷ᠂ 《ᠪᠠᠭ᠎ᠠ ᠨᠢᠭᠡᠴᠢ》 ᠎ᠨᠢ ᠶᠡᠭᠡ ᠶᠠᠪᠤᠳᠠᠯ᠎ᠢ ᠱᠢᠢᠳᠪᠦᠷᠢᠯᠡᠵᠦ᠍᠂ 《ᠪᠠᠭ᠎ᠠ ᠱᠦᠵᠢ》 ᠎ᠨᠢ ᠶᠡᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠬᠤ ᠶᠤᠮ᠃ ᠦᠨᠳᠦᠰᠦᠨ ᠱᠠᠲᠤᠨ᠎ᠤ ᠣᠨᠴᠠᠯᠢᠭ᠎ᠲᠤ ᠰᠠᠭᠤᠷᠢᠯᠠᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠥ᠍᠂ ᠨᠠᠮ᠎ᠤᠨ ᠭᠡᠱᠢᠭᠦᠨ ᠺᠠᠳ᠋ᠷᠴᠤᠳ ᠡᠩ ᠲᠡᠷᠢᠭᠦᠨ᠎ᠳᠤ ᠦᠨᠡᠨ ᠬᠦ᠌ ᠰᠤᠷᠤᠯᠴᠠᠨ ᠭᠦᠨᠵᠡᠭᠡᠢ ᠣᠢᠯᠠᠭᠠᠵᠤ᠂ ᠦᠨᠡᠨ ᠬᠦ᠌ ᠦᠵᠡᠯ ᠰᠠᠨᠠᠭᠠᠨ᠎ᠤ ᠲᠠᠯ᠎ᠠ᠎ᠪᠠᠷ ᠬᠥᠮᠦᠵᠢᠯ ᠬᠦᠷᠳᠡᠵᠦ᠍᠂ ᠤᠶᠤᠨ ᠰᠠᠨᠠᠭᠠᠨ᠎ᠤ ᠲᠠᠯ᠎ᠠ᠎ᠪᠠᠷ ᠠᠷᠢᠭᠤᠳᠭᠠᠯ ᠬᠦᠷᠳᠡᠵᠦ᠍᠂ ᠬᠦᠰᠡᠯᠡᠩ ᠢᠲᠡᠭᠡᠯ ᠪᠢᠱᠢᠷᠡᠯ ᠢᠳᠡᠭᠡᠯ ᠵᠤᠷᠢᠭ᠎ᠢᠶᠠᠨ ᠴᠢᠩᠭᠠᠳᠭᠠᠵᠤ᠂ ᠨᠠᠮ᠎ᠤᠨ ᠭᠡᠱᠢᠭᠦᠨ᠎ᠤ ᠤᠬᠠᠮᠰᠠᠷ᠎ᠢᠶᠠᠨ ᠴᠢᠩᠭᠠᠳᠭᠠᠨ᠂ ᠴᠠᠭ ᠦᠶ᠎ᠡ᠎ᠠᠴᠠ ᠣᠯᠭᠤᠭ᠍ᠰᠠᠨ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠬᠦ᠌ ᠬᠡᠷᠡᠭ᠌ᠲᠡᠢ᠃ ᠡᠭᠦᠨ᠎ᠤ ᠬᠠᠮᠳᠤ᠂ ᠨᠡᠢᠭᠡᠮ ᠳᠠᠶᠠᠭᠠᠷ᠎ᠲᠤ ᠬᠠᠨᠳᠤᠭᠤᠯᠤᠨ 《ᠲᠦᠷᠪᠡᠨ ᠲᠡᠦᠬᠡ》 ᠎ᠶ᠋ᠢᠨ ᠬᠥᠮᠦᠵᠢᠯ᠎ᠢ ᠰᠠᠢᠲᠤᠷ ᠬᠢᠵᠦ᠍᠂ ᠤᠯᠠᠨ ᠲᠦᠮᠡᠨ᠎ᠢ ᠬᠥᠮᠦᠵᠢᠭᠦᠯᠦᠨ ᠵᠢᠯᠣᠭᠤᠳᠴᠤ᠌ ᠪᠠᠢᠭᠠᠳ ᠥᠨᠥᠳᠦᠷ᠎ᠤᠨ ᠰᠠᠢᠨ ᠰᠠᠢᠬᠠᠨ ᠠᠮᠢᠳᠤᠷᠠᠯ ᠶᠠᠭᠠᠬᠢᠵᠤ ᠢᠷᠡᠭ᠌ᠰᠡᠨ᠎ᠢ ᠭᠦᠨᠵᠡᠭᠡᠢ ᠤᠢ᠍ᠢᠯᠠᠭᠠᠭᠤᠯᠤᠨ᠂ ᠦᠨᠡᠨ ᠰᠡᠳᠭᠢᠯ᠎ᠠᠴᠠ᠎ᠪᠠᠨ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠲᠠᠭᠠᠬᠤ ᠪᠤᠯᠭᠠᠬᠤ ᠬᠡᠷᠡᠭ᠌ᠲᠡᠢ ᠭᠡᠵᠤ ᠵᠢᠭᠠᠵᠤ ᠭᠠᠷᠭᠠᠪᠠ᠃ ᠲᠡᠷᠡ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ᠌᠎ᠳᠤ ᠡᠷᠬᠡᠪᠰᠢ ᠦᠷ᠎ᠡ ᠪᠦᠲᠦᠮᠵᠢ᠎ᠪᠠᠷ ᠤᠳᠤᠷᠢᠳᠤᠮᠵᠢ ᠪᠣᠯᠭᠠᠬᠤ᠎ᠶ᠋ᠢ ᠲᠤᠪᠤᠢᠯᠭᠠᠵᠤ᠂ ᠶᠠᠩᠵᠤ᠎ᠶ᠋ᠢᠨ ᠳᠡᠳᠦᠢ ᠬᠢᠵᠦ᠍᠂ ᠶᠠᠮᠪᠠ᠎ᠶ᠋ᠢᠨ ᠲᠡᠳᠦᠢ ᠬᠢᠵᠦ᠍ ᠪᠣᠯᠬᠤ ᠦᠭᠡᠢ᠂ ᠰᠡᠳᠭᠢᠯ ᠰᠠᠨᠠᠭ᠎ᠠ ᠪᠠ ᠤᠶᠤᠨ ᠴᠢᠳᠠᠯ᠎ᠢᠶᠠᠨ ᠤᠷᠢᠶ᠎ᠠ ᠯᠣᠽᠦᠩ ᠪᠢᠴᠢᠬᠦ᠂ ᠦᠵᠡᠭᠦᠯᠭᠡ᠎ᠶ᠋ᠢᠨ ᠰᠠᠮᠪᠠᠷ᠎ᠠ ᠵᠤᠬᠢᠶᠠᠬᠤ᠂ ᠪᠠᠢᠴᠠᠭᠠᠯᠲᠠ᠎ᠶ᠋ᠢ ᠠᠷᠭᠠᠴᠠᠭᠠᠬᠤ ᠳᠡᠭᠡᠷ᠎ᠡ ᠬᠡᠷᠡᠭ᠌ᠯᠡᠭᠡᠳ ᠯᠡ ᠪᠠᠢᠵᠤ ᠪᠤᠯᠬᠤ ᠦᠭᠡᠢ᠂ ᠬᠡᠯᠪᠡᠷᠢᠴᠢ ᠦᠵᠡᠯ᠂ ᠦᠡᠭ᠌ᠭᠡᠨ ᠲᠠᠯ᠎ᠠ᠎ᠶ᠋ᠢᠨ ᠠᠵᠢᠯ ᠬᠢᠬᠦ᠌᠎ᠶ᠋ᠢ ᠡᠷᠡᠰ ᠲᠡᠪᠴᠢᠵᠦ᠍᠂ ᠱᠠᠳᠤ ᠱᠠᠳᠤ᠎ᠪᠠᠷ ᠡᠭᠦᠷᠭᠡ ᠨᠡᠮᠡᠬᠦ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠨᠡᠮᠡᠭ᠌ᠳᠡᠭᠦᠯᠬᠦ᠌᠎ᠶ᠋ᠢ ᠡᠷᠡᠰ ᠴᠡᠭᠡᠷᠯᠡᠬᠦ᠌ ᠬᠡᠷᠡᠭ᠌ᠲᠡᠢ᠃ 《ᠪᠢ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ》 ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠨᠠᠷᠢᠨ ᠨᠢᠮᠪᠠᠢ ᠵᠣᠬᠢᠶᠠᠨ ᠪᠠᠢᠭᠤᠯᠤᠨ ᠥᠷᠨᠢᠭᠦᠯᠵᠦ᠍᠂ ᠪᠣᠳᠠᠲᠤ ᠶᠠᠪᠤᠳᠠᠯ᠎ᠢ ᠪᠦᠳᠦᠭᠦᠯᠢᠭ᠎ᠢᠶᠠᠷ ᠬᠢᠵᠦ᠍᠂ ᠳᠥᠭᠦᠮᠬᠡᠨ᠎ᠢᠶᠠᠷ 《ᠮᠠᠯᠠᠭᠠᠢ ᠡᠮᠦᠰᠴᠤ᠌》᠂ 《ᠳᠡᠮᠳᠡᠭ ᠨᠠᠭᠠᠵᠤ》᠂ ᠡᠳᠦᠷ ᠲᠤᠳᠤᠮ᠎ᠤᠨ ᠠᠵᠢᠯ᠎ᠢᠶᠠᠷ ᠪᠣᠳᠠᠲᠤ ᠶᠠᠪᠤᠳᠠᠯ ᠬᠢᠬᠦ᠌᠎ᠶ᠋ᠢ ᠣᠷᠣᠯᠠᠭᠤᠯᠬᠤ᠎ᠶ᠋ᠢ ᠰᠡᠷᠭᠡᠢᠯᠡᠬᠦ᠌ ᠬᠡᠷᠡᠭ᠌ᠲᠡᠢ᠃ ᠪᠣᠳᠠᠲᠠᠢ ᠶᠠᠪᠤᠳᠠᠯ ᠬᠢᠬᠦ᠌᠎ᠶ᠋ᠢ ᠬᠥᠭ᠌ᠵᠢᠯᠲᠡ᠎ᠶ᠋ᠢᠨ ᠬᠡᠷᠡᠭ᠌ᠴᠡᠭᠡ ᠪᠣᠯᠤᠨ ᠱᠢᠨ᠎ᠡ ᠪᠠᠢᠳᠠᠯ᠎ᠢ ᠡᠭᠦᠳᠬᠦ᠌᠎ᠲᠠᠢ ᠤᠶᠠᠯᠳᠤᠭᠤᠯᠵᠤ᠂ ᠬᠢᠬᠦ᠌ ᠶᠣᠰᠣᠲᠠᠢ ᠠᠵᠢᠯ᠎ᠢᠶᠠᠨ ᠯᠠᠪᠳᠠᠭᠤᠨ ᠪᠠᠲᠤᠲᠠᠢ ᠬᠢᠵᠦ᠍᠂ ᠤᠯᠠᠨ ᠲᠦᠮᠡᠨ᠎ᠤ ᠲᠤᠰᠭᠠᠯ ᠴᠢᠩᠭ᠎ᠠ ᠪᠠᠢᠭ᠎ᠠ ᠪᠠᠴᠢᠮ ᠠᠰᠠᠭᠤᠳᠠᠯ ᠲᠦᠪᠡᠭ ᠠᠰᠠᠭᠤᠳᠠᠯ ᠵᠤᠪᠠᠨᠢᠬᠤ ᠠᠰᠠᠭᠤᠳᠠᠯ ᠬᠦᠰᠡᠨ ᠡᠷᠡᠮᠡᠯᠵᠡᠯᠡᠬᠦ᠌ ᠠᠰᠠᠭᠤᠳᠠᠯ᠎ᠢ ᠰᠡᠳᠭᠢᠯ ᠲᠠᠯᠪᠢᠨ ᠬᠦᠴᠦ᠍ ᠲᠠᠯᠪᠢᠨ ᠱᠢᠢᠳᠪᠦᠷᠢᠯᠡᠵᠦ᠍᠂ ᠰᠠᠢᠨ ᠰᠤᠷᠲᠠᠯ᠂ ᠰᠠᠢᠨ ᠠᠷᠭ᠎ᠠ ᠬᠢᠳᠡᠯ᠎ᠢ ᠪᠠᠢᠩᠭᠤᠵᠢᠭᠤᠯᠤᠨ ᠪᠠᠷᠢᠮᠳᠠᠯᠠᠬᠤ ᠬᠡᠷᠡᠭ᠌ᠲᠡᠢ ᠭᠡᠵᠤ ᠴᠢᠬᠤᠯᠠᠴᠢᠯᠠᠵᠠᠢ᠃

ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠠᠵᠢᠯ᠎ᠢ ᠬᠢᠷᠢ ᠵᠡᠷᠭᠡ ᠥᠷᠨᠢᠭᠦᠯᠵᠦ᠍ ᠪᠠᠢᠬᠤ᠎ᠶ᠋ᠢ ᠱ᠌ᠢ᠎ᠲᠠᠢ ᠹᠧᠩ ᠮᠠᠰᠢ ᠠᠩᠬᠠᠷᠴᠤ᠌ ᠪᠠᠢᠯ᠎ᠠ᠃ ᠲᠡᠷᠡ ᠤᠷᠢᠳ ᠬᠤᠵᠢᠳ ᠵᠠᠯᠠᠨ ᠠᠢᠯ ᠬᠤᠳᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠱᠢᠩ ᠬᠤᠸᠠ ᠲᠣᠮᠢᠯᠠᠭ᠍ᠰᠠᠨ ᠰᠠᠯᠪᠤᠷᠢ᠂ ᠵᠠᠯᠠᠨ ᠠᠢᠯ ᠬᠤᠳᠠ᠎ᠶ᠋ᠢᠨ ᠪᠠᠢᠴᠠᠭᠠᠬᠤ ᠬᠤᠷᠢᠶ᠎ᠠ᠎ᠳᠤ ᠬᠦᠷᠴᠦ᠍᠂ ᠬᠡᠷᠡᠭ ᠮᠡᠳᠡᠭᠦᠯᠤᠯᠳᠠ᠎ᠶ᠋ᠢ ᠬᠦᠯᠢᠶᠡᠨ ᠠᠪᠬᠤ ᠦᠢᠯᠡᠴᠢᠯᠡᠭᠡᠨ᠎ᠤ ᠲᠥᠪ᠂ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠵᠢᠯᠣᠭᠤᠳᠭᠤ ᠲᠠᠰᠤᠭ᠂ ᠶᠠᠷᠢᠶ᠎ᠠ ᠬᠡᠯᠡᠯᠴᠡᠭᠡᠨ᠎ᠤ ᠪᠠᠢᠳᠠᠯ᠎ᠢ ᠬᠢᠨᠠᠨ ᠡᠵᠡᠮᠳᠡᠬᠦ᠌ ᠲᠠᠰᠤᠭ᠂ ᠭᠡᠷᠡᠴᠢᠯᠡᠭᠡ ᠰᠣᠨᠣᠰᠭᠤ ᠲᠠᠰᠤᠭ ᠵᠡᠷᠭᠡ᠎ᠳᠤ ᠤᠷᠤᠵᠤ᠂ ᠬᠥᠮᠦᠵᠢᠯ ᠴᠡᠭ᠌ᠴᠡᠯᠡᠯᠲᠡ᠎ᠶ᠋ᠢᠨ ᠠᠵᠢᠯ᠎ᠢ ᠥᠷᠨᠢᠭᠦᠯᠵᠦ᠍ ᠪᠠᠢᠭ᠎ᠠ ᠪᠠᠢᠳᠠᠯ᠎ᠢ ᠭᠦᠨᠵᠡᠭᠡᠢ ᠣᠢᠯᠠᠭᠠᠪᠠ᠃ ᠭᠤᠤᠯᠳᠠᠭᠤ ᠶᠠᠮᠠᠷ ᠬᠡᠯᠪᠡᠷᠢ᠎ᠪᠠᠷ ᠰᠠᠨᠠᠯ ᠵᠥᠪᠯᠡᠯᠭᠡ ᠬᠤᠷᠢᠶᠠᠵᠤ ᠪᠠᠢᠬᠤ᠂ ᠬᠡᠳᠦᠶ ᠰᠠᠨᠠᠯ ᠬᠤᠷᠢᠶᠠᠭ᠍ᠰᠠᠨ᠂ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ᠎ᠳᠤ ᠶᠠᠮᠠᠷ ᠶᠠᠮᠠᠷ ᠲᠣᠪᠤᠢᠮ᠎ᠠ ᠠᠰᠠᠭᠤᠳᠠᠯ᠎ᠢ ᠢᠯᠡᠷᠡᠭᠦᠯᠦᠭ᠌ᠰᠡᠨ᠂ ᠶᠠᠮᠠᠷ ᠶᠠᠮᠠᠷ ᠠᠭᠤᠯᠭ᠎ᠠ᠎ᠪᠠᠷ ᠶᠠᠷᠢᠯᠴᠠᠭ᠍ᠰᠠᠨ ᠵᠡᠷᠭᠡ᠎ᠶ᠋ᠢᠨ ᠲᠤᠬᠠᠢ ᠱ᠌ᠢ᠎ᠲᠠᠢ ᠹᠧᠩ ᠬᠦᠷᠦᠭ᠌ᠰᠡᠨ ᠭᠠᠵᠠᠷ ᠪᠣᠯᠭᠠᠨ᠎ᠳᠠᠭᠠᠨ ᠨᠠᠷᠢᠨ ᠠᠰᠠᠭᠤᠵᠤ᠂ ᠬᠤᠯᠪᠣᠭ᠍ᠳᠠᠯ ᠪᠥᠬᠦᠶ ᠮᠠᠲ᠋ᠧᠷᠢᠶᠠᠯ᠎ᠢ ᠨᠠᠷᠢᠨ ᠦᠵᠡᠵᠦ᠍᠂ ᠡᠷᠢᠵᠦ᠍ ᠣᠯᠤᠭ᠍ᠰᠠᠨ ᠠᠰᠠᠭᠤᠳᠠᠯ᠎ᠨᠢ ᠦᠨᠡᠨ ᠪᠣᠳᠠᠲᠠᠶ ᠡᠰᠡᠬᠦ᠂ ᠭᠦᠨᠵᠡᠭᠡᠶ ᠡᠰᠡᠬᠦ᠌᠎ᠶ᠋ᠢ ᠨᠠᠷᠢᠨ ᠪᠠᠢᠴᠠᠭᠠᠪᠠ᠃ ᠲᠡᠷᠡ᠂ ᠪᠠᠢᠴᠠᠭᠠᠨ ᠵᠠᠯᠠᠷᠠᠭᠤᠯᠵᠤ ᠴᠡᠭ᠌ᠴᠡᠯᠡᠨ ᠰᠠᠢᠵᠢᠷᠠᠭᠤᠯᠬᠤ ᠠᠵᠢᠯ᠎ᠢ ᠥᠷᠨᠢᠭᠦᠯᠬᠦ᠌᠎ᠳᠡᠭᠡᠨ ᠡᠷᠬᠡᠪᠰᠢ ᠬᠥᠮᠦᠵᠢᠯ ᠴᠡᠭ᠌ᠴᠡᠯᠡᠯᠲᠡ᠎ᠶ᠋ᠢᠨ ᠭᠤᠣᠯ ᠱᠠᠭᠠᠷᠳᠠᠯᠭ᠎ᠠ ᠳᠡᠭᠡᠷ᠎ᠡ ᠠᠩᠬᠠᠷᠤᠯ᠎ᠢᠶᠠᠨ ᠲᠥᠪᠯᠡᠷᠡᠭᠦᠯᠬᠦ᠌ ᠬᠡᠷᠡᠭ᠌ᠲᠡᠶ᠂ ᠠᠰᠠᠭᠤᠳᠠᠯ᠎ᠢ ᠶᠡᠷᠦᠮᠳᠡᠭ᠎ᠢᠶᠠᠷ ᠶᠠᠷᠢᠵᠤ᠂ ᠶᠡᠷᠦᠮᠲᠡᠭ᠎ᠢᠶᠠᠷ ᠡᠷᠢᠵᠦ᠍ ᠪᠣᠯᠬᠤ ᠦᠭᠡᠶ᠂ ᠡᠲᠦᠷ ᠲᠤᠲᠤᠮ᠎ᠤᠨ ᠠᠵᠢᠯ᠎ᠤᠨ ᠳᠤᠮᠳᠠᠬᠢ ᠠᠰᠠᠭᠤᠳᠠᠯ᠎ᠢᠶᠠᠷ ᠤᠴᠢᠷ᠎ᠢ ᠲᠦᠭᠦᠮᠭᠡᠡ᠎ᠢᠶᠠᠷ ᠶᠠᠷᠢᠵᠦ᠍ ᠪᠣᠯᠬᠤ ᠦᠭᠡᠶ᠃ ᠤᠯᠤᠰ ᠲᠦᠷᠦ᠍ ᠬᠠᠤᠯᠢ ᠴᠠᠭᠠᠵᠠ᠎ᠶ᠋ᠢᠨ ᠡᠯ᠎ᠠ ᠪᠠᠢᠭᠤᠯᠭ᠎ᠠ ᠨᠢᠭᠡᠴᠢ᠎ᠶ᠋ᠢᠨ ᠤᠳᠤᠷᠢᠳᠤᠯᠭ᠎ᠠ ᠪᠣᠯᠤᠨ ᠺᠠᠳ᠋ᠷ ᠴᠠᠭ᠍ᠳᠠᠭ᠎ᠠ ᠦᠵᠡᠯ ᠰᠠᠨᠠᠭ᠎ᠠ ᠲᠠᠨᠢᠯᠲᠠ᠎ᠪᠠᠨ ᠤᠯᠠᠮ ᠴᠢᠨᠠᠭ᠍ᠰᠢᠳᠠ ᠳᠡᠭᠡᠭ᠌ᠰᠢᠯᠡᠭᠦᠯᠤᠨ᠂ ᠳᠣᠲᠣᠭᠠᠳᠤ ᠬᠥᠳᠡᠯᠭᠡᠬᠦ᠌ ᠬᠦᠴᠦᠨ᠎ᠢᠶᠠᠨ ᠬᠥᠭ᠌ᠵᠢᠭᠡᠵᠦ᠍᠂ ᠦᠨᠡᠨ ᠰᠡᠳᠭᠢᠯ᠎ᠠᠴᠠ᠎ᠪᠠᠨ ᠶᠠᠷᠢᠯᠴᠠᠨ᠂ ᠨᠠᠷᠢᠨ ᠨᠢᠭ᠍ᠲᠠ ᠪᠠᠢᠴᠠᠭᠠᠵᠤ᠂ ᠦᠨᠡᠨ ᠪᠣᠳᠠᠲᠠᠢ ᠠᠳᠭᠤᠨ᠂ ᠠᠰᠠᠭᠤᠳᠠᠯ᠎ᠢ ᠦᠨᠡᠡ ᠬᠦ᠌ ᠪᠠᠢᠴᠠᠭᠠᠬᠤ᠂ ᠦᠨᠡᠨ ᠠᠰᠠᠭᠤᠳᠠᠯ᠎ᠢ ᠪᠠᠢᠴᠠᠭᠠᠬᠤ᠎ᠶ᠋ᠢ ᠪᠡᠶᠡᠯᠡᠭᠦᠯᠦᠨ᠂ ᠰᠦᠷ ᠳᠠᠯᠠᠢᠴᠠᠳᠠᠢ᠎ᠪᠠᠷ ᠬᠡᠯᠪᠡᠷᠢ᠎ᠶ᠋ᠢᠨ ᠲᠡᠳᠦᠢ ᠬᠢᠵᠦ᠍᠂ ᠨᠠᠷᠢᠨ ᠬᠢᠨᠠᠮᠠᠭᠠᠢ᠎ᠪᠠᠷ ᠠᠯᠪᠠ ᠬᠠᠱᠢᠬᠤ᠎ᠶ᠋ᠢ ᠡᠷᠡᠰ ᠬᠤᠷᠢᠠᠠᠯᠠᠬᠤ ᠬᠡᠷᠡᠭ᠌ᠲᠡᠢ ᠬᠡᠵᠥ᠍ ᠴᠢᠬᠤᠯᠠᠴᠢᠯᠠᠪᠠ᠃ ᠲᠡᠷᠡ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠥᠮᠦᠵᠢᠯ ᠴᠡᠭ᠌ᠴᠡᠯᠡᠯᠲᠡ ᠥᠷᠨᠢᠭᠦᠯᠬᠦ᠌ ᠪᠣᠯ ᠣᠳᠣᠬᠠᠨ᠎ᠤ ᠴᠢᠬᠤᠯᠠ ᠤᠯᠤᠰ ᠲᠥᠷᠥ᠎ᠶ᠋ᠢᠨ ᠡᠭᠦᠷᠭᠡ᠎ᠶ᠋ᠢᠨ ᠨᠢᠭᠡ ᠪᠣᠯᠤᠨ᠎ᠠ᠂ ᠡᠯ᠎ᠡ ᠱᠠᠲᠤᠨ᠎ᠤ ᠨᠠᠮ᠎ᠤᠨ ᠬᠤᠷᠢᠶ᠎ᠠ ᠢᠯᠠᠩᠭᠤᠶ᠎ᠠ ᠭᠤᠤᠯ ᠬᠠᠷᠢᠭᠤᠴᠠᠯᠭᠠᠲᠠᠨ ᠨᠥᠬᠦᠳ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠡᠷᠡᠰ ᠡᠭᠦᠷᠭᠡᠯᠡᠨ᠂ ᠰᠠᠨᠠᠭᠠᠴᠢᠯᠠᠭ᠎ᠠ᠎ᠠᠴᠠ᠎ᠪᠠᠨ ᠠᠳᠭᠤᠵᠤ᠂ ᠬᠠᠳᠠᠭᠤ᠎ᠲᠠᠢ᠎ᠨᠢ ᠬᠠᠯᠳᠠᠵᠤ᠂ ᠦᠵᠡᠯ ᠰᠠᠨᠠᠭᠠᠨ᠎ᠤ ᠬᠥᠮᠦᠵᠢᠯ᠎ᠢ ᠠᠳᠭᠤᠬᠤ ᠪᠦᠭᠡᠳ ᠠᠰᠠᠭᠤᠳᠠᠯ᠎ᠢ ᠪᠠᠢᠴᠠᠭᠠᠨ ᠵᠠᠯᠠᠷᠠᠭᠤᠯᠬᠤ᠎ᠶ᠋ᠢ ᠠᠳᠭᠤᠨ᠂ ᠪᠥᠬᠦ᠌ ᠶᠠᠪᠤᠴᠠ᠎ᠪᠠᠷ ᠳᠠᠭᠠᠬᠤ᠂ ᠪᠥᠬᠦ᠌ ᠬᠦᠴᠦᠨ᠎ᠢᠶᠠᠷ ᠱᠠᠯᠠᠪᠳᠠᠭᠤᠯᠤᠨ ᠵᠢᠯᠣᠭᠤᠳᠭᠤ᠎ᠶ᠋ᠢ ᠪᠡᠶᠡᠯᠡᠭᠦᠯᠦᠨ᠂ ᠬᠥᠮᠦᠵᠢᠯ ᠴᠡᠭ᠌ᠴᠡᠯᠡᠯᠲᠡ᠎ᠶ᠋ᠢᠨ ᠭᠦᠨᠵᠡᠭᠡᠢᠷᠡᠨ ᠪᠣᠳᠠᠲᠠᠢᠵᠢᠵᠤ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠪᠠᠲᠤᠯᠠᠬᠤ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃

ᠪᠠᠢᠴᠠᠭᠠᠨ ᠰᠤᠳᠤᠯᠬᠤ ᠶᠠᠪᠤᠴᠠ᠎ᠳᠤ᠂ ᠱ᠌ᠢ᠎ᠲᠠᠢ ᠹᠧᠩ ᠪᠠᠰᠠ ᠹᠦ᠋ ᠹᠸᠡᠭ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠺᠣᠮᠫᠠᠨᠢ᠎ᠳᠤ ᠬᠦᠷᠴᠦ᠍᠂ ᠡᠷᠳᠡᠨᠢ ᠱᠢᠰᠢ᠎ᠶ᠋ᠢ ᠨᠠᠷᠢᠯᠢᠭ ᠡᠳ᠋ᠱᠢᠭᠦᠯᠬᠦ᠌ ᠠᠵᠤ ᠦᠢᠯᠡᠰ᠎ᠤᠨ ᠬᠥᠭ᠌ᠵᠢᠯᠲᠡ ᠪᠣᠯᠤᠨ ᠭᠤᠤᠯᠳᠠᠯᠭ᠎ᠠ᠎ᠲᠠᠢ ᠲᠥᠷᠥᠯ ᠵᠦᠶᠯ᠎ᠤᠨ ᠪᠥᠲᠥᠭᠡᠨ ᠪᠠᠢᠭᠤᠯᠤᠯᠲᠠ ᠵᠡᠷᠭᠡ ᠪᠠᠢᠳᠠᠯ᠎ᠢ ᠭᠦᠨᠵᠡᠭᠡᠶ ᠱᠢᠨᠵᠢᠯᠡᠨ ᠪᠠᠢᠴᠠᠭᠠᠪᠠ᠃ ᠲᠡᠷᠡ᠂ ᠦᠢᠯᠡᠳᠬᠦᠨ᠎ᠢ ᠰᠤᠳᠤᠯᠤᠨ ᠨᠡᠭᠡᠭᠡᠬᠦ᠌ ᠡᠷᠴᠢᠮ᠎ᠢᠶᠠᠨ ᠤᠯᠠᠮ ᠨᠢᠭᠡ ᠠᠯᠬᠤᠮ ᠴᠢᠩᠭᠠᠳᠭᠠᠵᠤ᠂ ᠦᠢᠯᠡᠳᠬᠦᠨ᠎ᠢ ᠨᠠᠷᠢᠯᠢᠭ ᠡᠳ᠋ᠱᠢᠭᠦᠯᠬᠦ᠂ ᠠᠵᠤ ᠦᠢᠯᠡᠰ᠎ᠤᠨ ᠬᠡᠯᠬᠢᠶ᠎ᠡ᠎ᠶ᠋ᠢ ᠤᠷᠲᠤᠳᠭᠠᠨ ᠲᠡᠰ ᠳᠡᠪᠱᠢᠭᠦᠯᠬᠦ᠌᠎ᠶ᠋ᠢ ᠠᠬᠢᠭᠤᠯᠬᠤ ᠲᠠᠯ᠎ᠠ᠎ᠪᠠᠷ ᠨᠡᠩ ᠢᠯᠡᠭᠦᠦ ᠬᠦᠴᠦ᠍ ᠲᠠᠯᠪᠢᠬᠤ᠎ᠶ᠋ᠢ ᠴᠢᠬᠤᠯᠠᠴᠢᠯᠠᠨ᠂ ᠣᠷᠴᠢᠨ ᠲᠣᠭᠤᠷᠢᠨ᠎ᠢ ᠬᠠᠮᠠᠭᠠᠯᠠᠬᠤ ᠪᠠ ᠵᠠᠰᠠᠬᠤ ᠠᠵᠢᠯ᠎ᠢ ᠦᠷᠭᠦᠯᠵᠢᠯᠡᠨ ᠡᠷᠴᠢᠮᠳᠠᠢ ᠰᠠᠢᠲᠤᠷ ᠬᠢᠵᠦ᠍᠂ ᠠᠵᠤ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠳᠤᠮᠳᠠᠳᠤ ᠤᠯᠤᠰ᠎ᠤᠨ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠶᠡᠭᠡ ᠰᠤᠷᠭᠠᠭᠤᠯᠢ᠎ᠶ᠋ᠢᠨ ᠥᠪᠥᠷ ᠮᠣᠩᠭᠤᠯ᠎ᠤᠨ ᠨᠢᠰᠦᠯᠲᠡ᠎ᠶ᠋ᠢᠨ ᠳᠡᠭᠡᠳᠦ ᠰᠤᠷᠭᠠᠭᠤᠯᠢ᠎ᠶ᠋ᠢᠨ ᠰᠤᠷᠢᠯᠳᠠ᠎ᠶ᠋ᠢᠨ ᠰᠠᠭᠤᠷᠢᠨ ᠪᠠ ᠵᠢᠭᠠᠨ ᠰᠤᠷᠭᠠᠯᠲᠠ᠎ᠶ᠋ᠢᠨ ᠰᠠᠭᠤᠷᠢᠨ᠎ᠳᠤ᠂ ᠱ᠌ᠢ᠎ᠲᠠᠢ ᠹᠧᠩ ᠨᠢᠰᠭᠡᠯ᠎ᠤᠨ ᠬᠥᠮᠥᠷᠭᠡ᠂ ᠨᠢᠰᠭᠡᠯ ᠵᠣᠭ᠍ᠰᠣᠬᠤ ᠲᠠᠪᠴᠠᠩ᠂ ᠰᠤᠷᠢᠯᠳᠠ᠎ᠶ᠋ᠢᠨ ᠶᠡᠷᠦᠩᠬᠡᠢᠯᠡᠭ᠌ᠰᠡᠨ ᠠᠰᠠᠷ᠎ᠢ ᠪᠠᠢᠴᠠᠭᠠᠨ ᠦᠵᠡᠵᠦ᠍᠂ ᠨᠢᠰᠦᠯᠲᠡ᠎ᠶ᠋ᠢᠨ ᠳᠡᠭᠡᠳᠦ ᠰᠤᠷᠭᠠᠭᠤᠯᠢ᠎ᠶ᠋ᠢᠨ ᠪᠥᠲᠥᠭᠡᠨ ᠪᠠᠢᠭᠤᠯᠤᠯᠲᠠ ᠪᠠ ᠡᠷᠬᠢᠯᠳᠡ᠂ ᠠᠭᠠᠷ᠎ᠤᠨ ᠲᠡᠭᠡᠭᠡᠪᠤᠷᠢ᠎ᠶ᠋ᠢᠨ ᠬᠠᠪᠢᠳᠠᠯ ᠠᠵᠤ ᠦᠢᠯᠡᠰ᠎ᠤᠨ ᠬᠥᠭ᠌ᠵᠢᠯᠲᠡ ᠵᠡᠷᠭᠡ᠎ᠶ᠋ᠢᠨ ᠲᠤᠬᠠᠶ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ᠎ᠲᠠᠢ ᠰᠠᠨᠠᠯ᠎ᠢᠶᠠᠨ ᠭᠦᠨᠵᠡᠭᠡᠶ ᠰᠣᠯᠢᠯᠴᠠᠵᠤ᠂ ᠣᠲᠣ᠎ᠶ᠋ᠢᠨ ᠰᠠᠭᠤᠷᠢᠨ ᠳᠡᠭᠡᠷ᠎ᠡ ᠭᠤᠤᠯᠳᠠᠯᠭ᠎ᠠ᠎ᠶ᠋ᠢ ᠳᠣᠪᠤᠢᠯᠭᠠᠨ᠂ ᠳᠠᠪᠠᠭᠤᠯᠢᠭ᠎ᠢᠶᠠᠨ ᠪᠠᠳᠠᠷᠠᠭᠤᠯᠵᠤ᠂ ᠡᠨᠡ ᠬᠦ᠌ ᠱᠢᠨ᠎ᠡ᠎ᠪᠠᠷ ᠮᠠᠨᠳᠤᠭ᠍ᠰᠠᠨ ᠠᠵᠤ ᠦᠢᠯᠡᠰ᠎ᠢ ᠪᠤᠵᠠᠭᠠᠢᠷᠠᠭᠤᠯᠤᠨ ᠱᠢᠯᠢᠳᠡᠭ᠌ᠵᠢᠭᠦᠯᠬᠦ᠌᠎ᠪᠠᠷ ᠴᠢᠷᠮᠠᠢᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠵᠠᠩ ᠱᠤᠤ ᠴᠦᠨ᠂ ᠾᠧᠩ ᠱᠢᠶᠤᠤ ᠹᠠᠨ ᠵᠢᠴᠢ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ ᠨᠥᠬᠦᠳ ᠪᠠᠢᠴᠠᠭᠠᠨ ᠰᠤᠳᠤᠯᠤᠯᠲᠠ᠎ᠳᠤ ᠣᠷᠣᠯᠴᠠᠵᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号