5 ᠰᠠᠷ᠎ᠠ᠎ᠶ᠋ᠢᠨ 9 ᠤ ᠡᠳᠦᠷ᠎ᠤᠨ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠰᠤᠶᠤᠯ ᠰᠤᠷᠳᠠᠯ ᠤᠬᠠᠭᠤᠯᠭ᠎ᠠ᠎ᠶ᠋ᠢᠨ ᠱᠢᠰᠲ᠋ᠧᠮ᠎ᠤᠨ᠎ᠬᠢᠨ ᠳᠠᠭᠠᠭᠠᠴᠢᠯᠠᠨ ᠬᠤᠯᠪᠤᠭᠠᠯᠠᠬ᠍ᠰᠡᠨ ᠨᠢᠭᠡᠴᠢ ᠪᠤᠯᠬᠤ ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠶᠡᠭᠡ ᠰᠤᠷᠭᠠᠭᠤᠯᠢ᠎ᠶ᠋ᠢᠨ ᠪᠠᠷᠠᠭᠤᠨ ᠵᠠᠮ᠎ᠤᠨ ᠱᠢᠨ ᠵᠢᠶᠠᠨ ᠵᠡᠭᠦᠨ ᠵᠡᠭᠡᠯᠢ ᠨᠡᠢᠭᠡᠮ ᠲᠣᠭᠤᠷᠢᠭ᠎ᠲᠤ 《ᠪᠢ ᠤᠯᠠᠨ ᠲᠦᠮᠡᠨ᠎ᠳᠤ ᠪᠤᠳᠡᠳᠡᠢ ᠠᠵᠢᠯ ᠬᠢᠵᠦ᠍ ᠦᠭ᠌ᠭᠦᠨ᠎ᠡ》᠂ 《ᠪᠢ ᠲᠠᠨ᠎ᠢ ᠬᠠᠪᠰᠤᠷᠤᠶ᠎ᠡ》 ᠭᠡᠬᠦ᠌ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠵᠢᠯᠯᠠᠭ᠎ᠠ ᠥᠷᠨᠢᠭᠦᠯᠪᠡ᠃ ᠲᠤᠰ ᠤᠳᠠᠭᠠᠨ᠎ᠤ ᠠᠵᠢᠯᠯᠠᠭ᠎ᠠ᠎ᠨᠢ ᠦᠨᠳᠦᠰᠦᠨ ᠱᠠᠲᠤᠨ᠎ᠤ ᠬᠦᠴᠢᠷᠳᠡᠯᠲᠡᠶ ᠶᠠᠪᠤᠳᠠᠯ᠂ ᠤᠯᠠᠨ ᠲᠦᠮᠡᠨ᠎ᠤ ᠰᠡᠳᠭᠢᠯ ᠵᠤᠪᠠᠨᠢᠵᠤ ᠪᠠᠢᠭ᠎ᠠ ᠶᠠᠪᠤᠳᠠᠯ᠎ᠢ ᠴᠠᠭ ᠲᠤᠬᠠᠢᠳᠤᠨᠢ ᠱᠢᠢᠳᠪᠦᠷᠢᠯᠡᠵᠦ᠍᠂ ᠨᠠᠮ᠎ᠤᠨ ᠭᠡᠱᠢᠭᠦᠨ ᠺᠠᠳ᠋ᠷᠴᠤᠳ᠎ᠤᠨ ᠨᠠᠮ᠎ᠤᠨ ᠲᠡᠦᠬᠡ᠎ᠶ᠋ᠢ ᠰᠤᠷᠤᠯᠴᠠᠬᠤ᠂ ᠦᠵᠡᠯ ᠰᠠᠨᠠᠭ᠎ᠠ᠎ᠶ᠋ᠢ ᠣᠢᠯᠠᠭᠠᠬᠤ᠂ ᠪᠤᠳᠡᠳᠡᠢ ᠠᠵᠢᠯ ᠬᠢᠬᠦ᠂ ᠱᠢᠨ᠎ᠡ ᠪᠠᠢᠳᠠᠯ᠎ᠢ ᠪᠤᠢ ᠪᠤᠯᠭᠠᠬᠤ᠎ᠶ᠋ᠢ ᠬᠥᠲᠥᠯᠥᠨ ᠵᠢᠯᠣᠭᠤᠳᠭᠤ᠎ᠪᠠᠷ ᠵᠤᠷᠢᠯᠭ᠎ᠠ ᠪᠤᠯᠭᠠᠵᠠᠢ᠃

《ᠪᠢ ᠲᠠᠨ᠎ᠢ ᠬᠠᠪᠰᠤᠷᠤᠶ᠎ᠡ》 ᠭᠡᠬᠦ᠌ ᠠᠵᠢᠯᠯᠠᠭ᠎ᠠ ᠳᠤᠮᠳᠠ᠂ ᠰᠠᠭᠤᠭᠠᠯᠢ ᠠᠷᠠᠳ᠎ᠤᠨ ᠪᠣᠳᠠᠲᠠᠶ ᠠᠰᠠᠭᠤᠳᠠᠯ᠎ᠳᠤ ᠴᠢᠭ᠌ᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠰᠤᠷᠳᠠᠯ ᠤᠬᠠᠭᠤᠯᠭ᠎ᠠ᠎ᠶ᠋ᠢᠨ ᠱᠢᠰᠲ᠋ᠧᠮ᠎ᠤᠨ᠎ᠬᠢᠨ ᠰᠣᠶᠣᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠬᠠᠤᠯᠢ ᠴᠠᠭᠠᠵᠠ᠂ ᠡᠷᠡᠭᠦᠯ ᠬᠠᠮᠠᠭᠠᠯᠠᠯ᠂ ᠵᠠᠮ ᠬᠠᠷᠢᠯᠴᠠᠭ᠎ᠠ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠬᠢᠬᠦ᠂ ᠠᠷᠠᠳ᠎ᠲᠤ ᠳᠥᠭᠦᠮ ᠦᠵᠡᠭᠦᠯᠬᠦ᠌ ᠦᠢᠯᠡᠴᠢᠯᠡᠭᠡ ᠬᠠᠩᠭᠠᠬᠤ᠂ ᠠᠷᠠᠳ᠎ᠤᠨ ᠪᠠᠢᠳᠠᠯ᠎ᠢ ᠪᠠᠢᠴᠠᠭᠠᠬᠤ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠪᠠᠭ᠎ᠠ ᠲᠤᠭᠤᠢ᠍ᠢᠯᠠᠩ᠎ᠢ ᠵᠣᠬᠢᠶᠠᠨ ᠪᠠᠢᠭᠤᠯᠵᠤ᠂ ᠤᠷᠠᠨ ᠰᠠᠢᠬᠠᠨ᠎ᠤ ᠲᠣᠭ᠍ᠯᠠᠯᠲᠠ᠂ ᠨᠠᠮ᠎ᠤᠨ ᠲᠡᠦᠬᠡ᠎ᠶ᠋ᠢᠨ ᠮᠡᠳᠡᠯᠭᠡ᠎ᠶ᠋ᠢᠨ ᠠᠰᠠᠭᠤᠯᠲᠠ ᠬᠠᠷᠢᠭᠤᠯᠲᠠ᠂ ᠠᠯᠪᠠᠨ ᠵᠢᠷᠤᠮ᠎ᠤᠨ ᠡᠮᠴᠢᠯᠡᠭᠡ᠂ ᠪᠠᠴᠢᠮ ᠪᠠᠢᠳᠠᠯ᠎ᠢ ᠠᠷᠭᠠᠴᠠᠭᠠᠬᠤ ᠪᠣᠯᠪᠠᠰᠤᠷᠠᠯ᠂ ᠠᠷᠠᠳ᠎ᠤᠨ ᠪᠠᠢᠳᠠᠯ᠎ᠢ ᠰᠤᠷᠪᠤᠯᠵᠢᠯᠠᠨ ᠪᠠᠢᠴᠠᠭᠠᠬᠤ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠂ ᠬᠠᠤᠯᠢ ᠴᠠᠭᠠᠵᠠ ᠵᠠᠮ ᠬᠠᠷᠢᠯᠴᠠᠭ᠎ᠠ ᠭᠠᠯ ᠰᠡᠷᠭᠡᠢᠯᠡᠵᠦ᠍ ᠭᠠᠯ ᠤᠨᠲᠠᠷᠠᠭᠠᠬᠤ ᠮᠡᠳᠡᠯᠭᠡ᠎ᠶ᠋ᠢᠨ ᠤᠬᠠᠭᠤᠯᠭ᠎ᠠ ᠠᠰᠠᠭᠤᠨ ᠯᠠᠪᠯᠠᠭ᠎ᠠ ᠵᠡᠷᠭᠡ ᠰᠠᠢᠨ ᠳᠤᠷ᠎ᠠ᠎ᠶ᠋ᠢᠨ ᠦᠢᠯᠡᠴᠢᠯᠡᠭᠡ ᠥᠷᠨᠢᠭᠦᠯᠬᠦ᠌᠎ᠶ᠋ᠢᠨ ᠬᠠᠮᠲᠤ᠌᠂ ᠨᠡᠢᠭᠡᠮ ᠲᠣᠭᠤᠷᠢᠭ᠎ᠤᠨ ᠨᠠᠮ᠎ᠤᠨ ᠭᠡᠱᠢᠭᠦᠨ᠎ᠤ ᠲᠥᠯᠦᠭᠡᠯᠡᠭ᠌ᠴᠢ᠎ᠳᠤ ᠨᠠᠮ᠎ᠤᠨ ᠲᠡᠦᠬᠡ᠎ᠶ᠋ᠢ ᠰᠤᠷᠤᠯᠴᠠᠬᠤ ᠭᠠᠷ ᠲᠡᠪᠳᠡᠷ ᠬᠦᠷᠭᠡᠵᠦ᠍᠂ ᠡᠷᠦᠬᠡ᠎ᠪᠠᠷ ᠬᠦᠷᠴᠦ᠍ ᠠᠬᠠᠮᠠᠳ ᠨᠠᠮ᠎ᠤᠨ ᠭᠡᠱᠢᠭᠦᠨ᠎ᠢ ᠲᠣᠬᠤᠨᠢᠭᠤᠯᠵᠤ᠂ ᠬᠦᠴᠢᠷ ᠠᠰᠠᠭᠤᠳᠠᠯ᠎ᠢ᠎ᠨᠢ ᠱᠢᠢᠳᠪᠦᠷᠢᠯᠡᠵᠦ᠍ ᠥᠭ᠌ᠪᠡ᠃

《ᠡᠩ᠎ᠤᠨ ᠦᠶ᠎ᠡ᠎ᠳᠤ ᠡᠮᠨᠡᠯᠭᠡ᠎ᠳᠤ ᠣᠴᠢᠬᠤ᠎ᠳᠤ ᠳ᠋ᠤᠭᠠᠷᠯᠠᠵᠤ ᠮᠦᠷᠦᠯᠡᠭᠡᠳ ᠲᠤᠩ ᠶᠠᠷᠱᠢᠭ᠎ᠲᠠᠢ᠂ ᠤᠲᠦ ᠠᠮᠠᠷ ᠪᠤᠯᠵᠠᠢ᠂ ᠡᠮᠴᠢ ᠭᠡᠷ᠎ᠤᠨ ᠡᠭᠦᠳᠡᠨ᠎ᠳᠤ ᠢᠷᠡᠯ᠎ᠡ》 ᠭᠡᠵᠦ᠍ ᠰᠠᠭᠤᠭᠠᠯᠢ ᠠᠷᠠᠳ ᠸᠧᠶ ᠠᠪᠠᠭ᠍ᠠᠶ ᠪᠠᠶᠠᠷᠲᠠᠶ ᠪᠠᠢᠯ ᠠ;
《ᠡᠢᠮᠦᠷᠬᠦᠤ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠤᠯᠠᠨᠲᠠ ᠦᠷᠨᠢᠭᠦᠯᠵᠦ᠍᠂ ᠢᠯᠠᠩᠭᠤᠶ᠎ᠠ ᠭᠠᠯ ᠰᠡᠷᠭᠡᠢᠯᠡᠬᠦ᠌ ᠤᠬᠠᠮᠰᠠᠷ᠂ ᠭᠠᠮᠱᠢᠭ᠎ᠢ ᠰᠡᠷᠭᠡᠢᠯᠡᠬᠦ᠌ ᠤᠬᠠᠮᠰᠠᠷ᠎ᠢ ᠳᠡᠭᠡᠭ᠌ᠰᠢᠯᠡᠭᠦᠯᠬᠦ᠌᠎ᠶ᠋ᠢ ᠬᠦᠰᠡᠵᠦ᠍ ᠪᠠᠢᠨ᠎ᠠ》 ᠭᠡᠵᠦ᠍ ᠰᠠᠭᠤᠭᠠᠯᠢ ᠠᠷᠠᠳ ᠯᠢ ᠸᠧᠨ ᠢᠤᠢ ᠶᠠᠷᠢᠨ᠎ᠡ;
᠁
ᠱᠢᠨ᠎ᠡ ᠴᠠᠭ ᠦᠶ᠎ᠡ᠎ᠶ᠋ᠢᠨ ᠰᠠᠢᠨ ᠲᠤᠷᠠᠴᠤᠳ ᠪᠤᠳᠠᠳᠤ ᠠᠵᠢᠯᠯᠠᠭ᠎ᠠ᠎ᠪᠠᠷ᠎ᠢᠶᠠᠨ᠂ ᠪᠤᠳᠠᠳᠠᠢ ᠦᠷ᠎ᠡ ᠪᠦᠳᠦᠮᠵᠢ᠎ᠪᠠᠷ᠎ᠢᠶᠠᠨ ᠱᠢᠨ᠎ᠡ ᠴᠠᠭ ᠦᠶ᠎ᠡ᠎ᠶ᠋ᠢᠨ ᠪᠤᠯᠪᠠᠰᠤᠨ᠎ᠢ ᠪᠢᠴᠢᠭ᠌ᠯᠡᠵᠦ᠍᠂ ᠨᠡᠢᠭᠡᠮ ᠨᠡᠢᠳᠡ᠎ᠶ᠋ᠢᠨ ᠬᠦᠷᠢᠶᠡᠯᠡᠯ᠎ᠢ ᠤᠯᠤᠨ᠎ᠠ᠃