ᠪᠦᠦ ᠸᠧᠨ ᠵᠢᠶᠧ ᠪᠦᠬᠦ᠌ ᠣᠯᠣᠰ᠎ᠤᠨ 《ᠬᠠᠮᠤᠭ᠎ᠤᠨ ᠭᠤᠶᠣ ᠠᠵᠢᠯᠲᠠᠨ ᠠᠵᠢᠯᠴᠢᠨ》 ᠎ᠤ ᠢᠷᠠᠭᠤ ᠠᠯᠳᠠᠷ᠎ᠤᠨ ᠴᠣᠯᠠ᠎ᠶ᠋ᠢ ᠭᠥᠷᠳᠡᠵᠠᠢ
2021-05-25 09:37:49
ᠵᠣᠬᠢᠶᠠᠭ᠍ᠴᠢ᠄
ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠲᠥᠪ᠎ᠤᠨ ᠤᠬᠠᠭᠤᠯᠬᠤ ᠬᠡᠯᠲᠡᠰ᠂ ᠪᠥᠬᠦ᠌ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ ᠬᠠᠮᠳᠣᠷᠠᠨ 9 ᠬᠤᠪᠢ ᠬᠥᠮᠦᠨ ᠪᠠ 1 ᠬᠠᠮᠲᠤ ᠨᠡᠢᠲᠡ᠎ᠶ᠋ᠢ 2021 ᠣᠨ᠎ᠤ ᠪᠦᠬᠦ᠌ ᠣᠯᠣᠰ᠎ᠤᠨ 《ᠬᠠᠮᠤᠭ᠎ᠤᠨ ᠭᠤᠶᠣ ᠠᠵᠢᠯᠲᠠᠨ ᠠᠵᠢᠯᠴᠢᠨ》 ᠎ᠢᠶᠠᠷ ᠴᠣᠯᠠᠯᠠᠬᠤ᠎ᠶ᠋ᠢᠨ ᠬᠠᠮᠳᠣ ᠲᠡᠷᠢᠭᠦᠨ᠎ᠤ ᠦᠶᠯᠡ ᠠᠵᠢᠯᠯᠠᠭ᠎ᠠ᠎ᠶ᠋ᠢ᠎ᠨᠢ ᠨᠡᠢᠲᠡᠯᠡᠪᠡ᠃ ᠮᠠᠨ᠎ᠤ ᠣᠷᠣᠨ᠎ᠤ ᠪᠦᠦ ᠸᠧᠨ ᠵᠢᠶᠧ 2021 ᠣᠨ᠎ᠤ 《ᠬᠠᠮᠤᠭ᠎ᠤᠨ ᠭᠤᠶᠣ ᠠᠵᠢᠯᠲᠠᠨ ᠠᠵᠢᠯᠴᠢᠨ》 ᠎ᠤ ᠢᠷᠠᠭᠤ ᠠᠯᠳᠠᠷ᠎ᠤᠨ ᠴᠣᠯᠠ᠎ᠶ᠋ᠢ ᠭᠥᠷᠳᠡᠪᠡ᠃

ᠪᠦᠦ ᠸᠧᠠ ᠵᠢᠶᠧ ᠪᠣᠯ ᠤᠯᠤᠰ᠎ᠤᠨ ᠴᠠᠬᠢᠯᠭᠠᠨ ᠲᠤᠤᠷ᠎ᠤᠨ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭᠠᠨ ᠬᠦᠴᠦᠨ᠎ᠤ ᠬᠢᠵᠠᠭᠠᠷᠲᠤ ᠺᠣᠮᠫᠠᠨᠢ᠎ᠶ᠋ᠢᠨ ᠪᠠᠢᠴᠠᠭᠠᠨ ᠵᠠᠰᠠᠬᠤ ᠬᠤᠪᠢᠶᠠᠷᠢ ᠺᠣᠮᠫᠠᠨᠢ᠎ᠶ᠋ᠢᠨ ᠱᠢᠯᠢ᠎ᠶ᠋ᠢᠨ ᠭᠤᠤᠯ ᠠᠢᠮᠠᠭ᠎ᠤᠨ ᠴᠠᠬᠢᠯᠭᠠᠨ ᠬᠦᠷᠭᠡᠬᠦ᠌ ᠠᠵᠢᠯ᠎ᠤᠨ ᠲᠣᠭᠤᠷᠢᠭ᠎ᠤᠨ ᠮᠡᠷᠭᠡᠵᠢᠯᠲᠡᠨ᠂ ᠲᠤᠰᠠᠯᠠᠬ᠍ᠴᠢ ᠢᠨᠵᠧᠨᠧᠷ᠂ ᠳᠡᠭᠡᠳᠦ ᠳᠡᠰ᠎ᠤᠨ ᠮᠠᠰᠲ᠋ᠧᠷ ᠪᠣᠯᠤᠨ᠎ᠠ᠃ ᠲᠡᠷᠡ ᠤᠯᠤᠰ᠎ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ᠌ ᠱᠤᠭᠤᠮ᠎ᠤᠨ ᠭᠤᠤᠯᠳᠠᠯᠭ᠎ᠠ᠎ᠲᠠᠢ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ ᠪᠠ ᠡᠷᠭᠢᠯᠳᠡ᠎ᠶ᠋ᠢ ᠪᠠᠲᠤᠯᠠᠬᠤ ᠠᠵᠢᠯ᠎ᠳᠤ ᠢᠳᠡᠪᠬᠢᠲᠡᠶ ᠣᠷᠣᠯᠴᠠᠵᠤ᠂ ᠪᠦᠯᠬᠦᠮ᠎ᠢᠶᠠᠨ ᠳᠠᠭᠠᠭᠤᠯᠤᠨ 《ᠬᠥᠮᠦᠨ ᠮᠠᠱᠢᠨ ᠬᠠᠮᠵᠢᠯᠴᠠᠬᠤ᠂ ᠣᠷᠣᠨ ᠵᠠᠢ᠎ᠶ᠋ᠢ ᠬᠠᠷᠢᠯᠴᠠᠨ ᠨᠥᠬᠦᠪᠥᠷᠢᠯᠡᠬᠦ᠂ ᠬᠥᠨᠳᠡᠯᠡᠨ᠎ᠢᠶᠠᠷ ᠵᠠᠳᠠᠯᠬᠤ᠂ ᠭᠤᠯᠳᠤ᠎ᠪᠠᠷ ᠬᠠᠷᠢᠴᠠᠭᠤᠯᠬᠤ》 ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ᠌ ᠱᠤᠭᠤᠮ᠎ᠤᠨ ᠱᠢᠨ᠎ᠡ ᠬᠡᠯᠪᠡᠷᠢ᠎ᠶ᠋ᠢᠨ ᠲᠣᠭᠤᠷᠢᠨ ᠪᠠᠢᠴᠠᠭᠠᠬᠤ ᠬᠠᠮᠢᠶᠠᠷᠤᠯᠲᠠ᠎ᠶ᠋ᠢᠨ ᠠᠷᠭ᠎ᠠ᠎ᠶ᠋ᠢ ᠳᠤᠷᠠᠳᠭᠤ᠎ᠶ᠋ᠢᠨ ᠬᠠᠮᠳᠣ᠂ ᠪᠠᠰᠠ ᠵᠢᠯᠣᠭᠤᠴᠢ ᠦᠭᠡᠢ ᠨᠢᠰᠭᠡᠯ᠎ᠢᠶᠠᠷ U ᠬᠡᠯᠪᠡᠷᠢ᠎ᠪᠠᠷ ᠲᠣᠭᠤᠷᠢᠨ ᠪᠠᠢᠴᠠᠭᠠᠬᠤ᠂ ᠳᠤᠭᠤᠢᠯᠠᠩ ᠬᠤᠪᠢᠶᠠᠨ ᠲᠣᠭᠤᠷᠢᠨ ᠪᠠᠢᠴᠠᠭᠠᠬᠤ ᠤᠨᠤᠯ᠎ᠢ ᠳᠤᠷᠠᠳᠴᠤ᠌᠂ ᠵᠢᠯᠣᠭᠤᠴᠢ ᠦᠭᠡᠢ ᠨᠢᠰᠭᠡᠯ᠎ᠢᠶᠠᠷ ᠲᠣᠭᠤᠷᠢᠨ ᠪᠠᠢᠴᠠᠭᠠᠬᠤ᠎ᠶ᠋ᠢ ᠪᠠᠷᠢᠮᠵᠢᠶᠠᠵᠢᠭᠤᠯᠬᠤ ᠵᠢᠯᠣᠭᠤᠳᠭᠤ ᠪᠢᠴᠢᠭ ᠨᠠᠢᠷᠠᠭᠤᠯᠤᠨ ᠵᠣᠬᠢᠶᠠᠪᠠ᠃ ᠡᠳᠡᠭᠡᠷ ᠲᠣᠭᠤᠷᠢᠨ ᠪᠠᠢᠴᠠᠭᠠᠬᠤ ᠠᠷᠭ᠎ᠠ᠎ᠨᠢ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ᠌ ᠱᠤᠭᠤᠮ᠎ᠤᠨ ᠳᠤᠲᠠᠭ᠍ᠳᠠᠯ᠎ᠢ ᠢᠯᠡᠷᠡᠭᠦᠯᠬᠦ᠌ ᠨᠤᠷᠮ᠎ᠠ᠎ᠶ᠋ᠢ 20% ᠎ᠠᠴᠠ ᠳᠡᠭᠡᠭ᠌ᠰᠢ ᠳᠡᠭᠡᠭ᠌ᠰᠢᠯᠡᠭᠦᠯᠵᠦ᠍᠂ ᠵᠢᠶᠠᠩᠰᠦ᠂ ᠱᠠᠨᠳᠦ᠋ᠩ ᠵᠡᠷᠭᠡ ᠭᠠᠵᠠᠷ ᠣᠷᠣᠨ᠎ᠤ ᠥᠪᠥᠷ ᠮᠣᠩᠭᠤᠯ᠎ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ᠌ ᠱᠤᠭᠤᠮ᠎ᠤᠨ ᠭᠠᠳᠠᠭ᠍ᠰᠢ ᠬᠦᠷᠭᠡᠬᠦ᠌ ᠴᠠᠬᠢᠯᠭᠠᠨ ᠬᠦᠴᠦᠨ᠎ᠤ ᠲᠣᠭ᠍ᠲᠠᠭᠤᠨ ᠬᠠᠩᠭᠠᠯᠭ᠎ᠠ᠎ᠶ᠋ᠢ ᠪᠠᠳᠤᠯᠠᠪᠠ᠃

ᠲᠡᠷᠡ 7 ᠵᠦᠢᠯ᠎ᠤᠨ ᠱᠢᠨ᠎ᠡ᠎ᠶ᠋ᠢ ᠡᠭᠦᠳᠬᠦ᠌ ᠲᠦᠷᠦᠯ ᠵᠦᠢᠯ᠎ᠢ ᠭᠤᠣᠯᠯᠠᠨ ᠤᠳᠤᠷᠢᠳᠣᠭ᠍ᠰᠠᠨ ᠪᠣᠶᠣ ᠣᠷᠣᠯᠴᠠᠪᠠ᠂ ᠡᠭᠦᠨ᠎ᠳᠤ ᠤᠯᠠᠨ ᠦᠷ᠎ᠡ ᠪᠦᠲᠦᠭᠡᠯ᠎ᠨᠢ ᠥᠪᠡᠷᠲᠡᠭᠡᠨ ᠵᠠᠰᠠᠬᠤ ᠣᠷᠣᠨ᠂ ᠤᠯᠤᠰ᠎ᠤᠨ ᠲᠡᠰ᠎ᠤᠨ ᠱᠢᠨ᠎ᠡ᠎ᠶ᠋ᠢ ᠡᠭᠦᠳᠦᠭ᠌ᠰᠡᠨ ᠱᠠᠩᠨᠠᠯ᠎ᠢ ᠳᠣᠰᠴᠣ᠂ ᠣᠨᠴᠠ ᠥᠨᠳᠥᠷ ᠬᠦᠴᠦᠳᠡᠯᠲᠦ ᠴᠠᠬᠢᠯᠭᠠᠨ ᠱᠤᠭᠤᠮ᠎ᠤᠨ ᠥᠪᠡᠷ᠎ᠤᠨ ᠦᠷᠳᠡᠭ᠎ᠢ ᠶᠡᠭᠡ᠎ᠪᠠᠷ ᠠᠷᠪᠢᠯᠠᠵᠠᠢ᠃

ᠲᠡᠷᠡ 2018 ᠣᠨ᠎ᠳᠤ ᠪᠥᠬᠦ᠌ ᠣᠷᠣᠨ᠎ᠤ ᠵᠢᠯᠣᠭᠤᠴᠢ ᠥᠬᠡᠶ ᠨᠢᠰᠭᠡᠯ᠎ᠢᠶᠠᠷ ᠲᠣᠭᠤᠷᠢᠨ ᠪᠠᠢᠴᠠᠭᠠᠬᠤ ᠠᠵᠢᠯᠲᠠᠨ ᠠᠵᠢᠯᠴᠢᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠳᠤ ᠨᠢᠭᠡᠳᠦᠭᠡᠷ᠎ᠲᠤ ᠣᠷᠣᠵᠣ᠂ 2019 ᠣᠨ᠎ᠳᠤ ᠥᠪᠡᠷᠲᠡᠭᠡᠨ ᠵᠠᠰᠠᠬᠤ ᠣᠷᠣᠨ᠎ᠤ 《5 · 1》 ᠎ᠤ ᠬᠥᠳᠡᠯᠮᠦᠷᠢ᠎ᠶ᠋ᠢᠨ ᠱᠠᠩᠨᠠᠯ᠎ᠢ ᠭᠥᠷᠳᠡᠵᠦ᠍᠂ 2020 ᠣᠨ᠎ᠳᠤ ᠪᠥᠬᠦ᠌ ᠣᠷᠣᠨ᠎ᠤ ᠮᠡᠷᠭᠡᠵᠢᠯ᠎ᠤᠨ ᠴᠢᠳᠠᠪᠤᠷᠢᠲᠠᠨ᠎ᠤ ᠴᠣᠯᠠ᠎ᠶ᠋ᠢ ᠭᠥᠷᠳᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号