ᠤᠢ᠍ᠢᠷ᠎ᠠ᠎ᠳᠤ᠂ ᠦᠪᠡᠷᠲᠡᠭᠡᠨ ᠵᠠᠰᠠᠬᠤ ᠤᠷᠤᠨ᠎ᠤ ᠵᠡᠮᠳᠡᠭ᠌ᠴᠤᠳ᠎ᠲᠤ ᠠᠵᠢᠯ ᠤᠯᠭᠤᠬᠤ ᠦᠢᠯᠡᠴᠢᠯᠡᠬᠡᠨ᠎ᠤ ᠲᠦᠪ᠎ᠤᠨ ᠨᠠᠮ᠎ᠤᠨ ᠡᠬᠦᠷ ᠦᠪᠦᠷ ᠮᠤᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠬᠢᠲᠠᠳ ᠡᠮᠨᠡᠯᠭᠡ᠎ᠶ᠋ᠢᠨ ᠳᠡᠭᠡᠳᠦ ᠰᠤᠷᠭᠠᠭᠤᠯᠢ᠎ᠶ᠋ᠢᠨ ᠬᠡᠰᠡᠭ ᠨᠠᠮ᠎ᠤᠨ ᠡᠬᠦᠷ᠎ᠲᠠᠢ ᠬᠤᠯᠪᠤᠭᠠᠯᠠᠵᠦ᠍᠂ ᠦᠪᠦᠷ ᠮᠤᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠎ᠶ᠋ᠢᠨ ᠵᠡᠬᠦᠨ ᠨᠡᠢᠬᠡᠮ ᠲᠤᠭᠤᠷᠢᠭ᠎ᠲᠤ ᠬᠦᠷᠴᠦ᠍᠂ 《ᠬᠠᠮᠳᠦ᠎ᠪᠠᠷ ᠡᠬᠦᠳᠦᠨ ᠪᠠᠢᠭᠤᠯᠵᠦ᠍ ᠬᠠᠮᠳᠦ᠎ᠪᠠᠷ ᠨᠡᠢᠬᠡᠮ ᠲᠤᠭᠤᠷᠢᠭ᠎ᠲᠤ ᠬᠦᠷᠴᠦ᠍᠂ ᠤᠯᠠᠨ ᠲᠦᠮᠡᠨ᠎ᠳᠤ ᠪᠤᠳᠠᠳᠦ ᠶᠠᠪᠤᠳᠠᠯ ᠬᠢᠵᠦ᠍ ᠦᠭ᠌ᠬᠦ》 ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠪᠡ᠃
ᠠᠵᠢᠯᠯᠠᠭ᠎ᠠ ᠳᠡᠭᠡᠷ᠎ᠡ᠂ ᠦᠪᠡᠷᠲᠡᠭᠡᠨ ᠵᠠᠰᠠᠬᠤ ᠤᠷᠤᠨ᠎ᠤ ᠵᠡᠮᠳᠡᠭ᠌ᠴᠤᠳ᠎ᠲᠤ ᠠᠵᠢᠯ ᠤᠯᠭᠤᠬᠤ ᠦᠢᠯᠡᠴᠢᠯᠡᠬᠡᠨ᠎ᠤ ᠲᠦᠪ᠎ᠤᠨ᠎ᠬᠢᠨ 7 ᠤᠨᠴᠠ ᠶᠠᠳᠠᠭᠤ ᠬᠦᠴᠢᠷᠳᠡᠯᠲᠡᠢ ᠵᠡᠮᠳᠡᠭ᠌ᠴᠤᠳ᠎ᠤᠨ ᠭᠡᠷ ᠪᠦᠯᠢ᠎ᠶ᠋ᠢᠨ᠎ᠬᠢᠨ᠎ᠢ ᠪᠣᠯᠭᠤᠭᠠᠨ ᠲᠤᠬᠤᠨᠢᠭᠤᠯᠵᠦ᠍᠂ ᠬᠠᠥᠯᠢ ᠴᠠᠭᠠᠵᠠ ᠬᠠᠥᠯᠢ ᠲᠤᠬ᠍ᠲᠠᠭᠠᠯᠤᠨ ᠤᠬᠠᠭᠤᠯᠭ᠎ᠠ᠎ᠶ᠋ᠢᠨ ᠭᠠᠷ ᠠᠪᠣᠯᠭ᠎ᠠ ᠬᠦᠷᠭᠡᠵᠦ᠍᠂ ᠦᠪᠦᠷ ᠮᠤᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠬᠢᠲᠠᠳ ᠡᠮᠨᠡᠯᠭᠡ᠎ᠶ᠋ᠢᠨ ᠳᠡᠭᠡᠳᠦ ᠰᠤᠷᠭᠠᠭᠤᠯᠢ᠎ᠶ᠋ᠢᠨ ᠡᠮᠴᠢᠯᠡᠭᠡᠨ᠎ᠤ ᠠᠵᠢᠯᠲᠠᠳ 40 ᠭᠠᠷᠤᠢ ᠬᠦᠮᠦᠨ᠎ᠳᠤ ᠠᠯᠪᠠᠨ ᠵᠢᠷᠦᠮ᠎ᠤᠨ ᠡᠮᠴᠢᠯᠡᠭᠡ᠎ᠶ᠋ᠢᠨ ᠦᠢᠯᠡᠴᠢᠯᠡᠭᠡ ᠬᠠᠩᠭᠠᠵᠠᠢ᠃ ᠲᠤᠰ ᠤᠳᠠᠭᠠᠨ᠎ᠤ ᠠᠵᠢᠯᠯᠠᠭ᠎ᠠ᠎ᠪᠠᠷ ᠳᠠᠮᠵᠢᠭᠤᠯᠵᠦ᠍᠂ ᠦᠪᠡᠷᠲᠡᠭᠡᠨ ᠵᠠᠰᠠᠬᠤ ᠤᠷᠤᠨ᠎ᠤ ᠵᠡᠮᠳᠡᠭ᠌ᠴᠤᠳ᠎ᠲᠤ ᠠᠵᠢᠯ ᠤᠯᠭᠤᠬᠤ ᠦᠢᠯᠡᠴᠢᠯᠡᠬᠡᠨ᠎ᠤ ᠲᠦᠪ ᠪᠤᠯᠤᠨ ᠲᠠᠷᠢᠶᠠᠯᠠᠩ᠎ᠤᠨ ᠶᠡᠭᠡ ᠰᠤᠷᠭᠠᠭᠤᠯᠢ᠎ᠶ᠋ᠢᠨ ᠵᠡᠬᠦᠨ ᠨᠡᠢᠬᠡᠮ ᠲᠤᠭᠤᠷᠢᠭ᠂ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠤᠯᠠᠨ ᠲᠦᠮᠡᠨ᠎ᠳᠤ ᠪᠤᠳᠠᠳᠦ ᠶᠠᠪᠤᠳᠠᠯ ᠬᠢᠵᠦ᠍ ᠦᠭ᠌ᠬᠦ ᠲᠠᠯ᠎ᠠ᠎ᠶ᠋ᠢᠨ ᠬᠠᠮᠳᠤᠷᠠᠯᠴᠠᠭ᠎ᠠ᠎ᠶ᠋ᠢ ᠴᠢᠩᠭᠠᠳᠭᠠᠵᠦ᠍᠂ ᠨᠠᠮ᠎ᠤᠨ ᠬᠡᠱᠢᠬᠦᠨ ᠺᠠᠳ᠋ᠷᠴᠤᠳ᠎ᠤᠨ ᠦᠵᠡᠯ ᠰᠠᠨᠠᠭ᠎ᠠ᠎ᠪᠠᠨ ᠰᠡᠩᠭᠡᠷᠡᠭᠦᠯᠵᠦ᠍᠂ ᠪᠤᠳᠠᠳᠦ ᠶᠠᠪᠤᠳᠠᠯ ᠬᠢᠬᠦ᠂ ᠱᠢᠨ᠎ᠡ ᠪᠠᠢᠳᠠᠯ᠎ᠢ ᠡᠭᠦᠳᠬᠦ᠌ ᠤᠯᠤᠰ ᠲᠦᠷᠦ᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠠᠵᠢᠯᠯᠠᠭᠠᠨ᠎ᠤ ᠤᠬᠠᠮᠰᠠᠷ᠎ᠢ ᠴᠢᠨᠠᠬ᠍ᠰᠢᠲᠠ ᠴᠢᠩᠭᠠᠷᠠᠭᠤᠯᠵᠠᠢ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号