ᠬᠥᠬᠡᠬᠤᠲᠠ ᠠᠮᠠᠯᠠᠯᠲᠠ᠎ᠶ᠋ᠢᠨ ᠲᠦᠷᠢᠮᠲᠦ ᠬᠢᠨᠠᠨ ᠵᠥᠪᠱᠢᠶᠡᠷᠡᠬᠦ᠌ ᠵᠠᠭ᠍ᠪᠤᠷ᠎ᠢ ᠰᠦᠪᠡᠭ᠌ᠴᠢᠯᠡᠨ ᠬᠡᠷᠡᠭ᠌ᠵᠢᠭᠦᠯᠵᠦ᠍ ᠪᠣᠶ
2021-05-25 09:03:26
ᠵᠣᠬᠢᠶᠠᠭ᠍ᠴᠢ᠄
ᠪᠤᠤ ᠢᠤᠢ ᠶᠢᠩ
ᠣᠩᠱᠢᠭ᠍ᠰᠠᠨ ᠣᠳᠠᠭ᠎ᠠ᠄
★★★☆☆

ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠡᠮᠬᠢ ᠳᠠᠷᠠᠭᠠᠯᠠᠯ᠎ᠢ ᠴᠢᠨᠠᠭ᠍ᠰᠢᠲᠠ ᠱᠢᠯᠢᠳᠡᠭ᠌ᠵᠢᠭᠦᠯᠵᠦ᠍᠂ ᠬᠢᠨᠠᠨ ᠵᠥᠪᠱᠢᠶᠡᠷᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠣᠷᠣᠨ᠎ᠤ ᠲᠥᠪ ᠬᠤᠳᠠ᠎ᠶ᠋ᠢᠨ ᠵᠠᠰᠠᠭ᠎ᠤᠨ ᠣᠷᠳᠣᠨ᠎ᠤ ᠵᠠᠰᠠᠯᠳᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠬᠤ ᠲᠦᠪᠱᠢᠨ᠎ᠢ ᠳᠡᠭᠡᠭ᠌ᠰᠢᠯᠡᠭᠦᠯᠦᠨ᠂ ᠬᠤᠳᠠᠯᠳᠤᠭ᠎ᠠ ᠡᠷᠬᠢᠯᠡᠬᠦ᠌ ᠲᠡᠷᠢᠭᠦᠨ᠎ᠤ ᠣᠷᠴᠢᠨ ᠲᠣᠭᠤᠷᠢᠨ᠎ᠢ ᠡᠭᠦᠳᠬᠦ᠌᠎ᠶ᠋ᠢᠨ ᠲᠦᠯᠤᠬᠡ᠂ ᠬᠥᠬᠡᠬᠤᠲᠠ᠎ᠶ᠋ᠢᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠪᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ ᠤᠷᠢᠳ᠎ᠢᠶᠠᠷ ᠬᠡᠷᠡᠭ᠌ᠵᠢᠭᠦᠯᠦᠨ ᠤᠷᠢᠳ᠎ᠢᠶᠠᠷ ᠲᠤᠷᠱᠢᠵᠤ᠂ 《ᠬᠥᠬᠡᠬᠤᠲᠠ᠎ᠶ᠋ᠢᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠪᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ᠎ᠶ᠋ᠢᠨ ᠢᠲᠡᠭᠡᠮᠵᠢ᠎ᠶ᠋ᠢᠨ ᠠᠮᠠᠯᠠᠯᠲᠠ᠎ᠶ᠋ᠢᠨ ᠠᠵᠢᠯ᠎ᠤᠨ ᠬᠡᠷᠡᠭ᠌ᠵᠢᠭᠦᠯᠬᠦ᠌ ᠠᠷᠭ᠎ᠠ》 ᠪᠠ 《ᠬᠥᠬᠡᠬᠤᠲᠠ᠎ᠶ᠋ᠢᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠪᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ᠎ᠶ᠋ᠢᠨ ᠮᠡᠳᠡᠭ᠌ᠳᠡᠬᠦ᠌ ᠠᠮᠠᠯᠠᠯᠲᠠ᠎ᠶ᠋ᠢᠨ ᠬᠠᠮᠢᠶᠠᠷᠤᠯᠲᠠ᠎ᠶ᠋ᠢᠨ ᠠᠷᠭ᠎ᠠ》 ᠎ᠶ᠋ᠢ ᠨᠡᠢᠲᠡᠯᠡᠵᠦ᠍᠂ ᠠᠮᠠᠯᠠᠯᠲᠠ᠎ᠶ᠋ᠢᠨ ᠳᠦᠷᠢᠮᠳᠦ ᠬᠢᠨᠠᠨ ᠵᠥᠪᠱᠢᠶᠡᠷᠡᠬᠦ᠌ ᠵᠠᠭ᠍ᠪᠤᠷ᠎ᠢ ᠰᠦᠪᠡᠭ᠌ᠴᠢᠯᠡᠨ ᠬᠡᠷᠡᠭ᠌ᠵᠢᠭᠦᠯᠵᠦ᠍ ᠪᠠᠢᠨ᠎ᠠ᠃ 

ᠬᠠᠮᠢᠶ᠎ᠠ ᠪᠦᠬᠦᠢ ᠲᠠᠯ᠎ᠠ᠎ᠠᠴᠠ ᠤᠢ᠍ᠢᠯᠠᠭᠠᠭ᠍ᠰᠠᠨ᠎ᠢᠶᠠᠷ᠂ 《ᠲᠠᠸᠠᠷ᠎ᠤᠨ ᠬᠡᠷ ᠪᠠᠢᠱᠢᠩ᠎ᠢ ᠤᠷᠢᠳᠴᠢᠯᠠᠨ ᠬᠤᠳᠠᠯᠳᠤᠬᠤ ᠵᠥᠪᠱᠢᠶᠡᠷᠡᠯ》 ᠵᠡᠷᠭᠡ 67 ᠵᠦᠢᠯ᠎ᠤᠨ ᠬᠢᠨᠠᠨ ᠵᠥᠪᠱᠢᠶᠡᠷᠡᠬᠦ᠌ ᠵᠦᠢᠯᠡᠰ᠎ᠲᠤ ᠰᠠᠨᠠᠭᠠᠴᠢᠯᠠᠭ᠎ᠠ᠎ᠠᠴᠠ᠎ᠪᠠᠨ ᠨᠡᠢᠲᠡ᠎ᠳᠤ ᠵᠠᠷᠯᠠᠨ ᠨᠡᠢᠳᠡᠯᠡᠬᠦ᠌ ᠬᠡᠯᠪᠡᠷᠢ᠎ᠶ᠋ᠢᠨ ᠢᠲᠡᠭᠡᠮᠵᠢ᠎ᠶ᠋ᠢᠨ ᠠᠮᠠᠯᠠᠯᠲᠠ᠎ᠶ᠋ᠢᠨ ᠲᠦᠷᠢᠮ᠎ᠢ ᠬᠡᠷᠡᠭ᠌ᠵᠢᠭᠦᠯᠵᠦ᠍᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢ ᠬᠥᠲᠥᠯᠥᠨ ᠵᠢᠯᠣᠭᠤᠳᠴᠤ᠌ ᠪᠠᠢᠭᠠᠳ ᠰᠠᠨᠠᠭᠠᠴᠢᠯᠠᠭ᠎ᠠ᠎ᠠᠴᠠ᠎ᠨᠢ ᠶᠡᠷᠦᠩᠬᠡᠢᠯᠡᠭ᠌ᠰᠡᠨ ᠢᠲᠡᠭᠡᠮᠵᠢ᠎ᠶ᠋ᠢᠨ ᠠᠮᠠᠯᠠᠯᠲᠠ ᠬᠢᠯᠭᠡᠵᠦ᠍᠂ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠤ ᠬᠠᠩᠭᠠᠬᠤ᠎ᠪᠠᠷ ᠠᠮᠠᠯᠳᠠᠭ᠍ᠰᠠᠨ ᠮᠠᠲ᠋ᠧᠷᠢᠶᠠᠯ᠂ ᠮᠡᠳᠡᠭᠡ ᠵᠠᠩᠭᠢ᠎ᠨᠢ ᠬᠠᠤᠯᠢ᠎ᠳᠤ ᠨᠡᠢᠴᠡᠬᠦ᠂ ᠦᠨᠡᠨ ᠪᠣᠳᠠᠲᠠᠶ ᠪᠠᠢᠵᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠴᠢᠩᠭ᠎ᠠ ᠵᠢᠷᠤᠮᠯᠠᠨ ᠬᠠᠤᠯᠢ ᠶᠣᠰᠣᠭᠠᠷ ᠡᠵᠡᠩᠨᠡᠵᠦ᠍᠂ ᠦᠢᠯᠡᠳᠬᠦᠨ᠎ᠤ ᠦᠢᠯᠡᠴᠢᠯᠡᠭᠡᠨ᠎ᠤ ᠪᠠᠷᠢᠮᠵᠢᠶ᠎ᠠ᠂ ᠶᠠᠰᠤ ᠴᠢᠨᠠᠷ ᠵᠡᠷᠭᠡ᠎ᠶ᠋ᠢ ᠢᠯᠡ ᠪᠣᠯᠭᠠᠨ᠂ ᠨᠡᠢᠭᠡᠮ᠎ᠤᠨ ᠡᠯ᠎ᠡ ᠡᠲᠡᠭᠡᠳ᠎ᠤᠨ ᠬᠢᠨᠠᠯᠲᠠ᠎ᠶ᠋ᠢ ᠬᠦᠯᠢᠶᠡᠬᠦ᠌᠎ᠶ᠋ᠢᠨ ᠬᠠᠮᠲᠤ ᠣᠴᠢᠷ ᠶᠠᠪᠣᠳᠠᠯ᠎ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ᠎ᠶ᠋ᠢᠨ ᠯᠠᠪᠯᠠᠯᠲᠠ ᠪᠣᠯᠭᠠᠨ᠎ᠠ; 《ᠭᠤᠷᠪᠠᠳᠤᠭᠠᠷ ᠲᠥᠷᠥᠯ᠎ᠤᠨ ᠡᠮᠴᠢᠯᠡᠭᠡᠨ᠎ᠤ ᠪᠠᠭᠠᠵᠢ ᠬᠡᠷᠡᠭ᠌ᠰᠡᠯ᠎ᠤᠨ ᠡᠵᠡᠩᠨᠡᠯᠲᠡ᠎ᠶ᠋ᠢᠨ ᠵᠥᠪᠱᠢᠶᠡᠷᠡᠯ》 ᠵᠡᠷᠭᠡ 65 ᠵᠦᠢᠯ᠎ᠤᠨ ᠬᠢᠨᠠᠨ ᠵᠥᠪᠱᠢᠶᠡᠷᠡᠬᠦ᠌ ᠵᠦᠢᠯᠡᠰ᠎ᠲᠤ ᠳᠤᠲᠠᠭ᠍ᠳᠠᠯ᠎ᠢ᠎ᠨᠢ ᠭᠥᠯᠢᠶᠡᠨ ᠠᠪᠴᠤ᠌ ᠱᠢᠶᠳᠪᠦᠷᠢᠯᠡᠬᠦ᠌ ᠬᠡᠯᠪᠡᠷᠢ᠎ᠶ᠋ᠢᠨ ᠢᠲᠡᠭᠡᠮᠵᠢ᠎ᠶ᠋ᠢᠨ ᠠᠮᠠᠯᠠᠯᠲᠠ᠎ᠶ᠋ᠢᠨ ᠲᠦᠷᠢᠮ᠎ᠢ ᠬᠡᠷᠡᠭ᠌ᠵᠢᠭᠦᠯᠵᠦ᠍᠂ ᠵᠠᠰᠠᠭ ᠵᠠᠬᠢᠷᠭᠠᠨ᠎ᠤ ᠵᠥᠪᠱᠢᠶᠡᠷᠡᠯ᠎ᠢ ᠭᠦᠢᠴᠡᠳᠭᠡᠬᠦ᠌ ᠶᠠᠪᠤᠴᠠ᠎ᠳᠤ ᠨᠥᠬᠦᠴᠡᠯ᠎ᠳᠤ ᠨᠡᠢᠴᠡᠬᠦ᠌ ᠵᠠᠰᠠᠭ ᠵᠠᠬᠢᠷᠭᠠᠨ᠎ᠤ ᠬᠠᠷᠢᠴᠠᠩᠭᠤᠶ ᠬᠥᠮᠦᠨ᠎ᠳᠤ ᠬᠠᠤᠯᠢ ᠴᠠᠭᠠᠵᠠ ᠬᠠᠤᠯᠢ ᠲᠣᠭ᠍ᠲᠠᠭᠠᠯ᠎ᠳᠤ ᠬᠠᠩᠭᠠᠬᠤ᠎ᠪᠠᠷ ᠱᠠᠭᠠᠷᠳᠠᠭ᠍ᠰᠠᠨ ᠮᠠᠲ᠋ᠧᠷᠢᠶᠠᠯ᠎ᠠᠴᠠ ᠭᠠᠳᠠᠨ᠎ᠠ᠂ ᠬᠡᠰᠡᠭ ᠮᠡᠳᠡᠭᠦᠯᠬᠦ᠌ ᠮᠠᠲ᠋ᠧᠷᠢᠶᠠᠯ᠎ᠨᠢ ᠪᠦᠷᠢᠨ ᠭᠦᠢᠴᠡᠳ ᠥᠬᠡᠶ ᠪᠠᠢᠪᠠᠯ᠂ ᠲᠡᠭᠦᠨ᠎ᠳᠤ ᠢᠲᠡᠭᠡᠮᠵᠢ᠎ᠶ᠋ᠢᠨ ᠠᠮᠠᠯᠠᠯᠲᠠ᠎ᠶ᠋ᠢᠨ ᠪᠢᠴᠢᠭ᠎ᠢᠶᠠᠨ ᠲᠤᠱᠢᠶᠠᠭ᠍ᠰᠠᠨ᠎ᠤ ᠳᠠᠷᠠᠭ᠎ᠠ ᠲᠣᠰ ᠲᠣᠪᠴᠢᠶ᠎ᠠ ᠤᠷᠢᠳ᠎ᠢᠶᠠᠷ ᠭᠥᠯᠢᠶᠡᠨ ᠠᠪᠴᠤ᠌ ᠱᠢᠶᠳᠪᠦᠷᠢᠯᠡᠨ᠂ ᠠᠮᠠᠯᠠᠯᠲᠠ ᠬᠢᠭ᠌ᠰᠡᠨ ᠬᠤᠭᠤᠴᠠᠭᠠᠨ᠎ᠳᠤ ᠮᠠᠲ᠋ᠧᠷᠢᠶᠠᠯ᠎ᠢᠶᠠᠨ ᠪᠦᠷᠢᠨ ᠲᠤᠱᠢᠶᠠᠪᠠᠯ ᠳᠠᠷᠤᠶ ᠦᠨᠡᠮᠯᠡᠯ ᠠᠪᠴᠤ᠌ ᠪᠣᠯᠤᠨ᠎ᠠ; 《ᠣᠯᠠᠨ ᠨᠡᠢᠲᠡ᠎ᠶ᠋ᠢᠨ ᠲᠠᠯᠠᠪᠤᠷ᠎ᠤᠨ ᠡᠷᠡᠭᠦᠯ ᠬᠠᠮᠠᠭᠠᠯᠠᠯ᠎ᠤᠨ ᠵᠥᠪᠱᠢᠶᠡᠷᠡᠯ》 ᠵᠡᠷᠭᠡ 17 ᠬᠢᠨᠠᠨ ᠵᠥᠪᠱᠢᠶᠡᠷᠡᠬᠦ᠌ ᠵᠦᠢᠯᠡᠰ᠎ᠲᠤ ᠮᠡᠳᠡᠭ᠌ᠳᠡᠬᠦ᠌ ᠠᠮᠠᠯᠠᠯᠲᠠ᠎ᠶ᠋ᠢᠨ ᠲᠦᠷᠢᠮ᠎ᠢ ᠬᠡᠷᠡᠭ᠌ᠵᠢᠭᠦᠯᠵᠤ᠂ ᠲᠣᠰ ᠲᠣᠰ᠎ᠤᠨ ᠠᠵᠢᠯ ᠲᠥᠷᠥᠯ᠎ᠤᠨ ᠣᠨᠴᠠᠯᠢᠭ᠎ᠢᠶᠠᠨ ᠦᠨᠳᠦᠰᠦᠯᠡᠨ ᠲᠣᠳᠣᠷᠬᠠᠶ ᠱᠠᠭᠠᠷᠳᠠᠭ᠍ᠰᠠᠨ 《ᠮᠡᠳᠡᠭ᠌ᠳᠡᠬᠦ᠌ ᠠᠮᠠᠯᠠᠯᠲᠠ᠎ᠶ᠋ᠢᠨ ᠪᠢᠴᠢᠭ》 ᠲᠣᠭ᠍ᠲᠠᠭᠠᠵᠤ᠂ ᠵᠠᠰᠠᠭ ᠵᠠᠬᠢᠷᠭᠠᠨ᠎ᠤ ᠬᠠᠷᠢᠴᠠᠩᠭᠤᠶ ᠬᠥᠮᠦᠨ᠎ᠨᠢ ᠤᠷᠢᠳ᠎ᠢᠶᠠᠷ ᠲᠣᠭ᠍ᠲᠠᠭᠠᠭ᠍ᠰᠠᠨ ᠬᠡᠰᠡᠭ ᠮᠠᠲ᠋ᠧᠷᠢᠶᠠᠯ᠎ᠢᠶᠠᠨ ᠲᠤᠱᠢᠶᠠᠵᠤ᠂ 《ᠮᠡᠳᠡᠭ᠌ᠳᠡᠬᠦ᠌ ᠠᠮᠠᠯᠠᠯᠲᠠ᠎ᠶ᠋ᠢᠨ ᠪᠢᠴᠢᠭ》 ᠎ᠲᠤ ᠭᠠᠷ᠎ᠤᠨ ᠥᠰᠥᠭ ᠵᠢᠷᠤᠪᠠᠯ ᠲᠤᠬᠠᠶ᠎ᠶ᠋ᠢᠨ ᠲᠠᠯᠠᠪᠤᠷ᠎ᠲᠤ ᠭᠡᠷᠡᠴᠢ ᠠᠪᠴᠤ᠌ ᠪᠣᠯᠬᠤ ᠪᠥᠭᠡᠳ 60 ᠡᠳᠦᠷ᠎ᠤᠨ ᠳᠣᠲᠣᠷ᠎ᠠ ᠦᠯᠡᠳᠡᠭ᠌ᠰᠡᠨ ᠮᠠᠲ᠋ᠧᠷᠢᠶᠠᠯ᠎ᠢᠶᠠᠨ ᠨᠥᠬᠦᠨ ᠪᠦᠷᠢᠳᠦᠭᠦᠯᠬᠦ᠌ ᠪᠤᠶᠤ 《ᠮᠡᠳᠡᠭ᠌ᠳᠡᠬᠦ᠌ ᠠᠮᠠᠯᠠᠯᠲᠠ᠎ᠶ᠋ᠢᠨ ᠪᠢᠴᠢᠭ》 ᠎ᠲᠤ ᠲᠣᠳᠣᠷᠬᠠᠢᠯᠠᠭ᠍ᠰᠠᠨ ᠨᠥᠬᠦᠴᠡᠯ᠎ᠳᠤ ᠭᠦᠷᠪᠡᠯ ᠪᠣᠯᠴᠢᠬᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号