5 ᠰᠠᠷ᠎ᠠ᠎ᠶ᠋ᠢᠨ 21 ᠤ ᠡᠳᠦᠷ᠂ ᠱᠢᠯᠢᠩᠬᠤᠳᠠ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠦᠮᠦᠵᠢᠯ ᠴᠡᠭ᠌ᠴᠡᠯᠡᠯᠳᠡ᠎ᠶ᠋ᠢᠨ ᠠᠵᠢᠯ᠎ᠢ ᠤᠯᠠᠮ ᠨᠢᠭᠡ ᠠᠯᠬᠤᠮ ᠠᠬᠢᠭᠤᠯᠬᠤ᠎ᠶ᠋ᠢᠨ ᠲᠦᠯᠦᠭᠡ ᠡᠩᠨᠡᠭᠡᠨ᠎ᠤ ᠬᠦᠮᠦᠵᠢᠯ ᠴᠡᠭ᠌ᠴᠡᠯᠡᠯᠳᠡ᠎ᠶ᠋ᠢᠨ 《ᠢᠯᠡ᠎ᠪᠠᠷ ᠴᠡᠭ᠌ᠴᠡᠯᠡᠬᠦ᠌》 ᠠᠵᠢᠯ᠎ᠤᠨ ᠰᠤᠨᠢᠨ ᠮᠡᠳᠡᠭᠡ ᠨᠡᠢᠳᠡᠯᠡᠬᠦ᠌ ᠬᠤᠷᠠᠯ ᠬᠢᠵᠦ᠍᠂ ᠲᠤᠰ ᠬᠤᠳᠠ᠎ᠶ᠋ᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠦᠮᠦᠵᠢᠯ ᠴᠡᠭ᠌ᠴᠡᠯᠡᠯᠳᠡ᠎ᠶ᠋ᠢᠨ ᠠᠵᠢᠯ᠎ᠢ ᠦᠷᠨᠢᠭᠦᠯᠦᠭ᠌ᠰᠡᠨ ᠪᠠᠢᠳᠠᠯ᠎ᠢᠶᠠᠨ ᠮᠡᠳᠡᠭ᠌ᠳᠡᠯ᠎ᠡ᠃
ᠱᠢᠯᠢᠩᠬᠤᠳᠠ᠎ᠶ᠋ᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠦᠮᠦᠵᠢᠯ ᠴᠡᠭ᠌ᠴᠡᠯᠡᠯᠳᠡ᠎ᠶ᠋ᠢᠨ ᠠᠵᠢᠯ᠎ᠢ ᠡᠬᠢᠯᠡᠬᠦᠯᠦᠭ᠌ᠰᠡᠡᠠᠴᠠ ᠨᠠᠭᠠᠰᠢ᠂ 《ᠢᠯᠡ᠎ᠪᠠᠷ ᠴᠡᠭ᠌ᠴᠡᠯᠡᠬᠦ᠌》 ᠠᠵᠢᠯ᠎ᠤᠨ ᠤᠢ᠍ᠢᠯᠠᠭᠠᠭ᠍ᠳᠠᠬᠤᠨ᠎ᠢ ᠪᠠᠷᠢᠮᠳᠠᠯᠠᠵᠤ᠂ ᠤᠯᠠᠨ ᠬᠠᠷᠠᠭᠠᠰᠤ᠂ ᠤᠯᠠᠨ ᠠᠷᠭ᠎ᠠ ᠬᠡᠯᠪᠡᠷᠢ᠂ ᠤᠯᠠᠨ ᠠᠷᠭ᠎ᠠ ᠵᠠᠮ᠎ᠢᠶᠠᠷ ᠤᠯᠠᠨ ᠲᠦᠮᠡᠨ᠎ᠤ ᠰᠠᠨᠠᠯ ᠱᠠᠭᠠᠷᠳᠠᠯᠭ᠎ᠠ᠎ᠶ᠋ᠢ ᠬᠦᠯᠢᠶᠡᠨ ᠰᠤᠨᠤᠰᠴᠤ᠌᠂ ᠲᠤᠰᠭᠠᠢ ᠴᠡᠭ᠌ᠴᠡᠯᠡᠯᠳᠡ᠎ᠶ᠋ᠢᠨ ᠠᠭᠤᠯᠭ᠎ᠠ ᠬᠡᠯᠪᠡᠷᠢ ᠠᠬᠢᠴᠠ᠎ᠶ᠋ᠢᠨ ᠪᠠᠢᠳᠠᠯ᠎ᠢ ᠴᠠᠭ ᠲᠤᠬᠠᠢᠳᠤᠨᠢ ᠨᠡᠢᠭᠡᠮ ᠨᠡᠢᠳᠡ᠎ᠳᠤ ᠵᠠᠷᠯᠠᠨ ᠮᠡᠳᠡᠭ᠌ᠳᠡᠵᠦ᠍᠂ ᠲᠤᠰ ᠲᠦᠷᠦᠯ᠎ᠤᠨ ᠬᠦᠮᠦᠵᠢᠯ ᠴᠡᠭ᠌ᠴᠡᠯᠡᠯᠳᠡ᠎ᠶ᠋ᠢᠨ ᠠᠵᠢᠯᠯᠠᠭ᠎ᠠ᠎ᠳᠤ ᠤᠯᠠᠨ ᠲᠦᠮᠡᠨ᠎ᠤ ᠤᠷᠤᠯᠴᠠᠯᠭ᠎ᠠ᠎ᠶ᠋ᠢ ᠦᠨᠡᠨ ᠬᠦ᠌ ᠪᠡᠶᠡᠯᠡᠭᠦᠯᠤᠨ᠂ ᠪᠦᠬᠦ᠌ ᠬᠤᠳᠠ᠎ᠶ᠋ᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠦᠮᠦᠵᠢᠯ ᠴᠡᠭ᠌ᠴᠡᠯᠡᠯᠳᠡ᠎ᠶ᠋ᠢᠨ ᠠᠵᠢᠯ᠎ᠤᠨ ᠢᠯᠭᠤᠮ ᠤᠷᠤᠭ᠍ᠰᠢᠳᠠᠢ ᠶᠠᠪᠤᠭ᠍ᠳᠠᠬᠤ᠎ᠶ᠋ᠢ ᠪᠠᠲᠤᠯᠠᠵᠠᠢ᠃
ᠲᠤᠰ ᠬᠤᠳᠠ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠦᠮᠦᠵᠢᠯ ᠴᠡᠭ᠌ᠴᠡᠯᠡᠯᠳᠡ᠎ᠶ᠋ᠢᠨ ᠠᠵᠢᠯ᠎ᠤᠨ ᠶᠠᠪᠤᠴᠠ᠎ᠳᠤ ᠰᠤᠨᠢᠨ ᠮᠡᠳᠡᠭᠡ ᠨᠡᠢᠳᠡᠯᠡᠬᠦ᠂ ᠢᠯᠡᠴᠢᠯᠡᠨ ᠮᠡᠳᠡᠭᠦᠯᠬᠦ᠌ ᠵᠠᠬᠢᠳᠠᠯ᠎ᠤᠨ ᠬᠠᠢᠷᠴᠠᠭ ᠭᠠᠷᠭᠠᠬᠤ ᠵᠡᠷᠭᠡ ᠤᠯᠠᠨ ᠠᠷᠭ᠎ᠠ ᠵᠠᠮ᠎ᠢᠶᠠᠷ ᠬᠦᠮᠦᠵᠢᠯ ᠴᠡᠭ᠌ᠴᠡᠯᠡᠯᠳᠡ᠎ᠶ᠋ᠢᠨ ᠠᠵᠢᠯ᠎ᠢ ᠨᠡᠢᠭᠡᠮ ᠨᠡᠢᠳᠡ᠎ᠳᠤ ᠤᠬᠠᠭᠤᠯᠤᠨ᠂ ᠤᠯᠠᠨ ᠲᠦᠮᠡᠨ᠎ᠤ ᠢᠯᠡᠴᠢᠯᠡᠨ ᠮᠡᠳᠡᠭᠦᠯᠦᠭ᠌ᠰᠡᠨ ᠠᠰᠠᠭᠤᠳᠠᠯ᠎ᠤᠨ ᠰᠦᠪᠡᠭ᠌ᠴᠢ᠎ᠶ᠋ᠢ ᠬᠦᠯᠢᠶᠡᠨ ᠠᠪᠴᠤ᠌᠂ ᠤᠳᠤ ᠪᠤᠯᠳᠠᠯ᠎ᠠ 521 ᠵᠤᠷᠪᠤᠰ ᠡᠨᠡ ᠲᠦᠷᠦᠯ᠎ᠤᠨ ᠮᠡᠳᠡᠭᠡ᠎ᠶ᠋ᠢ ᠵᠠᠷᠯᠠᠵᠤ᠂ 389 ᠤᠳᠠᠭᠠᠨ᠎ᠤ ᠰᠤᠷᠳᠠᠯ ᠤᠬᠠᠭᠤᠯᠭ᠎ᠠ ᠬᠢᠵᠥ᠍᠂ 2 ᠲᠦᠮᠡᠨ ᠬᠤᠪᠢ ᠤᠬᠠᠭᠤᠯᠭ᠎ᠠ᠎ᠶ᠋ᠢᠨ ᠮᠠᠲ᠋ᠸ᠋ᠷᠢᠶᠠᠯ ᠲᠠᠷᠬᠠᠭᠠᠵᠤ᠂ ᠨᠡᠢᠭᠡᠮ ᠲᠡᠭᠡᠷ᠎ᠡ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠦᠮᠦᠵᠢᠯ ᠴᠡᠭ᠌ᠴᠡᠯᠡᠯᠳᠡ᠎ᠶ᠋ᠢᠨ ᠠᠵᠢᠯ᠎ᠤᠨ ᠶᠠᠷᠢᠶ᠎ᠠ ᠬᠡᠯᠡᠯᠴᠡᠭᠡᠨ᠎ᠤ ᠬᠠᠯᠠᠮᠱᠢᠯ ᠤᠷᠴᠢᠨ᠎ᠢ ᠪᠤᠢ ᠪᠤᠯᠭᠠᠵᠠᠢ᠃
ᠱᠢᠯᠢᠩᠬᠤᠳᠠ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠦᠮᠦᠵᠢᠯ ᠴᠡᠭ᠌ᠴᠡᠯᠡᠯᠳᠡ᠎ᠶ᠋ᠢᠨ ᠠᠵᠢᠯ᠎ᠢ ᠡᠷᠴᠢᠮᠳᠡᠢ ᠦᠷᠨᠢᠭᠦᠯᠬᠦ᠌ ᠶᠠᠪᠤᠴᠠ᠎ᠳᠤ ᠡᠯ᠎ᠡ ᠲᠦᠷᠦᠯ᠎ᠤᠨ ᠠᠰᠠᠭᠤᠳᠠᠯ᠎ᠤᠨ ᠰᠦᠪᠡᠭ᠌ᠴᠢ ᠪᠠ ᠰᠠᠨᠠᠯ ᠰᠠᠨᠠᠭᠤᠯᠭ᠎ᠠ᠎ᠶ᠋ᠢ ᠪᠦᠬᠦ᠌ ᠲᠠᠯ᠎ᠠ᠎ᠪᠠᠷ ᠬᠤᠷᠢᠶᠠᠩᠭᠤᠢ᠍ᠢᠯᠠᠨ ᠡᠮᠬᠢᠯᠡᠵᠦ᠍᠂ ᠨᠡᠢᠳᠡ 4 ᠶᠡᠭᠡ ᠲᠠᠯ᠎ᠠ᠎ᠶ᠋ᠢᠨ 11 ᠲᠦᠷᠦᠯ᠎ᠤᠨ 29 ᠭᠤᠤᠯᠳᠠᠯᠭ᠎ᠠ᠎ᠲᠠᠢ ᠠᠰᠠᠭᠤᠳᠠᠯ᠎ᠢ ᠨᠡᠢᠳᠭᠡᠭ᠌ᠰᠡᠨ ᠪᠠᠢᠨ᠎ᠠ᠃ ᠡᠭᠦᠨ᠎ᠳᠤ ᠢᠯᠡ᠎ᠪᠠᠷ ᠴᠡᠭ᠌ᠴᠡᠯᠡᠬᠦ᠌ ᠲᠤᠮᠳᠠ ᠲᠠᠷᠤᠢ ᠴᠡᠭ᠌ᠴᠡᠯᠡᠬᠦ᠂ ᠪᠠᠢᠴᠠᠭᠠᠬᠤ᠎ᠶ᠋ᠢᠨ ᠲᠠᠭᠠᠤ ᠴᠡᠭ᠌ᠴᠡᠯᠡᠬᠦ᠂ ᠴᠢᠩᠭ᠎ᠠ ᠪᠠᠢᠴᠠᠭᠠᠵᠤ ᠴᠢᠩᠭ᠎ᠠ ᠴᠡᠭ᠌ᠴᠡᠯᠡᠬᠦ᠌ ᠱᠠᠭᠠᠷᠳᠠᠯᠭ᠎ᠠ ᠶᠤᠰᠤᠭᠠᠷ ᠤᠷᠤᠱᠢᠵᠤ ᠪᠦᠬᠦᠢ ᠠᠰᠠᠭᠤᠳᠠᠯ᠎ᠢ ᠠᠪᠤᠨ ᠲᠤᠤᠷ᠎ᠠ᠎ᠨᠢ ᠴᠡᠭ᠌ᠴᠡᠯᠡᠨ ᠰᠠᠢᠵᠢᠷᠠᠭᠤᠯᠵᠤ᠂ ᠤᠳᠤ ᠨᠢᠭᠡᠨᠳᠡ 19 ᠴᠢᠬᠤᠯᠠ ᠠᠰᠠᠭᠤᠳᠠᠯ᠎ᠢ ᠪᠦᠲᠦᠮᠵᠢᠳᠡᠢ ᠱᠢᠢᠳᠪᠦᠷᠢᠯᠡᠭ᠌ᠰᠡᠨᠢ ᠰᠤᠷᠪᠤᠯᠵᠢᠯᠠᠭ᠍ᠴᠢ ᠲᠤᠰ ᠤᠳᠠᠭᠠᠨ᠎ᠤ ᠰᠤᠨᠢᠨ ᠮᠡᠳᠡᠭᠡ ᠨᠡᠢᠳᠡᠯᠡᠬᠦ᠌ ᠬᠤᠷᠠᠯ᠎ᠠᠴᠠ ᠤᠢ᠍ᠢᠯᠠᠭᠠᠵᠠᠢ᠃
ᠱᠢᠯᠢᠩᠬᠤᠳᠠ᠎ᠶ᠋ᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠱᠢᠰᠲᠸ᠋ᠮᠤᠨᠬᠢᠨ ᠦᠪᠡᠷ᠎ᠤᠨ ᠪᠠᠢᠴᠠᠭᠠᠯᠳᠠ ᠵᠠᠰᠠᠨ ᠴᠡᠭ᠌ᠴᠡᠯᠡᠬᠦ᠌᠎ᠶ᠋ᠢ ᠨᠠᠷᠢᠨ ᠬᠢᠨᠠᠮᠠᠭᠠᠢ ᠦᠷᠨᠢᠭᠦᠯᠵᠦ᠍᠂ ᠤᠳᠤ ᠪᠤᠯᠳᠠᠯ᠎ᠠ 539 ᠬᠤᠪᠢ 《ᠤᠯᠤᠰ ᠲᠦᠷᠦ᠍ ᠬᠠᠤᠯᠢ ᠴᠠᠭᠠᠵᠠ᠎ᠶ᠋ᠢᠨ ᠺᠠᠳ᠋ᠷ ᠴᠠᠭ᠍ᠳᠠᠭ᠎ᠠ᠎ᠶ᠋ᠢᠨ ᠦᠪᠡᠷ᠎ᠤᠨ ᠪᠠᠢᠴᠠᠭᠠᠯᠳᠠ᠎ᠶ᠋ᠢᠨ ᠮᠡᠳᠡᠭᠦᠯᠦᠯᠳᠡ᠎ᠶ᠋ᠢᠨ ᠬᠦᠰᠦᠨᠦᠭ᠌ᠲᠦ》 ᠶ᠋ᠢ ᠲᠠᠭ᠍ᠯᠠᠨ ᠲᠤᠱᠢᠶᠠᠵᠤ᠂ ᠤᠳᠤ ᠶᠠᠭ ᠬᠠᠮᠢᠶ᠎ᠠ ᠪᠦᠬᠦᠢ ᠰᠠᠯᠠᠭ᠎ᠠ ᠮᠦᠴᠢᠷᠤᠨᠢ ᠵᠤᠬᠢᠶᠠᠨ ᠪᠠᠢᠭᠤᠯᠤᠨ ᠬᠠᠷᠭᠤᠭᠤᠯᠤᠨ ᠪᠠᠢᠴᠠᠭᠠᠵᠤ ᠪᠠᠢᠬᠤ ᠪᠦᠭᠡᠳ 468 ᠵᠤᠷᠪᠤᠰ ᠡᠯ᠎ᠡ ᠲᠦᠷᠦᠯ᠎ᠤᠨ ᠠᠰᠠᠭᠤᠳᠠᠯ᠎ᠢ ᠢᠯᠡᠷᠡᠭᠦᠯᠦᠭ᠌ᠰᠡᠨ ᠪᠠᠢᠨ᠎ᠠ᠃ ᠡᠭᠦᠨ᠎ᠳᠤ ᠤᠯᠤᠰ ᠲᠦᠷᠦ᠍ ᠬᠠᠤᠯᠢ ᠴᠠᠭᠠᠵᠠ᠎ᠶ᠋ᠢᠨ ᠱᠢᠰᠲᠸ᠋ᠮᠤᠨ ᠦᠪᠡᠷ᠎ᠤᠨ ᠪᠠᠢᠴᠠᠭᠠᠯᠳᠠ᠎ᠳᠤ 92 ᠺᠠᠳ᠋ᠷ ᠠᠵᠢᠯᠳᠠᠨ᠎ᠤ ᠠᠰᠠᠭᠤᠳᠠᠯ᠎ᠢ ᠪᠠᠢᠴᠠᠭᠠᠵᠤ ᠪᠠᠢᠳᠠᠯ᠎ᠢ᠎ᠨᠢ ᠦᠨᠳᠦᠰᠦᠯᠡᠨ ᠲᠦᠷᠦᠯᠱᠢᠭᠦᠯᠦᠨ ᠱᠢᠢᠳᠪᠦᠷᠢᠯᠡᠵᠠᠢ᠃ ᠪᠠᠰᠠ ᠠᠰᠠᠭᠤᠳᠠᠯ᠎ᠤᠨ ᠰᠦᠪᠡᠭ᠌ᠴᠢ᠎ᠶ᠋ᠢ ᠬᠠᠷᠭᠤᠭᠤᠯᠤᠨ ᠪᠠᠢᠴᠠᠭᠠᠬᠤ ᠶᠠᠪᠤᠴᠠ᠎ᠳᠤ᠂ ᠡᠯ᠎ᠠ ᠱᠠᠲᠤᠨ᠎ᠳᠤ ᠤᠷᠤᠱᠢᠵᠤ ᠪᠠᠢᠭ᠍ᠰᠠᠨ 150 ᠠᠰᠠᠭᠤᠳᠠᠯ᠎ᠤᠨ ᠰᠦᠪᠡᠭ᠌ᠴᠢ᠎ᠶ᠋ᠢ ᠬᠦᠯᠢᠶᠡᠨ ᠱᠢᠢᠳᠪᠦᠷᠢᠯᠡᠵᠦ᠍᠂ ᠡᠭᠦᠨ᠎ᠳᠤ 124 ᠠᠰᠠᠭᠤᠳᠠᠯ᠎ᠢ ᠨᠢᠭᠡᠨᠳᠡ ᠱᠢᠢᠳᠪᠦᠷᠢᠯᠡᠵᠤ᠂ ᠱᠢᠢᠳᠪᠦᠷᠢᠯᠡᠨ ᠲᠠᠭᠤᠰᠭᠠᠭ᠍ᠰᠠᠨ ᠨᠤᠷᠮ᠎ᠠ 82% ᠲᠤ ᠬᠦᠷᠴᠠᠢ᠃
ᠱᠢᠯᠢᠩᠬᠤᠳᠠ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠦᠮᠦᠵᠢᠯ ᠴᠡᠭ᠌ᠴᠡᠯᠡᠯᠳᠡ᠎ᠶ᠋ᠢᠨ ᠠᠵᠢᠯ᠎ᠢ ᠴᠢᠩᠭ᠎ᠠ ᠬᠢᠨᠠᠮᠠᠭᠠᠢ ᠦᠷᠨᠢᠭᠦᠯᠵᠦ᠍᠂ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠳᠤ ᠤᠷᠤᠱᠢᠵᠤ ᠪᠠᠢᠭ᠍ᠰᠠᠨ ᠨᠢᠭᠡ ᠪᠦᠯᠦᠭ ᠠᠰᠠᠭᠤᠳᠠᠯ᠎ᠢ ᠲᠦᠷᠭᠡᠨ ᠪᠦᠭᠡᠳ ᠲᠤᠭᠤᠱᠢᠳᠠᠢ ᠴᠡᠪᠡᠷᠯᠡᠭ᠌ᠰᠡᠨ᠎ᠢᠶᠠᠷ ᠨᠠᠩ ᠤᠯᠠᠨ ᠬᠦᠮᠦᠨ᠎ᠳᠤ ᠰᠡᠷᠡᠮᠵᠢ ᠬᠦᠮᠦᠵᠢᠯ ᠪᠤᠯᠵᠤ᠂ ᠨᠡᠩ ᠴᠤ᠌ ᠲᠤᠰ ᠬᠤᠳᠠ᠎ᠶ᠋ᠢᠨ ᠬᠤᠢᠱᠢᠳᠠ᠎ᠶ᠋ᠢᠨ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡᠨ᠎ᠤ ᠬᠦᠮᠦᠵᠢᠯ ᠴᠡᠭ᠌ᠴᠡᠯᠡᠯᠳᠡ᠎ᠶ᠋ᠢᠨ ᠠᠵᠢᠯ᠎ᠢ ᠨᠡᠩ ᠰᠠᠢᠳᠤᠷ ᠦᠷᠨᠢᠭᠦᠯᠬᠦ᠌᠎ᠳᠤ ᠰᠠᠭᠤᠷᠢ ᠲᠠᠯᠪᠢᠵᠠᠢ᠃