ᠢᠦ᠋ᠢᠴᠢᠤᠸᠠᠨ ᠲᠣᠭᠤᠷᠢᠭ᠄ ᠨᠡᠢᠭᠡᠮ᠎ᠤᠨ ᠳᠠᠭᠠᠳᠭᠠᠯ᠎ᠤᠨ ᠦᠢᠯᠡᠴᠢᠯᠡᠭᠡ᠎ᠶ᠋ᠢ ᠡᠭᠦᠳᠡᠨ᠎ᠳᠤᠨᠢ ᠬᠦᠷᠭᠡᠨ᠎ᠡ
2021-05-26 09:47:33
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠢᠦ᠋ᠢᠴᠢᠤᠸᠠᠨ ᠲᠣᠭᠤᠷᠢᠭ᠎ᠤᠨ ᠬᠠᠮ ᠵᠠᠭᠤᠴᠢᠯᠠᠭᠤᠷ᠎ᠤᠨ ᠲᠥᠪ

ᠬᠥᠬᠡᠬᠤᠲᠠ᠎ᠶ᠋ᠢᠨ ᠢᠦ᠋ᠢᠴᠢᠤᠸᠠᠨ ᠲᠣᠭᠤᠷᠢᠭ᠎ᠤᠨ᠎ᠬᠢᠨ ᠨᠡᠢᠭᠡᠮ᠎ᠤᠨ ᠳᠠᠭᠠᠳᠭᠠᠯ᠎ᠤᠨ ᠦᠢᠯᠡᠴᠢᠯᠡᠭᠡᠨ᠎ᠤ ᠠᠵᠢᠯ᠎ᠤᠨ ᠴᠢᠨᠠᠷ ᠴᠢᠨᠰᠠᠭ᠎ᠠ᠂ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠬᠢᠷᠢ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ 《ᠣᠯᠠᠨ ᠲᠦᠮᠡᠨ᠎ᠤ ᠬᠡᠷᠡᠭ᠌ᠴᠡᠭᠡ ᠱᠠᠭᠠᠷᠳᠠᠯᠭ᠎ᠠ᠂ ᠲᠠᠨ᠎ᠳᠤ ᠲᠤᠰᠠᠯᠠᠶ᠎ᠠ》 ᠦᠢᠯᠡᠴᠢᠯᠡᠭᠡᠨ᠎ᠤ ᠬᠠᠯᠠᠭᠤᠨ ᠰᠡᠳᠭᠢᠯᠭᠡ ᠪᠠ ᠠᠷᠠᠳ ᠲᠦᠮᠡᠨ᠎ᠳᠤ ᠦᠢᠯᠡᠴᠢᠯᠡᠬᠦ᠌ ᠵᠣᠷᠢᠯᠲᠠ᠎ᠪᠠᠷ᠂ ᠨᠡᠢᠭᠡᠮ᠎ᠤᠨ ᠳᠠᠭᠠᠳᠭᠠᠯ᠎ᠤᠨ ᠪᠦᠷᠬᠦᠴᠡ᠎ᠶ᠋ᠢ ᠪᠡᠶᠡᠯᠡᠭᠦᠯᠭᠦ᠎ᠪᠠᠷ ᠴᠢᠷᠮᠠᠢᠵᠤ ᠪᠤᠢ᠃ 5 ᠰᠠᠷ᠎ᠠ᠎ᠶ᠋ᠢᠨ 21 ᠎ᠤ ᠡᠳᠦᠷ᠂ ᠬᠥᠬᠡᠬᠤᠲᠠ᠎ᠶ᠋ᠢᠨ ᠢᠦ᠋ᠢᠴᠢᠤᠸᠠᠨ ᠲᠣᠭᠤᠷᠢᠭ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠣᠪᠴᠢᠶ᠎ᠠ ᠶᠡᠭᠡ ᠵᠤᠤ ᠠᠭᠤᠳᠠᠮ ᠲᠠᠯᠠᠪᠠᠶ᠎ᠳᠤ 《ᠲᠠᠪᠤᠨ ᠰᠠᠷ᠎ᠡ᠎ᠶ᠋ᠢᠨ ᠢᠦ᠋ᠢᠴᠢᠤᠸᠠᠨ ᠲᠤᠭᠤᠷᠢᠭ ᠠᠮᠢᠵᠢᠷᠠᠯ᠎ᠤᠨ ᠬᠦᠴᠦᠨ᠎ᠢᠶᠠᠷ ᠪᠢᠯᠬᠠᠵᠤ᠂ ᠨᠡᠢᠭᠡᠮ᠎ᠤᠨ ᠳᠠᠭᠠᠳᠭᠠᠯ᠎ᠤᠨ  ᠦᠢᠯᠡᠴᠢᠯᠡᠭᠡ᠎ᠶ᠋ᠢ ᠲᠦᠮᠡᠨ ᠡᠷᠦᠬᠡ᠎ᠳᠤ ᠬᠦᠷᠭᠡᠨ᠎ᠡ》 ᠭᠡᠬᠦ᠌ ᠭᠤᠤᠯ ᠰᠡᠳᠦᠪᠲᠦ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠪᠡ᠃

ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠤᠷ᠎ᠲᠤ᠌᠂ ᠤᠬᠠᠭᠤᠯᠬᠤ ᠠᠵᠢᠯᠲᠠᠨ ᠰᠠᠭᠤᠭᠠᠯᠢ ᠠᠷᠠᠳ᠎ᠲᠤ ᠨᠡᠢᠭᠡᠮ᠎ᠤᠨ ᠳᠠᠭᠠᠳᠭᠠᠯ᠎ᠤᠨ ᠬᠠᠮᠢᠶ᠎ᠠ ᠪᠥᠬᠦᠶ ᠲᠥᠷᠥ᠎ᠶ᠋ᠢᠨ ᠪᠣᠳᠣᠯᠭ᠎ᠠ᠎ᠶ᠋ᠢ ᠨᠢᠭᠡ ᠨᠢᠭᠡ᠎ᠪᠠᠷ ᠲᠠᠢᠯᠪᠤᠷᠢᠯᠠᠨ ᠥᠭ᠌ᠴᠦ᠂ ᠨᠡᠢᠭᠡᠮ᠎ᠤᠨ ᠳᠠᠭᠠᠳᠭᠠᠯ᠎ᠤᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠳᠤᠮᠳᠠᠬᠢ ᠣᠯᠠᠨ ᠲᠦᠮᠡᠨ᠎ᠤ ᠰᠠᠨᠳᠤᠷᠴᠦ᠍ ᠬᠦᠴᠢᠷᠲᠡᠵᠦ᠍ ᠵᠤᠪᠠᠨᠢᠵᠦ᠍ ᠬᠦᠰᠡᠵᠦ᠍ ᠪᠠᠢᠭ᠎ᠠ ᠠᠰᠠᠭᠤᠳᠠᠯ᠎ᠢ ᠭᠤᠤᠯᠳᠠᠯᠭ᠎ᠠ᠎ᠲᠠᠢ  ᠱᠢᠢᠳᠪᠦᠷᠢᠯᠡᠵᠦ᠍᠂ ᠡᠯ᠎ᠡ  ᠵᠦᠢᠯ᠎ᠤᠨ ᠤᠬᠠᠭᠤᠯᠭ᠎ᠠ᠎ᠶ᠋ᠢᠨ ᠮᠠᠲ᠋ᠧᠷᠢᠶᠠᠯ᠎ᠢ 1000 ᠭᠠᠷᠤᠶ ᠬᠤᠪᠢ ᠲᠠᠷᠬᠠᠭᠠᠵᠤ᠂  ᠲᠤᠬᠠᠶ ᠎ᠶ᠋ᠢᠨ ᠲᠠᠯᠠᠪᠤᠷ ᠎ᠲᠤ  ᠳᠡᠩᠰᠡᠯᠡᠨ ᠥᠭ᠌ᠴᠦ᠂ ᠰᠠᠭᠤᠭᠠᠯᠢ  ᠠᠷᠠᠳ ᠎ᠤᠨ ᠨᠡᠢᠭᠡᠮ ᠎ᠤᠨ ᠳᠠᠭᠠᠳᠭᠠᠯ ᠎ᠤᠨ ᠠᠰᠠᠭᠤᠳᠠᠯ ᠎ᠢ 200 ᠭᠠᠷᠤᠶ ᠬᠤᠪᠢ ᠬᠠᠷᠢᠭᠤᠯᠵᠠᠶ᠃ 《ᠥᠨᠥᠳᠦᠷ ᠠᠭᠤᠳᠠᠮ ᠲᠠᠯᠠᠪᠠᠶ᠎ᠳᠤ ᠨᠡᠢᠭᠡᠮ᠎ᠤᠨ ᠳᠠᠭᠠᠳᠭᠠᠯ᠎ᠤᠨ ᠠᠰᠠᠭᠤᠨ ᠯᠠᠪᠯᠠᠭ᠎ᠠ᠎ᠶ᠋ᠢᠨ ᠠᠵᠢᠯᠯᠠᠭ᠎ᠠ᠎ᠲᠠᠢ ᠭᠡᠵᠦ᠍ ᠰᠤᠨᠤᠰᠤᠭᠠᠳ ᠪᠢ ᠡᠷᠲᠡ ᠢᠷᠡᠵᠦ᠍ ᠬᠦᠯᠢᠶᠡᠵᠦ᠍ ᠰᠠᠭᠤᠵᠡᠢ᠂ ᠨᠡᠢᠭᠡᠮ᠎ᠤᠨ ᠳᠠᠭᠠᠳᠭᠠᠯ᠎ᠤᠨ ᠲᠤᠬᠠᠢ ᠨᠡᠩ ᠤᠯᠠᠨ ᠤᠢ᠍ᠢᠯᠠᠭᠠᠯᠲᠠ᠎ᠲᠠᠢ ᠪᠤᠯᠪᠡ᠂ ᠠᠵᠢᠯᠲᠠᠨ ᠮᠠᠰᠢ ᠨᠠᠷᠢᠨ ᠲᠣᠳᠣᠷᠬᠠᠶ ᠲᠠᠢᠯᠪᠤᠷᠢᠯᠠᠵᠤ ᠦᠭ᠌ᠭᠦᠭ᠌ᠰᠡᠨ ᠪᠠᠢᠨ᠎ᠡ᠂ ᠲᠡᠳᠡᠨ᠎ᠳᠤ ᠶᠡᠬᠡᠳᠡ ᠲᠠᠯᠠᠷᠬᠠᠵᠤ ᠪᠠᠢᠨ᠎ᠠ ᠱᠢᠤ》 ᠭᠡᠵᠦ᠍ ᠳ᠋ᠦᠩ ᠨᠠᠰᠤᠲᠠᠨ ᠪᠠᠶᠠᠷᠲᠠᠶ ᠵᠠᠷᠢᠨ᠎ᠡ᠃

ᠢᠦ᠋ᠢᠴᠢᠤᠸᠠᠨ ᠲᠣᠭᠤᠷᠢᠭ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠨᠡᠢᠭᠡᠮ᠎ᠤᠨ ᠳᠠᠭᠠᠳᠭᠠᠯ᠎ᠤᠨ ᠠᠵᠢᠯ ᠦᠢᠯᠡᠰ᠎ᠤᠨ ᠦᠢᠯᠡᠴᠢᠯᠡᠭᠡᠨ᠎ᠤ ᠲᠥᠪ᠎ᠤᠨ ᠬᠠᠷᠢᠭᠤᠴᠠᠯᠭᠠᠲᠠᠨ ᠱᠢᠤᠢ ᠱᠣᠤ ᠬᠤᠸᠠ ᠲᠠᠨᠢᠯᠴᠠᠭᠤᠯᠬᠤ᠎ᠳᠠᠭᠠᠨ᠂ ᠲᠣᠰ ᠤᠳᠠᠭᠠᠨ᠎ᠤ ᠤᠬᠠᠭᠤᠯᠭ᠎ᠠ᠎ᠶ᠋ᠢᠨ ᠠᠭᠤᠯᠭ᠎ᠠ᠎ᠨᠢ ᠨᠡᠢᠭᠡᠮ᠎ᠤᠨ ᠳᠠᠭᠠᠳᠭᠠᠯ᠎ᠤᠨ ᠬᠠᠤᠯᠢ ᠴᠠᠭᠠᠵᠠ ᠬᠠᠤᠯᠢ ᠲᠣᠭ᠍ᠲᠠᠭᠠᠯ᠂ ᠬᠠᠷᠠᠭᠠᠯᠵᠠᠯ ᠬᠦᠷᠲᠡᠭᠡᠯ᠎ᠢ ᠲᠣᠳᠣᠷᠬᠠᠶ ᠪᠤᠳᠤᠬᠤ᠂ ᠳᠠᠭᠠᠳᠭᠠᠯ᠎ᠳᠤ ᠣᠷᠣᠯᠴᠠᠨ ᠰᠦᠶᠳᠭᠡᠯ ᠲᠤᠱᠢᠶᠠᠬᠤ᠂ ᠬᠢᠷᠢ ᠬᠡᠮ᠎ᠢ ᠭᠡᠷᠡᠴᠢᠯᠡᠬᠦ᠂ ᠴᠢᠯᠦᠭᠡᠲᠦ ᠠᠵᠢᠯ ᠬᠢᠭ᠌ᠰᠡᠳ᠎ᠤᠨ ᠰᠦᠢᠳᠭᠡᠯ ᠲᠤᠱᠢᠶᠠᠬᠤ᠎ᠶ᠋ᠢ ᠬᠢᠨᠠᠨ ᠲᠣᠭ᠍ᠲᠠᠭᠠᠬᠤ᠂ ᠭᠠᠢᠯᠢ᠎ᠶ᠋ᠢ ᠬᠥᠩᠭᠡᠯᠡᠵᠦ᠍  ᠰᠦᠢᠳᠭᠡᠯ᠎ᠢ ᠪᠠᠭᠤᠷᠠᠭᠤᠯᠬᠤ᠂ ᠨᠡᠢᠭᠡᠮ᠎ᠤᠨ ᠳᠠᠭᠠᠳᠭᠠᠯ᠎ᠤᠨ ᠺᠠᠷᠲ᠎ᠢ ᠬᠡᠷᠡᠭ᠌ᠯᠡᠬᠦ᠂ ᠨᠡᠢᠭᠡᠮ᠎ᠤᠨ ᠳᠠᠭᠠᠳᠭᠠᠯ᠎ᠤᠨ ᠨᠥᠬᠦᠪᠥᠷᠢ ᠥᠭ᠌ᠬᠦ ᠵᠡᠷᠭᠡ ᠬᠠᠮᠢᠶ᠎ᠠ ᠪᠥᠬᠦᠶ ᠲᠥᠷᠥ᠎ᠶ᠋ᠢᠨ ᠪᠣᠳᠣᠯᠭ᠎ᠠ᠎ᠳᠤ ᠬᠤᠯᠪᠣᠭ᠍ᠳᠠᠵᠠᠶ᠃ ᠲᠠᠷᠠᠭᠠᠴᠢ᠎ᠶ᠋ᠢᠨ ᠠᠯᠬᠤᠮ᠎ᠳᠤ  ᠦᠢᠯᠡᠴᠢᠯᠡᠭᠡᠨ᠎ᠤ ᠤᠬᠠᠮᠰᠠᠷ᠎ᠢᠶᠠᠨ ᠦᠷᠭᠦᠯᠵᠢᠯᠡᠨ ᠴᠢᠩᠭᠠᠳᠭᠠᠵᠤ᠂ 《ᠣᠯᠠᠨ ᠲᠦᠮᠡᠨ᠎ᠳᠤ ᠪᠤᠳᠠᠳᠤ ᠶᠠᠪᠤᠳᠠᠯ ᠬᠢᠵᠤ ᠦᠭ᠌ᠭᠦᠶ᠎ᠠ》 ᠦᠢᠯᠡᠳᠦᠯᠭᠡ᠎ᠶ᠋ᠢᠨ ᠠᠵᠢᠯᠯᠠᠭ᠎ᠠ᠎ᠪᠠᠷ ᠲᠥᠷᠥ᠎ᠶ᠋ᠢᠨ ᠪᠣᠳᠣᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢᠨ 《ᠡᠴᠦᠰ᠎ᠤᠨ ᠨᠢᠭᠡ ᠺᠢᠯᠣᠮᠧᠲᠷ》 ᠎ᠢ ᠨᠡᠪᠲᠡᠷᠡᠭᠦᠯᠵᠦ᠍᠂ ᠠᠷᠠᠳ᠎ᠲᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号