《ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ ᠳᠡᠭᠡᠷ᠎ᠡ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠨᠢ ᠥᠪᠥᠷ ᠮᠣᠩᠭᠤᠯ᠎ᠤᠨ ᠪᠦᠬᠦ᠌ ᠲᠠᠯ᠎ᠠ᠎ᠶ᠋ᠢᠨ ᠠᠵᠢᠯ ᠪᠠ ᠠᠯᠤᠰ ᠬᠡᠳᠦ᠎ᠶ᠋ᠢᠨ ᠬᠥᠭ᠌ᠵᠢᠯᠲᠡ᠎ᠲᠠᠢ ᠬᠤᠯᠪᠣᠭ᠍ᠳᠠᠬᠤ ᠴᠢᠬᠤᠯᠠ ᠶᠡᠭᠡ ᠠᠰᠠᠭᠤᠳᠠᠯ᠎ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠮᠠᠨ᠎ᠤ ᠡᠯ᠎ᠡ ᠵᠦᠢᠯ᠎ᠤᠨ ᠠᠵᠢᠯ᠎ᠢᠶᠠᠨ ᠰᠠᠢᠲᠤᠷ ᠬᠢᠬᠦ᠌᠎ᠳᠤ ᠦᠵᠡᠯ ᠰᠠᠨᠠᠭᠠᠨ᠎ᠤ ᠵᠢᠷᠤᠮᠯᠠᠯ ᠪᠠ ᠠᠵᠢᠯᠯᠠᠭᠠᠨ᠎ᠤ ᠵᠦᠭ᠌ᠯᠡᠭᠦᠷ ᠬᠠᠩᠭᠠᠪᠠ᠃ ᠥᠪᠥᠷ ᠮᠣᠩᠭᠤᠯ ᠪᠣᠯ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢᠭᠤᠯᠤᠭ᠍ᠳᠠᠭ᠍ᠰᠠᠨ ᠥᠪᠡᠷᠲᠡᠭᠡᠨ ᠵᠠᠰᠠᠬᠤ ᠣᠷᠣᠨ ᠮᠥᠨ᠂ ᠪᠠᠰᠠ ᠴᠤ᠌ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠮᠥᠨ᠂ ᠦᠨᠳᠦᠰᠦᠲᠡᠨ᠎ᠤ ᠬᠡᠷᠡᠭ ᠡᠷᠭᠢᠯᠡᠬᠦ᠌ ᠵᠥᠪᠯᠡᠯ᠎ᠤᠨ ᠱᠢᠰᠲ᠋ᠧᠮ᠎ᠤᠨ ᠺᠠᠳ᠋ᠷ ᠪᠣᠯᠤᠭ᠍ᠰᠠᠨ᠎ᠤ ᠬᠤᠪᠢ᠎ᠳᠤ᠂ ᠪᠢ ᠨᠠᠮ᠎ᠤᠨ ᠦᠨᠳᠦᠰᠦᠲᠡᠨ᠎ᠤ ᠲᠥᠷᠥ᠎ᠶ᠋ᠢᠨ ᠪᠣᠳᠣᠯᠭ᠎ᠠ᠎ᠶ᠋ᠢ ᠡᠷᠡᠰ ᠭᠤᠢᠪᠢᠰᠢ ᠥᠬᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠲᠠ ᠥᠬᠡᠶ ᠪᠠᠲᠤ ᠴᠤᠭ᠍ᠴᠠᠯᠠᠵᠤ᠂ ᠦᠨᠳᠦᠰᠦᠲᠡᠨ᠎ᠤ ᠠᠵᠢᠯ᠎ᠢ ᠰᠡᠳᠭᠢᠯ ᠳᠡᠯᠪᠢᠨ ᠰᠠᠢᠲᠤᠷ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠦᠢᠯᠡᠰ᠎ᠲᠤ ᠬᠤᠪᠢ ᠨᠡᠮᠡᠷᠢ᠎ᠪᠠᠨ ᠦᠵᠡᠭᠦᠯᠦᠨ᠎ᠡ》 ᠭᠡᠵᠦ᠍ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠭᠠᠨ ᠪᠠ ᠬᠡᠷᠡᠭ᠌ᠯᠡᠭᠡᠨ᠎ᠤ ᠲᠥᠪ᠎ᠤᠨ ᠡᠷᠬᠢᠯᠡᠭ᠌ᠴᠢ ᠠᠯᠲᠠᠨᠪᠠᠭᠠᠨ᠎ᠠ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ ᠬᠡᠯᠡᠭ᠌ᠰᠡᠨ ᠶᠤᠮ᠃
ᠠᠯᠲᠠᠨᠪᠠᠭᠠᠨ᠎ᠠ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠠᠵᠢᠯ᠎ᠤᠨ ᠭᠤᠣᠯ ᠱᠢᠵᠢᠮ ᠮᠥᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠪᠣᠯ ᠦᠨᠳᠦᠰᠦᠲᠡᠨ᠎ᠨᠦᠭᠦᠳ᠎ᠤᠨ ᠤᠢ᠍ᠢᠯᠠᠭᠠᠯᠴᠠᠵᠤ ᠰᠣᠯᠢᠯᠴᠠᠬᠤ ᠬᠥᠭᠦᠷᠭᠡ ᠮᠥᠨ᠃ ᠪᠢ ᠮᠠᠯᠵᠢᠬᠤ ᠣᠷᠣᠨ᠎ᠳᠤ ᠲᠥᠷᠥᠵᠦ᠍ ᠥᠰᠴᠡᠶ᠂ 1988 ᠣᠨ᠎ᠳᠤ ᠪᠢ ᠠᠩᠬ᠎ᠠ ᠳᠤᠮᠳᠠᠳᠤ᠎ᠪᠠᠨ ᠲᠡᠭᠦᠰᠦᠭ᠌ᠰᠡᠨ᠎ᠤ ᠳᠠᠷᠠᠭ᠎ᠠ ᠥᠪᠥᠷ ᠮᠣᠩᠭᠤᠯ᠎ᠤᠨ ᠡᠯᠧᠺᠳ᠋ᠷᠣᠨ ᠰᠤᠷᠭᠠᠭᠤᠯᠢ᠎ᠳᠤ ᠱᠢᠯᠭᠠᠨ ᠣᠷᠣᠵᠠᠶ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠶ᠋ᠢ ᠬᠡᠯᠡᠵᠦ᠍ ᠴᠢᠳᠠᠬᠤ ᠦᠭᠡᠢ ᠪᠤᠯᠬᠤᠷ ᠰᠤᠷᠭᠠᠭᠤᠯᠢ᠎ᠳᠤ ᠬᠦᠷᠦᠭᠡᠳ ᠠᠩᠬ᠎ᠠ ᠤᠳᠠᠭ᠎ᠠ ᠬᠤᠭᠤᠯᠠᠨ ᠭᠡᠷ᠎ᠲᠤ ᠬᠤᠭᠤᠯᠠ ᠢᠳᠡᠬᠦ᠌ ᠦᠶᠡᠰ ᠬᠠᠭᠤᠷᠤᠭ᠍ᠰᠠᠨ ᠮᠢᠬ᠎ᠠ ᠢᠳᠡᠶ᠎ᠡ ᠭᠡᠵᠦ᠍ ᠰᠠᠨᠠᠪᠠᠴᠤ᠌ ᠬᠡᠯᠡᠵᠤ ᠴᠢᠳᠠᠬᠤ ᠦᠭᠡᠢ᠂ ᠵᠥᠪᠬᠡᠨ ᠡᠮᠦᠨ᠎ᠡ ᠮᠥᠷᠯᠡᠵᠦ᠍ ᠪᠠᠢᠭ᠎ᠠ ᠳᠡᠭᠡᠷ᠎ᠡ ᠣᠨ᠎ᠤ ᠬᠠᠮᠲᠤ ᠰᠤᠷᠤᠯᠭᠠᠲᠠᠨ ᠨᠢᠭᠡ ᠬᠤᠪᠢ ᠪᠤᠤᠵᠠ ᠠᠪᠬᠤ᠎ᠳᠤ ᠪᠢ ᠪᠠᠰᠨ ᠲᠡᠬᠦᠨ᠎ᠢ ᠲᠠᠭᠤᠷᠢᠶᠠᠭᠠᠳ ᠪᠤᠤᠵᠨ ᠠᠪᠴᠡᠢ; ᠠᠩᠬ᠎ᠠ ᠤᠳᠠᠭ᠎ᠠ ᠨᠡᠢᠲᠡ᠎ᠶ᠋ᠢᠨ ᠮᠠᠱᠢᠨ᠎ᠳᠤ ᠰᠠᠭᠤᠬᠤ ᠭᠡᠳ ᠪᠤᠷᠤᠭᠤ ᠴᠢᠭ᠌ᠯᠡᠯ᠎ᠢᠶᠠᠷ ᠬᠠᠭᠠᠰ ᠡᠳᠦᠷ ᠬᠦᠯᠢᠶᠡᠭᠡᠳ ᠮᠠᠰᠢ ᠣᠯᠠᠨ ᠢᠨᠢᠶᠠᠳᠤᠮ ᠭᠠᠷᠭᠠᠪᠠ᠃ ᠠᠭᠠᠵᠢᠮ᠎ᠢᠶᠠᠷ ᠪᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠠᠷ ᠢᠯᠡᠳᠭᠡᠬᠦ᠌᠎ᠶ᠋ᠢ ᠰᠤᠷᠴᠤ᠌ ᠡᠬᠢᠯᠡᠪᠡ᠂ ᠲᠦᠷᠦᠭᠦᠦ ᠵᠢᠯ᠎ᠳᠤᠨᠢ ᠨᠢᠭᠡ ᠲᠡᠪᠳᠡᠷ 《ᠱᠢᠨᠬᠤᠸᠠ ᠲᠤᠯᠢ》 ᠶ᠋ᠢ ᠰᠡᠮᠡᠷᠡᠲᠡᠯᠠ ᠤᠷᠪᠠᠭᠤᠯᠵᠠᠢ᠃ ᠡᠭᠦᠨ᠎ᠠᠴᠠ ᠬᠤᠢᠰᠢ ᠠᠭᠠᠵᠢᠮ᠎ᠢᠶᠠᠷ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠳᠤᠷ ᠡᠵᠡᠮᠱᠢᠵᠦ᠍᠂ ᠪᠠᠰᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠵᠥᠪᠯᠡᠯ᠎ᠤᠨ ᠲᠡᠷᠢᠭᠦᠯᠡᠭ᠌ᠴᠢ᠎ᠶ᠋ᠢᠨ ᠲᠤᠱᠢᠶᠠᠯ᠎ᠢ ᠡᠭᠦᠷᠭᠡᠯᠡᠵᠦ᠍᠂ 1992 ᠣᠨ᠎ᠳᠤ ᠰᠤᠷᠭᠠᠭᠤᠯᠢ᠎ᠳᠠᠭᠠᠨ ᠦᠯᠡᠳᠡᠵᠦ᠍ ᠠᠵᠢᠯᠯᠠᠪᠠ᠃ ᠤᠯᠤᠰ᠎ᠠᠴᠠ ᠬᠢᠯᠢ ᠳᠠᠭᠠᠤ ᠬᠤᠲᠠ᠎ᠶ᠋ᠢ ᠨᠡᠭᠡᠭᠡᠭ᠌ᠰᠡᠨ᠎ᠤ ᠳᠠᠷᠠᠭ᠎ᠠ᠂ ᠮᠠᠨ᠎ᠤ ᠤᠯᠤᠰ ᠪᠣᠯᠤᠨ ᠮᠣᠩᠭᠤᠯ ᠤᠯᠤᠰ᠎ᠤᠨ ᠬᠢᠯᠢ᠎ᠶ᠋ᠢᠨ ᠠᠷᠠᠯᠵᠢᠶᠠᠨ᠎ᠤ ᠶᠠᠪᠤᠯᠴᠠᠭ᠎ᠠ ᠨᠢᠭ᠍ᠲᠠ ᠪᠣᠯᠵᠣ᠂ ᠪᠢ ᠪᠠᠰᠠ ᠣᠷᠴᠢᠭᠤᠯᠭ᠎ᠠ᠎ᠶ᠋ᠢᠨ ᠰᠠᠢᠨ ᠳᠤᠷ᠎ᠠ᠎ᠶ᠋ᠢᠨ ᠠᠵᠢᠯᠯᠠᠭ᠍ᠴᠢ ᠪᠣᠯᠵᠣ ᠥᠩᠭᠡᠷᠡᠵᠡᠶ ᠭᠡᠨ᠎ᠡ᠃
ᠠᠯᠲᠠᠨᠪᠠᠭᠠᠨ᠎ᠠ᠂ ᠪᠢ ᠰᠤᠷᠭᠠᠭᠤᠯᠢ᠎ᠳᠤ ᠦᠨᠳᠦᠰᠦᠲᠡᠨ᠎ᠤ ᠠᠩᠬᠢ᠎ᠶ᠋ᠢᠨ ᠠᠩᠬᠢ᠎ᠶ᠋ᠢᠨ ᠡᠷᠬᠢᠯᠡᠭ᠌ᠴᠢ᠎ᠶ᠋ᠢᠨ ᠲᠤᠱᠢᠶᠠᠯ᠎ᠢ ᠬᠠᠷᠢᠭᠤᠴᠠᠵᠤ ᠪᠠᠢᠬᠤ ᠬᠤᠭᠤᠴᠠᠭᠠᠨ᠎ᠳᠠᠭᠠᠨ ᠦᠷᠭᠦᠯᠵᠢ ᠰᠤᠷᠤᠭ᠍ᠴᠢᠳ᠎ᠲᠤ ᠥᠪᠡᠷ᠎ᠤᠨ ᠦᠰᠦᠨ ᠪᠤᠢᠵᠢᠭ᠍ᠰᠠᠨ ᠥᠩᠭᠡᠷᠡᠯᠲᠡ᠎ᠪᠠᠨ ᠶᠠᠷᠢᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠨ ᠡᠵᠡᠮᠱᠢᠬᠦ᠌᠎ᠶ᠋ᠢᠨ ᠴᠢᠬᠤᠯᠠ ᠴᠢᠨᠠᠷ᠎ᠢ ᠶᠠᠷᠢᠵᠤ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠠᠷ ᠰᠣᠯᠢᠯᠴᠠᠭ᠎ᠠ ᠬᠢᠬᠦ᠌᠎ᠶ᠋ᠢ ᠵᠣᠷᠢᠭ᠍ᠵᠢᠭᠤᠯᠳᠠᠬ᠃ ᠡᠳᠦᠷ ᠪᠦᠷᠢ ᠨᠢᠭᠡ ᠰᠤᠷᠤᠭ᠍ᠴᠢ᠎ᠶ᠋ᠢ ᠠᠩᠬᠢ᠎ᠶ᠋ᠢᠨ ᠳᠠᠷᠤᠭ᠎ᠠ᠎ᠪᠠᠷ ᠡᠭᠡᠯᠵᠢᠯᠡᠭᠦᠯᠦᠨ ᠲᠣᠬᠢᠷᠠᠭᠤᠯᠵᠤ᠂ ᠲᠡᠳᠡᠨ᠎ᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠠᠷ ᠠᠩᠭᠢ᠎ᠶ᠋ᠢᠨ ᠡᠯ᠎ᠡ ᠵᠦᠢᠯ᠎ᠤᠨ ᠠᠵᠢᠯᠯᠠᠭ᠎ᠠ᠎ᠶ᠋ᠢ ᠵᠣᠬᠢᠶᠠᠨ ᠪᠠᠢᠭᠤᠯᠬᠤ᠎ᠶ᠋ᠢ ᠱᠠᠭᠠᠷᠳᠠᠨ᠂ ᠰᠤᠷᠤᠭ᠍ᠴᠢᠳ᠎ᠤᠨ ᠦᠭᠡ ᠬᠡᠯᠡᠨ᠎ᠤ ᠵᠣᠬᠢᠶᠠᠨ ᠪᠠᠢᠭᠤᠯᠬᠤ ᠴᠢᠳᠠᠪᠤᠷᠢ ᠪᠠ ᠢᠯᠡᠳᠭᠡᠬᠦ᠌ ᠴᠢᠳᠠᠪᠤᠷᠢ᠎ᠶ᠋ᠢ ᠪᠣᠯᠪᠠᠰᠤᠷᠠᠭᠤᠯᠳᠠᠭ᠃ ᠪᠢ ᠰᠤᠷᠤᠬ᠍ᠴᠢ᠎ᠠᠴᠠ ᠠᠩᠬᠢ᠎ᠶ᠋ᠢᠨ ᠡᠷᠬᠢᠯᠡᠭ᠌ᠴᠢ᠂ ᠲᠠᠬᠢᠨ ᠳᠡᠳ᠋ ᠰᠤᠳᠤᠯᠤᠭ᠍ᠴᠢ ᠬᠦᠷᠲᠡᠯ᠎ᠡ᠂ ᠳᠤᠮᠳᠠ ᠵᠡᠷᠭᠡ᠎ᠶ᠋ᠢᠨ ᠲᠤᠰᠭᠠᠢ ᠮᠡᠷᠭᠡᠵᠢᠯ᠎ᠤᠨ ᠰᠤᠷᠤᠬ᠍ᠴᠢ᠎ᠠᠴᠠ ᠵᠠᠬᠢᠳᠠᠯ᠎ᠢᠶᠠᠷ ᠰᠤᠷᠤᠯᠴᠠᠬᠤ ᠲᠤᠰᠭᠠᠢ ᠮᠡᠷᠭᠡᠵᠢᠯ᠎ᠤᠨ ᠰᠤᠷᠤᠯᠭ᠎ᠠ᠎ᠶ᠋ᠢᠨ ᠨᠠᠮᠲᠠᠷ᠂ ᠵᠢᠩᠬᠢᠨᠢ ᠠᠩᠬᠢ᠎ᠶ᠋ᠢᠨ ᠰᠤᠷᠤᠯᠭ᠎ᠠ᠎ᠶ᠋ᠢᠨ ᠨᠠᠮᠲᠠᠷ᠂ ᠮᠠᠰᠲ᠋ᠧᠷ᠎ᠤᠨ ᠡᠷᠳᠡᠮ᠎ᠤᠨ ᠴᠣᠯᠠ ᠬᠦᠷᠲᠡᠯ᠎ᠡ᠂ ᠠᠵᠢᠯᠳᠠᠨ᠎ᠠᠴᠠ ᠰᠤᠷᠭᠠᠭᠤᠯᠢ᠎ᠶ᠋ᠢᠨ ᠤᠳᠤᠷᠢᠳᠤᠯᠭ᠎ᠠ᠂ ᠲᠠᠬᠢᠨ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠺᠠᠳ᠋ᠷ ᠬᠦᠷᠲᠡᠯ᠎ᠡ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠵᠢᠱ᠌ᠢᠶᠡᠴᠢ ᠬᠤᠪᠢ ᠬᠥᠮᠦᠨ᠎ᠤ ᠢᠷᠠᠭᠤ ᠠᠯᠳᠠᠷ᠎ᠢ ᠬᠦᠷᠳᠡᠵᠡᠢ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠨ ᠡᠵᠡᠮᠱᠢᠭ᠌ᠰᠡᠨ᠎ᠨᠢ ᠨᠠᠳᠠ᠎ᠳᠤ ᠦᠵᠡᠭᠦᠯᠦᠭ᠌ᠰᠡᠨ ᠬᠠᠪᠰᠤᠷᠤᠯᠭ᠎ᠠ᠎ᠶ᠋ᠢ ᠶᠠᠭᠤ᠎ᠪᠠᠷ ᠴᠦ᠍ ᠣᠷᠣᠯᠠᠭᠤᠯᠵᠤ ᠳᠡᠢᠯᠬᠦ᠌ ᠦᠭᠡᠢ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ᠎ᠨᠢ ᠨᠡᠢᠭᠡᠮ᠎ᠳᠤ ᠨᠡᠩ ᠰᠠᠢᠨ ᠠᠭᠤᠰᠤᠯᠴᠠᠵᠤ᠂ ᠬᠦᠰᠡᠯᠡᠩ᠎ᠢᠶᠠᠨ ᠪᠡᠶᠡᠯᠡᠭᠦᠯᠬᠦ᠌ ᠪᠠ ᠠᠮᠢᠳᠤᠷᠠᠬᠤᠢ᠎ᠶ᠋ᠢᠨ ᠦᠷᠳᠡᠭ᠎ᠢᠶᠠᠨ ᠪᠡᠶᠡᠯᠡᠭᠦᠯᠵᠦ᠍᠂ ᠨᠡᠩ ᠰᠠᠢᠨ ᠰᠠᠢᠬᠠᠨ ᠢᠷᠡᠭᠡᠳᠦᠢ ᠲᠡᠢᠰᠢ ᠤᠷᠤᠭ᠍ᠰᠢᠯᠠᠵᠤ ᠴᠢᠳᠠᠨ᠎ᠠ ᠭᠡᠳᠡᠭ᠎ᠢ ᠦᠢᠯᠡᠳᠦᠯᠭᠡ ᠭᠡᠷᠡᠴᠢᠯᠡᠪᠡ ᠭᠡᠵᠦ᠍ ᠶᠠᠷᠢᠪᠠ᠃
ᠠᠯᠳᠠᠨᠪᠠᠭᠠᠨ᠎ᠠ᠂ ᠶᠡᠷᠦᠩᠬᠡᠢ ᠱᠦᠵᠢ ᠰᠢ᠎ᠶ᠋ᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ ᠳᠡᠭᠡᠷ᠎ᠡ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠬᠢᠨᠠᠨ ᠵᠥᠪᠯᠡᠬᠦ᠌᠎ᠳᠤ ᠣᠷᠣᠯᠴᠠᠬᠤ᠎ᠳᠠᠭᠠᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠪᠣᠯ ᠨᠢᠭᠡ ᠪᠦᠬᠦᠯᠢ ᠴᠣᠭ᠍ᠴᠠ ᠪᠣᠯᠤᠨ᠎ᠠ᠂ ᠡᠷᠬᠡᠪᠰᠢ ᠪᠦᠷᠢᠨ᠂ ᠣᠨᠣᠪᠴᠢᠲᠠᠢ᠂ ᠪᠦᠬᠦ᠌ ᠲᠠᠯ᠎ᠠ᠎ᠪᠠᠷ ᠤᠢ᠍ᠢᠯᠠᠭᠠᠨ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠬᠦᠴᠦᠯᠡᠨ ᠦᠢᠯᠡᠴᠢᠯᠡᠬᠦ᠌ ᠪᠠ ᠠᠭᠤᠰᠤᠯᠴᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠤ ᠤᠯᠠᠮᠵᠢᠯᠠᠯ ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ ᠡᠷᠬᠢᠮ ᠳᠡᠭᠡᠳᠦ ᠢᠷᠠᠭᠤ ᠠᠯᠳᠠᠷ᠎ᠢ ᠬᠤᠪᠢ ᠲᠠᠬᠢᠨ ᠨᠠᠨᠳᠢᠩᠨᠠᠵᠤ᠂ ᠦᠷᠭᠦᠯᠵᠢᠯᠡᠨ ᠪᠠᠷᠢᠮᠲᠠᠯᠠᠵᠤ᠂ ᠦᠨᠳᠦᠰᠦᠲᠡᠨ᠎ᠤ ᠪᠦᠯᠬᠦᠮᠳᠡᠯ᠎ᠤᠨ ᠶᠡᠭᠡ ᠲᠠᠯ᠎ᠠ᠎ᠶ᠋ᠢ ᠪᠠᠬᠢᠵᠢᠭᠦᠯᠦᠨ ᠬᠥᠭ᠌ᠵᠢᠭᠦᠯᠬᠦ᠌ ᠬᠡᠷᠡᠭ᠌ᠲᠡᠢ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ ᠪᠢᠳᠡ 《ᠬᠤᠶᠠᠷ ᠬᠠᠯᠬᠠᠪᠴᠢ》᠂ 《ᠬᠤᠶᠠᠷ ᠰᠠᠭᠤᠷᠢᠨ》 ᠪᠠ 《ᠨᠢᠭᠡ ᠪᠠᠬᠢᠯᠡᠯᠲᠡ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠬᠤ ᠬᠡᠷᠡᠭ᠌ᠲᠡᠶ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠪᠠ ᠪᠦᠬᠦ᠌ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ᠌ ᠵᠥᠪᠯᠡᠯ᠎ᠤᠨ ᠱᠢᠰᠲ᠋ᠧᠮ᠎ᠤᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠰᠡᠳᠦᠪᠲᠦ ᠬᠥᠮᠦᠵᠢᠯ᠎ᠲᠠᠢ ᠨᠢᠭ᠍ᠲᠠ ᠤᠶᠠᠯᠳᠤᠭᠤᠯᠬᠤ ᠬᠡᠷᠡᠭ᠌ᠲᠡᠶ᠂ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠮᠡᠳᠡᠭᠡ ᠵᠠᠩᠭᠢ᠎ᠶ᠋ᠢᠨ ᠮᠡᠷᠭᠡᠵᠢᠯ᠎ᠤᠨ ᠦᠢᠯᠡᠴᠢᠯᠡᠭᠡᠨ᠎ᠤ ᠱᠢᠰᠲ᠋ᠧᠮ᠎ᠢ ᠪᠠᠢᠭᠤᠯᠬᠤ ᠬᠡᠷᠡᠭ᠌ᠲᠡᠢ᠂ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠦᠭ᠌ᠭᠦᠨ᠎ᠡ — ᠮᠡᠳᠡᠭᠡ ᠵᠠᠩᠭᠢᠵᠢᠯᠲᠠ᠎ᠶ᠋ᠢᠨ ᠮᠡᠷᠭᠡᠵᠢᠯ᠎ᠤᠨ ᠪᠣᠯᠪᠠᠰᠤᠷᠠᠯ᠎ᠢ ᠦᠨᠳᠦᠰᠦᠨ ᠱᠠᠲᠤᠨ᠎ᠳᠤ ᠬᠦᠷᠭᠡᠵᠦ᠍᠂ ᠬᠤᠪᠢᠰᠭᠠᠯᠲᠤ ᠰᠣᠶᠣᠯ᠎ᠢ ᠪᠠᠳᠠᠷᠠᠭᠤᠯᠬᠤ᠂ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢ ᠴᠢᠩᠭᠠᠳᠭᠠᠨ᠎ᠠ》 ᠵᠡᠷᠭᠡ ᠦᠢᠯᠡᠳᠦᠯᠭᠡ᠎ᠶ᠋ᠢᠨ ᠠᠵᠢᠯᠯᠠᠭ᠎ᠠ ᠦᠷᠨᠢᠭᠦᠯᠵᠦ᠍᠂ ᠮᠡᠳᠡᠭᠡ ᠵᠠᠩᠭᠢᠵᠢᠯᠲᠠ᠎ᠶ᠋ᠢᠨ ᠠᠷᠭ᠎ᠠ ᠪᠠᠷᠢᠯ᠎ᠢ ᠭᠦᠶᠴᠡᠳ ᠠᠱᠢᠬ᠍ᠯᠠᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠨᠠᠮ ᠪᠠ ᠤᠯᠤᠰ᠎ᠤᠨ ᠦᠨᠳᠦᠰᠦᠲᠡᠨ᠎ᠤ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠢ ᠤᠬᠠᠭᠤᠯᠤᠨ᠎ᠠ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠠᠪᠰᠤᠷᠤᠨ᠂ ᠢᠨᠲ᠋ᠧᠷ ᠰᠦᠯᠵᠢᠶᠡᠨ᠎ᠤ ᠡᠬᠢ ᠪᠠᠶᠠᠯᠢᠭ᠎ᠢ ᠨᠠᠩ ᠰᠠᠢᠲᠤᠷ ᠠᠱᠢᠬ᠍ᠯᠠᠵᠤ᠂ ᠡᠯ᠎ᠡ ᠵᠦᠢᠯ᠎ᠤᠨ ᠡᠬᠢ ᠪᠠᠶᠠᠯᠢᠭ ᠳᠣᠲᠣᠷ᠎ᠠ᠎ᠠᠴᠠ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠳᠤᠮᠳᠠᠳᠤ᠎ᠶ᠋ᠢᠨ ᠱᠢᠯᠢᠳᠡᠭ ᠰᠣᠶᠣᠯ᠎ᠤᠨ ᠮᠠᠲ᠋ᠧᠷᠢᠶᠠᠯ ᠪᠣᠯᠤᠨ ᠦᠯᠢᠭᠡᠷ᠎ᠢ ᠠᠭᠤᠳᠠᠯᠤᠨ ᠪᠠᠳᠠᠷᠠᠭᠤᠯᠤᠨ᠎ᠠ᠂ ᠮᠡᠳᠡᠭᠡ ᠵᠠᠩᠭᠢᠵᠢᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠲᠠᠰᠤᠷᠠᠯᠲᠠ ᠤᠢ᠍ᠭᠡᠢ ᠬᠦᠷᠲᠡᠭᠡᠨ᠎ᠡ᠂ ᠤᠯᠤᠰ᠎ᠤᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠳᠤ ᠬᠦᠴᠦᠨ ᠨᠡᠮᠡᠷᠢᠯᠡᠵᠤ᠂ ᠦᠨᠳᠦᠰᠦᠨ ᠱᠠᠲᠤᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠢᠳᠡᠪᠬᠢᠲᠡᠶ ᠬᠦ᠍ᠲᠥᠯᠥᠨ ᠵᠢᠯᠣᠭᠤᠳᠴᠤ᠌᠂ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢ ᠨᠡᠮᠡᠭ᠌ᠳᠡᠭᠦᠯᠦᠨ᠎ᠡ᠂ ᠰᠣᠶᠣᠯ᠎ᠤᠨ ᠢᠲᠡᠭᠡᠯ᠎ᠢ ᠪᠠᠲᠤᠤᠡᠬᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠣᠶᠣᠯ᠎ᠤᠨ ᠰᠠᠭᠤᠷᠢ᠎ᠶ᠋ᠢ ᠪᠠᠬᠢᠵᠢᠭᠦᠯᠦᠨ᠎ᠡ ᠭᠡᠪᠡ᠃
ᠠᠯᠲᠠᠨᠪᠠᠭᠠᠨ᠎ᠠ᠂ ᠦᠨᠳᠦᠰᠦᠲᠡᠨ᠎ᠤ ᠪᠦᠯᠬᠦᠮᠳᠡᠯ ᠪᠣᠯ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠨ ᠰᠤᠳᠠᠰᠤ ᠮᠥᠨ᠃ ᠪᠢ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ ᠢᠯᠠᠩᠭᠤᠶ᠎ᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠶ ᠴᠢᠬᠤᠯᠠ ᠥᠭᠦᠯᠡᠯᠲᠡ᠎ᠶ᠋ᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ》 ᠢ ᠭᠦᠨᠵᠡᠭᠡᠶ ᠰᠤᠷᠤᠯᠴᠠᠵᠤ ᠤᠬᠠᠭᠤᠯᠵᠤ ᠲᠤᠭᠤᠱᠢᠯᠠᠭᠤᠯᠵᠤ᠂ ᠲᠦᠷᠢᠮ᠎ᠤᠨ ᠴᠢᠬᠤᠯᠠ ᠠᠴᠢ ᠬᠤᠯᠪᠣᠭ᠍ᠳᠠᠯ᠎ᠢ ᠭᠦᠨᠵᠡᠭᠡᠶ ᠲᠠᠨᠢᠨ ᠡᠵᠡᠮᠱᠢᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠭᠤᠤᠯ ᠱᠢᠵᠢᠮ᠎ᠢ ᠪᠠᠲᠤ ᠡᠵᠡᠮᠱᠢᠵᠤ᠂ ᠦᠵᠡᠯ ᠰᠠᠨᠠᠭ᠎ᠠ᠂ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶᠠᠨ᠎ᠤ ᠱᠢᠢᠳᠪᠤᠷᠢᠳᠤ ᠪᠣᠳᠣᠯᠭ᠎ᠠ ᠪᠠᠢᠷᠢᠯᠠᠭᠤᠯᠤᠯᠲᠠ᠎ᠯᠤᠭ᠎ᠠ ᠤᠯᠠᠮ ᠴᠢᠨᠠᠭ᠍ᠰᠢᠳᠠ ᠨᠢᠭᠡᠤᠡᠭᠡᠵᠤ᠂ ᠪᠥᠬᠦ᠌ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠤᠨ ᠰᠤᠳᠤᠯᠭᠠᠨ ᠪᠠ ᠬᠡᠷᠡᠭ᠌ᠯᠡᠭᠡᠨ᠎ᠤ ᠦᠢᠯᠡᠰ᠎ᠤᠨ ᠲᠦᠷᠭᠡᠨ ᠬᠥᠭ᠌ᠵᠢᠯᠲᠡ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠤ ᠬᠡᠯᠡᠨ᠎ᠡ᠃