ᠺᠠᠢᠯᠦ᠍ ᠱᠢᠶᠠᠨ 《ᠳᠥᠷᠪᠡᠨ ᠶᠡᠭᠡ ᠣᠶ ᠱᠢᠭᠤᠶ ᠡᠪᠡᠰᠦ ᠪᠡᠯᠴᠢᠭᠡᠷ᠎ᠤᠨ ᠢᠨᠵᠧᠨᠧᠷᠢᠩ》 ᠤᠨ ᠲᠣᠭᠤᠷᠢᠨ᠎ᠳᠤ᠂ ᠬᠠᠪᠤᠷ᠎ᠤᠨ ᠤᠯᠠᠷᠢᠯ᠎ᠤᠨ ᠣᠢᠵᠢᠭᠤᠯᠵᠤ ᠨᠣᠭᠤᠭᠠᠷᠠᠭᠤᠯᠬᠤ ᠠᠵᠢᠯ᠎ᠢ ᠪᠥᠬᠦ᠌ ᠬᠦᠴᠦᠨ᠎ᠢᠶᠠᠷ ᠥᠷᠨᠢᠭᠦᠯᠵᠦ᠍᠂ ᠠᠮᠢ ᠠᠬᠤᠶ᠎ᠶ᠋ᠢᠨ ᠦᠷ᠎ᠡ ᠪᠦᠲᠦᠮᠵᠢ᠎ᠶ᠋ᠢ ᠤᠯᠠᠮ ᠨᠢᠭᠡ ᠠᠯᠬᠤᠮ ᠪᠠᠬᠢᠵᠢᠭᠦᠯᠪᠡ᠃ 4 ᠰᠠᠷ᠎ᠠ᠎ᠶ᠋ᠢᠨ ᠳᠤᠮᠳᠠᠴᠢ ᠪᠣᠯᠲᠠᠯ᠎ᠠ᠂ ᠲᠤᠰ ᠱᠢᠶᠠᠨ ᠱᠢᠨ᠎ᠡ᠎ᠪᠠᠷ 1032.76 ᠮᠥ᠍ ᠣᠢᠵᠢᠭᠤᠯᠵᠤ᠂ 1 ᠲᠥᠮᠡ 8934.2 ᠮᠥ᠍ ᠤᠢ᠍ᠢᠳᠤ ᠭᠠᠵᠠᠷ᠎ᠢ ᠪᠠᠬᠢᠵᠢᠭᠦᠯᠦᠨ ᠰᠠᠢᠵᠢᠷᠠᠭᠤᠯᠬᠤ᠎ᠶ᠋ᠢ ᠪᠡᠶᠡᠯᠡᠭᠦᠯᠥᠭ᠌ᠰᠡᠨ ᠪᠠᠢᠨ᠎ᠠ᠃
ᠣᠶ ᠱᠢᠭᠤᠶ᠎ᠶ᠋ᠢᠨ ᠡᠬᠢ ᠪᠠᠶᠠᠯᠢᠭ᠎ᠢ ᠬᠠᠮᠠᠭᠠᠯᠠᠨ ᠬᠥᠭ᠌ᠵᠢᠭᠦᠯᠬᠦ᠌ ᠬᠠᠷᠠᠯᠲᠠᠲᠤ ᠬᠠᠷᠢᠭᠤᠴᠠᠯᠭ᠎ᠠ᠎ᠶ᠋ᠢᠨ ᠲᠦᠷᠢᠮ᠎ᠤᠨ ᠶᠡᠷᠦᠩᠬᠡᠶ ᠱᠠᠭᠠᠷᠳᠠᠯᠭ᠎ᠠ᠎ᠪᠠᠷ᠂ ᠲᠤᠰ ᠱᠢᠶᠠᠨ ᠡᠯ᠎ᠡ ᠪᠠᠯᠭᠠᠰᠤ ᠲᠠᠯᠠᠪᠠᠶ ᠣᠶ ᠱᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠷᠢᠶ᠎ᠠ ᠭᠠᠵᠠᠷ᠎ᠤᠨ ᠬᠠᠮᠢᠶᠠᠷᠤᠯᠲᠠ᠎ᠶ᠋ᠢᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠣᠨ᠎ᠤ ᠣᠶ ᠱᠢᠭᠤᠶ ᠨᠤᠲᠤᠭ ᠪᠡᠯᠴᠢᠭᠡᠷ᠎ᠤᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠡᠭᠦᠷᠭᠡ ᠲᠣᠭ᠍ᠲᠠᠭᠠᠨ᠂ ᠨᠢᠭᠡᠳ ᠨᠢᠭᠡ᠎ᠪᠠᠷ ᠬᠢᠨᠠᠨ ᠬᠠᠮᠢᠶᠠᠷᠬᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠡᠬᠡ ᠲᠠᠩᠰᠠ ᠪᠠᠢᠭᠤᠯᠤᠨ᠂ ᠥᠢᠵᠢᠭᠤᠯᠬᠤ ᠭᠠᠵᠠᠷ᠂ ᠴᠢᠬᠢ ᠮᠣᠳᠣ᠂ ᠤᠬᠠᠭᠤᠯᠭ᠎ᠠ ᠵᠡᠷᠭᠡ ᠡᠮᠦᠨᠡᠬᠢ ᠬᠤᠭᠤᠴᠠᠭᠠᠨ᠎ᠤ ᠠᠵᠢᠯ᠎ᠢ ᠤᠷᠢᠳᠴᠢᠯᠠᠨ ᠲᠣᠬᠢᠷᠠᠭᠤᠯᠵᠤ᠂ ᠬᠠᠪᠤᠷ᠎ᠤᠨ ᠣᠢᠵᠢᠭᠤᠯᠤᠯᠲᠠ᠎ᠶ᠋ᠢᠨ ᠠᠵᠢᠯ᠎ᠤᠨ ᠡᠯ᠎ᠡ ᠦᠶᠯᠡᠳᠪᠦᠷᠢᠯᠡᠯ᠎ᠤᠨ ᠭᠤᠭ᠍ᠴᠤᠭ᠎ᠠ᠎ᠶ᠋ᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶ᠋ᠢ ᠰᠠᠢᠲᠤᠷ ᠠᠳᠭᠤᠬᠤ᠎ᠶ᠋ᠢ ᠦᠨᠡᠨ ᠬᠦ᠌ ᠪᠠᠲᠤᠯᠠᠪᠠ᠃
ᠱᠢᠶᠠᠨ᠎ᠤ ᠵᠠᠰᠠᠭ᠎ᠤᠨ ᠣᠷᠳᠣᠨ 《ᠠᠲᠠᠷ ᠬᠠᠭᠠᠯᠪᠤᠷᠢᠯᠠᠬᠤ᠎ᠶ᠋ᠢ ᠴᠠᠭᠠᠵᠠᠯᠠᠵᠤ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ᠎ᠶ᠋ᠢ ᠪᠥᠬᠦ᠌ ᠲᠠᠯ᠎ᠠ᠎ᠪᠠᠷ ᠴᠢᠩᠭᠠᠳᠭᠠᠬᠤ ᠲᠤᠬᠠᠶ ᠠᠯᠪᠠᠨ ᠵᠠᠷ》 ᠲᠠᠷᠬᠠᠭᠠᠵᠤ᠂ ᠡᠯ᠎ᠡ ᠪᠠᠯᠭᠠᠰᠤ ᠲᠠᠯᠠᠪᠠᠶ᠎ᠶ᠋ᠢᠨ ᠠᠲᠠᠷ ᠬᠠᠭᠠᠯᠪᠤᠷᠢᠯᠠᠬᠤ᠎ᠶ᠋ᠢ ᠴᠠᠭᠠᠵᠠᠯᠠᠵᠤ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠬᠠᠷᠢᠭᠤᠴᠠᠯᠭ᠎ᠠ᠎ᠶ᠋ᠢ ᠤᠯᠠᠮ ᠨᠢᠭᠡ ᠠᠯᠬᠤᠮ ᠪᠣᠳᠠᠲᠠᠢᠵᠢᠭᠤᠯᠥᠨ᠂ ᠳᠣᠲᠣᠭᠠᠳᠤ᠎ᠶ᠋ᠢ ᠬᠠᠮᠠᠭᠠᠯᠠᠬᠤ᠂ ᠪᠠᠢᠴᠠᠭᠠᠬᠤ᠂ ᠱᠢᠭᠦᠬᠦ᠌ ᠵᠡᠷᠬᠡ ᠬᠠᠤᠯᠢ ᠴᠠᠭᠠᠵᠠ᠎ᠶ᠋ᠢᠨ ᠰᠠᠯᠠᠭ᠎ᠠ ᠮᠦᠴᠢᠷ᠎ᠤᠨ 400 ᠭᠠᠷᠤᠢ ᠺᠠᠳ᠋ᠷ ᠴᠠᠭ᠍ᠳᠠᠭ᠎ᠠ᠎ᠶ᠋ᠢ ᠰᠤᠩᠭᠤᠨ ᠳᠤᠮᠢᠯᠠᠵᠤ᠂ ᠪᠠᠯᠭᠠᠰᠤ ᠲᠠᠯᠠᠪᠠᠶ᠂ ᠭᠠᠴᠠᠭ᠎ᠠ ᠲᠣᠰᠭᠤᠨ᠎ᠳᠤ ᠬᠡᠰᠡᠭ ᠬᠤᠪᠢᠶᠠᠨ ᠭᠦᠨᠵᠡᠭᠡᠢᠷᠡᠵᠤ᠂ ᠣᠶ ᠱᠢᠭᠤᠶ ᠨᠤᠲᠤᠭ ᠪᠡᠯᠴᠢᠭᠡᠷ᠎ᠤᠨ ᠬᠠᠤᠯᠢ ᠲᠣᠭ᠍ᠲᠠᠭᠠᠯ᠎ᠢ ᠤᠬᠠᠭᠤᠯᠤᠨ ᠲᠠᠢᠯᠪᠤᠷᠢᠯᠠᠵᠤ᠂ ᠭᠤᠤᠯᠳᠠᠯᠭ᠎ᠠ᠎ᠲᠠᠢ ᠭᠠᠵᠠᠷ᠎ᠲᠤ 500 ᠭᠠᠷᠤᠶ ᠤᠬᠠᠭᠤᠯᠭ᠎ᠠ᠎ᠶ᠋ᠢᠨ ᠤᠷᠢᠶ᠎ᠠ ᠯᠣᠽᠦᠩ ᠡᠯᠭᠦᠪᠡ᠃ ᠣᠶ ᠱᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠡᠷᠡᠭ᠌ᠴᠡᠭᠡ᠎ᠪᠠᠨ ᠦᠨᠳᠦᠰᠦᠯᠡᠨ᠂ ᠲᠠᠷᠠᠬᠠᠶ ᠪᠣᠯᠪᠠᠰᠤᠷᠠᠯ ᠬᠥᠷᠳᠡᠭᠡᠬᠦ᠌ ᠠᠷᠭ᠎ᠠ ᠮᠠᠶᠢᠭ᠎ᠢᠶᠠᠷ ᠬᠠᠪᠤᠷ᠎ᠤᠨ ᠤᠯᠠᠷᠢᠯ᠎ᠤᠨ ᠣᠢᠵᠢᠭᠤᠯᠤᠯᠲᠠ᠎ᠶ᠋ᠢᠨ ᠮᠡᠷᠭᠡᠵᠢᠯ᠂ ᠵᠢᠮᠢᠰ᠎ᠤᠨ ᠮᠣᠳᠣ ᠵᠠᠰᠠᠬᠤ᠂ ᠠᠷᠠᠴᠢᠯᠠᠵᠤ ᠬᠠᠮᠢᠶᠠᠷᠬᠤ᠂ ᠡᠪᠡᠳᠴᠢᠨ ᠬᠤᠷᠣᠬᠠᠶ᠎ᠶ᠋ᠢᠨ ᠬᠥᠨᠥᠭᠡᠯ᠎ᠢ ᠰᠡᠷᠭᠡᠢᠯᠡᠨ ᠵᠠᠰᠠᠬᠤ ᠵᠡᠷᠭᠡ ᠵᠢᠯᠣᠭᠤᠳᠣᠯᠭ᠎ᠠ ᠪᠣᠯᠪᠠᠰᠤᠷᠠᠯ᠎ᠢ ᠲᠤᠬᠠᠶ᠎ᠶ᠋ᠢᠨ ᠭᠠᠵᠠᠷ᠎ᠲᠤᠨᠢ 28 ᠲᠠᠯᠠᠪᠠᠶ ᠥᠷᠨᠢᠭᠦᠯᠵᠠᠢ᠃ ᠡᠭᠦᠨ᠎ᠤ ᠬᠠᠮᠲᠤ᠌᠂ ᠲᠤᠰᠭᠠᠶ ᠮᠡᠷᠭᠡᠵᠢᠯ᠎ᠤᠨ ᠠᠵᠢᠯᠲᠠᠨ᠎ᠢ ᠵᠣᠬᠢᠶᠠᠨ ᠪᠠᠢᠭᠤᠯᠵᠤ᠂ ᠣᠢᠵᠢᠭᠤᠯᠬᠤ ᠠᠵᠢᠯ᠎ᠢ ᠬᠡᠰᠡᠭ ᠬᠤᠪᠢᠶᠠᠨ ᠬᠢᠨᠠᠨ ᠵᠢᠯᠣᠭᠤᠳᠤᠬ᠍ᠰᠠᠨ ᠪᠠᠢᠨ᠎ᠠ᠃
ᠡᠪᠡᠰᠦᠨ᠎ᠤ ᠦᠢᠯᠡᠰ᠎ᠤᠨ ᠢᠨᠵᠧᠨᠧᠷᠢᠩ᠂ ᠵᠠᠭᠤᠨ ᠭᠠᠵᠠᠷ᠎ᠤᠨ ᠨᠣᠮᠢᠨ ᠨᠣᠭᠤᠭᠠᠨ ᠤᠷᠲᠤ ᠬᠤᠩᠭᠢᠯ᠎ᠤᠨ ᠢᠨᠵᠧᠨᠧᠷᠢᠩ᠂ ᠣᠢ ᠵᠢᠮᠢᠰ᠎ᠤᠨ ᠵᠢᠱ᠌ᠢᠶ᠎ᠡ ᠦᠵᠡᠭᠦᠯᠬᠦ᠌ ᠢᠨᠵᠧᠨᠧᠷᠢᠩ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠨᠣᠭᠤᠭᠠᠷᠠᠭᠤᠯᠤᠯᠲᠠ ᠭᠤᠶᠤᠵᠢᠭᠤᠯᠤᠯᠲᠠ᠎ᠶ᠋ᠢᠨ ᠢᠨᠵᠧᠨᠧᠷᠢᠩ᠎ᠢ ᠰᠠᠢᠲᠤᠷ ᠠᠳᠭᠤᠪᠠ᠃ ᠡᠪᠡᠰᠦᠨ᠎ᠤ ᠦᠢᠯᠡᠰ᠎ᠤᠨ ᠢᠨᠵᠧᠨᠧᠷᠢᠩ᠎ᠨᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠠᠵᠢᠯ᠎ᠤᠨ ᠱᠠᠭᠠᠷᠳᠠᠯᠭ᠎ᠠ ᠶᠣᠰᠣᠭᠠᠷ᠂ ᠱᠢᠶᠤᠤ ᠵᠢᠶᠧ ᠵᠶ᠋ᠢ ᠪᠠᠯᠭᠠᠰᠤ᠎ᠶ᠋ᠢᠨ ᠵᠦᠩ ᠺᠧ ᠡᠪᠡᠰᠦ ᠳᠠᠷᠢᠬᠤ ᠰᠠᠭᠤᠷᠢᠨ᠎ᠤ ᠪᠦᠲᠦᠭᠡᠨ ᠪᠠᠢᠭᠤᠯᠤᠯᠲᠠ ᠪᠣᠯᠤᠨ ᠨᠤᠲᠤᠭ ᠪᠡᠯᠴᠢᠭᠡᠷ᠎ᠤᠨ ᠬᠤᠤᠷᠲᠤ ᠡᠪᠡᠰᠦ᠎ᠶ᠋ᠢ ᠠᠷᠢᠯᠭᠠᠬᠤ ᠡᠭᠦᠷᠭᠡ᠎ᠶ᠋ᠢ 5 ᠲᠦᠮᠡᠨ ᠮᠦ᠍ ᠬᠡᠷᠡᠭ᠌ᠵᠢᠭᠦᠯᠬᠦ᠌᠎ᠪᠠᠷ ᠲᠥᠯᠥᠪᠯᠡᠵᠦ᠍᠂ ᠬᠤᠤᠷᠲᠤ ᠡᠪᠡᠰᠦ ᠠᠷᠢᠯᠭᠠᠬᠤ ᠲᠤᠷᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠢᠯ᠎ᠢ 6000 ᠮᠦ᠍ ᠬᠡᠷᠡᠭ᠌ᠵᠢᠭᠦᠯᠥᠨ᠂ ᠨᠤᠲᠤᠭ ᠪᠡᠯᠴᠢᠭᠡᠷ᠎ᠤᠨ ᠠᠮᠢ ᠠᠬᠤᠶ᠎ᠶ᠋ᠢ ᠰᠡᠷᠭᠦᠭᠡᠨ ᠵᠠᠰᠠᠬᠤ᠎ᠶ᠋ᠢ ᠲᠦᠷᠭᠡᠳᠭᠡᠨ ᠠᠬᠢᠭᠤᠯᠵᠠᠢ; ᠵᠠᠭᠤᠨ ᠭᠠᠵᠠᠷ᠎ᠤᠨ ᠪᠣᠬᠢᠷᠲᠤᠯ ᠥᠬᠡᠶ ᠣᠷᠳᠣ ᠬᠤᠩᠭᠢᠯ᠎ᠤᠨ ᠢᠨᠵᠧᠨᠧᠷᠢᠩ᠎ᠨᠢ ᠭᠠᠵᠠᠷ ᠣᠷᠣᠨ᠎ᠤ ᠣᠨᠴᠠᠯᠢᠭ᠎ᠢ ᠳᠣᠪᠤᠢᠯᠭᠠᠵᠤ᠂ ᠱᠢᠶᠤᠤ ᠵᠢᠶᠧ ᠵᠶ᠋ᠢ ᠪᠠᠯᠭᠠᠰᠤᠨ᠎ᠤ ᠵᠠᠭᠤᠨ ᠭᠠᠵᠠᠷ᠎ᠤᠨ ᠪᠣᠬᠢᠷᠲᠤᠯ ᠥᠬᠡᠶ ᠣᠷᠳᠣ ᠬᠤᠩᠭᠢᠯ᠎ᠤᠨ ᠶᠠᠰᠤ ᠴᠢᠨᠠᠷ᠎ᠤᠨ ᠪᠠᠷᠢᠮᠵᠢᠶ᠎ᠠ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠂ ᠣᠶ ᠱᠢᠭᠤᠶ᠎ᠶ᠋ᠢᠨ ᠠᠮᠢ ᠠᠬᠤᠶ᠎ᠶ᠋ᠢᠨ ᠰᠠᠭᠤᠷᠢᠨ᠂ ᠠᠵᠤ ᠦᠢᠯᠡᠰ᠎ᠤᠨ ᠰᠠᠭᠤᠷᠢᠨ ᠪᠠᠢᠭᠤᠯᠵᠤ᠂ ᠤᠯᠤᠰ᠎ᠤᠨ ᠭᠠᠵᠠᠷ ᠱᠢᠷᠣᠶ᠎ᠶ᠋ᠢᠨ ᠨᠣᠭᠤᠭᠠᠷᠠᠭᠤᠯᠤᠯᠲᠠ᠎ᠶ᠋ᠢᠨ ᠰᠠᠭᠤᠷᠢᠨ ᠪᠠ ᠠᠯᠪᠠᠨ ᠵᠢᠷᠤᠮ᠎ᠤᠨ ᠮᠣᠳᠣ ᠳᠠᠷᠢᠬᠤ ᠰᠠᠭᠤᠷᠢᠨ ᠪᠣᠯᠭᠠᠪᠠ; ᠣᠶ ᠱᠢᠭᠤᠶ ᠵᠢᠮᠢᠰ᠎ᠤᠨ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠨᠢ ᠤᠯᠤᠰ᠎ᠤᠨ 303 ᠵᠠᠮ ᠱᠤᠭᠤᠮ᠎ᠲᠠᠢ ᠤᠶᠠᠯᠳᠤᠭᠤᠯᠤᠨ᠂ ᠣᠶ ᠱᠢᠭᠤᠶ᠎ᠶ᠋ᠢᠨ ᠰᠣᠳᠣᠨ ᠢᠨᠵᠧᠨᠧᠷᠢᠩ᠎ᠢ ᠬᠡᠷᠡᠭ᠌ᠵᠢᠬᠦᠯᠵᠥ᠍᠂ ᠡᠨᠡ ᠵᠢᠯ ᠬᠠᠢᠳᠠᠩ ᠵᠢᠮᠢᠰ᠂ ᠠᠭᠠᠯᠢᠬ ᠠᠯᠢᠮ᠎ᠠ᠎ᠶ᠋ᠢᠨ ᠠᠵᠤ ᠠᠬᠤᠶ᠎ᠶ᠋ᠢᠨ ᠣᠶ᠎ᠶ᠋ᠢᠨ ᠰᠠᠭᠤᠷᠢᠨ᠎ᠢ ᠱᠢᠨ᠎ᠡ᠎ᠪᠠᠷ 3187 ᠮᠥ᠍ ᠪᠠᠢᠭᠤᠯᠥᠨ᠂ 1793 ᠮᠥ᠍ ᠨᠥᠬᠦᠨ ᠳᠠᠷᠢᠵᠤ᠂ ᠲᠥᠪᠯᠡᠷᠡᠵᠤ ᠵᠠᠯᠭᠠᠯᠳᠤᠭ᠍ᠰᠠᠨ ᠣᠶ ᠱᠢᠭᠤᠶ ᠵᠢᠮᠢᠰ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ᠌ ᠪᠦᠰᠡ ᠪᠠᠢᠭᠤᠯᠬᠤ᠎ᠪᠠᠷ ᠲᠥᠯᠥᠪᠯᠡᠵᠦ᠍ ᠪᠠᠢᠨ᠎ᠠ; ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠨᠣᠭᠤᠭᠠᠷᠠᠭᠤᠯᠤᠯᠲᠠ ᠭᠤᠶᠤᠵᠢᠭᠤᠯᠤᠯᠲᠠ᠎ᠶ᠋ᠢᠨ ᠢᠨᠵᠧᠨᠧᠷᠢᠩ ᠪᠠ ᠣᠶ ᠱᠢᠭᠤᠶ᠎ᠶ᠋ᠢᠨ ᠭᠤᠤᠯᠳᠠᠯᠭ᠎ᠠ᠎ᠲᠠᠢ ᠢᠨᠵᠧᠨᠧᠷᠢᠩ᠎ᠤᠨ ᠲᠥᠷᠥᠯ ᠵᠦᠶᠯ 《ᠦᠬᠡᠷ᠎ᠢ ᠠᠮᠢᠳᠤᠷᠠᠯ᠎ᠤᠨ ᠳᠤᠭᠤᠷᠢᠬ᠎ᠠᠴᠠ ᠭᠠᠷᠭᠠᠵᠤ᠂ ᠮᠣᠳᠣ᠎ᠶ᠋ᠢ ᠬᠦᠷᠢᠶᠡᠨ᠎ᠳᠤ ᠣᠷᠣᠭᠤᠯᠬᠤ》 ᠠᠵᠢᠯ᠎ᠤᠨ ᠠᠬᠢᠴᠠ᠎ᠶ᠋ᠢ ᠠᠬᠢᠭᠤᠯᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ 35 ᠵᠢᠱ᠌ᠢᠶ᠎ᠡ ᠦᠵᠡᠭᠦᠯᠬᠦ᠌ ᠭᠠᠴᠠᠭ᠎ᠠ ᠲᠣᠰᠭᠤᠨ᠎ᠤ ᠨᠣᠭᠤᠭᠠᠷᠠᠭᠤᠯᠤᠯᠲᠠ ᠭᠤᠶᠤᠵᠢᠭᠤᠯᠤᠯᠲᠠ᠎ᠶ᠋ᠢ ᠭᠤᠤᠯᠳᠠᠯᠭ᠎ᠠ᠎ᠲᠠᠢ ᠰᠠᠢᠲᠤᠷ ᠬᠢᠵᠦ᠍᠂ ᠰᠤᠳᠤᠨ ᠣᠶ ᠱᠢᠭᠤᠢᠳᠤ ᠬᠥᠳᠡᠭᠡ ᠲᠣᠰᠭᠤᠨ᠎ᠢ ᠴᠢᠷᠮᠠᠢᠨ ᠡᠭᠦᠳᠴᠦ᠍᠂ ᠬᠥᠮᠦᠰ᠎ᠤᠨ ᠣᠷᠣᠱᠢᠨ ᠰᠠᠭᠤᠬᠤ ᠣᠷᠴᠢᠨ ᠲᠣᠭᠤᠷᠢᠨ᠎ᠤ ᠶᠠᠰᠤ ᠴᠢᠨᠠᠷ᠎ᠢ ᠳᠠᠰᠤᠷᠠᠯᠲᠠ ᠥᠭᠡᠢ ᠱᠢᠯᠢᠳᠡᠭ᠌ᠵᠢᠭᠦᠯᠵᠤ ᠪᠠᠢᠨ᠎ᠠ᠃