4 ᠰᠠᠷ᠎ᠠ᠎ᠶ᠋ᠢᠨ 20 ᠤ ᠡᠳᠦᠷ᠂ ᠵᠠᠯᠠᠢᠳ ᠬᠤᠱᠢᠭᠤᠨ᠎ᠤ ᠡᠯ᠎ᠡ ᠭᠠᠵᠠᠷ᠎ᠤᠨ᠎ᠬᠢᠨ ᠴᠢᠭᠢᠭ᠎ᠢ ᠵᠠᠪᠳᠤᠨ ᠲᠡᠷᠢᠶ᠎ᠠ᠎ᠪᠠᠨ ᠲᠠᠷᠢᠵᠤ ᠡᠬᠢᠯᠡᠪᠡ᠃ ᠬᠤᠯᠪᠣᠭ᠎ᠠ ᠪᠠᠯᠭᠠᠰᠤᠨ᠎ᠤ ᠱᠦᠢ ᠲᠢᠶᠠᠨ ᠲᠣᠰᠭᠤᠨ᠎ᠤ ᠬᠥᠳᠡᠭᠡ ᠲᠣᠰᠭᠤᠨ᠎ᠤ ᠲᠠᠷᠢᠶᠠᠯᠠᠩ ᠮᠠᠯ ᠠᠵᠤ ᠠᠬᠤᠢ᠎ᠶ᠋ᠢᠨ ᠲᠤᠰᠭᠠᠢ ᠬᠤᠷᠱᠢᠶ᠎ᠠ᠎ᠶ᠋ᠢᠨ ᠴᠢᠬᠢ ᠪᠤᠢᠵᠢᠭᠤᠯᠬᠤ ᠬᠦᠯᠡᠮᠵᠢᠨ᠎ᠳᠠᠬᠢ ᠴᠢᠬᠢ᠎ᠶ᠋ᠢᠨ ᠤᠷᠭᠤᠯᠲᠠ᠎ᠶ᠋ᠢᠨ ᠪᠠᠢᠳᠠᠯ ᠶᠡᠭᠡ ᠰᠠᠢᠨ ᠪᠠᠢᠯ᠎ᠠ᠃ 《ᠡᠨᠡ ᠵᠢᠯ ᠲᠣᠰᠭᠤᠨ᠎ᠠᠴᠠ ᠪᠠᠰᠠ 20 ᠭᠠᠷᠤᠢ ᠲᠤᠮᠤ ᠬᠦᠯᠡᠮᠵᠢ ᠪᠠᠢᠭᠤᠯᠵᠤ ᠦᠭ᠌ᠴᠡᠢ᠂ ᠤᠳᠤ 70 ᠭᠠᠷᠤᠢ ᠬᠦᠯᠠᠮᠵᠢᠨᠳᠠᠬᠢ ᠴᠢᠬᠢ᠎ᠶ᠋ᠢᠨ ᠤᠷᠭᠤᠯᠲᠠ᠎ᠶ᠋ᠢᠨ ᠪᠠᠢᠳᠠᠯ ᠮᠠᠰᠢ ᠰᠠᠢᠠ ᠪᠠᠢᠨ᠎ᠠ》 ᠬᠡᠵᠥ᠍ ᠬᠤᠷᠱᠢᠶᠠᠨ᠎ᠤ ᠬᠡᠷᠡᠭ ᠡᠷᠬᠢᠯᠡᠭ᠌ᠴᠢᠳ᠎ᠤᠨ ᠳᠠᠷᠤᠭ᠎ᠠ ᠭᠤᠤ ᠢ ᠲᠡᠨᠢᠯᠴᠠᠭᠤᠯᠤᠨ᠎ᠠ᠃
ᠡᠨᠡ ᠵᠢᠯ ᠲᠣᠰ ᠬᠤᠷᠱᠢᠶ᠎ᠠ 1 ᠲᠦᠮᠡᠨ ᠮᠥ᠍ ᠲᠤᠲᠤᠷᠭ᠎ᠠ ᠲᠠᠷᠢᠵᠤ ᠠᠦ᠋ᠲ᠋ᠣ᠋ ᠡᠪᠬᠡᠮᠡᠯ ᠪᠦᠷᠭᠦᠪᠴᠢ᠎ᠪᠠᠷ ᠰᠠᠯᠬᠢ ᠵᠢᠪᠠᠷ ᠨᠡᠪᠲᠡᠷᠡᠭᠦᠯᠦᠨ᠂ ᠲᠤᠯᠠᠭᠠᠨ᠎ᠤ ᠬᠡᠮᠵᠢᠶ᠎ᠠ ᠬᠢᠬᠡᠳ ᠴᠢᠭᠢᠭ᠎ᠤᠨ ᠬᠡᠮᠵᠢᠶ᠎ᠡ᠎ᠶ᠋ᠢ ᠱᠢᠨᠵᠢᠯᠠᠬᠦ᠌ ᠤᠬᠠᠭᠠᠠᠴᠢ᠎ᠪᠠᠷ ᠡᠵᠡᠮᠳᠡᠭ᠌ᠰᠡᠡᠠᠴᠠ ᠴᠢᠬᠢ᠎ᠶ᠋ᠢᠨ ᠤᠷᠭᠤᠯᠲᠠ᠎ᠶ᠋ᠢᠨ ᠪᠠᠢᠳᠠᠯ ᠶᠡᠭᠡ ᠰᠠᠢᠨ ᠪᠠᠢᠨ᠎ᠠ᠃
ᠲᠤᠰ ᠬᠤᠱᠢᠭᠤ ᠬᠠᠪᠤᠷ᠎ᠤᠨ ᠲᠠᠷᠢᠶᠠᠯᠠᠭ᠎ᠠ᠎ᠶ᠋ᠢᠨ ᠠᠵᠢᠯ᠎ᠢ ᠪᠥᠬᠦ᠌ ᠲᠠᠯ᠎ᠠ᠎ᠪᠠᠷ ᠰᠠᠢᠲᠤᠷ ᠬᠢᠬᠦ᠌᠎ᠶ᠋ᠢᠨ ᠬᠠᠮᠲᠤ ᠲᠠᠷᠢᠶᠠᠯᠠᠩ᠎ᠤᠨ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠠᠬᠢᠭᠤᠯᠬᠤ ᠲᠣᠭᠤᠷᠢᠨ᠎ᠳᠤ ᠲᠠᠷᠢᠶᠠᠯᠠᠩ᠎ᠤᠨ ᠪᠣᠬᠢᠷᠲᠤᠯ ᠥᠬᠡᠶ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠥ᠍᠂ 50 ᠲᠦᠮᠡᠨ ᠮᠥ᠍ ᠵᠡᠭᠦᠨ ᠬᠤᠢᠲᠤ᠎ᠶ᠋ᠢᠨ ᠬᠠᠷ᠎ᠠ ᠬᠥᠷᠥᠰᠥᠲᠦ ᠭᠠᠵᠠᠷ᠎ᠢ ᠬᠠᠮᠠᠭᠠᠯᠠᠨ ᠠᠱᠢᠬ᠍ᠯᠠᠬᠤ ᠵᠢᠱ᠌ᠢᠶ᠎ᠡ ᠦᠵᠡᠭᠦᠯᠬᠦ᠌ ᠲᠥᠷᠥᠯ ᠵᠦᠢᠯ ᠂ 100 ᠲᠦᠮᠡᠨ ᠮᠥ᠍ ᠵᠡᠭᠦᠨ ᠬᠤᠢᠲᠤ᠎ᠶ᠋ᠢᠨ ᠬᠠᠷ᠎ᠠ ᠬᠥᠷᠥᠰᠥᠲᠦ ᠭᠠᠵᠠᠷ᠎ᠢ ᠬᠠᠮᠠᠭᠠᠯᠠᠬᠤ ᠴᠢᠨᠠᠷᠲᠠᠶ ᠲᠠᠷᠢᠶᠠᠯᠠᠩ᠎ᠤᠨ ᠲᠦᠷᠦᠯ ᠵᠦᠢᠯ᠎ᠢ ᠬᠡᠷᠡᠭ᠌ᠵᠢᠭᠦᠯᠵᠦ᠍᠂ 15 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ 4 ᠲᠦᠮᠡᠨ ᠮᠥ᠍ ᠴᠣᠣᠯ ᠭᠤᠤᠯ᠎ᠤᠨ ᠳᠤᠤᠷᠠᠳᠤ ᠤᠷᠤᠰᠭᠠᠯ᠎ᠤᠨ ᠤᠰᠤᠯᠠᠯᠲᠠ᠎ᠶ᠋ᠢᠨ ᠣᠷᠣᠨ᠎ᠤ ᠲᠠᠷᠢᠶᠠᠨ ᠭᠠᠵᠠᠷ᠂ 5 ᠬᠡᠰᠡᠭ ᠤᠰᠤ ᠠᠷᠪᠢᠯᠠᠬᠤ ᠵᠢᠱ᠌ᠢᠶ᠎ᠡ ᠦᠵᠡᠭᠦᠯᠬᠦ᠌ ᠲᠠᠷᠢᠶᠠᠨ ᠭᠠᠵᠠᠷ ᠪᠠᠢᠭᠤᠯᠪᠠ᠃ ᠮᠠᠯ ᠠᠵᠤ ᠠᠬᠤᠢ ᠲᠠᠷᠢᠶᠠᠯᠠᠩ᠎ᠤᠨ ᠲᠦᠷᠦᠯ ᠲᠡᠮᠳᠡᠭ᠎ᠢ ᠠᠯᠳᠠᠷᠱᠢᠭᠤᠯᠬᠤ ᠠᠵᠢᠯᠯᠠᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ 《ᠳᠥᠷᠪᠡᠨ ᠲᠦᠷᠦᠯ᠎ᠤᠨ ᠲᠤᠲᠤᠷᠭ᠎ᠠ ᠬᠠᠮᠲᠤ᠎ᠪᠠᠷ ᠤᠷᠤᠱᠢᠬᠤ》 ᠰᠠᠭᠤᠷᠢᠨ ᠢ 5 ᠲᠦᠮᠡᠨ ᠮᠥ᠍᠂ 《ᠬᠤᠤᠰ ᠲᠦᠮᠡᠨ ᠮᠦ᠍᠎ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ》 ᠢ 6 ᠬᠡᠰᠡᠭ ᠪᠠᠢᠭᠤᠯᠵᠤ᠂ ᠪᠣᠬᠢᠷᠲᠤᠯ ᠥᠬᠡᠶ ᠣᠷᠭᠠᠨᠢᠭ ᠲᠤᠲᠤᠷᠭ᠎ᠠ᠎ᠶ᠋ᠢᠨ ᠭᠡᠷᠡᠴᠢᠯᠡᠯ᠎ᠤᠨ ᠰᠠᠭᠤᠷᠢᠨ᠎ᠢ 5 ᠲᠦᠮᠡᠨ ᠮᠥ᠍ ᠨᠡᠮᠡᠭ᠌ᠳᠡᠭᠦᠯᠵᠦ᠍᠂ 《ᠬᠢᠩᠭᠠᠨ ᠲᠤᠲᠤᠷᠭ᠎ᠠ · ᠵᠠᠯᠠᠢᠳ᠎ᠤᠨ ᠦᠨᠦᠷ ᠠᠮᠳᠠᠳᠠᠢ ᠲᠤᠲᠤᠷᠭ᠎ᠠ》 ᠶ᠋ᠢᠨ ᠲᠥᠷᠥᠯ ᠲᠡᠮᠳᠡᠭ᠎ᠤᠨ ᠨᠥᠯᠥᠭᠡ᠎ᠶ᠋ᠢ ᠤᠯᠠᠨ ᠨᠢᠬᠡ ᠠᠯᠬᠤᠮ ᠦᠷᠬᠡᠳᠭᠡᠵᠡᠢ᠃
ᠨᠢᠳᠤᠨᠤᠨ ᠡᠪᠦᠯ ᠡᠨᠡ ᠬᠠᠪᠤᠷ᠂ ᠲᠤᠰ ᠬᠤᠱᠢᠭᠤ ᠲᠠᠷᠢᠶᠠᠯᠠᠩ᠎ᠤᠨ ᠲᠤᠰᠭᠠᠶ ᠮᠡᠷᠭᠡᠵᠢᠯᠲᠡᠨ᠎ᠢ ᠤᠷᠢᠨ ᠬᠢᠴᠢᠶᠡᠯ ᠣᠷᠣᠭᠤᠯᠵᠤ᠂ ᠮᠠᠯ ᠠᠵᠥ᠍ ᠠᠬᠤᠢ ᠲᠠᠷᠢᠶᠠᠯᠠᠩ ᠦᠢᠯᠡᠳᠪᠦᠷᠢᠯᠡᠯ᠎ᠳᠤ ᠬᠦᠴᠦᠲᠡᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠤᠯᠭᠠᠭᠤᠷᠢᠯᠠᠯ ᠬᠠᠩᠭᠠᠵᠤ᠂ 3.5 ᠲᠦᠮᠡᠨ ᠮᠠᠯᠴᠢᠨ ᠲᠠᠷᠢᠶᠠᠴᠢᠨ᠎ᠳᠤ ᠪᠣᠯᠪᠠᠰᠤᠷᠠᠯ ᠬᠦᠷᠳᠡᠬᠡᠪᠠ᠃ ᠡᠭᠦᠨ᠎ᠤ ᠬᠠᠮᠲᠤ᠌᠂ ᠱᠢᠨ᠎ᠡ ᠬᠡᠯᠪᠡᠷᠢ᠎ᠶ᠋ᠢᠨ ᠡᠵᠡᠩᠨᠡᠯᠲᠡ᠎ᠶ᠋ᠢᠨ ᠭᠤᠣᠯ ᠴᠣᠭ᠍ᠴᠠ᠎ᠶ᠋ᠢ ᠪᠤᠢᠵᠢᠭᠤᠯᠬᠤ᠎ᠪᠠᠷ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ ᠪᠣᠯᠭᠠᠵᠤ᠂ 100 ᠵᠢᠷᠤᠮᠵᠢᠭ᠍ᠰᠠᠨ ᠬᠤᠷᠱᠢᠶ᠎ᠠ ᠪᠠᠢᠭᠤᠯᠵᠥ᠍᠂ ᠱᠢᠨ᠎ᠡ᠎ᠪᠠᠷ 100 ᠭᠡᠷ ᠪᠦᠯᠢ᠎ᠶ᠋ᠢᠨ ᠲᠠᠷᠢᠶᠠᠯᠠᠩ᠎ᠤᠨ ᠲᠠᠯᠠᠪᠠᠢ᠎ᠶ᠋ᠢ ᠮᠠᠭᠠᠳᠯᠠᠨ ᠲᠣᠭ᠍ᠲᠠᠭᠠᠵᠤ᠂ ᠤᠯᠠᠨ ᠬᠡᠯᠪᠡᠷᠢ᠎ᠶ᠋ᠢᠨ ᠬᠡᠪᠴᠢᠶᠠᠵᠢᠭ᠍ᠰᠡᠡ ᠡᠵᠡᠩᠨᠡᠯᠲᠡ᠎ᠶ᠋ᠢ ᠬᠡᠷᠡᠭ᠌ᠵᠢᠬᠦᠯᠬᠦ᠌᠎ᠶ᠋ᠢ ᠵᠣᠷᠢᠭ᠍ᠵᠢᠭᠤᠯᠪᠠ᠃
《ᠡᠨᠡ ᠵᠢᠯ ᠠᠮᠤ ᠪᠤᠳᠠᠭᠠᠨ᠎ᠤ ᠤᠨᠠᠯᠲᠠ᠎ᠶ᠋ᠢ ᠨᠡᠮᠡᠭ᠌ᠳᠡᠭᠦᠯᠬᠦ᠌᠎ᠳᠤ ᠭᠠᠵᠠᠷ ᠱᠢᠷᠣᠶ᠎ᠳᠤ ᠲᠦᠱᠢᠭ᠌ᠯᠡᠬᠦ᠂ ᠮᠡᠷᠭᠡᠵᠢᠯ᠎ᠳᠤ ᠲᠦᠱᠢᠭ᠌ᠯᠡᠬᠦ᠌ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠬᠤᠷᠢᠭ᠎ᠠ ᠱᠤᠭᠤᠮ᠎ᠢ ᠴᠢᠩᠭ᠎ᠠ ᠰᠠᠬᠢᠵᠤ᠂ ᠲᠡᠷᠢᠶᠠᠠ ᠦᠷ᠎ᠡ᠎ᠶ᠋ᠢᠨ ᠢᠨᠵᠧᠨᠧᠷᠢᠩ᠎ᠢ ᠬᠡᠷᠡᠭ᠌ᠵᠢᠭᠦᠯᠦᠨ᠂ ᠠᠮᠤ ᠪᠤᠳᠠᠭᠠᠨ᠎ᠤ ᠠᠮᠤᠷ ᠲᠦᠪᠱᠢᠨ᠎ᠤ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠲᠠᠷᠢᠶᠠᠨ ᠭᠠᠵᠠᠷ᠎ᠢ 〈ᠲᠠᠷᠢᠶᠠᠯᠠᠩ᠎ᠤᠨ ᠪᠤᠰᠤ ᠪᠣᠯᠭᠠᠬᠤ〉 ᠶ᠋ᠢ ᠡᠷᠡᠰ ᠬᠤᠷᠢᠬ᠍ᠯᠠᠠ᠂ 〈ᠠᠮᠤ ᠪᠤᠳᠠᠭᠠᠨ᠎ᠤ ᠪᠤᠰᠤ ᠪᠣᠯᠭᠠᠬᠤ〉 ᠶ᠋ᠢ ᠰᠡᠷᠭᠡᠢᠯᠡᠵᠦ᠍᠂ ᠠᠮᠤ ᠪᠤᠳᠠᠭᠠᠨ᠎ᠤ ᠲᠠᠷᠢᠮᠠᠯ᠎ᠤᠨ ᠲᠠᠯᠠᠪᠠᠶ᠎ᠶ᠋ᠢ 540 ᠲᠦᠮᠡᠨ ᠮᠥ᠎ᠳᠤ ᠲᠣᠭ᠍ᠲᠠᠪᠤᠷᠢᠵᠢᠭᠤᠯᠬᠤ᠎ᠶ᠋ᠢ ᠪᠠᠲᠤᠯᠠᠨ᠎ᠠ᠃ 〈ᠡᠷᠳᠡᠨᠢ ᠱᠢᠰᠢ ᠤᠰᠤᠨ ᠲᠤᠳᠤᠷᠭ᠎ᠠ ᠰᠠᠭᠠᠯᠢ᠎ᠶ᠋ᠢᠨ ᠦᠨᠢᠶ᠎ᠠ ᠮᠢᠬᠠᠠ᠎ᠤ ᠦᠬᠡᠷ᠂ ᠱᠢᠬᠢᠷ ᠯᠤᠤᠪᠠᠩ ᠱᠢᠬᠢᠷ ᠤᠳᠪᠠᠯᠠ〉 ᠶ᠋ᠢᠨ ᠳᠠᠪᠠᠭᠤᠯᠢᠭ ᠣᠨᠴᠠᠯᠢᠭ᠍ᠲᠤ ᠠᠵᠤ ᠦᠢᠯᠡᠰ᠎ᠤᠨ ᠲᠣᠭᠤᠷᠢᠨ᠎ᠳᠤ ᠡᠷᠳᠡᠨᠢ ᠱᠢᠰᠢ᠎ᠶ᠋ᠢ 350 ᠲᠦᠮᠡᠨ ᠮᠦ᠍᠂ ᠤᠰᠤᠨ ᠲᠤᠲᠤᠷᠭ᠎ᠠ᠎ᠶ᠋ᠢ 90 ᠲᠦᠮᠡᠨ ᠮᠦ᠍᠎ᠳᠤ ᠲᠣᠭ᠍ᠲᠠᠪᠤᠷᠢᠵᠢᠭᠤᠯᠤᠨ᠎ᠠ》 ᠭᠡᠵᠦ᠍ ᠮᠠᠯ ᠠᠵᠤ ᠠᠬᠤᠢ ᠲᠡᠷᠢᠶᠠᠯᠠᠩ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠣᠪᠴᠢᠶᠠᠨ᠎ᠤ ᠳᠠᠷᠤᠭ᠎ᠠ ᠯᠢᠦ ᠯᠢ ᠵᠢᠶᠦ᠋ᠨ ᠶᠠᠷᠢᠵᠥ᠍ ᠪᠠᠢᠯ᠎ᠠ᠃

ᠬᠦᠯᠡᠮᠵᠢᠨ᠎ᠳᠠᠬᠢ ᠴᠢᠬᠢ᠎ᠶ᠋ᠢᠨ ᠤᠷᠭᠤᠯᠲᠠ ᠪᠠᠭ᠍ᠠᠷᠬᠠᠯ᠎ᠢ ᠲᠡᠳᠠᠨᠠ
ᠡᠤ ᠳ᠋ᠤᠤ ᠾᠧ ᠽᠢ ᠲᠣᠰᠭᠤᠨ ᠡᠷᠳᠡᠨᠢ ᠱᠢᠰᠢ᠎ᠪᠠᠨ ᠲᠠᠷᠢᠵᠤ ᠡᠬᠢᠯᠡᠪᠡ