ᠬᠥᠬᠡᠬᠤᠲᠠ ᠡᠳ᠋᠎ᠤᠨ ᠵᠠᠰᠠᠭ᠎ᠤᠨ ᠡᠭᠦᠷᠭᠡ ᠴᠢᠳᠠᠪᠬᠢ᠎ᠪᠠᠨ ᠪᠠᠳᠠᠷᠠᠭᠤᠯᠵᠤ ᠬᠤᠳᠠᠯᠳᠤᠭ᠎ᠠ ᠡᠷᠬᠢᠯᠡᠬᠦ᠌ ᠣᠷᠴᠢᠨ ᠨᠦᠭᠦᠴᠡᠯ᠎ᠢ ᠱᠢᠯᠢᠳᠡᠭ᠌ᠵᠢᠭᠦᠯᠵᠤ ᠪᠤᠢ
2021-05-03 11:10:18
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ 2020 ᠣᠨ᠎ᠤ ᠬᠤᠳᠠᠯᠳᠤᠭ᠎ᠠ ᠡᠷᠬᠢᠯᠡᠭᠦ᠌ ᠤᠷᠴᠢᠨ ᠨᠦᠭᠦᠴᠡᠯ᠎ᠤᠨ ᠱᠢᠯᠭᠠᠨ ᠦᠨᠡᠯᠡᠯᠲᠡ᠎ᠶ᠋ᠢᠨ ᠦᠷ᠎ᠡ ᠳ᠋ᠦᠩ᠎ᠢ ᠨᠡᠢᠲᠡᠯᠡᠭ᠌ᠰᠡᠨ᠎ᠳᠤ᠂ ᠬᠥᠬᠡᠬᠤᠲᠠ᠎ᠶ᠋ᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠦᠢᠴᠡᠳᠭᠡᠯ ᠲᠤᠭ᠎ᠠ 95.13 ᠎ᠶ᠋ᠢᠨ ᠥᠨᠳᠥᠷ ᠬᠤᠪᠢ᠎ᠪᠠᠷ ᠪᠥᠬᠦ᠌ ᠣᠷᠣᠨ᠎ᠤ ᠨᠢᠭᠡᠳᠦᠭᠡᠷ᠎ᠲᠤ ᠤᠷᠤᠵᠦ᠍᠂ ᠡᠯᠧᠺᠲᠷᠣᠨ ᠲᠠᠪᠴᠠᠩ᠎ᠤᠨ ᠪᠠᠢᠭᠤᠯᠤᠯᠲᠠ᠂ ᠬᠤᠳᠠᠯᠳᠤᠨ ᠠᠪᠬᠤ ᠶᠠᠪᠤᠴᠠ᠂ ᠳᠠᠭᠠᠭᠠᠴᠢᠯᠠᠯᠲᠠ ᠣᠯᠤᠭ᠍ᠰᠠᠨ ᠦᠷ᠎ᠡ ᠳ᠋ᠦᠩ᠎ᠢ ᠲᠣᠭ᠍ᠲᠠᠭᠠᠬᠤ᠂ ᠭᠡᠷ᠎ᠡ᠎ᠶ᠋ᠢᠨ ᠬᠠᠮᠢᠶᠠᠷᠤᠯᠲᠠ ᠪᠠ ᠲᠣᠭᠠᠴᠠᠭ᠎ᠠ ᠬᠢᠭᠦ᠌ ᠵᠡᠷᠭᠡ ᠲᠠᠯ᠎ᠠ᠎ᠪᠠᠷ ᠴᠥᠮ ᠲᠡᠷᠢᠭᠦᠨ ᠪᠠᠢᠷᠢᠨ᠎ᠳᠤ ᠳᠤᠳᠤᠷᠠᠵᠠᠢ᠃ ᠬᠦᠬᠡᠬᠤᠳᠠ᠎ᠶ᠋ᠢᠨ ᠡᠳ᠋᠎ᠤᠨ ᠵᠠᠰᠠᠭ᠎ᠨᠢ ᠢᠳᠡᠪᠬᠢᠲᠡᠶ᠎ᠪᠠᠷ ᠠᠵᠢᠯ ᠦᠷᠨᠢᠭᠦᠯᠤᠨ᠂ ᠱᠢᠨ᠎ᠡ᠎ᠶ᠋ᠢ ᠡᠭᠦᠳᠦᠨ ᠦᠢᠯᠡᠴᠢᠯᠡᠵᠦ᠍᠂ ᠨᠢᠭᠡᠳᠦᠯᠲᠡᠶ ᠪᠥᠭᠡᠳ ᠨᠡᠭᠡᠭᠡᠯᠲᠡ᠎ᠲᠠᠢ᠂ ᠥᠷᠢᠰᠥᠯᠳᠦᠭᠡᠨ᠎ᠲᠠᠢ ᠪᠥᠭᠡᠳ ᠡᠮᠬᠢ ᠵᠢᠷᠤᠮ᠎ᠲᠠᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠠᠬ᠎ᠠ ᠳᠡᠯᠭᠡᠭᠦᠷ᠎ᠤᠨ ᠱᠢᠰᠲ᠋ᠧᠮ᠎ᠢ ᠪᠠᠢᠭᠤᠯᠬᠤ᠎ᠪᠠᠷ ᠬᠦᠴᠦᠯᠡᠨ ᠴᠢᠷᠮᠠᠢᠵᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠷᠢᠶᠡᠨ᠎ᠳᠠᠬᠢ ᠬᠤᠳᠠᠯᠳᠤᠭ᠎ᠠ ᠡᠷᠭᠢᠯᠡᠬᠦ᠌ ᠣᠷᠴᠢᠨ ᠨᠦᠭᠦᠴᠡᠯ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌᠎ᠶ᠋ᠢ ᠪᠥᠬᠦ᠌ ᠳᠠᠯ᠎ᠠ᠎ᠪᠠᠷ ᠠᠬᠢᠭᠤᠯᠪᠠ᠃

— 《ᠢᠨᠲ᠋ᠧᠷ ᠰᠦᠯᠵᠢᠶ᠎ᠡ + ᠵᠠᠰᠠᠭ᠎ᠤᠨ ᠣᠷᠳᠣᠨ᠎ᠤ ᠬᠤᠳᠠᠯᠳᠤᠨ ᠠᠪᠬᠤ》 ᠭᠦᠨᠵᠡᠭᠡᠶ ᠠᠭᠤᠰᠤᠯᠴᠠᠯ᠎ᠢ ᠪᠤᠢ ᠪᠤᠯᠭᠠᠪᠠ᠃ ᠬᠥᠬᠡᠬᠤᠲᠠ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ 《ᠪᠥᠬᠦ᠌ ᠤᠷᠤᠨ ᠨᠢᠭᠡ ᠰᠦᠯᠵᠢᠶᠡᠨ ᠳᠡᠭᠡᠷ᠎ᠡ ᠬᠦᠢᠴᠡᠳᠭᠡᠭᠦ᠌》 ᠠᠩᠬᠠᠨ᠎ᠤ ᠪᠦᠯᠦᠭ᠎ᠤᠨ ᠲᠤᠷᠱᠢᠯᠲᠠ᠎ᠶ᠋ᠢᠨ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ ᠱᠢᠨ᠎ᠡ᠎ᠪᠠᠷ ᠪᠠᠢᠭᠤᠯᠤᠭ᠍ᠰᠠᠨ ᠬᠤᠳᠠᠯᠳᠤᠨ ᠠᠪᠬᠤ ᠡᠭᠦᠯᠡᠨ ᠲᠠᠪᠴᠠᠩ᠎ᠢ 2020 ᠣᠨ᠎ᠤ 9 ᠰᠠᠷ᠎ᠠ᠎ᠶ᠋ᠢᠨ ᠳᠤᠮᠳᠠᠴᠢ᠎ᠪᠠᠷ ᠨᠠᠪᠳᠡᠷᠡᠬᠦᠯᠵᠤ᠂ ᠡᠳ᠋᠎ᠤᠨ ᠵᠠᠰᠠᠭ᠎ᠤᠨ ᠲᠤᠬᠠᠢᠯᠠᠭ᠍ᠰᠠᠨ ᠠᠵᠢᠯ᠎ᠤᠨ ᠤᠤᠯ᠎ᠤᠨ ᠨᠢᠭᠡ ᠴᠤᠭ᠍ᠴᠠᠵᠢᠭ᠍ᠰᠠᠨ ᠱᠢᠰᠲ᠋ᠧᠮ᠎ᠲᠠᠢ ᠵᠣᠯᠭᠠᠭᠤᠯᠬᠤ᠎ᠶ᠋ᠢ ᠪᠡᠶᠡᠯᠡᠭᠦᠯᠪᠡ; ᠵᠠᠰᠠᠭ᠎ᠤᠨ ᠤᠷᠳᠤᠨ᠎ᠤ ᠬᠤᠳᠠᠯᠳᠤᠨ ᠠᠪᠬᠤ ᠪᠥᠬᠦ᠌ ᠶᠠᠪᠤᠴᠠ᠎ᠶ᠋ᠢ ᠬᠠᠮᠤᠷᠪᠠ; ᠵᠠᠰᠠᠭ᠎ᠤᠨ ᠣᠷᠳᠣᠨ᠎ᠤ ᠬᠤᠳᠠᠯᠳᠤᠨ ᠠᠪᠠᠨ᠌ᠥ᠎ᠶ᠋ᠢ ᠬᠢᠨᠠᠨ ᠵᠥᠪᠱᠢᠶᠡᠷᠡᠬᠦ᠂ ᠬᠠᠷᠭᠤᠭᠤᠯᠤᠨ ᠵᠥᠪᠱᠢᠶᠡᠷᠡᠬᠦ᠌ ᠵᠦᠢᠯᠡᠰ᠎ᠢ 《ᠰᠦᠯᠵᠢᠶᠡᠨ ᠳᠡᠭᠡᠷ᠎ᠡ ᠭᠦᠢᠴᠡᠳᠭᠡᠬᠦ᠂ ᠨᠢᠭᠡ ᠯᠡ ᠤᠳᠠᠭ᠎ᠠ᠎ᠳᠤ ᠭᠦᠢᠴᠡᠳᠭᠡᠬᠦ᠌》᠂ ᠳᠠᠩᠰᠠᠯᠠᠭᠤᠯᠤᠭ᠍ᠰᠠᠨ ᠵᠦᠢᠯᠡᠰ᠎ᠢ 《ᠨᠢᠭᠤᠷᠳᠠᠨ ᠠᠭᠤᠯᠵᠠᠬᠤ ᠦᠭᠡᠢ᠂ ᠰᠦᠯᠵᠢᠶᠡᠨ ᠳᠡᠭᠡᠷ᠎ᠡ ᠭᠦᠢᠴᠡᠳᠭᠡᠬᠦ᠌》᠂ ᠵᠠᠰᠠᠭ᠎ᠤᠨ ᠣᠷᠳᠣᠨ᠎ᠤ ᠬᠤᠳᠠᠯᠳᠤᠨ ᠠᠪᠠᠨ᠌ᠥ ᠲᠤᠬᠠᠢᠯᠠᠭ᠍ᠰᠠᠨ ᠠᠵᠢᠯ᠎ᠢ 《ᠨᠢᠭᠡ ᠰᠦᠯᠵᠢᠶ᠎ᠡ᠎ᠪᠠᠷ ᠭᠦᠢᠴᠡᠳᠭᠡᠬᠦ᠌》 ᠎ᠶ᠋ᠢ ᠪᠡᠶᠡᠯᠡᠭᠦᠯᠪᠡ᠃

— ᠵᠠᠰᠠᠭ ᠎ᠤᠨ ᠣᠷᠳᠣᠨ᠎ᠤ  ᠬᠤᠳᠠᠯᠳᠤᠨ ᠠᠪᠬᠤ ᠎ᠳᠤ ᠴᠢᠨᠠᠷ ᠰᠠᠢᠲᠠᠶ ᠪᠥᠭᠡᠳ  ᠥᠨᠳᠥᠷ  ᠪᠦᠲᠦᠮᠵᠢᠲᠡᠶ ᠦᠢᠯᠡᠴᠢᠯᠡᠭᠡ ᠬᠠᠩᠭᠠᠪᠠ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠎ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢᠭᠤᠯᠵᠤ᠂ ᠲᠤᠬᠠᠢᠯᠠᠭ᠍ᠰᠠᠨ ᠠᠵᠢᠯ᠎ᠤᠨ ᠯᠠᠪᠯᠠᠭ᠎ᠠ᠎ᠳᠤ ᠨᠠᠷᠢᠨ ᠨᠢᠮᠪᠠᠶ ᠬᠠᠷᠢᠭᠤᠯᠲᠠ ᠥᠭ᠌ᠴᠦ᠂ ᠬᠤᠳᠠᠯᠳᠤᠨ ᠠᠪᠤᠭ᠍ᠴᠢ᠎ᠶ᠋ᠢᠨ ᠭᠤᠤᠯ ᠴᠣᠭ᠍ᠴᠠ᠎ᠶ᠋ᠢᠨ ᠦᠵᠡᠯ ᠤᠬᠠᠮᠰᠠᠷ᠎ᠢ ᠴᠢᠩᠭᠠᠷᠠᠭᠤᠯᠤᠨ᠂ ᠣᠷᠣᠯᠠᠨ ᠭᠦᠢᠴᠡᠳᠭᠡᠬᠦ᠌ ᠪᠠᠢᠭᠤᠯᠤᠮᠵᠢ ᠪᠠ ᠬᠤᠳᠠᠯᠳᠤᠨ ᠠᠪᠤᠭ᠍ᠴᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠲᠤᠬᠠᠢᠯᠠᠭ᠍ᠰᠠᠨ ᠠᠵᠢᠯ᠎ᠤᠨ ᠬᠢᠷᠢ ᠲᠦᠪᠱᠢᠨ᠎ᠢ ᠳᠡᠭᠡᠭ᠌ᠰᠢᠯᠡᠭᠦᠯᠪᠡ᠃ ᠬᠤᠲᠠ᠎ᠶ᠋ᠢᠨ ᠲᠥᠪᠯᠡᠷᠡᠭᠦᠯᠦᠨ ᠬᠤᠳᠠᠯᠳᠤᠨ ᠠᠪᠬᠤ ᠪᠠᠢᠭᠤᠯᠤᠮᠵᠢ᠎ᠨᠢ ᠪᠥᠬᠦ᠌ ᠬᠤᠲᠠ᠎ᠶ᠋ᠢᠨ ᠬᠡᠪᠴᠢᠶᠡᠨ᠎ᠳᠠᠬᠢ ᠵᠠᠰᠠᠭ᠎ᠤᠨ ᠣᠷᠳᠣᠨ᠎ᠤ ᠬᠤᠳᠠᠯᠳᠤᠨ ᠠᠪᠠᠨ᠌ᠥ᠎ᠶ᠋ᠢᠨ ᠳᠠᠭᠠᠭᠠᠴᠢᠯᠠᠯᠲᠠ ᠬᠦᠯᠢᠶᠡᠬᠦ᠌ ᠪᠠᠲᠤᠯᠠᠭ᠎ᠠ᠎ᠶ᠋ᠢᠨ ᠮᠥᠩᠭᠦ᠌ ᠪᠠ ᠡᠯᠧᠺᠲᠷᠣᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠤᠨ ᠵᠠᠷᠤᠳᠠᠯ᠎ᠢ ᠬᠦᠴᠦᠨ ᠥᠬᠡᠶ ᠪᠣᠯᠭᠠᠵᠤ᠂ ᠬᠠᠩᠭᠠᠯᠭ᠎ᠠ᠎ᠶ᠋ᠢᠨ ᠬᠤᠳᠠᠯᠳᠤᠭᠠᠴᠢᠨ᠎ᠤ ᠪᠠᠯᠠ ᠮᠥᠩᠭᠦ᠎ᠶ᠋ᠢ ᠡᠵᠡᠯᠡᠨ ᠬᠡᠷᠡᠭ᠌ᠯᠡᠬᠦ᠌ ᠥᠪᠡᠷ᠎ᠤᠨ ᠥᠷᠲᠡᠭ᠎ᠢ ᠪᠠᠭᠤᠷᠠᠭᠤᠯᠤᠨ᠂ ᠠᠵᠤ ᠠᠬᠤᠢ᠍ᠢᠯᠠᠯ᠎ᠤᠨ ᠳᠠᠷᠤᠭᠠᠰᠤ᠎ᠶ᠋ᠢ ᠬᠥᠩᠭᠡᠷᠡᠭᠦᠯᠪᠡ᠃

— ᠭᠤᠣᠯᠴᠢ᠎ᠪᠠᠷ ᠥᠷᠢᠰᠥᠯᠳᠦᠬᠦ᠌ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠣᠷᠴᠢᠨ ᠨᠥᠬᠦᠴᠡᠯ᠎ᠢ ᠪᠤᠢ ᠪᠣᠯᠭᠠᠪᠠ᠃ ᠬᠠᠩᠭᠠᠯᠭ᠎ᠠ᠎ᠶ᠋ᠢᠨ ᠬᠤᠳᠠᠯᠳᠤᠭᠠᠴᠢᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠴᠢᠯᠥᠭᠡᠲᠡᠶ᠎ᠪᠠᠷ ᠣᠷᠣᠯᠴᠠᠬᠤ᠎ᠶ᠋ᠢ ᠬᠢᠵᠠᠭᠠᠷᠯᠠᠬᠤ ᠲᠣᠭ᠍ᠲᠠᠭᠠᠯ ᠪᠠ ᠠᠷᠭ᠎ᠠ ᠬᠢᠳᠡᠯ᠎ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠬᠢᠨᠠᠨ ᠪᠠᠢᠴᠠᠭᠠᠵᠤ᠂ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠡᠷᠬᠡ ᠲᠡᠭ᠌ᠰᠢ᠎ᠪᠠᠷ ᠣᠷᠣᠯᠴᠠᠬᠤ ᠡᠷᠬᠡ᠎ᠶ᠋ᠢ ᠬᠠᠤᠯᠢ ᠶᠣᠰᠣᠭᠠᠷ ᠪᠠᠲᠤᠯᠠᠨ᠂ ᠠᠵᠤ ᠠᠬᠤᠢ᠍ᠢᠯᠠᠯ᠎ᠳᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠡᠷᠬᠡ ᠲᠡᠭ᠌ᠰᠢ ᠎ᠪᠠᠷ  ᠣᠷᠣᠯᠴᠠᠬᠤ ᠥᠷᠢᠰᠥᠯᠳᠦᠭᠡᠨ᠎ᠤ ᠣᠷᠴᠢᠨ ᠨᠦᠭᠦᠴᠡᠯ᠎ᠢ ᠡᠭᠦᠳᠤᠨ ᠦᠭ᠌ᠴᠠᠢ᠃

— ᠵᠢᠷᠤᠮᠵᠢᠭ᠍ᠰᠠᠨ ᠡᠮᠬᠢ ᠳᠢᠭ᠌ᠯᠢᠮ᠎ᠲᠠᠢ ᠬᠤᠳᠠᠯᠳᠤᠨ ᠠᠪᠬᠤ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠪᠠ᠃ ᠬᠠᠤᠯᠢ ᠶᠣᠰᠣᠭᠠᠷ ᠬᠢᠨᠠᠨ ᠬᠠᠮᠢᠶᠠᠷᠬᠤ ᠦᠵᠡᠯ ᠤᠬᠠᠮᠰᠠᠷ᠎ᠢ ᠪᠠᠲᠤ ᠴᠤᠭ᠍ᠴᠠᠯᠠᠵᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠠᠨ᠌ᠥ ᠬᠢᠨᠠᠨ ᠬᠠᠮᠢᠶᠠᠷᠤᠯᠳᠠ᠎ᠶ᠋ᠢᠨ ᠢᠯᠡ ᠳᠤᠳᠤ ᠴᠢᠨᠠᠷ ᠪᠤᠯᠤᠨ ᠢᠳᠡᠭᠡᠮᠵᠢᠳᠤ ᠴᠢᠨᠠᠷ᠎ᠢ ᠨᠡᠮᠡᠭ᠌ᠳᠡᠭᠦᠯᠪᠡ᠃ ᠬᠠᠤᠯᠢ᠎ᠠᠴᠠ ᠵᠥᠷᠢᠴᠡᠭ᠌ᠰᠡᠨ ᠬᠠᠩᠭᠠᠯᠭ᠎ᠠ᠎ᠶ᠋ᠢᠨ ᠬᠤᠳᠠᠯᠳᠤᠭᠠᠴᠢᠨ᠎ᠢ ᠬᠠᠤᠯᠢ ᠶᠣᠰᠣᠭᠠᠷ ᠴᠢᠩᠭ᠎ᠠ ᠵᠠᠯᠬᠠᠭᠠᠨ ᠱᠢᠢᠳᠭᠡᠬᠦ᠌᠎ᠶ᠋ᠢᠨ ᠬᠠᠮᠲᠤ ᠱᠢᠢᠳᠭᠡᠯ ᠤᠯᠭᠤᠬ᠍ᠰᠠᠨ ᠮᠡᠳᠡᠭᠡ ᠵᠠᠩᠭᠢ᠎ᠶ᠋ᠢ ᠦᠨᠡᠨᠴᠢ ᠢᠲᠡᠭᠡᠮᠵᠢᠳᠦ ᠳᠤᠮᠳᠠᠳᠤ ᠤᠯᠤᠰ᠎ᠤᠨ ᠮᠡᠳᠡᠭᠡ ᠵᠠᠩᠭᠢ᠎ᠶ᠋ᠢᠨ ᠲᠠᠪᠴᠠᠩ᠎ᠳᠤ ᠣᠷᠣᠭᠤᠯᠤᠨ᠂ ᠢᠲᠡᠭᠡᠯ ᠠᠯᠳᠠᠭ᠍ᠰᠠᠳ᠎ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ᠌᠎ᠶ᠋ᠢ ᠴᠢᠩᠭᠠᠳᠭᠠᠵᠤ᠂ ᠬᠠᠩᠭᠠᠯᠭ᠎ᠠ᠎ᠶ᠋ᠢᠨ ᠬᠤᠳᠠᠯᠳᠤᠭᠠᠴᠢᠨ᠎ᠤ ᠦᠨᠡᠨᠴᠢ ᠢᠲᠡᠭᠡᠮᠵᠢ᠎ᠲᠠᠢ᠎ᠪᠠᠷ ᠬᠠᠤᠯᠢ᠎ᠶ᠋ᠢ ᠰᠠᠬᠢᠵᠤ ᠡᠵᠡᠩᠨᠡᠯᠳᠡ ᠬᠢᠬᠦ᠌᠎ᠶ᠋ᠢ ᠠᠬᠢᠭᠤᠯᠪᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号