ᠲᠦᠩᠯᠢᠶᠣᠤ ᠬᠤᠲᠠ 《ᠲᠠᠪᠤᠨ ᠲᠣᠮᠣ ᠠᠵᠤ ᠦᠢᠯᠡᠰ᠎ᠤᠨ ᠰᠥᠷᠥᠭ᠌ᠵᠢᠯ》 ᠎ᠤᠨ ᠳᠤᠭᠤᠷᠢᠨ᠎ᠳᠤ ᠭᠤᠤᠯᠳᠠᠯᠭ᠎ᠠ᠎ᠲᠠᠢ ᠲᠥᠷᠥᠯ ᠵᠦᠢᠯ᠎ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠎ᠶ᠋ᠢ ᠶᠡᠭᠡ᠎ᠪᠠᠷ ᠠᠬᠢᠭᠤᠯᠵᠤ ᠪᠠᠢᠨ᠎ᠠ
2021-05-30 07:47:31
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

ᠡᠨᠡ ᠵᠢᠯ᠂ ᠲᠥᠩᠯᠢᠶᠤᠤ ᠬᠤᠲᠠ ᠥᠪᠡᠷᠲᠡᠭᠡᠨ ᠵᠠᠰᠠᠬᠤ ᠣᠷᠣᠨ᠎ᠤ 《ᠬᠤᠶᠠᠷ ᠬᠠᠯᠬᠠᠪᠴᠢ》᠂ 《ᠬᠤᠶᠠᠷ ᠶᠡᠭᠡ ᠰᠠᠭᠤᠷᠢᠨ》᠂ 《ᠨᠢᠭᠡ ᠴᠢᠬᠤᠯᠠ ᠪᠠᠬᠢᠯᠡᠯᠲᠡ》 ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠤᠷᠢᠨ᠎ᠳᠤ᠂ 《ᠲᠠᠪᠤᠨ ᠶᠡᠭᠡ ᠠᠵᠤ ᠦᠢᠯᠡᠰ᠎ᠤᠨ ᠰᠥᠷᠥᠭ᠌ᠵᠢᠯ》 ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠭ᠎ᠠ ᠵᠠᠮ᠎ᠤᠨ ᠱᠢᠨ᠎ᠡ᠎ᠶ᠋ᠢ ᠡᠭᠦᠳᠴᠦ᠍᠂ ᠠᠵᠢᠯ᠎ᠤᠨ ᠪᠣᠳᠠᠲᠤ ᠦᠷ᠎ᠡ ᠪᠦᠲᠦᠮᠵᠢ᠎ᠶ᠋ᠢ ᠴᠢᠬᠤᠯᠠᠴᠢᠯᠠᠨ᠂ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠥᠭ᠌ᠵᠢᠯᠲᠡ᠎ᠶ᠋ᠢᠨ ᠣᠷᠴᠢᠨ ᠲᠣᠭᠤᠷᠢᠨ᠎ᠢ ᠱᠢᠯᠢᠳᠡᠭ᠌ᠵᠢᠭᠦᠯᠥᠨ᠂ ᠭᠤᠤᠯᠳᠠᠯᠭ᠎ᠠ᠎ᠲᠠᠢ ᠲᠥᠷᠥᠯ ᠵᠦᠢᠯ᠎ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ᠎ᠢ ᠪᠥᠬᠦ᠌ ᠬᠦᠴᠦᠨ᠎ᠢᠶᠠᠷ ᠠᠬᠢᠭᠤᠯᠵᠤ ᠪᠠᠢᠨ᠎ᠠ᠃

ᠣᠳᠣ ᠲᠤᠰ ᠬᠤᠲᠠ᠎ᠶ᠋ᠢᠨ ᠭᠤᠤᠯᠳᠠᠯᠭ᠎ᠠ᠎ᠲᠠᠢ ᠵᠥᠪᠳᠡᠯᠴᠡᠭᠡᠷ ᠬᠢᠵᠤ ᠪᠠᠢᠭ᠎ᠠ ᠲᠥᠷᠥᠯ ᠵᠦᠢᠯ 73 ᠪᠠᠢᠵᠤ᠂ 523.16 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠬᠤ᠎ᠪᠠᠷ ᠲᠥᠯᠥᠪᠯᠡᠵᠤ ᠪᠤᠢ᠃ ᠪᠡᠯᠡ ᠣᠷᠣᠭᠤᠯᠬᠤ ᠬᠡᠮᠵᠢᠶ᠎ᠡ᠎ᠠᠴᠠ ᠦᠵᠡᠪᠡᠯ᠂ ᠳ᠋ᠦᠩᠱᠢᠭᠤᠷ ᠲᠥᠭᠦᠷᠢᠭ᠎ᠠᠴᠠ ᠳᠡᠭᠡᠭ᠌ᠰᠢᠬᠢ ᠲᠥᠷᠥᠯ ᠵᠦᠢᠯ 66 ᠪᠠᠢᠵᠤ᠂ ᠡᠭᠦᠨ᠎ᠳᠤ 1 ᠎ᠠᠴᠠ 5 ᠳ᠋ᠦᠩᠱᠢᠭᠤᠷ ᠲᠥᠭᠦᠷᠢᠭ᠎ᠤᠨ 30 ᠲᠥᠷᠥᠯ ᠵᠥᠢᠯ᠂ 5 ᠎ᠠᠴᠠ 10 ᠳ᠋ᠦᠩᠱᠢᠭᠤᠷ ᠲᠥᠭᠦᠷᠢᠭ᠎ᠤᠨ 16 ᠲᠥᠷᠥᠯ ᠵᠥᠢᠯ᠂ 10 ᠳ᠋ᠦᠩᠱᠢᠭᠤᠷ ᠲᠥᠭᠦᠷᠢᠭ᠎ᠠᠴᠠ ᠳᠡᠭᠡᠭ᠌ᠰᠢ 20 ᠲᠥᠷᠥᠯ ᠵᠥᠢᠯ ᠪᠠᠢᠨ᠎ᠠ᠃ ᠡᠬᠦᠨ᠎ᠳᠤ 《ᠲᠠᠪᠤᠨ ᠶᠡᠭᠡ ᠠᠵᠤ ᠦᠢᠯᠡᠰ᠎ᠤᠨ ᠰᠥᠷᠥᠭ᠌ᠵᠢᠯ》 ᠎ᠤᠨ ᠲᠥᠷᠥᠯ ᠵᠦᠢᠯ 47 ᠪᠠᠢᠵᠤ᠂ 404.6 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠬᠤ᠎ᠪᠠᠷ ᠲᠥᠯᠥᠪᠯᠡᠵᠦ᠍ ᠪᠤᠢ᠃

ᠨᠢᠭᠡᠳᠦᠭᠡᠷ ᠤᠯᠠᠷᠢᠯ᠎ᠳᠤ᠂ ᠲᠤᠰ ᠬᠤᠲᠠ᠎ᠶ᠋ᠢᠨ ᠱᠢᠨ᠎ᠡ᠎ᠪᠠᠷ ᠭᠡᠷ᠎ᠡ ᠲᠣᠭ᠍ᠲᠠᠭ᠍ᠰᠠᠨ ᠮᠢᠩᠭᠠᠨ ᠲᠦᠮᠡᠨ ᠲᠥᠭᠦᠷᠢᠭ᠎ᠠᠴᠠ ᠳᠡᠭᠡᠭ᠌ᠰᠢᠬᠢ ᠬᠤᠳᠠᠯᠳᠤᠭᠠᠴᠢᠨ ᠤᠷᠢᠵᠤ ᠪᠠᠯᠠ ᠣᠷᠣᠭᠤᠯᠤᠭ᠍ᠰᠠᠨ ᠲᠥᠷᠥᠯ ᠵᠦᠢᠯ 20 ᠪᠠᠢᠵᠤ᠂ ᠭᠡᠷ᠎ᠡ ᠲᠣᠭ᠍ᠲᠠᠭ᠍ᠰᠠᠨ ᠶᠡᠷᠦᠩᠬᠡᠶ  ᠬᠡᠮᠵᠢᠶ᠎ᠡ 193.8 ᠳ᠋ᠦᠩᠱᠢᠭᠤᠷ ᠲᠥᠭᠦᠷᠢᠭ᠎ᠲᠤ ᠬᠦᠷᠴᠡᠶ᠃ ᠪᠡᠯᠡ ᠣᠷᠣᠭᠤᠯᠬᠤ ᠲᠤᠭ᠎ᠠ ᠬᠡᠮᠵᠢᠶ᠎ᠡ᠎ᠠᠴᠠ ᠦᠵᠡᠪᠡᠯ᠂ ᠳ᠋ᠦᠩᠱᠢᠭᠤᠷ ᠲᠥᠭᠦᠷᠢᠭ᠎ᠠᠴᠠ ᠳᠡᠭᠡᠭ᠌ᠰᠢᠬᠢ ᠲᠥᠷᠥᠯ ᠵᠦᠢᠯ 19 ᠪᠠᠢᠵᠤ᠂ ᠡᠭᠦᠨ᠎ᠳᠤ 1 ᠎ᠠᠴᠠ 5 ᠳ᠋ᠦᠩᠱᠢᠭᠤᠷ ᠲᠥᠭᠦᠷᠢᠭ᠎ᠤᠨ 11 ᠲᠥᠷᠥᠯ ᠵᠥᠢᠯ᠂ 5 ᠎ᠠᠴᠠ 10 ᠳ᠋ᠥᠩᠱᠢᠭᠤᠷ ᠲᠥᠭᠦᠷᠢᠭ᠎ᠤᠨ 5 ᠲᠥᠷᠥᠯ ᠵᠥᠢᠯ᠂ 10 ᠳ᠋ᠥᠩᠱᠢᠭᠤᠷ ᠲᠥᠭᠦᠷᠢᠭ᠎ᠠᠴᠠ ᠳᠡᠭᠡᠭ᠌ᠰᠢ 3 ᠲᠥᠷᠥᠯ ᠵᠥᠢᠯ ᠪᠤᠶ᠃ ᠡᠬᠦᠨ᠎ᠳᠤ 《ᠲᠠᠪᠤᠨ ᠶᠡᠭᠡ ᠠᠵᠤ ᠦᠢᠯᠡᠰ᠎ᠤᠨ ᠰᠥᠷᠥᠭ᠌ᠵᠢᠯ》 ᠎ᠤᠨ 14 ᠲᠥᠷᠥᠯ ᠵᠦᠢᠯ᠎ᠳᠤ 170.4 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠬᠤ᠎ᠪᠠᠷ ᠪᠠᠢᠨ᠎ᠠ᠃

ᠨᠢᠭᠡᠳᠦᠭᠡᠷ ᠤᠯᠠᠷᠢᠯ᠎ᠳᠤ᠂ ᠲᠤᠰ ᠬᠤᠲᠠ᠎ᠶ᠋ᠢᠨ ᠱᠢᠨ᠎ᠡ᠎ᠪᠠᠷ ᠠᠵᠢᠯ ᠡᠬᠢᠯᠡᠭᠦᠯᠦᠭ᠌ᠰᠡᠨ ᠬᠤᠳᠠᠯᠳᠤᠭᠠᠴᠢᠨ ᠤᠷᠢᠵᠤ ᠪᠠᠯᠠ ᠣᠷᠣᠭᠤᠯᠤᠭ᠍ᠰᠠᠨ ᠲᠥᠷᠥᠯ ᠵᠦᠢᠯ 19 ᠪᠠᠢᠵᠤ᠂ 124.07 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠬᠤ᠎ᠪᠠᠷ ᠲᠥᠯᠥᠪᠯᠡᠵᠦ᠍ ᠪᠣᠶ᠃ ᠪᠡᠯᠡ ᠣᠷᠣᠭᠤᠯᠬᠤ ᠲᠤᠭ᠎ᠠ ᠬᠡᠮᠵᠢᠶ᠎ᠠ᠎ᠠᠴᠠ ᠦᠵᠡᠪᠡᠯ᠂ ᠪᠦᠬᠦᠨ᠎ᠢᠶᠠᠷ᠎ᠢᠶᠠᠨ ᠳ᠋ᠦᠩᠱᠢᠭᠤᠷ ᠲᠥᠭᠦᠷᠢᠭ᠎ᠠᠴᠠ ᠳᠡᠭᠡᠭ᠌ᠰᠢᠬᠢ ᠲᠥᠷᠥᠯ ᠵᠦᠢᠯ ᠪᠠᠢᠵᠤ᠂ ᠡᠭᠦᠨ᠎ᠳᠤ 1 ᠎ᠠᠴᠠ 5 ᠳ᠋ᠦᠩᠱᠢᠭᠤᠷ ᠲᠥᠭᠦᠷᠢᠭ᠎ᠤᠨ 9 ᠲᠥᠷᠥᠯ ᠵᠥᠢᠯ᠂ 5 ᠎ᠠᠴᠠ 10 ᠳ᠋ᠦᠩᠱᠢᠭᠤᠷ ᠲᠥᠭᠦᠷᠢᠭ᠎ᠤᠨ 3 ᠲᠥᠷᠥᠯ ᠵᠥᠢᠯ᠂ 10 ᠳ᠋ᠦᠩᠱᠢᠭᠤᠷ ᠲᠥᠭᠦᠷᠢᠭ᠎ᠠᠴᠠ ᠳᠡᠭᠡᠭ᠌ᠰᠢ 7 ᠲᠥᠷᠥᠯ ᠵᠥᠢᠯ ᠪᠤᠶ᠃ ᠡᠬᠦᠨ᠎ᠳᠤ 《ᠲᠠᠪᠤᠨ ᠶᠡᠭᠡ ᠠᠵᠤ ᠦᠢᠯᠡᠰ᠎ᠤᠨ ᠰᠥᠷᠥᠭ᠌ᠵᠢᠯ》 ᠎ᠤᠨ 14 ᠲᠥᠷᠥᠯ ᠵᠦᠢᠯ᠎ᠳᠤ 104.07 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠬᠤ᠎ᠪᠠᠷ ᠪᠠᠢᠨ᠎ᠠ᠃

3 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ᠎ᠳᠤ 27.07 ᠳ᠋ᠦᠩᠱᠢᠭᠤᠷ ᠲᠥᠭᠦᠷᠢᠭ᠎ᠤᠨ ᠪᠠᠯᠠ ᠮᠥᠩᠭᠦ᠎ᠶ᠋ᠢ ᠪᠣᠳᠠᠲᠠᠢᠵᠢᠭᠤᠯᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 140% ᠎ᠪᠠᠷ ᠨᠡᠮᠡᠭ᠌ᠳᠡᠨ᠂ 2019 ᠣᠨ᠎ᠤ ᠠᠳᠠᠯᠢ ᠬᠤᠭᠤᠴᠠᠭᠠᠨ᠎ᠤ᠎ᠬᠢ᠎ᠠᠴᠠ 343% ᠎ᠪᠠᠷ ᠨᠡᠮᠡᠭ᠌ᠳᠡᠵᠦ᠍᠂ ᠣᠢᠷ᠎ᠠ᠎ᠶ᠋ᠢᠨ ᠬᠤᠶᠠᠷ ᠵᠢᠯ᠎ᠤᠨ ᠨᠢᠭᠡᠳᠦᠭᠡᠷ ᠤᠯᠠᠷᠢᠯ᠎ᠤᠨ ᠳᠤᠮᠳᠠᠴᠢ ᠨᠡᠮᠡᠭ᠌ᠳᠡᠯ᠎ᠤᠨ ᠬᠤᠷᠳᠤᠴᠠ 112.5% ᠎ᠳᠤ ᠬᠥᠷᠴᠠᠢ᠃ ᠡᠨᠡ ᠵᠢᠯ᠎ᠤᠨ ᠨᠢᠭᠡᠳᠦᠭᠡᠷ ᠤᠯᠠᠷᠢᠯ᠎ᠳᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ᠎ᠤᠨ ᠪᠠᠯᠠ ᠮᠥᠩᠭᠦ᠎ᠶ᠋ᠢᠨ ᠶᠡᠷᠦᠩᠬᠡᠶ ᠲᠤᠭ᠎ᠠ᠎ᠶ᠋ᠢ ᠪᠣᠳᠠᠲᠠᠢᠵᠢᠭᠤᠯᠵᠤ᠂ ᠪᠠᠯᠠ ᠮᠥᠩᠭᠦ᠎ᠶ᠋ᠢᠨ ᠨᠡᠮᠡᠭ᠌ᠳᠡᠯ᠎ᠤᠨ ᠬᠤᠷᠳᠤᠴᠠ᠎ᠶ᠋ᠢ ᠪᠡᠶᠡᠯᠡᠭᠦᠯᠥᠭ᠌ᠰᠡᠨ ᠲᠠᠯ᠎ᠠ᠎ᠪᠠᠷ ᠮᠠᠠ᠎ᠤ ᠣᠷᠣᠨ᠎ᠳᠤ ᠲᠣᠰ ᠲᠣᠰ ᠬᠤᠶᠠᠳᠤᠭᠠᠷ ᠪᠠ ᠨᠢᠭᠡᠳᠦᠭᠡᠷ᠎ᠲᠤ ᠵᠢᠬ᠍ᠰᠠᠭᠠᠬ᠍ᠳᠠᠵᠥ᠍ ᠪᠠᠢᠨ᠎ᠠ᠃

ᠠᠷᠠᠯᠵᠢᠶᠠᠴᠢᠨ ᠤᠷᠢᠵᠤ ᠪᠡᠯᠡ ᠤᠷᠤᠭᠤᠯᠤᠨ ᠠᠪᠴᠢᠷᠠᠬᠤ ᠠᠵᠢᠯ᠎ᠢ ᠠᠬᠢᠭᠤᠯᠬᠤ᠎ᠶ᠋ᠢᠨ ᠲᠥᠯᠥᠭᠡ ᠲᠤᠰ ᠬᠤᠲᠠ ᠭᠤᠣᠯᠳᠠᠯᠭ᠎ᠠ᠎ᠲᠠᠢ ᠲᠥᠷᠦᠯ ᠵᠦᠢᠯ᠎ᠢ ᠢᠳᠡᠪᠬᠢᠲᠡᠢ ᠵᠣᠯᠭᠠᠭᠤᠯᠵᠤ᠂ ᠭᠦᠸᠧ᠎ᠲᠠᠢ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠤ ᠦᠢᠯᠡᠳᠪᠦᠷᠢᠯᠡᠯ᠂ ᠪᠢ ᠶᠠ ᠳ᠋ᠢ ᠪᠦᠯᠦᠭ᠌ᠯᠡᠯ᠎ᠤᠨ ᠵᠢᠮᠲᠦ ᠵᠠᠮ ᠬᠠᠷᠢᠯᠴᠠᠭ᠎ᠠ᠂ ᠶ᠋ᠢᠨ ᠢᠦᠢ ᠹᠧᠩ ᠺᠣᠮᠫᠠᠨᠢ᠎ᠶ᠋ᠢᠨ ᠲᠤᠮᠤ ᠡᠷᠡᠭᠦᠯ ᠮᠡᠨᠳᠤ᠎ᠶ᠋ᠢᠨ ᠠᠮᠢᠳᠤ ᠪᠣᠳᠠᠰ᠎ᠤᠨ ᠠᠵᠤ ᠦᠢᠯᠡᠰ᠎ᠤᠨ ᠬᠦᠷᠢᠶᠡᠯᠡᠩ ᠵᠡᠷᠭᠡ ᠲᠥᠷᠦᠯ ᠵᠦᠢᠯ᠎ᠢ ᠭᠤᠣᠯᠳᠠᠯᠭ᠎ᠠ᠎ᠲᠠᠢ ᠮᠥᠷᠳᠡᠨ ᠠᠬᠢᠭᠤᠯᠵᠤ᠂ ᠲᠥᠷᠦᠯ ᠵᠦᠢᠯ᠎ᠤᠨ ᠭᠡᠷ᠎ᠡ ᠲᠣᠭ᠍ᠲᠠᠵᠤ ᠨᠠᠢᠳᠠᠪᠤᠷᠢᠵᠢᠭᠤᠯᠬᠤ᠂ ᠠᠵᠢᠯ ᠡᠬᠢᠯᠡᠭᠦᠯᠦᠨ ᠪᠦᠲᠦᠭᠡᠨ ᠪᠠᠢᠭᠤᠯᠬᠤ᠂ ᠥᠢᠯᠡᠳᠪᠥᠷᠢᠯᠡᠯ ᠡᠬᠢᠯᠡᠭᠦᠯᠥᠨ ᠠᠱᠢᠬ᠍ᠯᠠᠯᠲᠠ᠎ᠳᠤ ᠣᠷᠣᠭᠤᠯᠬᠤ᠎ᠶ᠋ᠢ ᠠᠬᠢᠭᠤᠯᠵᠠᠢ᠃ ᠠᠷᠠᠯᠵᠢᠶᠠᠴᠢᠨ ᠤᠷᠢᠬᠤ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠨ᠂ ᠠᠷᠠᠯᠵᠢᠶᠠᠴᠢᠨ ᠤᠷᠢᠬᠤ ᠬᠦᠷᠢᠶ᠎ᠡ ᠴᠠᠷᠠᠭᠠᠨ᠎ᠳᠠᠬᠢ ᠲᠣᠭᠤᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠠᠵᠢᠯ᠎ᠢ ᠠᠬᠢᠭᠤᠯᠵᠤ᠂ 4 ᠰᠠᠷ᠎ᠠ᠎ᠶ᠋ᠢᠨ 20 ᠎ᠤ ᠡᠳᠦᠷ ᠪᠣᠯᠲᠠᠯ᠎ᠠ᠂ ᠨᠡᠢᠲᠡ 3212 ᠲᠦᠮᠡᠨ ᠲᠥᠭᠦᠷᠢᠭ᠎ᠤᠨ ᠪᠠᠯᠠ ᠮᠥᠩᠭᠦ᠎ᠶ᠋ᠢ ᠪᠤᠳᠠᠳᠠᠢᠵᠢᠭᠤᠯᠥᠬ᠍ᠰᠡᠨ ᠪᠠᠢᠨ᠎ᠠ᠃

ᠠᠷᠠᠯᠵᠢᠶᠠᠴᠢᠨ ᠤᠷᠢᠬᠤ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ 《ᠸᠧᠨᠵᠧᠤ᠎ᠶ᠋ᠢᠨ ᠬᠤᠳᠠᠯᠳᠤᠭᠠᠴᠢᠨ᠎ᠤ ᠲᠦᠩᠯᠢᠶᠣᠤ᠎ᠳᠠᠬᠢ ᠠᠶᠠᠯᠠᠯ》᠂ 《ᠥᠪᠥᠷ ᠮᠣᠩᠭᠤᠯ᠎ᠤᠨ ᠬᠤᠳᠠᠯᠳᠤᠭᠠᠴᠢᠨ᠎ᠤ ᠬᠦᠴᠦᠨ᠎ᠢ ᠲᠥᠪᠯᠡᠷᠡᠭᠦᠯᠵᠦ᠍ ᠰᠧᠴᠤᠸᠠᠨ ᠥᠪᠥᠷ ᠮᠣᠩᠭᠤᠯ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ》 ᠵᠡᠷᠭᠡ ᠠᠵᠢᠯᠯᠠᠭ᠎ᠠ ᠥᠷᠨᠢᠭᠦᠯᠪᠡ᠃ 7 ᠰᠠᠷ᠎ᠠ᠎ᠳᠤ ᠬᠢᠬᠦ᠌᠎ᠪᠠᠷ ᠲᠥᠯᠥᠪᠯᠡᠵᠤ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠳᠠᠭᠠᠭᠠᠴᠢᠯᠠᠨ ᠡᠷᠬᠢᠯᠡᠬᠦ᠌ 《ᠪᠥᠬᠦ᠌ ᠤᠯᠤᠰ᠎ᠤᠨ  ᠦᠢᠯᠡᠳᠪᠦᠷᠢ ᠬᠤᠳᠠᠯᠳᠤᠭᠠᠨ᠎ᠤ ᠬᠤᠯᠪᠣᠭ᠎ᠠ᠎ᠶ᠋ᠢᠨ ᠲᠡᠷᠢᠭᠦᠯᠡᠭ᠌ᠴᠢ᠎ᠶ᠋ᠢᠨ ᠳᠡᠭᠡᠳᠦ ᠲᠠᠰ᠎ᠤᠨ ᠲᠦᠷᠦᠭᠦᠴᠦᠳ᠎ᠤᠨ ᠬᠤᠷᠠᠯ》 ᠎ᠤᠨ  ᠵᠦᠢᠯᠡᠰ᠎ᠢ ᠨᠠᠢᠳᠠᠪᠤᠷᠢᠵᠢᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠮᠲᠤᠷᠠᠯᠴᠠᠭᠠᠨ᠎ᠤ ᠲᠥᠷᠥᠯ ᠵᠦᠢᠯ᠎ᠢ 160 ᠡᠮᠬᠢᠯᠡᠨ ᠲᠥᠰᠦᠪᠯᠡᠵᠠᠢ᠃

ᠠᠷᠠᠯᠵᠢᠶᠠᠴᠢᠨ ᠤᠷᠢᠬᠤ ᠰᠠᠭᠤᠷᠢ ᠪᠠᠲᠤᠯᠠᠭ᠎ᠠ᠎ᠶ᠋ᠢ ᠰᠠᠢᠲᠤᠷ ᠬᠢᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌ ᠤᠬᠠᠬ᠍ᠳᠠᠭᠤᠨ᠎ᠢ ᠪᠠᠲᠤᠳᠭᠠᠵᠤ᠂ ᠲᠤᠰ ᠬᠤᠲᠠ᠎ᠶ᠋ᠢᠨ 《ᠲᠠᠪᠤᠨ ᠶᠡᠭᠡ ᠠᠵᠤ ᠦᠢᠯᠡᠰ᠎ᠤᠨ ᠰᠦᠷᠦᠭ᠌ᠵᠢᠯ》 ᠵᠢᠴᠢ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠠᠷᠠᠭᠠᠨ᠎ᠤ  ᠭᠦᠢᠯᠭᠡᠭᠡ᠂ ᠪᠠᠢᠯᠳᠤᠬᠤ ᠪᠣᠳᠣᠯᠭ᠎ᠠ᠎ᠶ᠋ᠢᠨ ᠱᠢᠨ᠎ᠡ᠎ᠪᠠᠷ ᠮᠠᠨᠳᠤᠬ᠍ᠰᠠᠨ ᠠᠵᠤ ᠥᠢᠯᠡᠰ᠂ ᠱᠢᠨ᠎ᠡ ᠬᠡᠯᠪᠡᠷᠢ᠎ᠶ᠋ᠢᠨ ᠰᠠᠭᠤᠷᠢ ᠲᠥᠬᠦᠭᠡᠷᠥᠮᠵᠢ ᠵᠡᠷᠭᠡ ᠠᠵᠤ ᠦᠢᠯᠡᠰ᠎ᠲᠤ ᠰᠠᠭᠤᠷᠢᠯᠠᠨ᠂ ᠡᠨᠧᠷᠭᠢ᠎ᠶ᠋ᠢᠨ ᠬᠤᠷᠣᠭ᠍ᠳᠠᠯ᠎ᠤᠨ ᠬᠤᠤᠰ ᠡᠵᠡᠮᠳᠡᠯ᠂ ᠤᠰᠤᠨ᠎ᠤ ᠬᠡᠮᠵᠢᠶ᠎ᠡ᠎ᠪᠠᠷ ᠬᠥᠭ᠌ᠵᠢᠭᠦᠯᠬᠦ᠂ ᠠᠮᠢ ᠠᠬᠤᠶ᠎ᠶ᠋ᠢᠨ ᠣᠷᠴᠢᠨ ᠲᠣᠭᠤᠷᠢᠨ᠎ᠤ ᠬᠠᠮᠠᠭᠠᠯᠠᠯᠲᠠ ᠵᠡᠷᠭᠡ ᠬᠦᠴᠦᠨ ᠵᠦᠢᠯ᠎ᠢ ᠭᠦᠶᠴᠡᠳ ᠪᠣᠳᠣᠯᠬᠢᠯᠠᠨ᠂ ᠡᠯ᠎ᠡ ᠬᠤᠱᠢᠭᠤ ᠱᠢᠶᠠᠨ ᠬᠤᠲᠠ ᠲᠣᠭᠤᠷᠢᠭ᠎ᠲᠠᠢ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠂ ᠪᠣᠬᠢᠷᠲᠤᠯ ᠥᠬᠡᠶ ᠨᠡᠭᠦᠷᠡᠰᠦ ᠴᠠᠬᠢᠯᠭᠠᠨ ᠬᠥᠩᠭᠡᠨ ᠴᠠᠭᠠᠨ᠂ ᠣᠲᠣ ᠦᠶ᠎ᠡ᠎ᠶ᠋ᠢᠨ ᠡᠨᠧᠷᠭᠢ᠂ ᠨᠢᠺᠧᠯ᠎ᠤᠨ ᠡᠷᠬᠢᠯᠳᠡᠳᠥ ᠠᠵᠤ ᠠᠬᠤᠶ᠂ ᠮᠣᠩᠭᠤᠯ ᠬᠢᠲᠠᠳ ᠡᠮ ᠡᠮᠨᠡᠯᠭᠡ᠂ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠠᠷᠠᠭᠠᠨ᠎ᠤ ᠭᠦᠢᠯᠭᠡᠭᠡ ᠵᠡᠷᠭᠡ ᠠᠵᠤ ᠦᠢᠯᠡᠰ᠎ᠤᠨ ᠬᠠᠮᠲᠤᠷᠠᠯᠴᠠᠭᠠᠨ᠎ᠤ 160 ᠲᠥᠷᠥᠯ ᠵᠥᠢᠯ᠎ᠢ ᠬᠠᠮᠳᠤᠪᠡᠷ ᠲᠥᠰᠥᠪᠯᠡᠵᠤ᠂ ᠨᠡᠩ ᠵᠥᠪ ᠤᠨᠤᠴᠠᠳᠠᠢ ᠬᠤᠳᠠᠯᠳᠤᠭᠠᠴᠢᠨ ᠤᠷᠢᠬᠤ ᠠᠷᠭ᠎ᠠ ᠵᠠᠮ᠎ᠶ᠋ᠢ ᠬᠡᠷᠡᠭ᠌ᠵᠢᠭᠦᠯᠬᠦ᠌᠎ᠪᠠᠷ ᠴᠢᠷᠮᠠᠢᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号