ᠬᠥᠬᠡᠬᠤᠲᠠ᠎ᠶ᠋ᠢᠨ 74 ᠠᠵᠤ ᠠᠬᠤᠢ᠍ᠢᠯᠠᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠎ᠤᠨ ᠬᠦᠮᠦᠷᠭᠡ᠎ᠳᠤ ᠤᠷᠤᠪᠠ
2021-05-31 11:07:11
ᠵᠣᠬᠢᠶᠠᠭ᠍ᠴᠢ᠄
ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆


ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2021 ᠣᠨ᠎ᠤ ᠨᠢᠭᠡᠳᠦᠭᠡᠷ ᠪᠦᠯᠦᠭ ᠬᠥᠮᠥᠷᠭᠡ᠎ᠳᠤ ᠣᠷᠣᠭᠤᠯᠬᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠎ᠢ ᠨᠡᠢᠲᠡᠯᠡᠬᠦ᠌ ᠲᠤᠬᠠᠶ ᠮᠡᠳᠡᠭ᠌ᠳᠡᠯ》 ᠎ᠢ ᠨᠡᠢᠳᠡᠯᠡᠪᠡ᠂ ᠬᠦᠬᠡᠬᠤᠲᠠ᠎ᠶ᠋ᠢᠨ 74 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢ᠍ᠢᠯᠠᠯ ᠰᠤᠩᠭᠤᠭ᠍ᠳᠠᠵᠤ ᠪᠥᠬᠦ᠌ ᠣᠷᠣᠨ᠎ᠤ ᠬᠥᠮᠥᠷᠭᠡ᠎ᠳᠤ ᠣᠷᠣᠭᠤᠯᠬᠤ ᠠᠵᠤ ᠠᠬᠤᠢᠯᠠᠯ᠎ᠤᠨ 40.9% ᠎ᠶ᠋ᠢ ᠡᠵᠡᠯᠡᠪᠡ᠃ ᠡᠭᠦᠨ᠎ᠤ ᠬᠠᠮᠲᠤ᠌᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2021 ᠣᠨ᠎ᠤ ᠬᠤᠶᠠᠳᠤᠭᠠᠷ ᠪᠦᠯᠦᠭ ᠬᠥᠮᠥᠷᠭᠡ᠎ᠳᠤ ᠣᠷᠣᠭᠤᠯᠬᠤ᠎ᠪᠠᠷ ᠪᠠᠢᠭ᠎ᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠎ᠤᠨ ᠨᠡᠷᠡᠰ᠎ᠢ ᠢᠯᠡ ᠨᠡᠢᠲᠡᠯᠡᠬᠦ᠌ ᠲᠤᠬᠠᠶ ᠮᠡᠳᠡᠭ᠌ᠳᠡᠯ》 ᠎ᠢ ᠨᠡᠢᠲᠡᠯᠡᠵᠦ᠍᠂ ᠡᠭᠦᠨ᠎ᠳᠤ ᠬᠦᠬᠡᠬᠤᠲᠠ᠎ᠶ᠋ᠢᠨ 62 ᠠᠵᠤ ᠠᠬᠤᠢᠯᠠᠯ ᠢᠯᠡ ᠨᠡᠢᠲᠡᠯᠡᠭ᠌ᠳᠡᠵᠦ᠍᠂ ᠬᠤᠶᠠᠳᠤᠭᠠᠷ ᠪᠦᠯᠦᠭ ᠬᠥᠮᠥᠷᠭᠡ᠎ᠳᠤ ᠣᠷᠣᠭᠤᠯᠬᠤ᠎ᠪᠠᠷ ᠪᠠᠢᠭ᠎ᠠ ᠠᠵᠤ ᠠᠬᠤᠢᠯᠠᠯ᠎ᠤᠨ 27.3% ᠎ᠶ᠋ᠢ ᠡᠵᠡᠯᠡᠪᠡ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ ᠭᠡᠳᠡᠭ᠎ᠨᠢ ᠵᠣᠬᠢᠬᠤ ᠲᠣᠭᠠᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠠᠵᠢᠯᠳᠠᠨ᠎ᠳᠤ ᠲᠦᠱᠢᠭ᠌ᠯᠡᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠤᠳᠤᠯᠤᠨ ᠨᠡᠭᠡᠭᠡᠬᠦ᠌ ᠠᠵᠢᠯᠯᠠᠭ᠎ᠠ ᠦᠷᠨᠢᠭᠦᠯᠵᠦ᠍᠂ ᠪᠡᠶ᠎ᠡ᠎ᠪᠠᠨ ᠳᠠᠭᠠᠭᠠᠭ᠍ᠰᠠᠨ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢ ᠤᠯᠬᠤ᠎ᠶ᠋ᠢᠨ ᠬᠠᠮᠲᠤ ᠲᠡᠭᠦᠨ᠎ᠢᠶᠠᠨ ᠳᠡᠭᠡᠳᠦ ᠱᠢᠨ᠎ᠡ ᠮᠡᠷᠭᠡᠵᠢᠯ᠎ᠤᠨ ᠦᠢᠯᠡᠳᠬᠦᠨ ᠪᠤᠶᠤ ᠦᠢᠯᠡᠴᠢᠯᠡᠭᠡ ᠪᠣᠯᠭᠠᠨ ᠬᠤᠪᠢᠷᠠᠭᠤᠯᠬᠤ᠎ᠶ᠋ᠢᠨ ᠤᠯᠠᠮ᠎ᠠᠴᠠ ᠦᠷᠭᠦᠯᠵᠢᠯᠡᠬᠦ᠌ ᠬᠥᠭ᠌ᠵᠢᠯᠲᠡ᠎ᠶ᠋ᠢ ᠪᠡᠶᠡᠯᠡᠭᠦᠯᠬᠦ᠌ ᠳᠤᠮᠳᠠ ᠪᠠᠭ᠎ᠠ ᠠᠵᠤ ᠠᠬᠤᠢᠯᠠᠯ᠎ᠢ ᠵᠢᠭᠠᠵᠤ ᠪᠠᠢᠨ᠎ᠠ᠃ ᠤᠢ᠍ᠢᠯᠠᠭᠠᠭ᠍ᠰᠠᠨ᠎ᠢᠶᠠᠷ᠂ ᠲᠠᠷᠠᠭᠠᠴᠢ᠎ᠪᠠᠷ᠂ ᠬᠦᠬᠡᠬᠤᠲᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠵᠢᠯᠣᠭᠤᠳᠣᠯᠭ᠎ᠠ᠎ᠶ᠋ᠢ ᠢᠳᠡᠪᠬᠢᠲᠡᠶ ᠴᠢᠩᠭᠠᠳᠭᠠᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠎ᠤᠨ ᠰᠦᠷᠦᠭ᠌ᠵᠢᠯ᠎ᠢ ᠪᠤᠢᠵᠢᠭᠤᠯᠤᠨ ᠪᠤᠵᠠᠭᠠᠢᠷᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠎ᠤᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠭᠦᠶᠴᠡᠳ ᠬᠥᠭ᠌ᠵᠢᠭᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠎ᠤᠨ ᠴᠢᠨᠠᠷ ᠰᠠᠢᠲᠠᠢ ᠡᠷᠡᠭᠦᠯ᠎ᠢᠶᠠᠷ ᠬᠥᠭ᠌ᠵᠢᠬᠦ᠌᠎ᠶ᠋ᠢ ᠦᠷᠭᠦᠯᠵᠢᠯᠡᠨ ᠠᠬᠢᠭᠤᠯᠬᠤ ᠪᠤᠯᠤᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号