ᠬᠦᠬᠡᠬᠤᠳᠠ᠎ᠶ᠋ᠢᠨ ᠡᠪᠯᠡᠯ᠎ᠤᠨ ᠬᠤᠷᠢᠶ᠎ᠠ ᠡᠨᠡ ᠵᠢᠯ 6 ᠵᠦᠢᠯ᠎ᠤᠨ ᠪᠣᠳᠠᠲᠤ ᠶᠠᠪᠤᠳᠠᠯ᠎ᠢ ᠬᠦᠢᠴᠡᠳᠭᠡᠨ᠎ᠠ
2021-05-31 11:08:45
ᠵᠣᠬᠢᠶᠠᠭ᠍ᠴᠢ᠄
ᠰᠦᠨ ᠯᠢ ᠶᠢᠩ
ᠣᠩᠱᠢᠭ᠍ᠰᠠᠨ ᠣᠳᠠᠭ᠎ᠠ᠄
★★★☆☆


ᠨᠠᠮ᠎ᠠᠴᠠ ᠵᠠᠯᠠᠭᠤᠴᠤᠳ᠎ᠲᠠᠢ ᠬᠠᠷᠢᠯᠴᠠᠬᠤ ᠬᠥᠭᠦᠷᠭᠡ ᠬᠤᠯᠪᠣᠭᠠᠰᠤ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠵᠠᠯᠠᠭᠤᠴᠤᠳ᠎ᠤᠨ 《ᠪᠠᠴᠢᠮᠳᠠᠵᠤ᠂ ᠲᠦᠪᠡᠭ᠌ᠳᠡᠵᠦ᠍᠂ ᠵᠤᠪᠠᠨᠢᠵᠤ᠂ ᠬᠦᠰᠡᠵᠦ᠍》 ᠪᠠᠢᠭ᠎ᠠ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠣᠷᠣᠨ᠎ᠤ ᠲᠥᠪ᠎ᠤᠨ ᠵᠠᠯᠠᠭᠤᠴᠤᠳ᠎ᠤᠨ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠬᠦᠬᠡᠬᠤᠳᠠ᠎ᠶ᠋ᠢᠨ ᠡᠪᠯᠡᠯ᠎ᠤᠨ ᠬᠤᠷᠢᠶ᠎ᠠ ᠡᠨᠡ ᠵᠢᠯ 6 ᠵᠦᠢᠯ᠎ᠤᠨ ᠪᠣᠳᠠᠲᠤ ᠶᠠᠪᠤᠳᠠᠯ᠎ᠢ ᠬᠦᠢᠴᠡᠳᠭᠡᠬᠦ᠌᠎ᠪᠠᠷ ᠪᠠᠢᠨ᠎ᠠ᠃

ᠡᠳᠡᠭᠡᠷ 6 ᠵᠦᠢᠯ᠎ᠤᠨ ᠪᠣᠳᠠᠳᠠᠢ ᠶᠠᠪᠣᠳᠠᠯ᠎ᠨᠢ᠂ 《ᠨᠠᠮ᠎ᠤᠨ ᠲᠡᠦᠬᠡ᠎ᠶ᠋ᠢ ᠰᠤᠷᠤᠯᠴᠠᠵᠤ᠂ ᠢᠲᠡᠭᠡᠯ ᠪᠢᠱᠢᠷᠡᠯ᠎ᠢᠶᠠᠨ ᠪᠠᠳᠤᠳᠭᠠᠵᠤ᠂ ᠨᠠᠮ᠎ᠢᠶᠠᠨ᠎ᠲᠠᠭᠠᠨ ᠤᠷᠤᠬ᠍ᠰᠢᠯᠠᠬᠤ》 ᠵᠠᠭᠤᠨ ᠲᠠᠯᠠᠪᠠᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠵᠣᠬᠢᠶᠠᠨ ᠪᠠᠢᠭᠤᠯᠤᠨ ᠥᠷᠨᠢᠭᠦᠯᠵᠦ᠍᠂ ᠵᠠᠯᠠᠭᠤ ᠯᠧᠺᠲ᠋ᠤᠷ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠂ ᠤᠯᠠᠭᠠᠨ ᠪᠦᠴᠡᠳᠡᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ ᠵᠡᠷᠭᠡ᠎ᠪᠠᠷ ᠳᠠᠮᠵᠢᠭᠤᠯᠤᠨ ᠨᠠᠮ᠎ᠤᠨ ᠲᠡᠦᠬᠡ᠎ᠶ᠋ᠢᠨ ᠦᠯᠢᠬᠡᠷ᠎ᠢ ᠰᠠᠢᠲᠤᠷ ᠶᠠᠷᠢᠵᠤ᠂ ᠨᠠᠮ᠎ᠤᠨ ᠲᠠᠭᠤᠨ᠎ᠢ ᠳᠠᠮᠵᠢᠭᠤᠯᠵᠤ᠂ ᠵᠠᠯᠠᠭᠤᠴᠤᠳ ᠪᠠᠭᠠᠴᠤᠳ᠎ᠤᠨ ᠬᠡᠷᠡᠭ᠌ᠴᠡᠭᠡ ᠱᠠᠭᠠᠷᠳᠠᠯᠭ᠎ᠠ᠎ᠳᠤ ᠦᠢᠯᠡᠴᠢᠯᠡᠵᠦ᠍᠂ ᠵᠠᠯᠠᠭᠤᠴᠤᠳ ᠪᠠᠭᠠᠴᠤᠳ᠎ᠤᠨ ᠬᠠᠯᠠᠮᠵᠢᠯᠠᠵᠤ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠭᠦᠨ᠎ᠡ; ᠡᠯ᠎ᠡ ᠲᠥᠷᠥᠯ᠎ᠤᠨ ᠬᠤᠪᠢᠰᠭᠠᠯ᠎ᠤᠨ ᠬᠠᠭᠤᠴᠢᠨ ᠪᠠᠭᠤᠷᠢ᠂ ᠦᠵᠡᠰᠭᠦᠯᠡᠩ᠎ᠤᠨ ᠣᠷᠳᠣᠨ᠂ ᠮᠦᠽᠧᠶ᠂ ᠨᠡᠢᠭᠡᠮ᠎ᠤᠨ ᠪᠠᠢᠭᠤᠯᠤᠮᠵᠢ ᠵᠡᠷᠭᠡ ᠡᠬᠢ ᠪᠠᠶᠠᠯᠢᠭ᠎ᠢ ᠨᠡᠢᠳᠭᠡᠵᠦ᠍᠂ ᠨᠢᠭᠡ ᠪᠦᠯᠦᠭ 《ᠬᠥᠬᠡᠬᠤᠲᠠ᠎ᠶ᠋ᠢᠨ ᠪᠠᠭᠠᠴᠤᠳ᠎ᠤᠨ ᠬᠤᠱᠢᠭᠤᠴᠢ ᠠᠩᠭᠢ᠎ᠶ᠋ᠢᠨ ᠦᠢᠯᠡᠳᠦᠯᠭᠡ᠎ᠶ᠋ᠢᠨ ᠬᠥᠮᠦᠵᠢᠯ᠎ᠤᠨ ᠰᠠᠭᠤᠷᠢᠨ》 ᠎ᠢ ᠴᠣᠭ᠍ᠴᠠᠯᠠᠨ ᠨᠡᠷᠡᠢᠳᠴᠦ᠍᠂ ᠪᠥᠬᠦ᠌ ᠬᠤᠲᠠ᠎ᠶ᠋ᠢᠨ ᠪᠠᠭᠠᠴᠤᠳ ᠬᠡᠦᠬᠡᠳ᠎ᠤᠨ ᠪᠥᠬᠦ᠌ ᠲᠠᠯ᠎ᠠ᠎ᠶ᠋ᠢᠨ ᠬᠥᠭ᠌ᠵᠢᠯᠲᠡ᠎ᠳᠤ ᠬᠦᠴᠦᠨ ᠨᠡᠮᠡᠷᠢᠯᠡᠨ᠎ᠡ; 《ᠪᠦᠪᠡᠶ ᠲᠣᠰᠭᠤᠨ᠎ᠠᠴᠠ᠎ᠪᠠᠨ ᠭᠠᠷᠬᠤ》 ᠨᠡᠢᠲᠡ᠎ᠶ᠋ᠢᠨ ᠠᠰᠠᠷᠠᠮᠵᠢ᠎ᠶ᠋ᠢᠨ ᠠᠵᠢᠯᠯᠠᠭ᠎ᠠ᠎ᠳᠤ ᠲᠦᠱᠢᠭ᠌ᠯᠡᠨ᠂ ᠬᠦᠴᠢᠷᠳᠡᠯ᠎ᠳᠤ ᠲᠤᠯᠭᠠᠷᠠᠭ᠍ᠰᠠᠨ᠂ ᠬᠡᠷ᠎ᠲᠡᠭᠡᠨ ᠬᠤᠴᠣᠷᠤᠭ᠍ᠰᠠᠨ 100 ᠬᠡᠦᠬᠡᠳ᠎ᠢ ᠲᠠᠭᠠᠭᠤᠯᠤᠨ ᠲᠣᠰᠭᠤᠨ᠎ᠠᠴᠠ ᠭᠠᠷᠴᠤ᠌᠂ ᠬᠠᠷᠠᠴᠠ᠎ᠶ᠋ᠢ᠎ᠨᠢ ᠥᠷᠭᠡᠳᠭᠡᠨ᠂ ᠮᠡᠳᠡᠯᠭᠡ᠎ᠶ᠋ᠢ᠎ᠨᠢ ᠨᠡᠮᠡᠭ᠌ᠳᠡᠭᠦᠯᠵᠦ᠍᠂ ᠬᠡᠤᠬᠡᠳ᠎ᠤᠨ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠬᠥᠭ᠌ᠵᠢᠭᠡᠨ᠎ᠠ; ᠵᠠᠯᠠᠭᠤᠴᠤᠳ᠎ᠤᠨ ᠨᠠᠢᠵᠠᠯᠠᠬᠤ᠂ ᠠᠵᠢᠯ ᠣᠯᠵᠤ ᠦᠢᠯᠡᠰ ᠪᠤᠰᠭᠠᠬᠤ ᠲᠠᠪᠴᠠᠩ᠎ᠢ ᠰᠠᠢᠲᠤᠷ ᠴᠣᠭ᠍ᠴᠠᠯᠠᠵᠣ᠂ ᠵᠠᠯᠠᠭᠤᠴᠤᠳ᠎ᠤᠨ ᠵᠥᠪ ᠤᠨᠤᠪᠴᠢᠳᠠᠢ ᠨᠠᠢᠵᠠᠯᠠᠬᠤ ᠦᠵᠡᠯᠲᠡ᠂ ᠢᠨᠠᠭ᠍ᠯᠠᠬᠤ ᠦᠵᠡᠯᠲᠡ᠂ ᠭᠡᠷ ᠪᠦᠯᠢ᠎ᠶ᠋ᠢᠨ ᠦᠵᠡᠯᠲᠡ᠎ᠶ᠋ᠢ ᠪᠤᠢ ᠪᠣᠯᠭᠠᠨ᠎ᠠ; ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠴᠢᠳᠠᠪᠤᠷᠢᠲᠠᠨ ᠤᠷᠢᠨ ᠡᠯᠰᠡᠬᠦ᠌ ᠴᠤᠭ᠍ᠯᠠᠭᠠᠨ᠎ᠢ ᠣᠯᠠᠨ ᠤᠳᠠᠭ᠎ᠠ ᠡᠷᠭᠢᠯᠡᠵᠦ᠍᠂ ᠵᠠᠯᠠᠭᠤᠴᠤᠳ᠎ᠤᠨ ᠠᠵᠢᠯ ᠤᠯᠬᠤ ᠬᠡᠷᠡᠭ᠌ᠴᠡᠭᠡ᠎ᠳᠤ  ᠦᠢᠯᠡᠴᠢᠯᠡᠨ᠂ ᠠᠵᠢᠯ ᠤᠯᠬᠤ ᠲᠣᠬᠢᠶᠠᠯ ᠬᠠᠩᠭᠠᠨ᠎ᠠ; ᠬᠠᠯᠠᠮᠱᠢᠯ ᠤᠲᠠᠰᠤ᠎ᠶ᠋ᠢ ᠠᠮᠢᠳᠤᠯᠢᠭ᠎ᠢᠶᠠᠷ ᠠᠱᠢᠬ᠍ᠯᠠᠵᠣ᠂ ᠰᠤᠷᠭᠠᠭᠤᠯᠢ᠂ ᠨᠡᠢᠭᠡᠮ᠎ᠳᠤ ᠬᠠᠨᠳᠤᠭᠤᠯᠤᠨ 12355 ᠥᠪᠥᠷ ᠮᠣᠩᠭᠤᠯ᠎ᠤᠨ ᠵᠠᠯᠠᠭᠤᠴᠤᠳ ᠪᠠᠭᠠᠴᠤᠳ᠎ᠤᠨ ᠬᠠᠯᠠᠮᠱᠢᠯ ᠤᠲᠠᠰᠤ᠂ ᠬᠤᠲᠠ᠎ᠶ᠋ᠢᠨ ᠲᠠᠰ᠎ᠤᠨ 12355 ᠵᠠᠯᠠᠭᠤᠴᠤᠳ ᠪᠠᠭᠠᠴᠤᠳ᠎ᠤᠨ ᠦᠢᠯᠡᠴᠢᠯᠡᠭᠡᠨ᠎ᠤ ᠲᠠᠪᠴᠠᠩ᠎ᠢ ᠥᠷᠭᠡᠨ᠎ᠢᠶᠠᠷ ᠤᠬᠠᠭᠤᠯᠵᠤ᠂ ᠨᠡᠢᠲᠡ᠎ᠶ᠋ᠢᠨ ᠠᠰᠠᠷᠠᠮᠵᠢ᠎ᠶ᠋ᠢᠨ ᠰᠡᠳᠭᠢᠴᠡ᠎ᠶ᠋ᠢᠨ ᠲᠤᠰᠭᠠᠶ ᠮᠡᠷᠭᠡᠵᠢᠯᠲᠡᠨ᠎ᠤ ᠦᠢᠯᠡᠴᠢᠯᠡᠭᠡᠨ᠎ᠤ ᠪᠦᠯᠬᠦᠮ ᠵᠣᠬᠢᠶᠠᠨ ᠪᠠᠢᠭᠤᠯᠵᠤ᠂ ᠥᠷᠭᠡᠨ ᠣᠯᠠᠨ ᠰᠣᠷᠣᠭ᠍ᠴᠢ ᠵᠢᠴᠢ ᠬᠡᠷ᠎ᠤᠨ ᠠᠬᠠᠮᠠᠳ᠎ᠲᠤ ᠦᠢᠯᠡᠴᠢᠯᠡᠭᠡ ᠬᠠᠨᠭ᠌ᠭᠠᠨ᠎ᠠ; 《ᠪᠢ ᠪᠣᠯ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠭᠡᠱᠢᠭᠦᠨ᠂ ᠪᠢ ᠲᠠᠨ᠎ᠢ ᠬᠠᠪᠰᠤᠷᠤᠶ᠎ᠠ》 ᠭᠡᠬᠦ᠌ ᠵᠠᠯᠠᠭᠤᠴᠤᠳ᠎ᠤᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠱᠢᠷᠢᠰ ᠠᠵᠢᠯᠯᠠᠭ᠎ᠠ ᠥᠷᠨᠢᠭᠦᠯᠵᠦ᠍᠂ ᠣᠷᠴᠢᠨ ᠲᠣᠭᠤᠷᠢᠨ᠎ᠢ ᠴᠡᠭ᠌ᠴᠡᠯᠡᠨ ᠵᠠᠰᠠᠬᠤ᠂ ᠬᠤᠭ ᠨᠣᠪᠰᠢ᠎ᠶ᠋ᠢ ᠲᠥᠷᠥᠯ ᠠᠩᠭᠢᠯᠠᠬᠤ᠂ ᠮᠣᠳᠣ ᠳᠠᠷᠢᠵᠤ ᠣᠢᠵᠢᠭᠤᠯᠣᠨ ᠨᠣᠭᠤᠭᠠᠷᠠᠭᠤᠯᠬᠤ ᠵᠡᠷᠭᠡ ᠠᠵᠢᠯᠯᠠᠭ᠎ᠠ᠎ᠳᠤ ᠭᠤᠤᠯᠳᠠᠯᠭ᠎ᠠ᠎ᠲᠠᠢ ᠣᠷᠣᠯᠴᠠᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号