ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨ᠎ᠡ ᠴᠠᠭ ᠦᠶ᠎ᠡ᠎ᠶ᠋ᠢᠨ ᠰᠤᠷᠭᠠᠭᠤᠯᠢ᠎ᠶ᠋ᠢᠨ ᠭᠤᠸ᠎ᠠ ᠰᠠᠢᠬᠠᠨ᠎ᠤ ᠬᠥᠮᠦᠵᠢᠯ᠎ᠤᠨ ᠠᠵᠢᠯ᠎ᠢ ᠪᠥᠬᠦ᠌ ᠲᠠᠯ᠎ᠠ᠎ᠪᠠᠷ ᠴᠢᠩᠭᠠᠳᠭᠠᠨ ᠰᠠᠢᠵᠢᠷᠠᠭᠤᠯᠬᠤ ᠠᠵᠢᠯᠯᠠᠭᠠᠨ᠎ᠤ ᠲᠥᠯᠥᠪᠯᠡᠭᠡ (2021 — 2025 ᠤᠨ)》 ᠶ᠋ᠢ ᠨᠡᠢᠲᠡᠯᠡᠪᠠ᠂ ᠮᠠᠨ᠎ᠤ ᠣᠷᠣᠨ᠎ᠤ ᠭᠤᠸ᠎ᠠ ᠰᠠᠢᠬᠠᠨ᠎ᠤ ᠬᠥᠮᠦᠵᠢᠯ᠎ᠤᠨ ᠬᠥᠮᠦᠨ ᠬᠥᠮᠦᠵᠢᠭᠦᠯᠬᠦ᠌ ᠵᠢᠮ᠎ᠡ ᠶᠣᠰᠣ᠎ᠶ᠋ᠢ ᠭᠦᠨᠵᠡᠭᠡᠶ ᠰᠤᠳᠤᠯᠵᠤ᠂ ᠡᠯ᠎ᠡ ᠭᠠᠵᠠᠷ᠎ᠤᠨ ᠭᠤᠸ᠎ᠠ ᠰᠠᠢᠬᠠᠨ᠎ᠤ ᠬᠥᠮᠦᠵᠢᠯ᠎ᠤᠨ ᠠᠵᠢᠯ᠎ᠢ ᠥᠷᠨᠢᠭᠦᠯᠦᠭ᠌ᠰᠡᠨ ᠪᠠᠢᠳᠠᠯ᠎ᠢ ᠭᠦᠢᠴᠡᠳ ᠪᠠᠢᠴᠠᠭᠠᠨ ᠰᠤᠳᠤᠯᠤᠭ᠍ᠰᠠᠨ ᠰᠠᠭᠤᠷᠢᠨ ᠳᠡᠭᠡᠷ᠎ᠡ᠂ ᠠᠰᠠᠭᠤᠳᠠᠯ᠎ᠤᠨ ᠳᠤᠲᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠢᠴᠢᠶᠡᠯ᠎ᠤᠨ ᠱᠢᠰᠲ᠋ᠧᠮ᠂ ᠭᠤᠸ᠎ᠠ ᠰᠠᠢᠬᠠᠨ᠎ᠤ ᠬᠥᠮᠦᠵᠢᠯ᠎ᠤᠨ ᠦᠢᠯᠡᠳᠦᠯᠭᠡ᠂ ᠪᠠᠭ᠍ᠰᠢ᠎ᠶ᠋ᠢᠨ ᠡᠩᠨᠡᠭᠡ᠎ᠶ᠋ᠢᠨ ᠪᠠᠢᠭᠤᠯᠤᠯᠲᠠ᠂ ᠦᠨᠡᠯᠡᠬᠦ᠌ ᠲᠣᠭ᠍ᠲᠠᠴᠠ ᠵᠡᠷᠭᠡ ᠠᠰᠠᠭᠤᠳᠠᠯ᠎ᠤᠳ᠎ᠤᠨ ᠲᠤᠬᠠᠶ ᠨᠠᠷᠢᠨ ᠲᠣᠳᠣᠷᠬᠠᠶ ᠠᠵᠢᠯ᠎ᠤᠨ ᠪᠠᠢᠷᠢᠯᠠᠭᠤᠯᠤᠯᠲᠠ ᠬᠢᠪᠠ᠃
《ᠠᠵᠢᠯᠯᠠᠭᠠᠨ᠎ᠤ ᠲᠥᠯᠥᠪᠯᠡᠭᠡ》 ᠳᠤ᠂ ᠣᠯᠠᠨ ᠵᠦᠢᠯ᠎ᠤᠨ ᠠᠷᠭ᠎ᠠ ᠬᠡᠮᠵᠢᠶ᠎ᠡ᠎ᠪᠠᠷ ᠥᠪᠥᠷ ᠮᠣᠩᠭᠤᠯ᠎ᠤᠨ ᠭᠤᠸ᠎ᠠ ᠰᠠᠢᠬᠠᠨ᠎ᠤ ᠬᠥᠮᠦᠵᠢᠯ᠎ᠤᠨ ᠠᠵᠢᠯ᠎ᠤᠨ 《ᠬᠤᠶᠠᠷ ᠱᠠᠲᠤ》 ᠶ᠋ᠢᠨ ᠬᠥᠭ᠌ᠵᠢᠯᠲᠡ᠎ᠶ᠋ᠢ ᠠᠯᠬᠤᠮ ᠠᠯᠬᠤᠮ᠎ᠢᠶᠠᠷ ᠪᠡᠶᠡᠯᠡᠭᠦᠯᠦᠨ᠎ᠡ᠃ 2022 ᠤᠨ ᠪᠣᠯᠬᠤ᠎ᠳᠤ ᠭᠤᠸ᠎ᠠ ᠰᠠᠢᠬᠠᠨ᠎ᠤ ᠬᠥᠮᠦᠵᠢᠯ᠎ᠤᠨ ᠵᠢᠭᠠᠨ ᠰᠤᠷᠭᠠᠯᠲᠠ᠎ᠶ᠋ᠢᠨ ᠴᠢᠨᠠᠷ ᠴᠢᠨᠰᠠᠭ᠎ᠠ ᠪᠠ ᠰᠤᠷᠭᠠᠨ ᠬᠥᠮᠦᠵᠢᠯ᠎ᠤᠨ ᠬᠢᠷᠢ ᠲᠦᠪᠱᠢᠨ᠎ᠢ ᠦᠨᠡᠯᠡᠬᠦ᠌ ᠪᠠ ᠬᠠᠮᠢᠶᠠᠷᠬᠤ ᠲᠣᠭ᠍ᠲᠠᠴᠠ᠎ᠶ᠋ᠢ ᠦᠨᠳᠦᠰᠦᠨ᠎ᠳᠡᠭᠡᠨ ᠪᠠᠢᠭᠤᠯᠵᠤ᠂ ᠪᠠᠭ᠍ᠰᠢ᠎ᠶ᠋ᠢᠨ ᠡᠩᠨᠡᠭᠡ᠎ᠶ᠋ᠢᠨ ᠪᠠᠢᠭᠤᠯᠤᠯᠲᠠ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠭᠤᠸ᠎ᠠ ᠰᠠᠢᠬᠠᠨ᠎ᠤ ᠬᠥᠮᠦᠵᠢᠯ᠎ᠤᠨ ᠬᠢᠴᠢᠶᠡᠯ᠎ᠤᠨ ᠪᠠᠢᠭᠤᠯᠤᠯᠲᠠ᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠱᠠᠲᠤ ᠦᠶ᠎ᠡ᠎ᠶ᠋ᠢᠨ ᠤᠷᠠᠯᠢᠭ᠎ᠤᠨ ᠲᠥᠷᠥᠯ᠎ᠤᠨ ᠲᠤᠰᠭᠠᠶ ᠮᠡᠷᠭᠡᠵᠢᠯ᠎ᠤᠨ ᠪᠠᠢᠭᠤᠯᠤᠯᠲᠠ᠂ ᠤᠷᠠᠯᠢᠭ᠎ᠤᠨ ᠪᠠᠭ᠍ᠰᠢ᠎ᠶ᠋ᠢᠨ ᠲᠤᠰᠭᠠᠶ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠴᠢᠳᠠᠪᠤᠷᠢ᠎ᠶ᠋ᠢᠨ ᠪᠠᠢᠭᠤᠯᠤᠯᠲᠠ ᠵᠡᠷᠭᠡ ᠲᠣᠭ᠍ᠲᠠᠴᠠ᠎ᠶ᠋ᠢᠨ ᠱᠢᠰᠲ᠋ᠧᠮ᠎ᠢ ᠠᠩᠬ᠎ᠠ ᠠᠯᠬᠤᠮ ᠪᠦᠷᠢᠯᠳᠦᠭᠦᠯᠵᠦ᠍᠂ ᠡᠯ᠎ᠡ ᠰᠤᠷᠤᠯᠭ᠎ᠠ᠎ᠶ᠋ᠢᠨ ᠱᠠᠲᠤᠨ᠎ᠤ ᠭᠤᠸ᠎ᠠ ᠰᠠᠢᠬᠠᠨ᠎ᠤ ᠬᠥᠮᠦᠵᠢᠯ᠎ᠤᠨ ᠬᠢᠴᠢᠶᠡᠯ᠎ᠢ ᠪᠥᠬᠦ᠌ ᠲᠠᠯ᠎ᠠ᠎ᠪᠠᠷ ᠪᠦᠷᠢᠨ ᠭᠦᠶᠴᠡᠳ ᠨᠡᠭᠡᠭᠡᠬᠦ᠌ ᠬᠡᠷᠡᠭ᠌ᠳᠡᠢ ᠬᠡᠵᠦ᠍ ᠳᠤᠳᠤᠷᠬᠠᠢᠯᠠᠪᠠ᠃ 2025 ᠤᠨ ᠪᠣᠯᠬᠤ᠎ᠳᠤ᠂ ᠲᠦᠭᠡᠮᠡᠯᠵᠢᠭᠦᠯᠬᠦ᠌᠎ᠶ᠋ᠢ ᠲᠡᠷᠢᠭᠦᠨ᠎ᠳᠤ ᠲᠠᠯᠪᠢᠬᠤ᠂ ᠬᠡᠪ ᠪᠣᠯᠪᠠᠰᠤᠷᠠᠯ᠎ᠢ ᠴᠢᠬᠤᠯᠠᠴᠢᠯᠠᠬᠤ᠂ ᠲᠤᠰᠭᠠᠶ ᠮᠡᠷᠭᠡᠵᠢᠯ᠎ᠢᠶᠠᠷ ᠬᠥᠲᠥᠯᠥᠨ ᠳᠠᠭᠠᠭᠤᠯᠬᠤ᠂ ᠬᠤᠲᠠ ᠬᠥᠳᠡᠭᠡ᠎ᠳᠤ ᠳᠣᠭᠢᠷᠠᠬᠤ᠂ ᠰᠤᠷᠭᠠᠭᠤᠯᠢ᠎ᠶ᠋ᠢᠨ ᠬᠤᠭᠤᠷᠣᠨᠳᠣᠬᠢ ᠲᠡᠩᠴᠡᠭᠦᠷᠢ᠎ᠶ᠋ᠢ ᠪᠠᠲᠤᠯᠠᠬᠤ᠂ ᠪᠥᠬᠦ᠌ ᠲᠠᠯ᠎ᠠ᠎ᠳᠤ ᠬᠠᠨᠳᠤᠭᠤᠯᠤᠭ᠍ᠰᠠᠨ ᠡᠯ᠎ᠡ ᠲᠥᠷᠥᠯ᠎ᠤᠨ ᠲᠣᠭ᠍ᠲᠠᠴᠠ᠎ᠶ᠋ᠢ ᠪᠦᠷᠢᠨᠱᠢᠭᠦᠯᠵᠦ᠍ ᠲᠡᠭᠦᠯᠳᠡᠷᠵᠢᠭᠦᠯᠬᠦ᠌ ᠪᠠ ᠠᠵᠢᠯᠯᠠᠭ᠎ᠠ᠎ᠨᠢ ᠤᠷᠤᠭ᠍ᠰᠢᠲᠠᠶ ᠶᠠᠪᠤᠭ᠍ᠳᠠᠭᠤᠯᠬᠤ ᠰᠤᠷᠭᠠᠭᠤᠯᠢ᠎ᠶ᠋ᠢᠨ ᠭᠤᠸ᠎ᠠ ᠰᠠᠢᠬᠠᠨ᠎ᠤ ᠬᠥᠮᠦᠵᠢᠯ᠎ᠤᠨ ᠲᠣᠭ᠍ᠲᠠᠴᠠ᠎ᠶ᠋ᠢ ᠪᠠᠢᠭᠤᠯᠤᠨ᠎ᠠ᠃
《ᠠᠵᠢᠯᠯᠠᠭᠠᠨ᠎ᠤ ᠲᠥᠯᠥᠪᠯᠡᠭᠡ》 ᠳᠤ ᠡᠯ᠎ᠡ ᠰᠤᠷᠤᠯᠭ᠎ᠠ᠎ᠶ᠋ᠢᠨ ᠬᠤᠭᠤᠴᠠᠭᠠᠨ᠎ᠤ ᠭᠤᠸ᠎ᠠ ᠰᠠᠢᠬᠠᠨ᠎ᠤ ᠬᠥᠮᠦᠵᠢᠯ᠎ᠤᠨ ᠬᠢᠴᠢᠶᠡᠯ᠎ᠤᠨ ᠪᠠᠷᠢᠮᠵᠢᠶ᠎ᠠ ᠪᠠ ᠬᠥᠮᠦᠵᠢᠭᠦᠯᠬᠦ᠌ ᠬᠠᠷᠠᠯᠲᠠ᠎ᠶ᠋ᠢ ᠲᠣᠳᠣᠷᠬᠠᠢᠯᠠᠪᠠ᠃ ᠡᠭᠦᠨ᠎ᠤ ᠬᠠᠮᠲᠤ ᠡᠯ᠎ᠡ ᠰᠤᠷᠤᠯᠭ᠎ᠠ᠎ᠶ᠋ᠢᠨ ᠱᠠᠲᠤᠨ᠎ᠤ ᠲᠡᠷᠢᠭᠦᠨ ᠴᠢᠬᠤᠯᠠ ᠡᠭᠦᠷᠭᠡ᠎ᠶ᠋ᠢ ᠴᠢᠩᠭ᠎ᠠ ᠬᠤᠪᠢᠶᠠᠷᠢᠯᠠᠵᠤ᠂ ᠰᠠᠭᠤᠷᠢ ᠰᠤᠷᠭᠠᠨ ᠬᠥᠮᠦᠵᠢᠯ᠎ᠤᠨ ᠱᠠᠲᠤᠨ᠎ᠳᠤ ᠭᠤᠸ᠎ᠠ ᠰᠠᠢᠬᠠᠨ᠎ᠤ ᠬᠥᠮᠦᠵᠢᠯ᠎ᠤᠨ ᠬᠢᠴᠢᠶᠡᠯ᠎ᠢ ᠪᠦᠷᠢᠨ ᠭᠦᠢᠴᠡᠳ ᠨᠡᠭᠡᠭᠡᠬᠦ᠌᠎ᠪᠠᠷ ᠬᠠᠲᠠᠭᠤ ᠱᠠᠭᠠᠷᠳᠠᠯᠭ᠎ᠠ ᠪᠣᠯᠭᠠᠪᠠ᠃ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠭᠤᠸ᠎ᠠ ᠰᠠᠢᠬᠠᠨ᠎ᠤ ᠬᠥᠮᠦᠵᠢᠯ᠎ᠤᠨ ᠵᠢᠭᠠᠨ ᠰᠤᠷᠭᠠᠯᠲᠠ᠎ᠶ᠋ᠢ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠬᠢᠴᠢᠶᠡᠯ᠎ᠲᠠᠢ ᠣᠷᠭᠠᠨᠢᠭ᠎ᠢᠶᠠᠷ ᠤᠶᠠᠯᠳᠤᠭᠤᠯᠬᠤ ᠬᠡᠷᠡᠭ᠌ᠲᠡᠶ᠃ ᠳᠡᠭᠡᠳᠦ ᠰᠤᠷᠭᠠᠭᠤᠯᠢ᠎ᠨᠤᠭᠤᠳ ᠣᠯᠠᠨ ᠨᠡᠢᠲᠡ᠎ᠶ᠋ᠢᠨ ᠭᠤᠸ᠎ᠠ ᠰᠠᠢᠬᠠᠨ᠎ᠤ ᠬᠥᠮᠦᠵᠢᠯ᠎ᠤᠨ ᠬᠢᠴᠢᠶᠡᠯ᠎ᠤᠨ ᠬᠢᠷᠢ ᠬᠡᠮᠵᠢᠶ᠎ᠡ᠎ᠪᠠᠨ ᠳᠡᠭᠡᠭ᠌ᠰᠢᠯᠡᠭᠦᠯᠬᠦ᠌ ᠬᠡᠷᠡᠭ᠌ᠲᠡᠶ ᠭᠡᠪᠡ᠃
2021 ᠣᠨ᠎ᠤ 9 ᠰᠠᠷ᠎ᠠ᠎ᠠᠴᠠ ᠡᠮᠦᠨ᠎ᠡ᠂ ᠡᠯ᠎ᠡ ᠰᠤᠷᠭᠠᠭᠤᠯᠢ᠎ᠨᠤᠭᠤᠳ ᠤᠷᠠᠯᠢᠭ᠎ᠤᠨ ᠰᠤᠷᠭᠠᠨ ᠬᠥᠮᠦᠵᠢᠯ᠎ᠤᠨ ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠮᠵᠢ᠂ ᠵᠢᠭᠠᠨ ᠰᠤᠷᠭᠠᠬᠤ ᠲᠥᠯᠥᠪᠯᠡᠭᠡ᠂ ᠴᠢᠳᠠᠪᠤᠷᠢᠲᠠᠨ ᠬᠥᠮᠦᠵᠢᠭᠦᠯᠬᠦ᠌ ᠲᠥᠰᠦᠯ᠎ᠢᠶᠠᠨ ᠲᠣᠳᠣᠷᠬᠠᠢᠯᠠᠵᠤ᠂ ᠰᠤᠷᠤᠯᠭ᠎ᠠ᠎ᠶ᠋ᠢᠨ ᠬᠤᠪᠢ᠎ᠶ᠋ᠢᠨ ᠲᠦᠷᠢᠮ᠎ᠤᠨ ᠬᠠᠮᠢᠶᠠᠷᠤᠯᠲᠠ᠎ᠶ᠋ᠢ ᠰᠤᠷᠤᠭ᠍ᠴᠢᠳ᠎ᠤᠨ ᠰᠤᠷᠭᠠᠭᠤᠯᠢ ᠲᠡᠭᠦᠰᠭᠦ᠎ᠲᠠᠢ ᠬᠤᠯᠪᠣᠬᠤ ᠲᠣᠭ᠍ᠲᠠᠴᠠ᠎ᠶ᠋ᠢ ᠬᠡᠷᠡᠭ᠌ᠵᠢᠭᠦᠯᠵᠦ᠍᠂ 2023 ᠣᠨ᠎ᠤ 9 ᠰᠠᠷ᠎ᠠ᠎ᠠᠴᠠ ᠡᠮᠦᠨ᠎ᠡ ᠣᠯᠠᠨ ᠨᠡᠢᠲᠡ᠎ᠶ᠋ᠢᠨ ᠤᠷᠠᠯᠢᠭ᠎ᠤᠨ ᠬᠢᠴᠢᠶᠡᠯ᠎ᠤᠨ ᠱᠢᠰᠲ᠋ᠧᠮ᠎ᠢ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠠᠴᠠ ᠪᠢᠴᠢᠯ ᠬᠢᠴᠢᠶᠡᠯ᠎ᠤᠨ ᠦᠵᠡᠭᠦᠯᠭᠡ᠎ᠶ᠋ᠢ ᠵᠡᠷᠭᠡ᠎ᠪᠠᠷ ᠥᠷᠨᠢᠭᠦᠯᠬᠦ᠌ ᠪᠣᠯᠤᠨ᠎ᠠ᠃
ᠰᠤᠷᠭᠠᠭᠤᠯᠢ᠎ᠶ᠋ᠢᠨ ᠭᠤᠸ᠎ᠠ ᠰᠠᠢᠬᠠᠨ᠎ᠤ ᠬᠥᠮᠦᠵᠢᠯ᠎ᠤᠨ ᠠᠵᠢᠯ᠎ᠨᠢ ᠶᠡᠭᠡ ᠳᠡᠭᠡᠳᠦ ᠰᠤᠷᠭᠠᠭᠤᠯᠢ᠎ᠳᠤ ᠤᠷᠠᠯᠢᠭ᠎ᠤᠨ ᠰᠤᠷᠭᠠᠨ ᠬᠥᠮᠦᠵᠢᠯ᠂ ᠲᠤᠰᠭᠠᠶ ᠮᠡᠷᠭᠡᠵᠢᠯ᠎ᠤᠨ ᠤᠷᠠᠯᠢᠭ᠎ᠤᠨ ᠰᠤᠷᠭᠠᠨ ᠬᠥᠮᠦᠵᠢᠯ ᠪᠠ ᠤᠷᠠᠯᠢᠭ᠎ᠤᠨ ᠪᠠᠭ᠍ᠰᠢ᠎ᠶ᠋ᠢᠨ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠤᠨ ᠥᠭᠡᠷᠡᠴᠢᠯᠡᠯᠲᠡ᠎ᠶ᠋ᠢ ᠲᠦᠭᠡᠮᠡᠯᠵᠢᠭᠦᠯᠬᠦ᠌᠎ᠪᠠᠷ ᠤᠳᠤᠷᠢᠳᠤᠮᠵᠢ ᠪᠣᠯᠭᠠᠵᠤ᠂ ᠱᠢᠰᠲ᠋ᠧᠮᠵᠢᠭ᠌ᠰᠡᠨ᠂ ᠲᠤᠰᠭᠠᠢᠵᠢᠭ᠍ᠰᠠᠨ ᠭᠤᠸ᠎ᠠ ᠰᠠᠢᠬᠠᠨ᠎ᠤ ᠬᠥᠮᠦᠵᠢᠯ᠎ᠤᠨ ᠮᠡᠳᠡᠯᠭᠡ ᠪᠠ ᠴᠢᠳᠠᠪᠤᠷᠢᠲᠠᠨ ᠬᠥᠮᠦᠵᠢᠭᠦᠯᠬᠦ᠌ ᠵᠠᠭ᠍ᠪᠤᠷ᠎ᠢᠶᠠᠷ ᠪᠥᠬᠦ᠌ ᠣᠷᠣᠨ᠎ᠤ ᠭᠤᠸ᠎ᠠ ᠰᠠᠢᠬᠠᠨ᠎ᠤ ᠬᠥᠮᠦᠵᠢᠯ᠎ᠤᠨ ᠠᠵᠢᠯ᠎ᠤᠨ ᠥᠷᠨᠢᠯᠲᠡ᠎ᠶ᠋ᠢ ᠠᠬᠢᠭᠤᠯᠤᠨ᠎ᠠ᠃
2021 ᠣᠨ᠎ᠤ 11 ᠰᠠᠷ᠎ᠠ᠎ᠳᠤ᠂ ᠮᠠᠨ᠎ᠤ ᠣᠷᠣᠨ᠎ᠤ ᠭᠤᠸ᠎ᠠ ᠰᠠᠢᠬᠠᠨ᠎ᠤ ᠬᠥᠮᠦᠵᠢᠯ᠎ᠤᠨ ᠱᠢᠯᠭᠠᠷᠠᠭ᠍ᠰᠠᠨ ᠪᠠᠭ᠍ᠰᠢ᠎ᠶ᠋ᠢ ᠬᠥᠮᠦᠵᠢᠭᠦᠯᠬᠦ᠌ ᠲᠥᠯᠥᠪᠯᠡᠭᠡ᠎ᠶ᠋ᠢ ᠡᠬᠢᠯᠡᠭᠦᠯᠵᠦ᠍᠂ ᠳᠡᠭᠡᠳᠦ ᠵᠡᠷᠭᠡ᠎ᠶ᠋ᠢᠨ ᠪᠠᠭ᠍ᠰᠢ᠎ᠶ᠋ᠢᠨ ᠰᠤᠷᠭᠠᠭᠤᠯᠢ᠎ᠶ᠋ᠢᠨ ᠥᠭᠡᠷᠡᠴᠢᠯᠡᠯᠲᠡ᠎ᠶ᠋ᠢᠨ ᠱᠢᠯᠢᠳᠡᠭ ᠲᠤᠰᠭᠠᠶ ᠮᠡᠷᠭᠡᠵᠢᠯ ᠪᠤᠶᠤ ᠳᠡᠬᠡᠳᠤ ᠰᠤᠷᠭᠠᠭᠤᠯᠢ ᠰᠠᠯᠪᠤᠷᠢ᠎ᠶ᠋ᠢ ᠱᠢᠯᠭᠠᠷᠠᠭᠤᠯᠤᠨ ᠪᠠᠢᠭᠤᠯᠵᠤ᠂ ᠮᠠᠨ᠎ᠤ ᠣᠷᠣᠨ᠎ᠤ ᠳᠡᠭᠡᠳᠦ ᠵᠡᠷᠭᠡ᠎ᠶ᠋ᠢᠨ ᠰᠤᠷᠭᠠᠭᠤᠯᠢ᠎ᠶ᠋ᠢᠨ ᠤᠷᠠᠯᠢᠭ᠎ᠤᠨ ᠪᠠᠭ᠍ᠰᠢ᠎ᠶ᠋ᠢᠨ ᠲᠤᠰᠭᠠᠶ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠵᠠᠭ᠍ᠪᠤᠷ᠎ᠤᠨ ᠥᠭᠡᠷᠡᠴᠢᠯᠡᠯᠲᠡ᠎ᠶ᠋ᠢ ᠠᠬᠢᠭᠤᠯᠤᠨ᠂ ᠳᠡᠭᠡᠳᠦ ᠵᠡᠷᠭᠡ᠎ᠶ᠋ᠢᠨ ᠰᠤᠷᠭᠠᠭᠤᠯᠢ᠎ᠶ᠋ᠢᠨ ᠤᠷᠠᠯᠢᠭ᠎ᠤᠨ ᠰᠤᠷᠭᠠᠨ ᠬᠥᠮᠦᠵᠢᠯ᠎ᠤᠨ ᠬᠠᠮᠢᠶ᠎ᠠ ᠪᠥᠬᠦᠶ ᠲᠤᠰᠭᠠᠶ ᠮᠡᠷᠭᠡᠵᠢᠯ᠎ᠢ ᠪᠠᠢᠭᠤᠯᠬᠤ᠎ᠶ᠋ᠢᠨ ᠬᠠᠮᠲᠤ ᠰᠠᠢᠲᠤᠷ ᠡᠷᠭᠢᠯᠡᠬᠦ᠌᠎ᠶ᠋ᠢ ᠦᠷᠭᠦᠯᠵᠢᠯᠡᠨ ᠳᠡᠮᠵᠢᠨ᠎ᠡ᠃
ᠭᠤᠸ᠎ᠠ ᠰᠠᠢᠬᠠᠨ᠎ᠤ ᠬᠥᠮᠦᠵᠢᠯ᠎ᠢ ᠠᠭᠤᠰᠤᠯᠴᠠᠭᠤᠯᠤᠨ ᠬᠠᠮᠲᠤ᠎ᠪᠠᠷ ᠡᠳ᠋ᠯᠡᠬᠦ᠌᠎ᠳᠤ᠂ ᠰᠤᠷᠭᠠᠭᠤᠯᠢ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ 《ᠲᠠᠪᠤᠨ ᠬᠥᠮᠦᠵᠢᠯ》 ᠢ ᠠᠭᠤᠰᠤᠯᠴᠠᠭᠤᠯᠬᠤ ᠬᠡᠷᠡᠭ᠌ᠲᠡᠶ᠃ 《ᠠᠵᠢᠯᠯᠠᠭᠠᠨ᠎ᠤ ᠲᠥᠯᠥᠪᠯᠡᠭᠡ》 ᠳᠤ᠂ ᠭᠤᠸ᠎ᠠ ᠰᠠᠢᠬᠠᠨ᠎ᠤ ᠬᠥᠮᠦᠵᠢᠯ ᠬᠢᠭᠡᠳ ᠶᠣᠰᠣ ᠰᠤᠷᠲᠠᠬᠤᠨ᠎ᠤ ᠬᠥᠮᠦᠵᠢᠯ᠂ ᠣᠶᠤᠨ ᠤᠬᠠᠭᠠᠨ᠎ᠤ ᠬᠥᠮᠦᠵᠢᠯ᠂ ᠪᠡᠶ᠎ᠡ ᠮᠠᠬᠠᠪᠤᠳ᠂ ᠬᠥᠳᠡᠯᠮᠦᠷᠢ᠎ᠶ᠋ᠢᠨ ᠬᠥᠮᠦᠵᠢᠯ᠂ ᠤᠷᠠᠯᠢᠭ᠎ᠤᠨ ᠲᠥᠷᠥᠯ᠎ᠤᠨ ᠬᠢᠴᠢᠶᠡᠯ ᠲᠥᠷᠥᠯ ᠬᠢᠭᠡᠳ ᠬᠡᠯᠡ ᠪᠢᠴᠢᠭ᠂ ᠲᠡᠦᠬᠡ᠂ ᠲᠤᠭ᠎ᠠ ᠹᠢᠽᠢᠺ ᠬᠢᠮᠢ ᠵᠡᠷᠭᠡ ᠬᠠᠮᠢᠶ᠎ᠠ ᠪᠥᠬᠦᠶ ᠬᠢᠴᠢᠶᠡᠯ ᠲᠥᠷᠥᠯ᠎ᠢ ᠱᠢᠨᠵᠢᠯᠡᠬᠦ᠌ ᠤᠬᠠᠭᠠᠨᠴᠢ᠎ᠪᠠᠷ ᠠᠭᠤᠰᠤᠯᠴᠠᠭᠤᠯᠵᠤ᠂ ᠬᠢᠴᠢᠶᠡᠯ᠎ᠤᠨ ᠵᠢᠭᠠᠨ ᠰᠤᠷᠭᠠᠯᠲᠠ᠂ ᠨᠡᠢᠭᠡᠮ᠎ᠤᠨ ᠦᠢᠯᠡᠳᠦᠯᠭᠡ ᠪᠣᠯᠤᠨ ᠰᠤᠷᠭᠠᠭᠤᠯᠢ᠎ᠶ᠋ᠢᠨ ᠬᠦᠷᠢᠶᠡᠨ᠎ᠤ ᠰᠣᠶᠣᠯ᠎ᠤᠨ ᠪᠠᠢᠭᠤᠯᠤᠯᠲᠠ᠎ᠶ᠋ᠢᠨ ᠭᠦᠨᠵᠡᠭᠡᠶ ᠠᠭᠤᠰᠤᠯᠴᠠᠯ᠎ᠢ ᠲᠠᠰᠤᠷᠠᠯᠲᠠ ᠥᠬᠡᠶ ᠠᠬᠢᠭᠤᠯᠤᠨ᠎ᠠ᠃ 2021 ᠣᠨ᠎ᠤ 5 ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠠᠴᠠ ᠵᠢᠭᠠᠨ ᠰᠤᠷᠭᠠᠯᠲᠠ᠎ᠶ᠋ᠢᠨ ᠦᠢᠯᠡᠳᠦᠯᠭᠡ᠎ᠳᠤ ᠰᠠᠭᠤᠷᠢᠯᠠᠭ᠍ᠰᠠᠨ ᠲᠤᠰᠭᠠᠶ ᠰᠡᠳᠦᠪ᠎ᠢ ᠭᠤᠶᠤᠴᠢᠯᠠᠨ ᠮᠡᠳᠡᠭᠦᠯᠬᠦ᠌ ᠠᠵᠢᠯ᠎ᠢ ᠡᠬᠢᠯᠡᠭᠦᠯᠵᠦ᠍᠂ ᠡᠭᠦᠨ᠎ᠢᠶᠠᠷ ᠬᠥᠲᠥᠯᠥᠨ ᠳᠠᠭᠠᠭᠤᠯᠵᠤ ᠠᠭᠤᠰᠤᠯᠴᠠᠭᠤᠯᠤᠨ᠎ᠠ᠃
《ᠠᠵᠢᠯᠯᠠᠭᠠᠨ᠎ᠤ ᠲᠥᠯᠥᠪᠯᠡᠭᠡ》 ᠳᠤ᠂ 2021 ᠣᠨ᠎ᠤ 5 ᠰᠠᠷ᠎ᠠ᠎ᠠᠴᠠ ᠡᠬᠢᠯᠡᠨ 《ᠪᠥᠬᠦ᠌ ᠣᠷᠣᠨ᠎ᠤ ᠶᠡᠭᠡ ᠳᠡᠭᠡᠳᠦ ᠰᠤᠷᠭᠠᠭᠤᠯᠢ ᠪᠠ ᠳᠤᠮᠳᠠᠳᠤ ᠪᠠᠭ᠎ᠠ ᠰᠤᠷᠭᠠᠭᠤᠯᠢ᠎ᠶ᠋ᠢᠨ ᠭᠤᠸ᠎ᠠ ᠰᠠᠢᠬᠠᠨ᠎ᠤ ᠬᠥᠮᠦᠵᠢᠯ᠎ᠤᠨ ᠵᠢᠭᠠᠨ ᠰᠤᠷᠭᠠᠯᠲᠠ᠎ᠶ᠋ᠢᠨ ᠦᠢᠯᠡᠳᠦᠯᠭᠡ᠎ᠶ᠋ᠢᠨ ᠵᠢᠯᠣᠭᠤᠳᠭᠤ ᠵᠦᠪᠯᠡᠯ》᠂ 《ᠪᠥᠬᠦ᠌ ᠣᠷᠣᠨ᠎ᠤ ᠰᠤᠷᠭᠠᠭᠤᠯᠢ᠎ᠶ᠋ᠢᠨ ᠤᠷᠠᠯᠢᠭ᠎ᠤᠨ ᠲᠥᠷᠥᠯ᠎ᠤᠨ ᠲᠤᠰᠭᠠᠶ ᠮᠡᠷᠭᠡᠵᠢᠯ᠎ᠤᠨ ᠵᠢᠭᠠᠨ ᠰᠤᠷᠭᠠᠯᠲᠠ᠎ᠶ᠋ᠢᠨ ᠵᠢᠯᠣᠭᠤᠳᠭᠤ ᠵᠦᠪᠯᠡᠯ》᠂ 《ᠳᠡᠭᠡᠳᠦ ᠲᠠᠰ᠎ᠤᠨ ᠣᠶᠤᠨ᠎ᠤ ᠬᠥᠮᠥᠷᠭᠡ》 ᠵᠡᠷᠭᠡ᠎ᠶ᠋ᠢ ᠭᠠᠷᠲᠠᠨ ᠪᠠᠢᠭᠤᠯᠵᠤ᠂ ᠣᠯᠠᠨ ᠲᠠᠯ᠎ᠠ᠎ᠶ᠋ᠢᠨ ᠬᠦᠴᠦᠨ᠎ᠲᠠᠢ ᠬᠤᠯᠪᠣᠭᠠᠯᠠᠨ᠂ ᠡᠬᠢ ᠪᠠᠶᠠᠯᠢᠭ᠎ᠢ ᠬᠠᠮᠵᠢᠯᠴᠠᠭᠤᠯᠤᠨ ᠬᠠᠮᠲᠤ᠎ᠪᠠᠷ ᠡᠳ᠋ᠯᠡᠬᠦ᠌ ᠠᠷᠭ᠎ᠠ ᠬᠡᠯᠪᠡᠷᠢ᠎ᠪᠠᠷ ᠭᠤᠸ᠎ᠠ ᠰᠠᠢᠬᠠᠨ᠎ᠤ ᠬᠥᠮᠦᠵᠢᠯ᠎ᠤᠨ ᠱᠢᠨ᠎ᠡ ᠵᠠᠭ᠍ᠪᠤᠷ᠎ᠢ ᠪᠠᠢᠭᠤᠯᠤᠨ᠎ᠠ᠃ ᠮᠠᠨ᠎ᠤ ᠣᠷᠣᠨ ᠪᠠᠰᠠ ᠢᠨᠲ᠋ᠧᠷ ᠰᠦᠯᠵᠢᠶᠡᠨ᠎ᠤ ᠮᠡᠷᠭᠡᠵᠢᠯ ᠪᠠ ᠳᠠᠪᠠᠭᠤᠯᠢᠭ᠎ᠢ ᠭᠦᠶᠴᠡᠳ ᠠᠱᠢᠬ᠍ᠯᠠᠨ᠂ 《ᠢ ᠳ᠋ᠦᠸᠧ ᠶᠦᠨ ᠥᠪᠥᠷ ᠮᠣᠩᠭᠤᠯ᠎ᠤᠨ ᠰᠦᠯᠵᠢᠶᠡᠨ᠎ᠳᠠᠬᠢ ᠭᠤᠸ᠎ᠡ ᠰᠠᠢᠬᠠᠨ᠎ᠤ ᠬᠥᠮᠦᠵᠢᠯ》 ᠢᠨᠲ᠋ᠧᠷ ᠰᠦᠯᠵᠢᠶᠡᠨ᠎ᠤ ᠲᠠᠪᠴᠠᠩ᠎ᠢ ᠪᠠᠢᠭᠤᠯᠤᠨ ᠬᠦᠭ᠌ᠵᠢᠬᠦᠯᠵᠦ᠍᠂ ᠮᠠᠨ᠎ᠤ ᠣᠷᠣᠨ᠎ᠤ ᠰᠤᠷᠭᠠᠭᠤᠯᠢ᠎ᠶ᠋ᠢᠨ ᠪᠠᠢᠷᠢᠱᠢᠯ ᠲᠠᠷᠠᠬᠠᠶ ᠪᠤᠲᠠᠷᠬᠠᠶ᠂ ᠪᠠᠭ᠍ᠰᠢ᠎ᠶ᠋ᠢᠨ ᠪᠦᠲᠦᠴᠡ ᠪᠠ ᠲᠤᠭ᠎ᠠ ᠬᠡᠮᠵᠢᠶ᠎ᠡ ᠴᠢᠨᠠᠷ ᠴᠢᠨᠰᠠᠭ᠎ᠠ ᠬᠦᠷᠦᠯᠴᠡᠬᠦ᠌ ᠥᠬᠡᠶ ᠪᠠᠢᠬᠤ ᠵᠡᠷᠭᠡ ᠠᠰᠠᠭᠤᠳᠠᠯ᠎ᠢ ᠱᠢᠢᠳᠪᠦᠷᠢᠯᠡᠨ᠎ᠡ᠃
《ᠠᠵᠢᠯᠯᠠᠭᠠᠨ᠎ᠤ ᠲᠥᠯᠥᠪᠯᠡᠭᠡ》 ᠳᠤ᠂ ᠦᠵᠡᠭᠦᠯᠭᠡ᠎ᠶ᠋ᠢᠨ ᠠᠵᠢᠯᠯᠠᠭ᠎ᠠ᠎ᠶ᠋ᠢ ᠠᠢᠮᠠᠭ ᠬᠤᠲᠠ ᠵᠢᠯ ᠪᠦᠷᠢ ᠨᠢᠭᠡ ᠤᠳᠠᠭ᠎ᠠ ᠳᠤᠮᠳᠠᠳᠤ ᠪᠠᠭ᠎ᠠ ᠰᠤᠷᠭᠠᠭᠤᠯᠢ᠎ᠶ᠋ᠢᠨ ᠤᠷᠠᠯᠢᠭ᠎ᠤᠨ ᠦᠵᠡᠭᠦᠯᠬᠡ᠎ᠶ᠋ᠢᠨ ᠲᠣᠭ᠍ᠯᠠᠯᠲᠠ ᠵᠣᠬᠢᠶᠠᠨ ᠪᠠᠢᠭᠤᠯᠬᠤ᠂ ᠥᠪᠡᠷᠲᠡᠭᠡᠨ ᠵᠠᠰᠠᠬᠤ ᠣᠷᠣᠨ ᠵᠢᠯ ᠪᠦᠷᠢ ᠨᠢᠭᠡ ᠤᠳᠠᠭ᠎ᠠ ᠤᠶᠤᠲᠠᠳ᠎ᠤᠨ ᠤᠷᠠᠯᠢᠭ᠎ᠤᠨ ᠦᠵᠡᠭᠦᠯᠭᠡ᠎ᠶ᠋ᠢᠨ ᠲᠣᠭ᠍ᠯᠠᠯᠲᠠ ᠵᠣᠬᠢᠶᠠᠨ ᠪᠠᠢᠭᠤᠯᠤᠨ᠎ᠠ᠃ ᠤᠷᠤᠯᠳᠤᠭᠠᠨ᠎ᠳᠤ ᠣᠷᠣᠯᠴᠠᠬᠤ ᠬᠡᠪᠴᠢᠶ᠎ᠡ᠎ᠶ᠋ᠢ ᠰᠤᠷᠤᠭ᠍ᠴᠢ᠂ ᠪᠠᠭ᠍ᠰᠢ᠂ ᠰᠤᠷᠭᠠᠭᠤᠯᠢ ᠪᠠ ᠭᠠᠵᠠᠷ ᠣᠷᠣᠨ ᠪᠣᠯᠭᠠᠨ ᠥᠷᠭᠡᠳᠭᠡᠨ᠎ᠡ᠃ ᠣᠯᠠᠨ ᠲᠥᠷᠥᠯ᠎ᠤᠨ ᠲᠥᠪᠯᠡᠷᠡᠩᠭᠦᠶ ᠦᠵᠡᠭᠦᠯᠭᠡ᠎ᠶ᠋ᠢᠨ ᠲᠣᠭ᠍ᠯᠠᠯᠲᠠ᠎ᠶ᠋ᠢ ᠠᠯᠬᠤᠮ ᠠᠯᠬᠤᠮ᠎ᠢᠶᠠᠷ ᠲᠤᠰᠭᠠᠶ ᠲᠠᠯᠠᠪᠠᠶ᠎ᠶ᠋ᠢᠨ ᠦᠵᠡᠭᠦᠯᠭᠡ᠎ᠶ᠋ᠢᠨ ᠲᠣᠭ᠍ᠯᠠᠯᠲᠠ ᠪᠠ ᠶᠡᠷᠦᠩᠬᠡᠢᠯᠡᠭ᠌ᠰᠡᠨ ᠦᠵᠡᠭᠦᠯᠭᠡ᠎ᠶ᠋ᠢᠨ ᠲᠣᠭ᠍ᠯᠠᠯᠲᠠ ᠪᠣᠯᠭᠠᠨ ᠲᠠᠰ ᠳᠡᠪᠱᠢᠬᠦᠯᠦᠨᠡ᠃ 2025 ᠤᠨ ᠪᠣᠯᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠤᠷᠠᠯᠢᠭ᠎ᠤᠨ ᠦᠵᠡᠭᠦᠯᠭᠡ᠎ᠶ᠋ᠢᠨ ᠲᠣᠭ᠍ᠯᠠᠯᠲᠠ᠎ᠶ᠋ᠢᠨ ᠨᠠᠷᠠᠲᠤ ᠲᠥᠷᠥᠯ ᠲᠡᠮᠳᠡᠭ᠌ᠲᠦ᠎ᠪᠠᠷ ᠬᠥᠲᠥᠴᠢ ᠪᠣᠯᠭᠠᠭ᠍ᠰᠠᠨ ᠰᠤᠷᠤᠭ᠍ᠴᠢᠳ᠎ᠤᠨ 《ᠪᠠᠢᠩᠭᠤ᠎ᠶ᠋ᠢᠨ ᠲᠣᠭ᠍ᠯᠠᠯᠳᠠ》 ᠶ᠋ᠢᠨ ᠲᠣᠭ᠍ᠲᠠᠴᠠ᠎ᠶ᠋ᠢ ᠪᠡᠶᠡᠯᠡᠭᠦᠯᠦᠨ᠎ᠡ᠃