ᠨᠠᠮ᠎ᠤᠨ ᠲᠡᠦᠬᠡ ᠪᠣᠯ ᠬᠠᠮᠤᠭ᠎ᠤᠨ ᠠᠮᠢᠳᠤᠯᠢᠭ᠂ ᠬᠠᠮᠤᠭ᠎ᠤᠨ ᠢᠲᠡᠭᠡᠭᠦᠯᠬᠦ᠌ ᠬᠦᠴᠦᠨ᠎ᠲᠠᠢ ᠰᠤᠷᠬᠤ ᠪᠢᠴᠢᠭ ᠮᠥᠨ᠃ ᠣᠢᠷ᠎ᠠ᠎ᠳᠤ᠂ ᠥᠪᠥᠷ ᠮᠣᠩᠭᠤᠯ᠎ᠤᠨ ᠪᠠᠷᠢᠯᠭ᠎ᠠ᠎ᠶ᠋ᠢᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠶ᠋ᠢᠨ ᠠᠮᠢ ᠠᠬᠤᠢ᠎ᠶ᠋ᠢᠨ ᠰᠤᠷᠭᠠᠭᠤᠯᠢ᠎ᠶ᠋ᠢᠨ ᠳᠤᠭᠤᠷᠢᠭ᠎ᠢᠶᠠᠨ ᠨᠠᠮ᠎ᠤᠨ ᠲᠡᠦᠬᠡ᠎ᠶ᠋ᠢᠨ ᠬᠥᠮᠦᠵᠢᠯ᠎ᠤᠨ ᠰᠠᠭᠤᠷᠢᠨ ᠭᠠᠵᠠᠷ ᠪᠤᠯᠭᠠᠨ ᠪᠠᠢᠭᠤᠯᠤᠭ᠍ᠰᠠᠨ ᠶᠤᠮ᠃ ᠲᠣᠰ ᠨᠠᠮ᠎ᠤᠨ ᠲᠡᠦᠬᠡ᠎ᠶ᠋ᠢᠨ ᠬᠥᠮᠦᠵᠢᠯ᠎ᠤᠨ ᠰᠠᠭᠤᠷᠢᠨ ᠪᠣᠯ ᠡᠨᠡ ᠰᠤᠷᠭᠠᠭᠤᠯᠢ᠎ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠪᠠᠶᠠᠨᠲᠠᠯ᠎ᠠ ᠪᠠᠯᠭᠠᠰᠤᠨ᠎ᠤ ᠬᠤᠩ ᠹᠦ᠋ ᠲᠣᠰᠭᠤᠨ᠎ᠢ ᠬᠠᠪᠰᠤᠷᠤᠨ ᠲᠡᠳᠬᠦᠭ᠌ᠰᠡᠨ 《ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠱᠢᠨ᠎ᠡ ᠠᠶᠠᠨ᠎ᠢ ᠡᠬᠢᠯᠡᠭᠦᠯᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠬᠠᠭᠤᠳᠠᠰᠤ᠎ᠶ᠋ᠢ ᠵᠢᠷᠤᠭ᠍ᠯᠠᠶ᠎ᠠ — ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠥᠪᠡᠷᠮᠢᠴᠡ ᠣᠨᠴᠠᠯᠢᠭ᠎ᠲᠠᠢ ᠨᠠᠮ᠎ᠤᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ᠌ ᠰᠣᠶᠣᠯ᠎ᠤᠨ ᠬᠠᠨ᠎ᠠ᠎ᠶ᠋ᠢᠨ ᠵᠢᠷᠤᠭ᠎ᠤᠨ ᠲᠥᠷᠥᠯ ᠵᠦᠢᠯ》 ᠤᠨ ᠳᠠᠷᠠᠭᠠᠬᠢ ᠰᠤᠷᠤᠯᠴᠠᠯᠭ᠎ᠠ ᠬᠥᠮᠦᠵᠢᠯ᠎ᠤᠨ ᠱᠢᠨ᠎ᠡ ᠳᠠᠪᠴᠠᠩ ᠪᠤᠯᠬᠤ ᠶᠤᠮ᠃ ᠡᠨᠡ᠎ᠨᠢ ᠮᠦᠨ ᠴᠤ᠌ ᠣᠳᠣᠬᠠᠨ᠎ᠤ ᠮᠠᠨ᠎ᠤ ᠣᠷᠣᠨ᠎ᠤ ᠶᠡᠭᠡ ᠳᠡᠭᠡᠳᠦ ᠰᠤᠷᠭᠠᠭᠤᠯᠢ᠎ᠶ᠋ᠢᠨ ᠠᠩᠬᠠᠳᠠᠭ᠍ᠴᠢ ᠰᠤᠷᠭᠠᠭᠤᠯᠢ᠎ᠶ᠋ᠢᠨ ᠳᠣᠲᠣᠭᠠᠳᠤ᠎ᠶ᠋ᠢᠨ ᠨᠠᠮ᠎ᠤᠨ ᠲᠡᠦᠬᠡ᠎ᠶ᠋ᠢᠨ ᠭᠤᠤᠯ ᠰᠡᠳᠦᠪᠲᠦ ᠬᠥᠮᠦᠵᠢᠯ᠎ᠤᠨ ᠰᠠᠭᠤᠷᠢᠨ ᠪᠣᠯᠤᠨ᠎ᠠ᠃
ᠡᠨᠡ ᠬᠦ᠌ ᠰᠠᠭᠤᠷᠢᠨ 《ᠨᠠᠮ᠎ᠤᠨ ᠲᠡᠦᠬᠡ᠎ᠶ᠋ᠢᠨ ᠬᠥᠮᠦᠵᠢᠯ᠎ᠢ ᠠᠮᠢᠳᠤᠯᠢᠭ᠍ᠵᠢᠭᠤᠯᠵᠤ᠂ ᠬᠤᠪᠢᠰᠭᠠᠯ᠎ᠤᠨ ᠤᠯᠠᠮᠵᠢᠯᠠᠯ᠎ᠢ ᠤᠯᠠᠮᠵᠢᠯᠠᠨ ᠵᠠᠯᠭᠠᠮᠵᠢᠯᠠᠵᠤ᠂ ᠬᠤᠪᠢᠰᠭᠠᠯ᠎ᠤᠨ ᠰᠣᠶᠣᠯ᠎ᠢ ᠬᠥᠮᠦᠰ᠎ᠤᠨ ᠰᠡᠳᠭᠢᠯ᠎ᠳᠤ ᠬᠠᠳᠠᠩᠱᠢᠭᠤᠯᠬᠤ》 ᠶ᠋ᠢ ᠵᠤᠷᠢᠵᠤ᠂ ᠨᠠᠮ᠎ᠤᠨ ᠲᠡᠦᠬᠡ᠎ᠶ᠋ᠢᠨ ᠠᠭᠤᠤ ᠦᠢᠯᠡᠰ ᠪᠣᠯᠤᠨ ᠲᠡᠮᠡᠴᠡᠯ᠎ᠤᠨ ᠤᠯᠠ ᠮᠥᠷ᠎ᠢ ᠠᠮᠢᠳᠤᠯᠢᠭ᠎ᠢᠶᠠᠷ ᠲᠡᠮᠳᠡᠭ᠌ᠯᠡᠵᠦ᠍᠂ ᠨᠠᠮ᠎ᠤᠨ ᠵᠠᠭᠤᠨ ᠵᠢᠯ᠎ᠤᠨ ᠴᠤᠭ ᠵᠢᠪᠬᠤᠭ᠎ᠠ ᠪᠣᠯᠤᠨ ᠱᠢᠨ᠎ᠡ᠎ᠶ᠋ᠢ ᠡᠭᠦᠳᠬᠦ᠌ ᠠᠤᠭ᠎ᠠ ᠬᠦᠴᠦᠨ᠎ᠢ ᠠᠮᠢᠳᠤᠯᠢᠭ᠎ᠢᠶᠠᠷ ᠢᠯᠡᠷᠡᠭᠦᠯᠵᠦ᠍᠂ ᠲᠡᠦᠬᠡ᠎ᠪᠠᠷ ᠡᠳᠦᠭᠡ᠎ᠳᠤ ᠲᠤᠯᠢ ᠪᠤᠯᠭᠠᠨ᠂ ᠳᠤᠮᠳᠠᠳᠤ ᠤᠯᠤᠰ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠬᠤᠪᠢᠰᠭᠠᠯ᠎ᠤᠨ ᠤᠯᠠᠮᠵᠢᠯᠠᠯ᠎ᠢ ᠤᠯᠠᠮᠵᠢᠯᠠᠨ ᠵᠠᠯᠭᠠᠮᠵᠢᠯᠠᠬᠤ᠂ ᠵᠠᠭᠤᠨ ᠵᠢᠯ᠎ᠤᠨ ᠤᠢ᠎ᠶ᠋ᠢ ᠬᠠᠮᠲᠤ᠎ᠪᠠᠷ ᠪᠡᠯᠭᠡᠯᠡᠬᠦ᠂ ᠤᠯᠤᠰ᠎ᠤᠨ 《ᠬᠤᠤᠰ ᠦᠵᠦ᠍ ᠲᠦᠯᠦᠪᠯᠡᠭᠡ》 ᠶ᠋ᠢᠨ ᠪᠦᠲᠦᠭᠡᠨ ᠪᠠᠢᠭᠤᠯᠤᠯᠲᠠ᠎ᠶ᠋ᠢᠨ ᠶᠡᠭᠡ ᠳᠡᠭᠡᠳᠦ ᠰᠤᠷᠭᠠᠭᠤᠯᠢ᠎ᠶ᠋ᠢᠨ 《ᠠᠷᠪᠠᠨ ᠳᠥᠷᠪᠡᠳᠦᠭᠡᠷ ᠲᠠᠪᠤᠨ ᠵᠢᠯ》 ᠤᠨ ᠱᠢᠨ᠎ᠡ ᠪᠠᠢᠳᠠᠯ᠎ᠢ ᠬᠠᠮᠲᠤ᠎ᠪᠠᠷ ᠡᠬᠦᠳᠬᠦ᠌᠎ᠪᠠᠷ ᠵᠣᠷᠢᠯᠲᠠ ᠪᠣᠯᠭᠠᠭ᠍ᠰᠠᠨ ᠪᠠᠢᠨ᠎ᠠ᠃
ᠰᠤᠷᠭᠠᠭᠤᠯᠢ᠎ᠶ᠋ᠢᠨ ᠬᠦᠷᠢᠶᠡᠨ᠎ᠤ ᠨᠤᠭᠤᠭᠠᠷᠠᠭᠤᠯᠤᠯᠳᠠ᠎ᠶ᠋ᠢᠨ ᠭᠠᠵᠠᠷ᠎ᠲᠤ ᠪᠠᠢᠭᠤᠯᠤᠭ᠍ᠰᠠᠨ ᠴᠡᠴᠡᠷᠯᠢᠭ ᠮᠠᠶᠢᠭ᠎ᠤᠨ ᠭᠤᠣᠯ ᠰᠡᠳᠦᠪᠲᠦ ᠬᠥᠮᠦᠵᠢᠯ᠎ᠤᠨ ᠰᠠᠭᠤᠷᠢᠨ᠎ᠢᠶᠠᠨ 《ᠲᠠᠩᠭᠠᠷᠢᠭ᠎ᠤᠨ ᠠᠭᠤᠳᠠᠮ ᠲᠠᠯᠠᠪᠠᠶ》᠂ 《ᠨᠠᠮ᠎ᠤᠨ ᠲᠡᠦᠬᠡ᠎ᠶ᠋ᠢᠨ ᠵᠠᠮ》᠂ 《ᠰᠡᠷᠭᠦᠨ ᠮᠠᠨᠳᠤᠯᠲᠠ᠎ᠶ᠋ᠢᠨ ᠠᠭᠤᠳᠠᠮ ᠲᠠᠯᠠᠪᠠᠶ》᠂ 《ᠤᠯᠠᠮᠵᠢᠯᠠᠯ᠎ᠤᠨ ᠵᠠᠮ》᠂ 《ᠪᠦᠯᠬᠦᠮᠳᠡᠯ᠎ᠤᠨ ᠬᠦᠷᠢᠶᠡᠯᠡᠩ》᠂ 《ᠠᠮᠢ ᠠᠬᠤᠶ᠎ᠶ᠋ᠢᠨ ᠪᠣᠯᠪᠠᠰᠤᠨ᠎ᠤ ᠵᠠᠮ》 ᠵᠡᠷᠭᠡ ᠵᠢᠷᠭᠤᠭᠠᠨ ᠬᠡᠰᠡᠭ ᠪᠣᠯᠭᠠᠨ ᠬᠤᠪᠢᠶᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠠᠩᠭᠠᠷᠢᠭ᠎ᠤᠨ ᠦᠭᠡᠰ᠎ᠤᠨ ᠬᠤᠪᠢᠷᠠᠯᠲᠠ ᠦᠩᠬᠡᠷᠡᠯᠳᠡ᠂ ᠵᠠᠭᠤᠨ ᠵᠢᠯ᠎ᠤᠨ ᠨᠠᠮ᠎ᠤᠨ ᠲᠡᠦᠬᠡ᠎ᠶ᠋ᠢᠨ ᠤᠯᠠ ᠮᠥᠷ᠂ ᠤᠯᠤᠰ᠎ᠢᠶᠠᠨ ᠬᠦᠴᠦᠷᠬᠡᠭ᠌ᠵᠢᠭᠦᠯᠬᠦ᠌ ᠬᠦᠰᠡᠯ ᠵᠡᠭᠦᠳᠦ᠂ ᠳᠤᠮᠳᠠᠳᠤ ᠤᠯᠤᠰ᠎ᠤᠨ ᠵᠣᠷᠢᠭ ᠰᠠᠨᠠᠭ᠎ᠠ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠭ᠍ᠰᠠᠨ ᠪᠣᠬᠢᠷᠲᠤᠯ ᠦᠭᠡᠢ ᠬᠥᠭ᠌ᠵᠢᠯᠲᠡ ᠵᠡᠷᠭᠡ ᠴᠢᠬᠤᠯᠠ ᠠᠭᠤᠯᠭ᠎ᠠ᠎ᠶ᠋ᠢ ᠳᠡᠯᠭᠡᠨ ᠦᠵᠡᠬᠦᠯᠦᠭ᠌ᠰᠡᠨ ᠪᠠᠢᠨ᠎ᠠ᠃
ᠨᠠᠮ᠎ᠤᠨ ᠲᠡᠦᠬᠡ᠎ᠶ᠋ᠢᠨ ᠬᠥᠮᠦᠵᠢᠯ᠎ᠤᠨ ᠰᠠᠭᠤᠷᠢᠨ ᠭᠠᠵᠠᠷ᠎ᠤᠨ ᠪᠠᠢᠭᠤᠯᠤᠭ᠍ᠳᠠᠭ᠍ᠰᠠᠨ᠎ᠨᠢ᠂ ᠥᠪᠥᠷ ᠮᠣᠩᠭᠤᠯ᠎ᠤᠨ ᠪᠠᠷᠢᠯᠭ᠎ᠠ᠎ᠶ᠋ᠢᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠶ᠋ᠢᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠪᠣᠯᠤᠨ ᠪᠠᠭ᠍ᠰᠢ ᠰᠤᠷᠤᠭ᠍ᠴᠢᠳ᠎ᠲᠤ ᠨᠠᠮ᠎ᠤᠨ ᠲᠡᠦᠬᠡ᠎ᠶ᠋ᠢ ᠤᠢ᠍ᠢᠯᠠᠭᠠᠭᠤᠯᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠪᠠ ᠨᠠᠮ᠎ᠤᠨ ᠪᠠᠢᠭᠤᠯᠤᠯᠲᠠ᠎ᠶ᠋ᠢᠨ ᠠᠵᠢᠯᠯᠠᠭ᠎ᠠ ᠥᠷᠨᠢᠭᠦᠯᠬᠦ᠂ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ᠎ᠶ᠋ᠢ ᠪᠡᠯᠭᠡᠯᠡᠬᠦ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠠᠬᠢᠭᠤᠯᠬᠤ᠎ᠳᠤ ᠴᠣ᠌ ᠱᠢᠨ᠎ᠡ ᠲᠠᠯᠠᠪᠤᠷ ᠨᠡᠬᠡᠬᠡᠵᠦ᠍ ᠦᠭ᠌ᠬᠦᠭ᠌ᠰᠡᠨ ᠪᠠᠢᠨ᠎ᠠ᠃