ᠬᠦᠯᠤᠨ ᠪᠤᠢᠷ ᠬᠤᠲᠠ᠎ᠶ᠋ᠢᠨ ᠬᠥᠳᠡᠭᠡ ᠲᠣᠰᠭᠤᠨ ᠬᠥᠭ᠌ᠵᠢᠨ ᠮᠠᠨᠳᠤᠯᠳᠡ᠎ᠶ᠋ᠢᠨ ᠲᠦᠷᠭᠡᠨ᠎ᠤ ᠵᠠᠮ᠎ᠳᠤ ᠤᠷᠤᠯ᠎ᠠ
2021-05-31 11:08:57
ᠵᠣᠬᠢᠶᠠᠭ᠍ᠴᠢ᠄
ᠦ᠋ ᠴᠢᠩ ᠯᠠᠨ
ᠣᠩᠱᠢᠭ᠍ᠰᠠᠨ ᠣᠳᠠᠭ᠎ᠠ᠄
★★★☆☆


《ᠰᠠᠭᠤᠬᠤ᠎ᠠᠴᠠ ᠭᠡᠷ᠎ᠲᠠᠢ᠂ ᠠᠷᠠᠴᠢᠯᠠᠬᠤ᠎ᠠᠴᠠ ᠬᠤᠨᠢ᠎ᠲᠠᠢ᠂ ᠬᠥᠤ ᠴᠤ᠌ ᠶᠡᠭᠡ ᠰᠤᠷᠭᠠᠭᠤᠯᠢ᠎ᠳᠤ ᠤᠷᠤᠴᠢᠬᠠᠯ᠎ᠠ᠂ ᠪᠠᠶᠠᠵᠢᠯ᠎ᠤᠨ ᠵᠠᠮ ᠲᠤᠷᠠᠢᠵᠤ ᠪᠠᠢᠨ᠎ᠠ ᠱᠢᠦ》 ᠭᠡᠵᠤ ᠮᠤᠷᠢᠨᠳᠠᠪᠠᠭ᠎ᠠ᠎ᠶ᠋ᠢᠨ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠱᠢᠭᠤᠨ᠎ᠤ ᠳ᠋ᠡᠭ᠌ᠲ᠋ᠡᠺᠡ ᠪᠠᠯᠭᠠᠰᠤᠨ᠎ᠤ ᠭᠠᠩ ᠲᠢᠶᠧ ᠲᠣᠰᠭᠤᠨ᠎ᠤ ᠠᠷᠠᠳ ᠶᠠᠩ ᠽᠧ ᠯᠦ᠍ ᠶᠠᠳᠠᠭᠤ᠎ᠠᠴᠠ ᠠᠩᠭᠢᠵᠢᠷᠠᠭ᠍ᠰᠠᠨ᠎ᠤ ᠳᠠᠷᠠᠭᠠᠬᠢ ᠵᠣᠯ ᠵᠢᠷᠭᠠᠯᠲᠤ ᠠᠮᠢᠳᠤᠷᠠᠯ᠎ᠢᠶᠠᠨ ᠳᠥᠭᠦᠮᠬᠡᠨ ᠬᠡᠳᠦᠨ ᠦᠭᠡ᠎ᠪᠠᠷ ᠡᠷᠭᠢᠴᠡᠭᠦᠯᠦᠯ᠎ᠡ᠃

ᠣᠷᠴᠣᠨ ᠬᠤᠱᠢᠭᠤ ᠬᠥᠳᠡᠭᠡ ᠲᠣᠰᠭᠤᠨ᠎ᠤ ᠣᠷᠴᠢᠨ ᠲᠣᠭᠤᠷᠢᠨ᠎ᠢ ᠶᠡᠷᠦᠩᠬᠡᠢᠯᠡᠨ ᠵᠠᠰᠠᠬᠤ᠂ ᠢᠯᠠᠩᠭᠤᠶ᠎ᠠ ᠬᠥᠳᠡᠭᠡ ᠲᠣᠰᠭᠤᠨ᠎ᠤ ᠬᠤᠭ ᠨᠣᠪᠰᠢ᠂ ᠪᠣᠬᠢᠷ ᠤᠰᠤ᠎ᠶ᠋ᠢ ᠭᠤᠤᠯᠳᠠᠯᠭ᠎ᠠ᠎ᠲᠠᠢ ᠵᠠᠰᠠᠬᠤ ᠵᠢᠴᠢ ᠬᠥᠳᠡᠭᠡ ᠲᠣᠰᠭᠤᠨ᠎ᠤ ᠬᠡᠷ ᠪᠦᠯᠢ᠎ᠶ᠋ᠢᠨ 《ᠵᠣᠷᠯᠣᠩ᠎ᠤᠨ ᠬᠤᠪᠢᠰᠭᠠᠯ》 ᠎ᠢ ᠭᠦᠨᠵᠡᠭᠡᠶ ᠥᠷᠨᠢᠭᠦᠯᠵᠦ᠍᠂ ᠲᠤᠬᠠᠶ᠎ᠶ᠋ᠢᠨ ᠭᠠᠵᠠᠷ᠎ᠤᠨ ᠰᠠᠭᠤᠭᠠᠯᠢ ᠠᠷᠠᠳ᠎ᠤᠨ ᠵᠢᠷᠭᠠᠯᠲᠤ ᠲᠥᠷᠥᠭ᠌ᠳᠡᠯ᠂ ᠬᠦᠷᠲᠡᠮᠵᠢ᠎ᠶ᠋ᠢᠨ ᠲᠥᠷᠥᠭ᠌ᠳᠡᠯ᠎ᠢ ᠶᠠᠪᠤᠬᠤ ᠲᠤᠲᠤᠮ ᠨᠡᠮᠡᠭ᠌ᠳᠡᠭᠦᠯᠵᠡᠢ᠃

ᠱᠦᠢᠨᠢ ᠵᠠᠮ᠎ᠢ ᠭᠡᠷ᠎ᠤᠨ ᠡᠭᠦᠳᠡᠨ᠎ᠳᠤᠨᠢ ᠬᠦᠷᠲᠡᠯ᠎ᠡ ᠵᠠᠰᠠᠵᠤ᠂ ᠬᠥᠳᠡᠭᠡ ᠲᠣᠰᠭᠤᠨ᠎ᠤ ᠣᠷᠴᠢᠨ ᠲᠣᠭᠤᠷᠢᠨ ᠢᠯᠡᠤᠡᠳᠠ ᠰᠠᠢᠵᠢᠷᠠᠨ᠂ ᠨᠤᠲᠤᠭ᠎ᠲᠠᠭᠠᠨ ᠪᠤᠴᠠᠵᠤ ᠦᠢᠯᠡᠰ ᠪᠣᠰᠭᠠᠬᠤ ᠥᠷᠨᠢᠯᠲᠡ ᠭᠠᠷᠴᠤ᠌ ᠪᠤᠢ᠃

ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠵᠢᠴᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠬᠡᠷᠬᠢᠨ ᠵᠤᠯᠭᠠᠭᠤᠯᠬᠤ ᠪᠤᠢ? ᠡᠭᠦᠨ᠎ᠳᠤ ᠬᠦᠯᠤᠨ ᠪᠤᠢᠷ᠎ᠤᠨ ᠦᠭ᠌ᠬᠦᠭ᠌ᠰᠡᠨ ᠬᠠᠷᠢᠭᠤᠯᠳᠡ ᠭᠡᠪᠡᠯ᠂ ᠢᠯᠠᠯᠲᠠ᠎ᠶ᠋ᠢᠨ ᠡᠷᠴᠢᠨ ᠳᠡᠭᠡᠷ᠎ᠡ᠎ᠪᠠᠨ ᠦᠷᠬᠦᠯᠵᠢᠯᠡᠨ ᠤᠷᠤᠡᠡᠱᠢᠯᠡᠵᠤ᠂ ᠣᠶᠠᠯᠳᠣᠯ᠎ᠤᠨ ᠴᠡᠭ᠎ᠢ ᠰᠠᠢᠲᠤᠷ ᠡᠷᠢᠵᠦ᠍᠂ ᠠᠵᠢᠯ᠎ᠤᠨ ᠲᠣᠭ᠍ᠲᠠᠭᠤᠨ᠎ᠢᠶᠠᠷ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠤᠨ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢᠨ ᠨᠢᠭᠡᠳᠦᠯᠲᠡᠶ ᠲᠥᠯᠥᠪᠵᠢᠭᠦᠯᠭᠡ᠎ᠳᠤ ᠣᠷᠣᠭᠤᠯᠵᠤ᠂ ᠬᠥᠳᠡᠭᠡ ᠲᠣᠰᠭᠤᠨ᠎ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ᠂ ᠵᠣᠬᠢᠶᠠᠨ ᠪᠠᠢᠭᠤᠯᠤᠯᠲᠠ ᠵᠡᠷᠭᠡ᠎ᠶ᠋ᠢ ᠪᠥᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠨ᠎ᠠ᠃

ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠡ ᠱᠢᠪᠳᠤᠯᠬᠤ ᠲᠠᠢᠯᠠᠯᠳᠤᠭᠠᠨ᠎ᠤ ᠦᠷ᠎ᠡ ᠪᠦᠲᠦᠮᠵᠢ᠎ᠶ᠋ᠢ ᠪᠠᠬᠢᠵᠢᠭᠦᠯᠵᠦ᠍᠂ ᠬᠥᠳᠡᠭᠡ ᠲᠣᠰᠭᠤᠨ᠎ᠤ ᠬᠦᠷᠢᠶ᠎ᠡ ᠬᠠᠱᠢᠶ᠎ᠠ᠎ᠶ᠋ᠢ ᠪᠦᠲᠦᠮᠵᠢᠲᠡᠶ ᠠᠱᠢᠬ᠍ᠯᠠᠬᠤ᠎ᠶ᠋ᠢ ᠠᠬᠢᠭᠤᠯᠬᠤ᠎ᠶ᠋ᠢᠨ ᠲᠥᠯᠥᠭᠡ᠂ ᠬᠠᠢᠯᠠᠷ ᠲᠣᠭᠤᠷᠢᠭ᠎ᠤᠨ ᠬᠠᠭ ᠪᠠᠯᠭᠠᠰᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠲᠤᠰᠭᠠᠢ ᠬᠤᠷᠱᠢᠶ᠎ᠠ᠎ᠶ᠋ᠢᠨ ᠲᠠᠷᠢᠶᠠᠴᠢᠨ ᠡᠷᠦᠬᠡ᠎ᠶ᠋ᠢ ᠳᠠᠭᠠᠭᠤᠯᠤᠨ ᠬᠦᠷᠢᠶ᠎ᠡ ᠬᠠᠱᠢᠶᠠᠨ᠎ᠤ ᠠᠵᠤ ᠠᠬᠤᠶ᠎ᠶ᠋ᠢ ᠬᠥᠭ᠌ᠵᠢᠭᠦᠯᠬᠦ᠌᠎ᠶ᠋ᠢ ᠵᠤᠷᠢᠡᠡᠵᠢᠭᠤᠯᠤᠨ᠂ ᠰᠤᠯᠠ ᠭᠠᠵᠠᠷ᠎ᠢ ᠭᠦᠢᠴᠡᠳ ᠠᠱᠢᠬ᠍ᠯᠠᠪᠠ᠃ 2020 ᠣᠨ᠎ᠳᠤ᠂ ᠬᠠᠭ ᠪᠠᠯᠭᠠᠰᠤᠨ᠎ᠳᠤ 《ᠨᠢᠭᠡ ᠬᠤᠪᠢ ᠲᠠᠷᠢᠶ᠎ᠠ》 ᠎ᠶ᠋ᠢᠨ ᠲᠥᠷᠥᠯ ᠵᠦᠢᠯ᠎ᠢ ᠡᠬᠢᠯᠡᠭᠦᠯᠦᠭ᠌ᠰᠡᠨ᠎ᠠᠴᠠ ᠨᠠᠭᠠᠰᠢ᠂ ᠨᠢᠭᠡᠨᠲᠡ 22 ᠶᠠᠳᠠᠭᠤ ᠬᠦᠴᠢᠷᠳᠡᠯᠲᠡᠶ ᠡᠷᠦᠬᠡ᠎ᠶ᠋ᠢ ᠳᠠᠢᠴᠢᠯᠠᠵᠤ᠂ ᠡᠷᠦᠬᠡ ᠪᠦᠷᠢ᠎ᠶ᠋ᠢᠨ ᠬᠦᠷᠢᠶ᠎ᠠ ᠬᠠᠱᠢᠶᠡᠨ᠎ᠠᠴᠠ ᠤᠯᠤᠡᠡᠰᠡᠨ ᠠᠱᠢᠭ ᠣᠷᠣᠯᠭ᠎ᠠ᠎ᠨᠢ ᠳᠤᠮᠳᠠᠴᠢ᠎ᠪᠠᠷ 3000 ᠲᠥᠭᠦᠷᠢᠭ ᠣᠷᠴᠢᠮ ᠪᠣᠯᠵᠠᠶ᠃ ᠲᠣᠰᠭᠤᠨ᠎ᠤ ᠠᠷᠠᠳ ᠵᠢᠵᠢᠭ ᠬᠠᠱᠢᠶ᠎ᠠ᠎ᠪᠠᠨ ᠣᠷᠣᠯᠭ᠎ᠠ᠎ᠪᠠᠨ ᠨᠡᠮᠡᠭ᠌ᠳᠡᠭᠦᠯᠤᠨ ᠪᠠᠶᠠᠵᠢᠬᠤ 《ᠱᠢᠨ᠎ᠡ ᠲᠠᠪᠴᠠᠩ》 ᠪᠣᠯᠭᠠᠨ ᠬᠤᠪᠢᠷᠠᠭᠤᠯᠪᠡ᠃

ᠡᠸᠡᠩᠬᠢ ᠬᠤᠱᠢᠭᠤᠨ᠎ᠤ ᠪᠠᠶᠠᠨᠴᠠᠭᠠᠨ ᠰᠤᠮᠤ᠎ᠶ᠋ᠢᠨ ᠮᠡᠭᠡᠷᠳᠤ ᠭᠠᠴᠠᠭᠠᠨ᠎ᠤ ᠶᠠᠳᠠᠭᠤ ᠬᠦᠴᠢᠷᠳᠡᠯᠲᠡᠢ ᠮᠠᠯᠴᠢᠨ ᠤᠤ ᠭᠦᠸᠧ ᡁᠢ᠎ᠶ᠋ᠢᠨ᠎ᠬᠢᠨ᠎ᠳᠤ ᠠᠪᠴᠤ᠌ ᠬᠡᠯᠡᠪᠡᠯ ᠡᠨᠡ ᠵᠢᠯ ᠪᠤᠯ ᠬᠦᠰᠡᠯ ᠡᠷᠡᠮᠡᠯᠵᠡᠯ ᠪᠢᠯᠬᠠᠭ᠍ᠰᠠᠨ ᠨᠢᠭᠡ ᠵᠢᠯ ᠪᠣᠯᠤᠨ᠎ᠠ᠃ 2020 ᠣᠨ᠎ᠳᠤ ᠲᠡᠳᠡᠨ᠎ᠤ᠎ᠬᠢᠨ ᠡᠯᠪᠡᠭ ᠬᠤᠷᠢᠶᠠᠯᠲᠠ ᠣᠯᠵᠤ᠂ ᠵᠢᠯ᠎ᠤᠨ ᠡᠴᠦᠰ᠎ᠲᠤ 7.8 ᠲᠦᠮᠡᠨ ᠲᠥᠭᠦᠷᠢᠭ᠎ᠤᠨ ᠣᠷᠣᠯᠭ᠎ᠠ ᠤᠯᠪᠠ᠃ ᠤᠤ ᠬᠦᠸᠧ ᡁᠢ᠄ 《ᠨᠠᠮ ᠵᠠᠰᠠᠭ᠎ᠤᠨ ᠲᠦᠷᠦ᠎ᠶ᠋ᠢᠨ ᠪᠤᠳᠤᠯᠭ᠎ᠠ ᠮᠠᠨ᠎ᠤ᠎ᠬᠢᠨ᠎ᠳᠤ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠠᠪᠴᠢᠷᠠᠵᠠᠢ᠂ ᠤᠳᠤ ᠮᠢᠨᠦ᠍ ᠭᠡᠤᠭᠡᠨ ᠴᠦ᠍ ᠤᠢ ᠱᠢᠭᠤᠢ᠎ᠶ᠋ᠢᠨ ᠬᠠᠮᠠᠭᠠᠯᠠᠭ᠍ᠴᠢ ᠪᠤᠯᠵᠤ᠂ ᠮᠠᠨ᠎ᠤ ᠠᠮᠢᠳᠤᠷᠠᠯ ᠶᠠᠪᠤᠬᠤ ᠲᠤᠳᠤᠮ ᠰᠠᠢᠵᠢᠷᠠᠵᠤ ᠪᠠᠢᠨ᠎ᠠ》 ᠭᠡᠵᠤ ᠬᠡᠯᠡᠨ᠎ᠠ᠃ 2017 ᠣᠨ᠎ᠳᠤ᠂ ᠤᠦ ᠭᠦᠸᠧ ᡁᠢ᠎ᠶ᠋ᠢ ᠲᠠᠩᠰᠠᠯᠠᠵᠤ ᠺᠡᠷᠲᠯᠬᠠᠰᠡᠨ ᠶᠠᠳᠠᠭᠤ ᠬᠦᠴᠢᠷᠳᠡᠯᠲᠡᠢ ᠡᠷᠦᠬᠡ᠎ᠪᠠᠷ ᠢᠯᠭᠠᠨ ᠲᠣᠭ᠍ᠲᠠᠭᠠᠪᠠ᠃ ᠬᠠᠪᠰᠤᠷᠤᠨ ᠲᠡᠳᠬᠦᠬᠦ᠌ ᠺᠠᠳ᠋ᠷ᠎ᠤᠨ ᠲᠠᠨᠢᠯᠴᠠᠭᠤᠯᠭ᠎ᠠ᠎ᠪᠠᠷ᠂ ᠲᠡᠷᠡ ᠲᠤᠬᠠᠶ᠎ᠶ᠋ᠢᠨ ᠭᠠᠵᠠᠷ᠎ᠤᠨ᠎ᠢᠶᠠᠨ ᠴᠠᠭᠠᠨ ᠢᠳᠡᠭᠡᠨ᠎ᠤ ᠠᠵᠤ ᠠᠬᠤᠢᠯᠠᠯ᠎ᠳᠤ ᠬᠦᠴᠦ᠍ ᠶᠠᠪᠤᠵᠤ᠂ ᠵᠢᠯ ᠪᠦᠷᠢ 3 ᠲᠦᠮᠡᠨ ᠲᠥᠭᠦᠷᠢᠭ᠎ᠤᠨ ᠣᠷᠣᠯᠭ᠎ᠠ ᠤᠯᠵᠠᠢ᠃

ᠬᠦᠯᠤᠨ ᠪᠤᠢᠷ ᠬᠤᠲᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠦ᠌ ᠲᠠᠯ᠎ᠠ᠎ᠪᠠᠷ ᠬᠡᠷᠡᠭ᠌ᠵᠢᠭᠦᠯᠬᠦ᠌᠎ᠶ᠋ᠢ ᠬᠥᠳᠡᠭᠡ ᠲᠣᠰᠭᠤᠨ᠎ᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠬᠦ᠌᠎ᠶ᠋ᠢᠨ ᠴᠢᠬᠤᠯᠠ ᠭᠠᠷᠳᠠᠴᠠ ᠪᠣᠯᠭᠠᠵᠤ᠂ ᠲᠠᠪᠤᠨ ᠱᠠᠲᠤᠨ᠎ᠤ ᠱᠦᠵᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠤᠡᠬᠤᠬᠤ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ 《ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠤᠡᠬᠡᠨ ᠠᠬᠢᠭᠤᠯᠬᠤ ᠲᠤᠬᠠᠶ ᠬᠡᠷᠡᠭ᠌ᠵᠢᠭᠦᠯᠬᠦ᠌ ᠲᠥᠰᠦᠯ》 ᠵᠡᠷᠭᠡ ᠱᠢᠷᠢᠰ ᠢᠵᠢ ᠪᠥᠷᠢᠳᠦᠭ᠌ᠰᠡᠨ ᠲᠥᠷᠥ᠎ᠶ᠋ᠢᠨ ᠪᠣᠳᠣᠯᠭ᠎ᠠ᠎ᠶ᠋ᠢ ᠲᠣᠭ᠍ᠲᠠᠭᠠᠨ ᠨᠡᠢᠲᠡᠯᠡᠵᠦ᠍᠂ ᠡᠯ᠎ᠡ ᠵᠦᠶᠯ᠎ᠤᠨ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠬᠦ᠌᠎ᠶ᠋ᠢ ᠠᠬᠢᠭᠤᠯᠪᠠ᠃

ᠲᠤᠰ ᠬᠤᠳᠡ ᠰᠦ᠎ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠦ᠌ ᠬᠦᠴᠦᠨ᠎ᠢᠶᠠᠷ ᠠᠬᠢᠭᠤᠯᠵᠤ᠂ 2020 ᠣᠨ᠎ᠳᠤ ᠤᠯᠤᠰ᠂ ᠣᠷᠣᠨ ᠪᠠ ᠬᠤᠲᠠ᠎ᠶ᠋ᠢᠨ ᠲᠣᠰ ᠱᠠᠲᠤᠨ᠎ᠤ ᠨᠡᠢᠲᠡ 8.17 ᠳ᠋ᠦᠩᠱᠢᠭᠤᠷ ᠲᠥᠭᠦᠷᠢᠭ᠎ᠤᠨ ᠪᠠᠯᠠ ᠮᠥᠩᠭᠦ᠎ᠶ᠋ᠢ ᠰᠦ᠎ᠶ᠋ᠢᠨ ᠢᠷᠡᠯᠲᠡ᠎ᠶ᠋ᠢᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠪᠡ᠃ ᠣᠳᠣᠬᠠᠨ᠎ᠳᠤ᠂ ᠠᠷᠤᠨ ᠬᠤᠱᠢᠭᠤᠨ᠎ᠤ ᠢᠯᠢ ᠺᠤᠮᠫᠠᠨᠢ ᠪᠣᠬᠢᠷᠲᠤᠯ ᠥᠬᠡᠶ ᠣᠶᠤᠨᠴᠢ ᠵᠢᠱ᠌ᠢᠶ᠎ᠡ ᠦᠵᠡᠭᠦᠯᠬᠦ᠌ ᠬᠡᠷᠡᠭ᠌ᠯᠡᠭᠡᠨ᠎ᠤ ᠲᠥᠷᠥᠯ ᠵᠦᠶᠯ᠎ᠤᠨ ᠪᠠᠷᠢᠯᠭ᠎ᠠ᠎ᠶ᠋ᠢᠨ ᠠᠬᠢᠴᠠ ᠤᠷᠤᠭ᠍ᠰᠢᠲᠠᠶ ᠪᠠᠢᠵᠤ᠂ ᠨᠢᠭᠡᠨᠲᠡ 3.7 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠤᠯᠲᠠ᠎ᠶ᠋ᠢ ᠪᠡᠶᠡᠯᠡᠭᠦᠯᠪᠡ᠃ ᠰᠠᠢ ᠱᠠᠩ ᠰᠦ᠎ᠶ᠋ᠢᠨ ᠦᠢᠯᠡᠰ᠎ᠤᠨ ᠪᠡᠯᠡ ᠣᠷᠣᠭᠤᠯᠤᠯᠲᠠ 9000 ᠲᠦᠮᠡᠨ ᠲᠥᠭᠦᠷᠢᠭ᠎ᠲᠤ ᠬᠦᠷᠴᠤ᠌᠂ ᠮᠡᠷᠭᠡᠵᠢᠯ᠎ᠤᠨ ᠱᠢᠨᠡᠴᠢᠯᠡᠯᠳᠡ᠎ᠪᠠᠨ ᠳᠡᠰ ᠳᠡᠪᠱᠢᠭᠦᠯᠬᠦ᠌᠎ᠶ᠋ᠢ ᠪᠡᠶᠡᠯᠡᠭᠦᠯᠵᠦ᠍᠂ UHT ᠱᠢᠩᠭᠡᠨ ᠵᠥᠭᠡᠬᠡᠢ᠂ ᠦᠨᠢᠶᠡᠨ ᠰᠦ ᠵᠡᠷᠭᠡ ᠪᠦᠲᠦᠭᠡᠭ᠌ᠳᠡᠬᠦᠨ᠎ᠢ ᠨᠢᠭᠡᠨᠲᠡ ᠵᠠᠬ᠎ᠠ ᠳᠡᠯᠭᠡᠭᠦᠷ᠎ᠲᠤ ᠭᠠᠷᠭᠠᠪᠡ᠃ ᠲᠥᠷᠥᠯ ᠲᠡᠮᠳᠡᠭ᠎ᠤᠨ ᠪᠠᠢᠭᠤᠯᠤᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢ ᠦᠷᠭᠦᠯᠵᠢᠯᠡᠨ ᠠᠬᠢᠭᠤᠯᠵᠤ᠂ ᠬᠥᠯᠥᠨ ᠪᠤᠢᠷ᠎ᠤᠨ ᠲᠠᠯ᠎ᠠ ᠨᠤᠲᠤᠭ᠎ᠤᠨ ᠬᠤᠨᠢᠨ ᠮᠢᠬ᠎ᠠ᠂ ᠦᠨᠢᠶᠡᠨ ᠰᠦ᠂ ᠱᠢᠷ᠎ᠠ ᠪᠤᠷᠴᠠᠭ ᠵᠡᠷᠭᠡ 8 ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠲᠥᠷᠥᠯ ᠲᠡᠮᠳᠡᠭ᠎ᠢ ᠡᠭᠦᠳᠦᠨ ᠪᠠᠢᠭᠤᠯᠬᠤ ᠪᠠ ᠲᠥᠷᠥᠯ ᠲᠡᠮᠳᠡᠭ᠎ᠤᠨ ᠡᠷᠬᠡ ᠣᠯᠭᠤᠬᠤ᠎ᠶ᠋ᠢ ᠪᠡᠶᠡᠯᠡᠭᠦᠯᠵᠦ᠍᠂ 《ᠬᠥᠯᠥᠨ ᠪᠤᠢᠷ᠎ᠤᠨ ᠭᠠᠢᠮᠤ ᠴᠡᠴᠡᠭ᠎ᠤᠨ ᠲᠣᠰᠣ》 ᠎ᠨᠢ 《ᠳᠤᠮᠳᠠᠳᠤ ᠤᠯᠤᠰ᠎ᠤᠨ ᠲᠥᠷᠥᠯ ᠲᠡᠮᠳᠡᠭ᠌ᠲᠦ ᠲᠠᠷᠢᠶᠠᠯᠠᠩ᠎ᠤᠨ ᠱᠧᠡ ᠨᠦᠩ ᠱᠠᠩᠨᠠᠯ》 ᠭᠥᠷᠳᠡᠵᠦ᠍᠂ ᠵᠠᠯᠠᠨ ᠠᠢᠯ᠎ᠤᠨ ᠬᠠᠷ᠎ᠠ ᠳᠠᠯᠳᠠᠤ 2020 ᠣᠨ᠎ᠤ ᠳᠤᠮᠳᠠᠳᠤ ᠧᠦ᠋ᠷᠣᠫᠠ᠎ᠶ᠋ᠢᠨ ᠭᠠᠵᠠᠷ ᠵᠦᠶ᠎ᠶ᠋ᠢᠨ ᠢᠯᠡᠷᠭᠡᠢᠯᠡᠯᠳᠤ ᠲᠠᠸᠠᠷ᠎ᠤᠨ ᠲᠡᠮᠳᠡᠭ᠎ᠤᠨ ᠬᠡᠯᠡᠯᠴᠡᠭᠡᠷ᠎ᠤᠨ ᠠᠩᠬᠠᠨ᠎ᠤ ᠪᠦᠯᠦᠭ᠎ᠤᠨ ᠬᠠᠮᠠᠭᠠᠯᠠᠯᠲᠠ᠎ᠶ᠋ᠢᠨ ᠨᠡᠷᠡᠰ᠎ᠲᠤ ᠣᠷᠣᠪᠠ᠃

ᠮᠠᠯ ᠠᠵᠤ ᠠᠬᠤᠶ ᠲᠠᠷᠢᠶᠠᠯᠠᠩ᠎ᠤᠨ ᠠᠵᠤ ᠦᠢᠯᠡᠰᠵᠢᠯᠲᠡ᠎ᠶ᠋ᠢ ᠲᠦᠷᠭᠡᠳᠭᠡᠨ ᠠᠬᠢᠭᠤᠯᠵᠤ᠂ 2020 ᠣᠨ᠎ᠳᠤ᠂ ᠪᠥᠬᠦ᠌ ᠬᠤᠲᠠ᠎ᠶ᠋ᠢᠨ ᠬᠡᠪᠴᠢᠶᠡᠵᠢᠯ᠎ᠠᠴᠠ ᠳᠡᠭᠡᠭ᠌ᠰᠢᠬᠢ ᠲᠠᠭᠠᠭᠤᠯᠤᠭ᠍ᠴᠢ ᠠᠵᠤ ᠠᠬᠤᠢᠯᠠᠯ 165 ᠪᠤᠯᠵᠤ᠂ ᠬᠤᠲᠠ᠎ᠶ᠋ᠢᠨ ᠲᠠᠰ᠎ᠠᠴᠠ ᠳᠡᠭᠡᠭ᠌ᠰᠢᠬᠢ ᠮᠠᠯ ᠠᠵᠤ ᠠᠬᠤᠶ ᠲᠠᠷᠢᠶᠠᠯᠠᠩ᠎ᠤᠨ ᠠᠵᠤ ᠦᠢᠯᠡᠰᠵᠢᠯᠲᠡ᠎ᠶ᠋ᠢᠨ ᠬᠤᠯᠪᠣᠭᠠᠲᠤ ᠴᠣᠭ᠍ᠴᠠ 34 ᠪᠤᠯᠪᠠ᠃ ᠲᠠᠷᠢᠶᠠᠯᠠᠩ ᠪᠠ ᠠᠵᠤ ᠠᠬᠤᠢᠯᠠᠯ᠎ᠤᠨ ᠠᠱᠢᠭ ᠲᠤᠰᠠ᠎ᠶ᠋ᠢᠨ ᠬᠤᠯᠪᠣᠭᠠᠯᠠᠯ᠎ᠤᠨ ᠬᠠᠷᠢᠴᠠᠯ 62% ᠎ᠳᠤ ᠬᠦᠷᠴᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠵᠦ᠍ ᠤᠨᠳᠤᠱᠢᠭᠤᠯᠬᠤ ᠨᠣᠷᠮ᠎ᠠ 65% ᠎ᠳᠤ ᠬᠦᠷᠴᠤ᠌᠂ ᠱᠢᠨ᠎ᠡ ᠪᠠᠷᠭᠤ ᠵᠡᠭᠦᠨ ᠬᠤᠱᠢᠭᠤ᠂ ᠱᠢᠨ᠎ᠡ ᠪᠠᠷᠭᠤ ᠪᠠᠷᠠᠭᠤᠨ ᠬᠤᠱᠢᠭᠤ᠂ ᠡᠸᠡᠩᠬᠢ ᠬᠤᠱᠢᠭᠤᠨ᠎ᠤ ᠤᠯᠤᠰ᠎ᠤᠨ ᠲᠠᠰ᠎ᠤᠨ ᠲᠠᠯ᠎ᠠ ᠨᠤᠲᠤᠭ᠎ᠤᠨ ᠮᠢᠬᠠᠨ᠎ᠤ ᠬᠤᠨᠢᠨ᠎ᠤ ᠠᠵᠤ ᠦᠢᠯᠡᠰ᠎ᠤᠨ ᠰᠦᠷᠦᠭ᠌ᠵᠢᠯ ᠪᠠ ᠠᠷᠤᠨ ᠬᠤᠱᠢᠭᠤᠨ᠎ᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠢᠯᠡᠰ᠎ᠤᠨ ᠬᠦᠷᠢᠶᠡᠯᠡᠩ ᠵᠡᠷᠭᠡ ᠭᠤᠤᠯᠳᠠᠯᠭ᠎ᠠ᠎ᠲᠠᠢ ᠲᠥᠷᠥᠯ ᠵᠦᠢᠯ᠎ᠢ ᠭᠤᠶᠤᠴᠢᠯᠡᠨ ᠤᠯᠪᠡ᠃

ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠪᠦᠬᠦ᠌ ᠬᠦᠴᠦ᠎ᠪᠠᠷ ᠬᠡᠷᠡᠭ᠌ᠵᠢᠭᠦᠯᠬᠦ᠌᠎ᠳᠤ ᠪᠠᠰᠠ 《ᠠᠮᠢ ᠠᠬᠤᠢ ᠣᠷᠣᠱᠢᠨ ᠰᠠᠭᠤᠷᠢᠱᠢᠬᠤ᠎ᠳᠤ ᠲᠣᠬᠢᠷᠠᠮᠵᠢᠳᠡᠢ》 ᠪᠠᠢᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠮᠠᠯᠵᠢᠬᠤ ᠲᠠᠷᠢᠶᠠᠯᠠᠬᠤ ᠣᠷᠣᠨ᠎ᠤ ᠣᠷᠣᠱᠢᠨ ᠠᠮᠢᠳᠤᠷᠠᠬᠤ ᠣᠷᠴᠢᠨ ᠨᠥᠬᠦᠴᠡᠯ᠎ᠢ ᠴᠡᠭ᠌ᠴᠡᠯᠡᠨ ᠵᠠᠰᠠᠬᠤ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠤᠨ᠂ ᠮᠠᠯᠴᠢᠨ ᠲᠠᠷᠢᠶᠠᠴᠢᠨ᠎ᠤ ᠭᠤᠣᠯ ᠴᠣᠭ᠍ᠴᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠣᠷᠣᠱᠢᠨ ᠠᠮᠢᠳᠤᠷᠠᠬᠤ ᠣᠷᠴᠢᠨ ᠨᠥᠬᠦᠴᠡᠯ᠎ᠢ ᠴᠡᠭ᠌ᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭᠠᠨ᠎ᠤ ᠬᠠᠷᠠᠯᠲᠠ᠎ᠶ᠋ᠢ ᠪᠡᠶᠡᠯᠡᠬᠦᠯᠬᠦ᠌᠎ᠪᠠᠷ ᠬᠦᠴᠤᠯᠡᠨ ᠴᠢᠷᠮᠠᠢᠪᠡ᠃ 3 ᠵᠢᠯ᠎ᠤᠨ ᠲᠤᠷᠰᠢ᠂ ᠪᠥᠬᠦ᠌ ᠬᠤᠲᠠ᠎ᠶ᠋ᠢᠨ ᠠᠷᠢᠭᠤᠨ ᠴᠡᠪᠡᠷ ᠵᠣᠷᠯᠣᠩ᠎ᠤᠨ ᠪᠥᠲᠥᠭᠡᠨ ᠪᠠᠢᠭᠤᠯᠤᠯᠲᠠ ᠥᠪᠡᠷᠲᠡᠭᠡᠨ ᠵᠠᠰᠠᠬᠤ ᠣᠷᠣᠨ᠎ᠤ ᠪᠠᠭᠤᠯᠭᠠᠭ᠍ᠰᠠᠨ ᠡᠭᠦᠷᠭᠡ᠎ᠶ᠋ᠢ ᠳᠠᠪᠠᠭᠤᠯᠤᠨ ᠪᠡᠶᠡᠯᠡᠭᠦᠯᠪᠡ᠃ 95% ᠎ᠠᠴᠠ ᠳᠡᠭᠡᠭ᠌ᠰᠢᠬᠢ ᠵᠠᠰᠠᠭ ᠵᠠᠬᠢᠷᠭᠠᠨ᠎ᠤ ᠭᠠᠴᠠᠭ᠎ᠠ ᠲᠣᠰᠭᠤᠨ᠎ᠤ ᠠᠮᠢᠳᠤᠷᠠᠯ᠎ᠤᠨ ᠬᠤᠭ ᠨᠣᠪᠰᠢ᠎ᠶ᠋ᠢ ᠪᠦᠲᠦᠮᠵᠢᠲᠡᠶ ᠵᠠᠰᠠᠵᠤ᠂ ᠬᠤᠭ ᠨᠣᠪᠰᠢ ᠣᠪᠣᠭᠠᠯᠠᠬᠤ ᠴᠡᠭ᠎ᠢ ᠴᠡᠭ᠌ᠴᠡᠯᠡᠨ ᠵᠠᠰᠠᠭ᠍ᠰᠠᠨ ᠨᠣᠷᠮ᠎ᠠ 100% ᠎ᠳᠤ ᠬᠦᠷᠴᠦ᠍᠂ ᠭᠠᠴᠠᠭ᠎ᠠ ᠲᠣᠰᠭᠤᠨ᠎ᠤ ᠬᠤᠭ ᠨᠣᠪᠰᠢ᠎ᠶ᠋ᠢ ᠬᠤᠷᠢᠶᠠᠨ ᠲᠡᠭᠡᠭᠡᠪᠦᠷᠢᠯᠡᠬᠦ᠌ ᠱᠢᠰᠲ᠋ᠧᠮ᠎ᠢ ᠪᠠᠢᠭᠤᠯᠤᠭ᠍ᠰᠠᠨ ᠨᠣᠷᠮ᠎ᠠ 97.6% ᠎ᠳᠤ ᠬᠦᠷᠪᠡ᠃ ᠪᠥᠬᠦ᠌ ᠬᠤᠲᠠ᠎ᠶ᠋ᠢᠨ 795 ᠵᠠᠰᠠᠭ ᠵᠠᠬᠢᠷᠭᠠᠨ᠎ᠤ ᠭᠠᠴᠠᠭ᠎ᠠ ᠲᠣᠰᠭᠤᠨ᠎ᠳᠤ ᠠᠮᠢᠳᠤᠷᠠᠯ᠎ᠤᠨ ᠪᠣᠬᠢᠷ ᠤᠰᠤ ᠱᠢᠢᠳᠪᠦᠷᠢᠯᠡᠬᠦ᠌ ᠰᠠᠭᠤᠷᠢ ᠪᠠᠢᠴᠠᠭᠠᠯᠲᠠ᠎ᠶ᠋ᠢ ᠪᠦᠬᠦᠨ᠎ᠢ ᠪᠡᠶᠡᠯᠡᠭᠦᠯᠦᠭ᠌ᠰᠡᠨ ᠪᠥᠭᠡᠳ ᠲᠤᠭ᠎ᠠ ᠪᠠᠷᠢᠮᠲᠠ᠎ᠶ᠋ᠢ ᠬᠢᠨᠠᠨ ᠬᠠᠷᠭᠤᠭᠤᠯᠵᠤ ᠳᠠᠭᠤᠰᠭᠠᠵᠠᠢ᠃ ᠱᠢᠨ᠎ᠡ ᠪᠠᠷᠭᠤ ᠵᠡᠭᠦᠨ ᠬᠤᠱᠢᠭᠤ ᠵᠡᠷᠭᠡ 4 ᠬᠤᠱᠢᠭᠤ ᠬᠤᠲᠠ ᠲᠣᠭᠤᠷᠢᠭ᠎ᠲᠤ ᠬᠡᠷᠡᠭ᠌ᠯᠡᠭᠡᠨ᠎ᠤ ᠮᠠᠶᠢᠭ᠎ᠤᠨ ᠪᠣᠬᠢᠷ ᠤᠰᠤ ᠱᠢᠢᠳᠪᠦᠷᠢᠯᠡᠬᠦ᠌ ᠥᠷᠲᠡᠭᠡ᠎ᠶ᠋ᠢ ᠤᠷᠢᠳ᠎ᠢᠶᠠᠷ ᠪᠠᠢᠭᠤᠯᠤᠭᠠᠳ ᠠᠱᠢᠬ᠍ᠯᠠᠯᠲᠠ᠎ᠳᠤ ᠣᠷᠣᠭᠤᠯᠪᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号