— ᠪᠠᠶᠠᠨᠨᠠᠭᠤᠷ ᠬᠤᠳᠠ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠵᠦ᠍ ᠬᠦᠷᠦᠩᠭᠡ᠎ᠶ᠋ᠢᠨ ᠵᠠᠬ᠎ᠠ ᠳᠡᠯᠭᠡᠭᠦᠷ᠎ᠤᠨ ᠪᠠᠢᠭᠤᠯᠤᠯᠲᠠ᠎ᠶ᠋ᠢ ᠠᠬᠢᠭᠤᠯᠤᠭ᠍ᠰᠠᠨ ᠲᠤᠬᠠᠢ ᠬᠦᠤᠷᠨᠢᠯ
5 ᠰᠠᠷ᠎ᠠ᠎ᠶ᠋ᠢᠨ 10 ᠤ ᠡᠳᠦᠷ᠎ᠤᠨ ᠦᠳᠡ᠎ᠶ᠋ᠢᠨ ᠡᠮᠦᠨ᠎ᠡ᠂ ᠬᠦᠩᠭᠢᠨᠡᠮ᠎ᠡ ᠲᠤᠳᠤ ᠬᠤᠩᠬᠤᠨ ᠲᠠᠭᠤᠨ᠎ᠢ ᠳᠠᠭᠠᠯᠳᠤᠨ᠂ ᠥᠪᠥᠷ ᠮᠣᠩᠭᠤᠯ᠎ᠤᠨ ᠳ᠋ᠠ ᠵᠥᠩ ᠠᠭᠤᠷᠬᠠᠶ᠎ᠶ᠋ᠢᠨ ᠦᠢᠯᠡᠰ᠎ᠤᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ ᠱᠧᠨᠵᠧᠨ᠎ᠤ ᠦᠨᠡᠲᠦ ᠲᠡᠮᠳᠡᠭ᠌ᠲᠦ᠎ᠶ᠋ᠢᠨ ᠠᠷᠠᠯᠵᠢᠶᠠᠨ᠎ᠤ ᠭᠠᠵᠠᠷ᠎ᠤᠨ A ᠰᠲ᠋ᠣᠺ᠎ᠤᠨ ᠵᠠᠬ᠎ᠠ ᠳᠡᠯᠭᠡᠭᠦᠷ᠎ᠲᠤ ᠵᠢᠩᠬᠢᠨᠢ᠎ᠪᠠᠷ ᠫᠠᠢᠰᠠ ᠡᠯᠭᠦᠨ ᠵᠠᠬ᠎ᠠ ᠳᠡᠯᠭᠡᠭᠦᠷ᠎ᠲᠤ ᠭᠠᠷᠪᠠ᠃ ᠡᠨᠡ ᠪᠣᠯ ᠪᠠᠶᠠᠨᠨᠠᠭᠤᠷ ᠬᠤᠳᠠ᠎ᠶ᠋ᠢᠨ ᠠᠵᠤ ᠠᠬᠤᠢ᠍ᠢᠯᠠᠯ᠎ᠤᠨ A ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭ᠍ᠰᠠᠨ ᠠᠩᠬᠠᠳᠠᠭ᠍ᠴᠢ ᠠᠵᠤ ᠠᠬᠤᠢ᠍ᠢᠯᠠᠯ ᠪᠣᠯᠤᠨ᠎ᠠ᠂ ᠮᠦᠨ ᠴᠤ᠌ ᠥᠪᠥᠷ ᠮᠣᠩᠭᠤᠯ᠎ᠤᠨ ᠠᠵᠤ ᠠᠬᠤᠢᠯᠠᠯ 9 ᠵᠢᠯ᠎ᠤᠨ ᠲᠠᠷᠠᠭ᠎ᠠ A ᠰᠲ᠋ᠣᠺ᠎ᠤᠨ ᠵᠠᠬ᠎ᠠ ᠳᠡᠯᠭᠡᠭᠦᠷ᠎ᠲᠤ ᠲᠠᠬᠢᠨᠳᠠ ᠭᠠᠷᠤᠭ᠍ᠰᠠᠨ ᠶᠠᠪᠤᠳᠠᠯ ᠪᠣᠯᠤᠨ᠎ᠠ! ᠡᠨᠡ ᠬᠦ᠌ 《ᠲᠡᠭ᠎ᠤᠨ ᠱᠢᠪᠳᠤᠯᠤᠯᠳᠠ》 ᠶ᠋ᠢᠨ ᠴᠢᠨᠠᠷᠳᠠᠢ ᠠᠮᠵᠢᠯᠳᠡ᠎ᠶ᠋ᠢ ᠬᠢᠯᠪᠠᠷ ᠪᠤᠰᠤ᠎ᠪᠠᠷ ᠤᠯᠤᠬ᠍ᠰᠠᠨ ᠶᠤᠮ᠃ ᠡᠨᠡ᠎ᠨᠢ ᠠᠵᠤ ᠠᠬᠤᠢᠯᠠᠯ ᠬᠦᠴᠦ᠎ᠪᠠᠨ ᠬᠠᠮᠲᠤᠤᠡᠬᠠᠵᠤ ᠣᠲᠣ ᠦᠶ᠎ᠡ᠎ᠶ᠋ᠢᠨ ᠠᠵᠤ ᠠᠬᠤᠢᠯᠠᠯ᠎ᠤᠨ ᠲᠦᠷᠢᠮ᠎ᠢ ᠪᠦᠷᠢᠨᠱᠢᠭᠦᠯᠵᠦ᠍᠂ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠲᠦᠷᠭᠡᠤᠡᠬᠡᠭ᠌ᠰᠡᠨᠤ ᠦᠷ᠎ᠡ ᠳ᠋ᠦᠩ ᠪᠤᠯᠬᠤ ᠪᠦᠬᠡᠳ ᠮᠥᠨ ᠴᠤ᠌ ᠪᠠᠶᠠᠨᠨᠠᠭᠤᠷ ᠬᠤᠳᠠ᠎ᠶ᠋ᠢᠨ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢᠶᠠᠨ ᠱᠢᠯᠢᠳᠡᠭ᠌ᠵᠢᠬᠦᠯᠵᠥ᠍᠂ ᠬᠦᠷᠦᠩᠬᠡ᠎ᠶ᠋ᠢᠨ ᠵᠠᠬ᠎ᠠ ᠲᠡᠯᠬᠡᠬᠦᠷ᠎ᠤᠨ ᠪᠠᠢᠭᠤᠯᠤᠯᠳᠠ᠎ᠶ᠋ᠢ ᠠᠬᠢᠭᠤᠯᠤᠭ᠍ᠰᠠᠨ ᠲᠤᠷᠪᠢᠯᠢᠭ ᠠᠯᠬᠤᠮ ᠪᠤᠯᠤᠨ᠎ᠠ᠃
ᠴᠠᠭ ᠮᠥᠴᠡ ᠪᠣᠯ ᠬᠠᠮᠤᠭ᠎ᠤᠨ ᠠᠭᠤᠤ ᠶᠡᠭᠡ ᠲᠡᠮᠳᠡᠭ᠌ᠯᠡᠭ᠌ᠴᠢ ᠪᠠᠢᠵᠤ᠂ ᠤᠷᠤᠭ᠍ᠰᠢᠯᠠᠯᠳᠠ᠎ᠶ᠋ᠢᠨ ᠠᠯᠬᠤᠭ᠎ᠠ᠎ᠶ᠋ᠢ ᠦᠨᠡᠨᠴᠢ᠎ᠪᠠᠷ ᠵᠢᠷᠤᠭ᠍ᠯᠠᠵᠤ ᠪᠠᠢᠳᠠᠭ᠃ 2019 ᠣᠨ᠎ᠤ 11 ᠰᠠᠷ᠎ᠠ᠎ᠶ᠋ᠢᠨ 16 ᠤ ᠡᠳᠦᠷ᠂ ᠳ᠋ᠠ ᠵᠥᠩ ᠠᠭᠤᠷᠬᠠᠶ᠎ᠶ᠋ᠢᠨ ᠦᠢᠯᠡᠰ ᠵᠠᠬ᠎ᠠ ᠳᠡᠯᠭᠡᠭᠦᠷ᠎ᠲᠤ ᠭᠠᠷᠬᠤ ᠠᠵᠢᠯ᠎ᠢᠶᠠᠨ ᠡᠬᠢᠯᠡᠭᠦᠯᠪᠡ᠃ 2020 ᠣᠨ᠎ᠤ 6 ᠰᠠᠷ᠎ᠠ᠎ᠶ᠋ᠢᠨ 19 ᠤ ᠡᠳᠦᠷ᠂ ᠳᠤᠮᠳᠠᠳᠤ ᠤᠯᠤᠰ᠎ᠤᠨ ᠦᠨᠡᠲᠦ ᠲᠡᠮᠳᠡᠭ᠌ᠲᠦ᠎ᠶ᠋ᠢᠨ ᠬᠢᠨᠠᠨ ᠬᠠᠮᠢᠶᠠᠷᠤᠯᠲᠠ᠎ᠶ᠋ᠢᠨ ᠵᠥᠪᠯᠡᠯ ᠳ᠋ᠡ ᠵᠥᠩ ᠠᠭᠤᠷᠬᠠᠶ᠎ᠶ᠋ᠢᠨ ᠦᠢᠯᠡᠰ᠎ᠤᠨ IPO ᠭᠤᠶᠤᠴᠢᠯᠠᠯ᠎ᠤᠨ ᠮᠠᠲ᠋ᠧᠷᠢᠶᠠᠯ᠎ᠢ ᠵᠢᠩᠬᠢᠨᠢ᠎ᠪᠠᠷ ᠭᠥᠯᠢᠶᠡᠨ ᠠᠪᠴᠤ᠌ ᠱᠢᠢᠳᠪᠦᠷᠢᠯᠡᠪᠡ᠃ 2021 ᠣᠨ᠎ᠤ 3 ᠰᠠᠷ᠎ᠠ᠎ᠶ᠋ᠢᠨ 11 ᠤ ᠡᠳᠦᠷ᠂ ᠳᠤᠮᠳᠠᠳᠤ ᠤᠯᠤᠰ᠎ᠤᠨ ᠦᠨᠡᠲᠦ ᠲᠡᠮᠳᠡᠭ᠌ᠲᠦ᠎ᠶ᠋ᠢᠨ ᠬᠢᠨᠠᠨ ᠬᠠᠮᠢᠶᠠᠷᠤᠯᠲᠠ᠎ᠶ᠋ᠢᠨ ᠵᠥᠪᠯᠡᠯ᠎ᠤᠨ ᠬᠢᠨᠠᠨ ᠬᠠᠷᠭᠤᠭᠤᠯᠬᠤ ᠬᠤᠷᠠᠯ᠎ᠤᠨ ᠬᠢᠨᠠᠨ ᠱᠢᠯᠭᠠᠯᠲᠠ᠎ᠶ᠋ᠢ ᠠᠮᠵᠢᠯᠲᠠ᠎ᠲᠠᠢ ᠦᠩᠭᠡᠷᠡᠪᠡ ᠁ ᠱᠧᠨᠵᠧᠨ᠎ᠤ ᠦᠨᠡᠲᠦ ᠲᠡᠮᠳᠡᠭ᠌ᠲᠦ ᠠᠷᠠᠯᠵᠢᠶᠠᠯᠠᠬᠤ ᠭᠠᠵᠠᠷ᠎ᠤᠨ A ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠬᠤ ᠶᠠᠪᠤᠳᠠᠯ ᠨᠢᠭᠡ ᠵᠢᠯ᠎ᠤᠨ ᠲᠤᠳᠤᠷ᠎ᠠ ᠠᠯᠬᠤᠮ ᠠᠯᠬᠤᠮ᠎ᠢᠶᠠᠷ ᠪᠡᠶᠡᠯᠡᠭ᠌ᠳᠡᠵᠦ᠍᠂ ᠳ᠋ᠠ ᠵᠦᠩ ᠠᠭᠤᠷᠬᠠᠢ᠎ᠶ᠋ᠢᠨ ᠦᠢᠯᠡᠰ 《ᠱᠧᠨᠵᠧᠨ᠎ᠤ ᠬᠤᠷᠳᠤᠴᠠ》 ᠶ᠋ᠢ ᠪᠡᠶᠡᠯᠡᠭᠦᠯᠦᠯ᠎ᠡ᠃
ᠥᠪᠥᠷ ᠮᠣᠩᠭᠤᠯ᠎ᠤᠨ ᠳ᠋ᠠ ᠵᠦᠩ ᠠᠭᠤᠷᠬᠠᠢ᠎ᠶ᠋ᠢᠨ ᠦᠢᠯᠡᠰ᠎ᠤᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠤᠨ ᠳᠠᠷᠤᠭ᠎ᠠ ᠨᠢᠦ ᠭᠦᠸᠧ ᠹᠧᠩ᠄ 《ᠳ᠋ᠠ ᠵᠦᠩ ᠠᠭᠤᠷᠬᠠᠢ᠎ᠶ᠋ᠢᠨ ᠦᠢᠯᠡᠰ᠎ᠤᠨ ᠵᠠᠬ᠎ᠠ ᠳᠡᠯᠭᠡᠭᠦᠷ᠎ᠲᠤ ᠭᠠᠷᠤᠭ᠍ᠰᠠᠨ ᠶᠠᠪᠤᠴᠠ ᠲᠦᠢᠯ᠎ᠤᠨ ᠬᠠᠲᠠᠭᠤᠵᠢᠯᠲᠠᠢ ᠴᠤ᠌ ᠦᠷ᠎ᠡ ᠳ᠋ᠦᠩ᠎ᠨᠢ ᠮᠠᠰᠢ ᠪᠠᠶᠠᠷᠯᠠᠭᠤᠱᠢᠲᠠᠢ᠃ ᠪᠠᠶᠠᠨᠨᠠᠭᠤᠷ ᠬᠤᠲᠠ᠎ᠶ᠋ᠢᠨ ᠨᠠᠮ ᠵᠠᠰᠠᠭ᠎ᠤᠨ ᠤᠳᠤᠷᠢᠳᠤᠯᠭ᠎ᠠ ᠣᠯᠠᠨ ᠤᠳᠠᠭ᠎ᠠ ᠲᠤᠰᠭᠠᠶ ᠰᠡᠳᠦᠪᠲᠦ ᠬᠤᠷᠠᠯ ᠬᠤᠷᠠᠯᠳᠤᠭᠤᠯᠵᠤ᠂ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠲᠤᠯᠭᠠᠷᠠᠵᠤ ᠪᠠᠢᠭ᠎ᠠ ᠬᠦᠴᠢᠷ ᠰᠠᠭᠠᠳ᠎ᠢ ᠬᠠᠪᠰᠤᠷᠤᠨ ᠱᠢᠢᠳᠪᠦᠷᠢᠯᠡᠵᠦ᠍ ᠦᠭ᠌ᠪᠡ᠃ ᠲᠡᠳᠡ ᠨᠡᠷ᠎ᠤᠨ ᠳᠡᠮᠵᠢᠯᠭᠡ ᠦᠭᠡᠢ ᠪᠣᠯ ᠪᠢᠳᠡ ᠥᠨᠥᠳᠦᠷ᠎ᠤᠨ ᠬᠡᠮᠵᠢᠶᠡᠨ᠎ᠳᠤ ᠬᠦᠷᠴᠦ᠍ ᠴᠢᠳᠠᠬᠤ ᠦᠭᠡᠢ ᠶᠤᠮ᠃ ᠳ᠋ᠠ ᠵᠥᠩ ᠠᠭᠤᠷᠬᠠᠶ᠎ᠶ᠋ᠢᠨ ᠦᠢᠯᠡᠰ᠎ᠤᠨ᠎ᠬᠢᠨ ᠲᠣᠰ ᠤᠳᠠᠭ᠎ᠠ᠎ᠶ᠋ᠢᠨ ᠵᠠᠬ᠎ᠠ ᠳᠡᠯᠭᠡᠭᠦᠷ᠎ᠲᠤ ᠭᠠᠷᠤᠭ᠍ᠰᠠᠨ ᠠᠵᠠ ᠲᠣᠬᠢᠶᠠᠯ᠎ᠢ ᠠᠱᠢᠭ᠍ᠯᠠᠨ᠂ ᠱᠢᠯᠢᠳᠡᠭ ᠠᠮᠵᠢᠯᠲᠠ ᠪᠦᠲᠦᠮᠵᠢ᠎ᠪᠠᠷ᠎ᠢᠶᠠᠨ ᠪᠠᠯᠠ ᠣᠷᠣᠭᠤᠯᠤᠭ᠍ᠴᠢ᠎ᠶ᠋ᠢᠨ ᠠᠴᠢ᠎ᠶ᠋ᠢ ᠬᠠᠷᠢᠭᠤᠯᠠᠵᠤ᠂ ᠨᠡᠢᠭᠡᠮ ᠨᠡᠢᠲᠡ᠎ᠳᠤ ᠮᠡᠳᠡᠷᠡᠭ᠌ᠳᠡᠭ᠌ᠰᠡᠨ ᠨᠡᠷᠡᠳᠦ ᠠᠭᠤᠷᠬᠠᠶ᠎ᠶ᠋ᠢᠨ ᠦᠢᠯᠡᠰ᠎ᠤᠨ ᠺᠣᠮᠫᠠᠨᠢ ᠪᠣᠯᠬᠤ᠎ᠪᠠᠷ ᠴᠢᠷᠮᠠᠢᠨ᠎ᠠ》 ᠭᠡᠵᠦ᠍ ᠰᠡᠳᠭᠢᠯ ᠳᠣᠭ᠍ᠳᠣᠯᠤᠨ ᠬᠡᠯᠡᠨ᠎ᠡ᠃
ᠣᠢᠷ᠎ᠠ᠎ᠶ᠋ᠢᠨ ᠵᠢᠯ᠎ᠤᠨ ᠲᠤᠷᠰᠢ᠂ ᠪᠠᠶᠠᠨᠨᠠᠭᠤᠷ ᠬᠤᠲᠠ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ᠎ᠶ᠋ᠢ ᠠᠬᠢᠭᠤᠯᠬᠤ᠎ᠶ᠋ᠢ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠲᠤᠭᠤᠱᠢᠯᠠᠭᠤᠯᠬᠤ᠂ ᠪᠣᠬᠢᠷᠲᠤᠯ ᠥᠬᠡᠶ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠠᠵᠤ ᠠᠬᠤᠢᠯᠠᠯ ᠪᠠ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌᠎ᠶ᠋ᠢ ᠭᠠᠵᠠᠷ ᠤᠷᠤᠨ᠎ᠤ ᠠᠵᠤ ᠠᠬᠤᠢ᠎ᠶ᠋ᠢᠨ ᠠᠮᠢᠵᠢᠷᠠᠯ᠎ᠤᠨ ᠬᠦᠴᠦᠨ᠎ᠢ ᠬᠦᠭ᠌ᠵᠢᠬᠡᠬᠦ᠌ ᠪᠠᠢᠯᠳᠤᠬᠤ ᠪᠣᠳᠣᠯᠭ᠎ᠠ᠎ᠶ᠋ᠢᠨ ᠠᠵᠢᠯᠯᠠᠭ᠎ᠠ ᠪᠣᠯᠭᠠᠵᠤ᠂ ᠵᠠᠰᠠᠭ᠎ᠤᠨ ᠣᠷᠳᠣᠨ᠎ᠤ ᠠᠵᠤ ᠠᠬᠤᠢᠯᠠᠯ᠎ᠤᠨ ᠪᠠᠯᠠ ᠣᠷᠣᠭᠤᠯᠵᠤ ᠪᠠᠯᠠ ᠳᠣᠭᠢᠷᠠᠭᠤᠯᠬᠤ᠎ᠶ᠋ᠢ ᠵᠢᠯᠣᠭᠤᠳᠤᠨ ᠲᠡᠳᠬᠦᠬᠦ᠌ ᠦᠢᠯᠡᠳᠦᠯ᠎ᠢ ᠴᠢᠩᠭᠠᠳᠭᠠᠵᠤ᠂ ᠮᠥᠩᠭᠦᠨ ᠭᠦᠶᠯᠭᠡᠭᠡᠨ᠎ᠤ ᠪᠠᠢᠭᠤᠯᠤᠮᠵᠢ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠂ ᠭᠤᠤᠯᠳᠠᠯᠭ᠎ᠠ᠎ᠲᠠᠢ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠲᠤ ᠭᠠᠷᠴᠤ᠌ ᠫᠠᠢᠰᠠ ᠡᠯᠭᠦᠬᠦ᠌ ᠠᠵᠢᠯ᠎ᠢ ᠲᠦᠷᠭᠡᠳᠭᠡᠨ ᠠᠬᠢᠭᠤᠯᠵᠠᠢ᠃
2019 ᠣᠨ᠎ᠳᠤ᠂ ᠪᠠᠶᠠᠨᠨᠠᠭᠤᠷ ᠬᠤᠲᠠ ᠠᠵᠤ ᠠᠬᠤᠢᠯᠠᠯ᠎ᠢ ᠰᠣᠩᠭᠤᠨ ᠪᠤᠢᠵᠢᠭᠤᠯᠬᠤ ᠠᠵᠢᠯ᠎ᠢ ᠭᠠᠷᠳᠠᠵᠤ᠂ ᠦᠶᠯᠡᠳᠬᠦᠨ᠎ᠤ ᠥᠷᠢᠰᠦᠯᠳᠦᠬᠦ᠌ ᠬᠦᠴᠦᠨ ᠴᠢᠩᠭ᠎ᠠ᠂ ᠬᠥᠭ᠌ᠵᠢᠯᠲᠡ᠎ᠶ᠋ᠢᠨ ᠳᠠᠯᠳᠠ ᠬᠦᠴᠦᠨ᠎ᠢᠶᠠᠷ ᠰᠠᠢᠨ 20 ᠠᠵᠤ ᠠᠬᠤᠢᠯᠠᠯ᠎ᠢ ᠰᠣᠩᠭᠤᠨ ᠵᠠᠬ᠎ᠠ ᠳᠡᠯᠭᠡᠭᠦᠷ᠎ᠲᠤ ᠭᠠᠷᠴᠤ᠌ ᠫᠠᠢᠰᠠ ᠡᠯᠭᠦᠭᠦ᠌ ᠠᠵᠤ ᠠᠬᠤᠢᠯᠠᠯ᠎ᠤᠨ ᠪᠡᠯᠡᠳᠭᠡᠯ ᠬᠥᠮᠥᠷᠭᠡ᠎ᠳᠤ ᠣᠷᠣᠭᠤᠯᠵᠤ᠂ ᠪᠣᠳᠠᠲᠠᠶ ᠬᠠᠮᠢᠶᠠᠷᠤᠯᠲᠠ᠎ᠶ᠋ᠢᠨ ᠠᠷᠭ᠎ᠠ᠎ᠶ᠋ᠢ ᠲᠣᠭ᠍ᠲᠠᠭᠠᠨ᠂ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ ᠠᠵᠢᠯ᠎ᠢ ᠭᠤᠤᠯᠳᠠᠯᠭ᠎ᠠ᠎ᠲᠠᠢ ᠠᠬᠢᠭᠤᠯᠪᠠ᠃ ᠣᠳᠣᠬᠠᠨ᠎ᠳᠤ ᠨᠢᠭᠡᠨᠲᠡ 8 ᠠᠵᠤ ᠠᠬᠤᠢᠯᠠᠯ ᠵᠠᠬ᠎ᠠ ᠳᠡᠯᠭᠡᠭᠦᠷ᠎ᠲᠤ ᠭᠠᠷᠬᠤ ᠠᠬᠢᠴᠠ᠎ᠪᠠᠨ ᠡᠬᠢᠯᠡᠭᠦᠯᠵᠦ᠍᠂ ᠨᠢᠭᠡ ᠪᠦᠯᠦᠭ᠎ᠢ ᠪᠤᠢᠵᠢᠭᠤᠯᠬᠤ᠂ ᠨᠢᠭᠡ ᠪᠦᠯᠦᠭ᠎ᠢ ᠥᠭᠡᠷᠡᠴᠢᠯᠡᠬᠦ᠂ ᠨᠢᠭᠡ ᠪᠦᠯᠦᠭ᠎ᠢ ᠭᠤᠶᠤᠴᠢᠯᠠᠨ ᠮᠡᠳᠡᠭᠦᠯᠬᠦ᠂ ᠨᠢᠭᠡ ᠪᠦᠯᠦᠭ᠎ᠢ ᠵᠠᠬ᠎ᠠ ᠳᠡᠯᠭᠡᠭᠦᠷ᠎ᠲᠤ ᠭᠠᠷᠭᠠᠬᠤ ᠪᠠᠢᠷᠢᠱᠢᠯ᠎ᠢ ᠪᠦᠷᠢᠯᠳᠦᠭᠦᠯᠪᠡ᠃ ᠪᠠᠶᠠᠨᠨᠠᠭᠤᠷ ᠬᠤᠲᠠ ᠠᠵᠤ ᠠᠬᠤᠢᠯᠠᠯ᠎ᠤᠨ ᠰᠲ᠋ᠣᠺ᠎ᠢᠶᠠᠨ ᠵᠠᠬ᠎ᠠ ᠳᠡᠯᠭᠡᠭᠦᠷ᠎ᠲᠤ ᠭᠠᠷᠭᠠᠬᠤ᠎ᠶ᠋ᠢ 《ᠨᠢᠭᠡᠳᠦᠭᠡᠷ ᠬᠠᠷᠢᠭᠤᠴᠠᠯᠭᠠᠳᠠᠨ》 ᠤ ᠢᠨᠵᠧᠨᠧᠷᠢᠩ ᠪᠣᠯᠭᠠᠵᠤ᠂ ᠠᠵᠤ ᠠᠬᠤᠢᠯᠠᠯ᠎ᠤᠨ ᠰᠲ᠋ᠣᠺ᠎ᠢᠶᠠᠨ ᠵᠠᠬ᠎ᠠ ᠳᠡᠯᠭᠡᠭᠦᠷ᠎ᠲᠤ ᠭᠠᠷᠭᠠᠬᠤ ᠠᠵᠢᠯ᠎ᠤᠨ ᠤᠳᠤᠷᠢᠳᠭᠤ ᠳᠤᠭᠤᠢᠯᠠᠩ ᠪᠠᠢᠭᠤᠯᠵᠤ᠂ 13 ᠰᠠᠯᠠᠭ᠎ᠠ ᠮᠥᠴᠢᠷ ᠨᠢᠭ᠍ᠲᠠ ᠬᠤᠯᠪᠣᠭᠠᠯᠠᠨ ᠬᠥᠳᠡᠯᠦᠯᠴᠡᠬᠦ᠌ ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ ᠨᠢᠭᠡ ᠠᠵᠤ ᠠᠬᠤᠢᠯᠠᠯ᠎ᠳᠤ ᠨᠢᠭᠡ ᠲᠥᠷᠥ᠎ᠶ᠋ᠢᠨ ᠪᠣᠳᠣᠯᠭ᠎ᠠ ᠲᠤᠭ᠍ᠳᠠᠭᠠᠨ ᠰᠲ᠋ᠣᠺ᠎ᠢᠶᠠᠨ ᠵᠠᠬ᠎ᠠ ᠳᠡᠯᠭᠡᠭᠦᠷ᠎ᠲᠤ ᠭᠠᠷᠭᠠᠬᠤ᠎ᠪᠠᠷ ᠪᠠᠢᠭ᠎ᠠ ᠠᠵᠤ ᠠᠬᠤᠢᠯᠠᠯ᠎ᠤᠨ ᠪᠣᠳᠠᠲᠠᠶ ᠬᠦᠴᠢᠷᠳᠡᠯ ᠪᠠ ᠠᠰᠠᠭᠤᠳᠠᠯ᠎ᠳᠤ ᠨᠠᠷᠢᠨ ᠲᠠᠩᠰᠠ ᠭᠠᠷᠭᠠᠵᠤ᠂ ᠠᠵᠤ ᠠᠬᠤᠢᠯᠠᠯ᠎ᠢ ᠬᠠᠪᠰᠤᠷᠤᠨ ᠡᠯ᠎ᠡ ᠭᠤᠭ᠍ᠴᠤᠭ᠎ᠠ᠎ᠳᠤ ᠲᠤᠯᠭᠠᠷᠠᠭ᠍ᠰᠠᠨ ᠬᠦᠴᠢᠷ ᠠᠰᠠᠭᠤᠳᠠᠯ᠎ᠢ ᠱᠢᠯᠤᠭᠤᠳᠭᠠᠪᠠ᠃
ᠬᠤᠲᠠ᠎ᠶ᠋ᠢᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠭᠤᠤᠯ ᠤᠳᠤᠷᠢᠳᠤᠯᠭ᠎ᠠ ᠣᠯᠠᠨ ᠤᠳᠠᠭ᠎ᠠ ᠠᠵᠤ ᠠᠬᠤᠢᠯᠠᠯ᠎ᠳᠤ ᠭᠦᠨᠵᠡᠭᠡᠢᠷᠡᠨ ᠲᠤᠬᠠᠶ᠎ᠶ᠋ᠢᠨ ᠲᠠᠯᠠᠪᠠᠶ᠎ᠳᠤ ᠱᠠᠯᠠᠪᠳᠠᠭᠤᠯᠤᠨ ᠭᠦᠶᠴᠡᠳᠭᠡᠵᠦ᠍᠂ ᠠᠵᠤ ᠠᠬᠤᠢᠯᠠᠯ᠎ᠤᠨ ᠬᠠᠷᠢᠭᠤᠴᠠᠯᠭᠠᠲᠠᠨ ᠪᠣᠯᠤᠨ ᠬᠠᠮᠢᠶ᠎ᠠ ᠪᠥᠬᠦᠶ ᠲᠤᠰᠭᠠᠶ ᠮᠡᠷᠭᠡᠵᠢᠯᠲᠡᠨ᠎ᠲᠠᠢ ᠰᠠᠨᠠᠯ ᠰᠣᠯᠢᠯᠴᠠᠵᠤ᠂ ᠵᠠᠬ᠎ᠠ ᠳᠡᠯᠭᠡᠭᠦᠷ᠎ᠲᠤ ᠭᠠᠷᠬᠤ ᠶᠠᠪᠤᠴᠠ᠎ᠳᠤ ᠲᠤᠯᠭᠠᠷᠠᠭ᠍ᠰᠠᠨ ᠡᠯ᠎ᠡ ᠲᠥᠷᠥᠯ᠎ᠤᠨ ᠠᠰᠠᠭᠤᠳᠠᠯ᠎ᠢ ᠱᠢᠢᠳᠪᠦᠷᠢᠯᠡᠵᠦ᠍᠂ 《ᠪᠠᠶᠠᠨᠨᠠᠭᠤᠷ ᠬᠤᠲᠠ᠎ᠶ᠋ᠢᠨ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠲᠤ ᠭᠠᠷᠴᠤ᠌ ᠫᠠᠢᠰᠠ ᠡᠯᠭᠦᠬᠦ᠌᠎ᠶ᠋ᠢ ᠠᠬᠢᠭᠤᠯᠬᠤ ᠭᠤᠷᠪᠠᠨ ᠵᠢᠯ᠎ᠤᠨ ᠬᠡᠷᠡᠭ᠌ᠵᠢᠭᠦᠯᠬᠦ᠌ ᠲᠥᠯᠥᠪᠯᠡᠭᠡ (2018 ~ 2020 ᠤᠨ)》 ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠤᠳ᠎ᠢ ᠨᠡᠢᠲᠡᠯᠡᠵᠦ᠍᠂ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ᠎ᠳᠤ ᠡᠯ᠎ᠡ ᠵᠦᠢᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠬᠠᠩᠭᠠᠪᠠ᠃ ᠡᠬᠦᠨ᠎ᠤ ᠲᠠᠭᠠᠤ ᠵᠠᠬ᠎ᠠ ᠳᠡᠯᠭᠡᠭᠦᠷ᠎ᠲᠤ ᠭᠠᠷᠬᠤ᠎ᠪᠠᠷ ᠪᠠᠢᠭ᠎ᠠ 3 ᠠᠵᠤ ᠠᠬᠤᠢᠯᠠᠯ᠎ᠳᠤ ᠪᠡᠯᠡ ᠲᠣᠬᠢᠷᠠᠭᠤᠯᠭ᠎ᠠ᠎ᠶ᠋ᠢᠨ ᠱᠠᠩᠨᠠᠯ ᠨᠥᠬᠦᠪᠥᠷᠢ᠎ᠶ᠋ᠢᠨ ᠪᠡᠯᠡ ᠮᠥᠩᠭᠦ᠎ᠶ᠋ᠢ 240 ᠲᠦᠮᠡᠨ ᠲᠥᠭᠦᠷᠢᠭ ᠲᠠᠷᠬᠠᠭᠠᠪᠠ᠃
ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠤᠨ ᠰᠠᠢᠵᠢᠷᠠᠯᠲᠠ᠎ᠨᠢ ᠮᠠᠰᠢ ᠣᠯᠠᠨ ᠪᠣᠳᠠᠲᠤ ᠬᠦᠴᠦᠨ᠎ᠢᠶᠠᠷ ᠴᠢᠩᠭ᠎ᠠ᠂ ᠬᠥᠭ᠌ᠵᠢᠯᠲᠡ᠎ᠶ᠋ᠢᠨ ᠳᠠᠯᠳᠠ ᠬᠦᠴᠦᠨ ᠪᠦ᠍ᠬᠦᠢ ᠠᠵᠤ ᠠᠬᠤᠢᠯᠠᠯ᠎ᠢ ᠲᠡᠳᠡᠨ ᠠᠪᠴᠢᠷᠠᠵᠤ ᠨᠤᠳᠤᠬ᠍ᠰᠢᠭᠤᠯᠪᠠ᠃ 2019 ᠣᠨ᠎ᠤ 12 ᠰᠠᠷ᠎ᠠ᠎ᠳᠤ᠂ ᠤᠤᠯ᠎ᠤᠨ ᠪᠡᠭᠡᠵᠢᠩ᠎ᠤᠨ ᠲᠢᠶᠠᠨ ᠾᠧᠩ ᠡᠮᠨᠡᠯᠭᠡ᠎ᠶ᠋ᠢᠨ ᠬᠤᠷᠢᠶᠠᠨ᠎ᠤ ᠬᠠᠮᠢᠶᠠᠷᠤᠯᠲᠠ᠎ᠶ᠋ᠢᠨ ᠬᠢᠵᠠᠭᠠᠷᠲᠤ ᠺᠣᠮᠫᠠᠨᠢ ᠳᠠᠩᠰᠠᠯᠠᠭᠤᠯᠤᠭ᠍ᠰᠠᠨ ᠭᠠᠵᠠᠷ᠎ᠢᠶᠠᠨ ᠤᠷᠠᠳ᠎ᠤᠨ ᠡᠮᠦᠨᠡᠲᠦ ᠬᠤᠱᠢᠭᠤᠨ᠎ᠳᠤ ᠱᠢᠯᠵᠢᠭᠦᠯᠦᠭ᠌ᠰᠡᠨ ᠪᠥᠭᠡᠳ ᠥᠪᠥᠷ ᠮᠣᠩᠭᠤᠯ᠎ᠤᠨ ᠲᠢᠶᠠᠨ ᠾᠧᠩ ᠡᠮ ᠦᠶᠯᠡᠳᠬᠦ᠌ ᠬᠢᠵᠠᠭᠠᠷᠲᠤ ᠺᠣᠮᠫᠠᠨᠢ ᠭᠡᠵᠦ᠍ ᠨᠡᠷ᠎ᠡ᠎ᠪᠠᠨ ᠬᠠᠯᠠᠪᠠ᠃
2020 ᠣᠨ᠎ᠤ 5 ᠰᠠᠷ᠎ᠠ᠎ᠳᠤ᠂ ᠤᠤᠯ᠎ᠤᠨ ᠥᠪᠥᠷ ᠮᠣᠩᠭᠤᠯ᠎ᠤᠨ ᠱᠢᠩ ᠯᠢᠶᠠᠨ ᠱᠢᠩ ᠮᠠᠯ ᠠᠵᠤ ᠠᠬᠤᠶ᠎ᠶ᠋ᠢᠨ ᠬᠢᠵᠠᠭᠠᠷᠲᠤ ᠺᠣᠮᠫᠠᠨᠢ ᠳᠠᠩᠰᠠᠯᠠᠭᠤᠯᠤᠭ᠍ᠰᠠᠨ ᠭᠠᠵᠠᠷ᠎ᠢᠶᠠᠨ ᠬᠠᠩᠭᠢᠨ ᠬᠤᠢᠲᠤ ᠬᠤᠱᠢᠭᠤᠨ᠎ᠳᠤ ᠱᠢᠯᠵᠢᠭᠦᠯᠦᠭ᠌ᠰᠡᠨ ᠪᠥᠭᠡᠳ ᠥᠪᠥᠷ ᠮᠣᠩᠭᠤᠯ᠎ᠤᠨ ᠱᠢᠩ ᠯᠢᠶᠠᠨ ᠱᠢᠩ ᠮᠠᠯ ᠠᠵᠤ ᠠᠬᠤᠶ᠎ᠶ᠋ᠢᠨ ᠬᠢᠵᠠᠭᠠᠷᠲᠤ ᠺᠣᠮᠫᠠᠨᠢ ᠭᠡᠵᠦ᠍ ᠨᠡᠷ᠎ᠡ᠎ᠪᠠᠨ ᠬᠠᠯᠠᠪᠠ᠃ ᠪᠠᠶᠠᠨᠨᠠᠭᠤᠷ ᠬᠤᠲᠠ ᠵᠥᠪᠯᠡᠯᠭᠡ ᠥᠭ᠌ᠬᠦ ᠺᠣᠮᠫᠠᠨᠢ᠂ ᠮᠥᠩᠭᠦᠨ ᠭᠦᠶᠯᠭᠡᠭᠡᠨ᠎ᠤ ᠪᠠᠢᠭᠤᠯᠤᠮᠵᠢ ᠵᠡᠷᠭᠡ ᠭᠠᠳᠠᠭᠠᠳᠤ ᠬᠦᠴᠦᠨ᠎ᠢ ᠭᠦᠢᠴᠡᠳ ᠠᠱᠢᠭ᠍ᠯᠠᠨ᠂ ᠥᠨᠳᠥᠷ ᠭᠠᠷᠤᠭ᠎ᠠ᠎ᠠᠴᠠ ᠲᠥᠯᠥᠪᠵᠢᠭᠦᠯᠵᠦ᠍᠂ ᠲᠤᠰᠭᠠᠢᠵᠢᠭ᠍ᠰᠠᠨ ᠪᠦᠯᠬᠦᠮ ᠨᠡᠢᠲᠡ᠎ᠶ᠋ᠢ ᠤᠷᠢᠵᠤ᠂ ᠵᠠᠬ᠎ᠠ ᠳᠡᠯᠭᠡᠭᠦᠷ᠎ᠲᠤ ᠭᠠᠷᠬᠤ᠎ᠪᠠᠷ ᠪᠠᠢᠭ᠎ᠠ ᠠᠵᠤ ᠠᠬᠤᠢᠯᠠᠯ᠎ᠳᠤ ᠨᠠᠷᠢᠯᠢᠭ ᠣᠨᠣᠴᠠᠲᠠᠶ ᠵᠠᠳᠠᠯᠤᠯᠲᠠ ᠬᠢᠬᠦ᠂ ᠵᠥᠪᠯᠡᠯᠭᠡ ᠦᠭ᠌ᠬᠦ᠂ ᠲᠥᠰᠦᠯ ᠲᠥᠰᠦᠪᠯᠡᠬᠦ᠂ ᠲᠥᠷᠥᠯ ᠵᠦᠢᠯ᠎ᠢ ᠬᠡᠷᠡᠭ᠌ᠵᠢᠭᠦᠯᠬᠦ᠌ ᠵᠡᠷᠭᠡ ᠪᠥᠬᠦ᠌ ᠶᠠᠪᠤᠴᠠ᠎ᠶ᠋ᠢᠨ ᠵᠥᠪᠯᠡᠭ᠌ᠴᠢ᠎ᠶ᠋ᠢᠨ ᠦᠢᠯᠡᠴᠢᠯᠡᠭᠡ ᠬᠠᠩᠭᠠᠵᠤ᠂ ᠺᠣᠮᠫᠠᠨᠢ᠎ᠶ᠋ᠢᠨ ᠵᠠᠬ᠎ᠠ ᠳᠡᠯᠭᠡᠭᠦᠷ᠎ᠲᠤ ᠭᠠᠷᠬᠤ ᠶᠠᠪᠤᠴᠠ᠎ᠳᠠᠬᠢ ᠬᠦᠴᠢᠷᠳᠡᠯ᠎ᠢ ᠪᠦᠲᠦᠮᠵᠢᠲᠡᠶ ᠱᠢᠢᠳᠪᠦᠷᠢᠯᠡᠪᠡ᠃ ᠡᠭᠦᠨ᠎ᠤ ᠬᠠᠮᠲᠤ᠌᠂ ᠠᠵᠤ ᠠᠬᠤᠢᠯᠠᠯ᠎ᠤᠨ ᠶᠠᠷᠢᠯᠴᠠᠬᠤ ᠬᠤᠷᠠᠯ ᠬᠢᠬᠦ᠂ ᠲᠤᠰᠭᠠᠶ ᠮᠡᠷᠭᠡᠵᠢᠯᠲᠡᠨ ᠬᠢᠴᠢᠶᠡᠯ ᠣᠷᠣᠬᠤ᠂ ᠠᠷᠠᠯᠵᠢᠶᠠᠨ᠎ᠤ ᠭᠠᠵᠠᠷ᠎ᠤᠨ ᠲᠤᠰᠭᠠᠶ ᠮᠡᠷᠭᠡᠵᠢᠯᠲᠡᠨ᠎ᠠᠴᠠ ᠲᠤᠬᠠᠶ᠎ᠶ᠋ᠢᠨ ᠲᠠᠯᠠᠪᠤᠷ᠎ᠲᠤ ᠲᠠᠢᠯᠤᠮᠵᠢ ᠬᠢᠬᠦ᠂ ᠲᠡᠮᠳᠡᠭ᠌ᠲᠦ᠎ᠶ᠋ᠢᠨ ᠬᠤᠳᠠᠯᠳᠤᠭᠠᠴᠢᠨ᠎ᠢ ᠪᠣᠯᠪᠠᠰᠤᠷᠠᠭᠤᠯᠬᠤ ᠵᠡᠷᠭᠡ ᠬᠡᠯᠪᠡᠷᠢ᠎ᠪᠠᠷ ᠠᠵᠤ ᠠᠬᠤᠢᠯᠠᠯ᠎ᠳᠤ ᠵᠠᠬ᠎ᠠ ᠳᠡᠯᠭᠡᠭᠦᠷ᠎ᠲᠤ ᠭᠠᠷᠬᠤ ᠬᠠᠮᠤᠭ᠎ᠤᠨ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢ ᠲᠠᠢᠯᠪᠤᠷᠢᠯᠠᠨ ᠥᠭ᠌ᠴᠦ᠂ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ ᠠᠵᠢᠯ᠎ᠢ ᠳᠥᠯᠭᠢᠨ ᠠᠬᠢᠭᠤᠯᠬᠤ᠎ᠳᠤ ᠡᠷᠡᠭᠡᠯᠵᠡᠭᠡ᠎ᠶ᠋ᠢ᠎ᠨᠢ ᠳᠡᠢᠯᠵᠦ᠍ ᠥᠭ᠌ᠭᠦᠭ᠌ᠰᠡᠨ ᠪᠠᠢᠨ᠎ᠠ᠃ 《ᠪᠠᠶᠠᠨᠨᠠᠭᠤᠷ᠎ᠲᠤ ᠬᠦᠷᠴᠦ᠍᠂ ᠲᠩᠷᠢ᠎ᠶ᠋ᠢᠨ ᠬᠡᠱᠢᠭ᠌ᠲᠦ ᠪᠣᠷᠣᠲᠣᠬᠤᠢ᠎ᠶ᠋ᠢ ᠬᠠᠮᠲᠤ᠎ᠪᠠᠷ ᠡᠳ᠋ᠯᠡᠬᠦ᠌》 ᠰᠲ᠋ᠣᠺ᠎ᠢᠶᠠᠨ ᠵᠠᠬ᠎ᠠ ᠳᠡᠯᠭᠡᠭᠦᠷ᠎ᠲᠤ ᠭᠠᠷᠭᠠᠭ᠍ᠰᠠᠨ ᠵᠠᠭᠤᠨ ᠺᠣᠮᠫᠠᠨᠢ᠎ᠶ᠋ᠢᠨ ᠲᠦᠷᠦᠭᠦᠴᠦᠳ᠎ᠤᠨ ᠶᠠᠷᠢᠶᠠᠨ᠎ᠤ ᠲᠠᠪᠴᠠᠩ᠂ ᠪᠦᠬᠦ᠌ ᠤᠯᠤᠰ᠎ᠤᠨ ᠳᠤᠮᠳᠠ ᠵᠢᠵᠢᠭ ᠠᠵᠤ ᠠᠬᠤᠢᠯᠠᠯ᠎ᠤᠨ ᠬᠤᠪᠢ ᠣᠷᠣᠭᠤᠯᠤᠯᠲᠠ᠎ᠶ᠋ᠢ ᠱᠢᠯᠵᠢᠭᠦᠯᠦᠨ ᠥᠭ᠌ᠬᠦ ᠱᠢᠰᠲ᠋ᠧᠮ᠎ᠤᠨ ᠣᠨᠣᠯ᠎ᠤᠨ ᠬᠤᠷᠠᠯ ᠵᠡᠷᠭᠡ 6 ᠬᠤᠭᠤᠴᠠᠭᠠᠨ᠎ᠤ ᠲᠣᠮᠣ ᠬᠡᠯᠪᠡᠷᠢ᠎ᠶ᠋ᠢᠨ ᠴᠤᠭ᠍ᠯᠠᠭᠠᠨ᠎ᠢ ᠡᠷᠬᠢᠯᠡᠵᠦ᠍᠂ ᠵᠠᠬ᠎ᠠ ᠳᠡᠯᠭᠡᠭᠦᠷ᠎ᠲᠤ ᠭᠠᠷᠬᠤ᠎ᠪᠠᠷ ᠪᠠᠢᠭ᠎ᠠ ᠠᠵᠤ ᠠᠬᠤᠢᠯᠠᠯ᠎ᠤᠨ ᠰᠲ᠋ᠣᠺ ᠲᠠᠷᠬᠠᠭᠠᠬᠤ᠎ᠶ᠋ᠢ ᠲᠠᠨᠢᠯᠴᠠᠭᠤᠯᠬᠤ ᠬᠤᠷᠠᠯ᠎ᠤᠨ ᠠᠵᠢᠯᠯᠠᠭ᠎ᠠ᠎ᠶ᠋ᠢ ᠥᠷᠨᠢᠭᠦᠯᠤᠨ᠂ ᠪᠦᠬᠦ᠌ ᠬᠤᠲᠠ᠎ᠶ᠋ᠢᠨ ᠤᠳᠤᠷᠢᠳᠭᠤ ᠺᠠᠳ᠋ᠷ᠎ᠤᠨ ᠦᠵᠡᠯ ᠰᠠᠨᠠᠭ᠎ᠠ᠎ᠪᠠᠨ ᠨᠢᠭᠡᠳᠭᠡᠨ᠂ ᠬᠥᠷᠥᠩᠭᠡ᠎ᠶ᠋ᠢᠨ ᠵᠠᠬ᠎ᠠ ᠳᠡᠯᠭᠡᠭᠦᠷ᠎ᠢ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠬᠤ᠂ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ᠎ᠶ᠋ᠢ ᠠᠬᠢᠭᠤᠯᠬᠤ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠭ᠍ᠰᠠᠨ ᠪᠠᠢᠨ᠎ᠠ᠃
ᠬᠠᠪᠤᠷ᠎ᠤᠨ ᠰᠠᠯᠬᠢ ᠢᠯᠪᠢᠬᠦᠶ᠎ᠡ᠂ ᠴᠡᠴᠡᠭ ᠮᠤᠳᠤᠳ ᠨᠤᠭᠤᠭᠠᠷᠠᠨ ᠲᠡᠯᠬᠡᠷᠡᠨ᠎ᠡ᠃ ᠤᠳᠤ ᠪᠠᠶᠠᠨᠨᠠᠭᠤᠷ ᠬᠤᠲᠠ 《ᠲᠩᠷᠢ᠎ᠶ᠋ᠢᠨ ᠬᠡᠱᠢᠭ᠌ᠲᠦ ᠪᠣᠷᠣᠲᠣᠬᠤᠶ》 ᠲᠠᠷᠢᠶᠠᠯᠠᠩ᠎ᠤᠨ ᠪᠦᠲᠦᠭᠡᠭ᠌ᠳᠡᠬᠦᠨ᠎ᠤ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠤ ᠨᠠᠷᠠᠲᠤ ᠲᠡᠮᠳᠡᠭ᠌ᠲᠦ᠎ᠶ᠋ᠢᠨ 《ᠨᠡᠷ᠎ᠡ᠎ᠶ᠋ᠢᠨ ᠬᠠᠭᠤᠳᠠᠰᠤ᠎ᠶ᠋ᠢᠨ ᠦᠢᠯᠡᠳᠦᠯ》 ᠳᠤ ᠰᠠᠭᠤᠷᠢᠯᠠᠵᠤ᠂ ᠪᠣᠷᠣᠲᠣᠬᠤᠶ᠎ᠶ᠋ᠢᠨ ᠪᠥᠬᠦ᠌ ᠣᠷᠣᠨ ᠪᠦᠰᠡ᠎ᠶ᠋ᠢᠨ ᠪᠣᠬᠢᠷᠲᠤᠯ ᠥᠬᠡᠶ ᠣᠷᠭᠠᠨᠢᠭ ᠳᠡᠭᠡᠳᠦ ᠲᠠᠰ᠎ᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ ᠡᠳ᠋ᠱᠢᠭᠦᠯᠦᠯᠲᠡ ᠦᠢᠯᠡᠴᠢᠯᠡᠭᠡ ᠭᠠᠷᠭᠠᠯᠲᠠ᠎ᠶ᠋ᠢᠨ ᠰᠠᠭᠤᠷᠢᠨ᠎ᠢ ᠪᠥᠲᠥᠭᠡᠨ ᠪᠠᠢᠭᠤᠯᠬᠤ᠎ᠶ᠋ᠢᠨ ᠲᠣᠭᠤᠷᠢᠨ᠎ᠳᠤ᠂ ᠱᠢᠩ ᠯᠢᠶᠠᠨ ᠱᠢᠩ ᠮᠠᠯ ᠠᠵᠤ ᠠᠬᠤᠢ᠂ ᠾᠧᠩ ᠹᠧᠩ ᠪᠦᠯᠦᠭ᠌ᠯᠡᠯ᠂ ᠲᠢᠶᠠᠨ ᠾᠧᠩ ᠡᠮ ᠦᠶᠯᠡᠳᠬᠦ᠌ ᠬᠢᠵᠠᠭᠠᠷᠲᠤ ᠺᠤᠮᠫᠠᠨᠢ᠂ ᠰᠠᠨ ᠷᠦᠢ ᠲᠠᠷᠢᠶᠠᠯᠠᠩ᠎ᠤᠨ ᠱᠢᠨᠵᠢᠯᠡᠭᠡ ᠮᠡᠷᠭᠡᠵᠢᠯ᠎ᠤᠨ ᠺᠤᠮᠫᠠᠨᠢ᠂ ᠰᠠᠨ ᠫᠠᠩ ᠳ᠋ᠠᠨ᠂ ᠷᠦᠨ ᠬᠠᠶ ᠶᠤᠸᠠᠨ᠂ ᠠᠯᠲᠠᠨ ᠲᠠᠯ᠎ᠠ ᠨᠤᠲᠤᠭ᠂ ᠲᠢᠶᠠᠨ ᠢᠦᠶ ᠶᠤᠸᠠᠨ ᠵᠡᠷᠭᠡ ᠵᠠᠬ᠎ᠠ ᠳᠡᠯᠭᠡᠭᠦᠷ᠎ᠲᠤ ᠭᠠᠷᠬᠤ᠎ᠪᠠᠷ ᠪᠠᠢᠭ᠎ᠠ ᠠᠵᠤ ᠠᠬᠤᠢ᠍ᠯᠠᠯ᠎ᠢ ᠨᠦᠭᠡᠴᠡᠯᠡᠵᠦ᠍᠂ ᠨᠡᠷᠡᠨ ᠬᠤᠸᠠᠷ᠎ᠤᠨ ᠦᠷ᠎ᠡ᠎ᠶ᠋ᠢᠨ ᠬᠤᠭᠤᠴᠠᠭᠠᠲᠤ ᠪᠠᠷᠠᠭ᠎ᠠ᠎ᠶ᠋ᠢᠨ ᠲᠥᠷᠥᠯ ᠵᠦᠢᠯ᠎ᠢ ᠵᠧᠩᠵᠸᠦ᠎ᠶ᠋ᠢᠨ ᠲᠠᠸᠠᠷ᠎ᠤᠨ ᠠᠷᠠᠯᠵᠢᠶᠠᠨ᠎ᠤ ᠭᠠᠵᠠᠷ᠎ᠲᠤ ᠫᠠᠢᠰᠠ ᠡᠯᠭᠦᠨ ᠵᠠᠬ᠎ᠠ ᠳᠡᠯᠭᠡᠭᠦᠷ᠎ᠲᠤ ᠭᠠᠷᠭᠠᠬᠤ᠎ᠶ᠋ᠢ ᠶᠡᠭᠡ᠎ᠪᠠᠷ ᠠᠬᠢᠭᠤᠯᠵᠤ᠂ ᠮᠢᠬᠠᠨ ᠬᠤᠨᠢ᠎ᠶ᠋ᠢ ᠬᠤᠭᠤᠴᠠᠭᠠᠲᠤ ᠪᠠᠷᠠᠭ᠎ᠠ᠎ᠶ᠋ᠢᠨ ᠲᠥᠷᠥᠯ ᠵᠦᠢᠯ ᠪᠣᠯᠭᠠᠨ ᠵᠠᠬ᠎ᠠ ᠳᠡᠯᠭᠡᠭᠦᠷ᠎ᠲᠤ ᠭᠠᠷᠭᠠᠬᠤ ᠨᠡᠷᠡᠰ᠎ᠲᠤ ᠣᠷᠣᠭᠤᠯᠬᠤ᠎ᠪᠠᠷ ᠢᠳᠡᠪᠬᠢᠯᠡᠨ ᠴᠢᠷᠮᠠᠢᠵᠤ᠂ ᠡᠳᠡᠭᠡᠷ ᠠᠵᠤ ᠠᠬᠤᠢᠯᠠᠯ ᠪᠠ ᠬᠤᠭᠤᠴᠠᠭᠠᠲᠤ ᠪᠠᠷᠠᠭ᠎ᠠ᠎ᠶ᠋ᠢᠨ ᠲᠥᠷᠥᠯ ᠵᠦᠢᠯ᠎ᠤᠨ ᠵᠠᠬ᠎ᠠ ᠳᠡᠯᠭᠡᠭᠦᠷ᠎ᠲᠤ ᠭᠠᠷᠭᠠᠬᠤ᠎ᠪᠠᠷ ᠲᠠᠮᠵᠢᠭᠤᠯᠤᠨ᠂ ᠣᠲᠣ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠪᠠᠷ ᠴᠢᠷᠮᠠᠢᠵᠤ ᠪᠠᠢᠨ᠎ᠠ᠃