ᠡᠨᠡ ᠵᠢᠯ᠎ᠠᠴᠠ ᠨᠠᠭᠠᠰᠢ᠂ ᠮᠠᠨ᠎ᠤ ᠤᠷᠤᠨ᠎ᠤ ᠲᠠᠷᠢᠶᠠᠯᠠᠩ ᠮᠠᠯ ᠠᠵᠤ ᠠᠬᠤᠢ᠎ᠶ᠋ᠢᠨ ᠱᠢᠰᠲ᠋ᠧᠮ᠎ᠤᠨ᠎ᠬᠢᠨ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠢᠳᠡᠪᠬᠢᠲᠡᠶ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌᠂ ᠡᠷᠲᠡ᠎ᠠᠴᠠ ᠬᠥᠳᠡᠯᠦᠯᠴᠡᠨ᠂ ᠡᠷᠲᠡ᠎ᠠᠴᠠ ᠪᠠᠢᠷᠢᠯᠠᠭᠤᠯᠤᠭ᠍ᠰᠠᠨ᠎ᠢᠶᠠᠷ ᠨᠢᠭᠡᠳᠦᠭᠡᠷ ᠤᠯᠠᠷᠢᠯ᠎ᠤᠨ ᠮᠠᠨ᠎ᠤ ᠣᠷᠣᠨ᠎ᠤ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠠᠵᠤ ᠠᠬᠤᠶ᠎ᠶ᠋ᠢᠨ ᠡᠷᠭᠢᠯᠲᠡ ᠶᠡᠷᠦᠩᠬᠡᠶ᠎ᠳᠡᠭᠡᠨ ᠲᠣᠭ᠍ᠲᠠᠭᠤᠨ ᠪᠠᠢᠵᠤ᠂ ᠪᠥᠬᠦ᠌ ᠵᠢᠯ᠎ᠤᠨ ᠮᠠᠯ ᠠᠵᠤ ᠠᠬᠤᠶ ᠲᠠᠷᠢᠶᠠᠯᠠᠩ᠎ᠤᠨ ᠦᠶᠯᠡᠳᠪᠦᠷᠢᠯᠡᠯ᠎ᠳᠤ ᠰᠠᠢᠨ ᠰᠠᠭᠤᠷᠢ᠎ᠶ᠋ᠢ ᠲᠠᠯᠪᠢᠵᠤ ᠥᠭ᠌ᠴᠡᠶ᠃
ᠲᠠᠷᠢᠶᠠᠯᠠᠩ᠎ᠤᠨ ᠪᠠᠢᠳᠠᠯ᠎ᠤᠨ ᠲᠣᠬᠢᠷᠠᠭᠤᠯᠤᠯᠲᠠ᠎ᠶ᠋ᠢ ᠦᠨᠳᠦᠰᠦᠯᠡᠪᠡᠯ᠂ ᠡᠨᠡ ᠵᠢᠯ ᠪᠥᠬᠦ᠌ ᠣᠷᠣᠨ᠎ᠤ ᠲᠠᠷᠢᠮᠠᠯ ᠳᠠᠷᠢᠬᠤ ᠶᠡᠷᠦᠩᠬᠡᠶ ᠲᠠᠯᠠᠪᠠᠶ ᠵᠢᠱ᠌ᠢᠯᠲᠡ᠎ᠪᠠᠷ 1.36 ᠳ᠋ᠦᠩᠱᠢᠭᠤᠷ ᠮᠥ᠍ ᠪᠠᠢᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 90 ᠲᠦᠮᠡᠨ ᠮᠥ᠍ ᠨᠡᠮᠡᠭ᠌ᠳᠡᠨ᠂ ᠠᠮᠤ ᠪᠤᠳᠠᠭ᠎ᠠ ᠳᠠᠷᠢᠬᠤ ᠲᠠᠯᠠᠪᠠᠶ 1.09 ᠳ᠋ᠦᠩᠱᠢᠭᠤᠷ ᠮᠥ᠍ ᠪᠠᠢᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 123 ᠲᠦᠮᠡᠨ ᠮᠥ᠍ ᠨᠡᠮᠡᠭ᠌ᠳᠡᠪᠡ᠃ ᠣᠳᠣᠬᠠᠨ ᠪᠣᠯᠲᠠᠯ᠎ᠠ᠂ ᠮᠠᠨ᠎ᠤ ᠣᠷᠣᠨ 476.6 ᠲᠦᠮᠡᠨ ᠮᠥ᠍ ᠠᠮᠤ ᠪᠤᠳᠠᠭᠠᠨ᠎ᠤ ᠲᠠᠷᠢᠮᠠᠯ ᠳᠠᠷᠢᠵᠤ᠂ ᠡᠭᠦᠨ᠎ᠳᠤ 226.8 ᠲᠦᠮᠡᠨ ᠮᠥ᠍ ᠪᠣᠭᠤᠳᠠᠶ᠂ 452.5 ᠲᠦᠮᠡᠨ ᠮᠥ᠍ ᠡᠷᠳᠡᠨᠢ ᠱᠢᠰᠢ᠂ 22.5 ᠲᠦᠮᠡᠨ ᠮᠥ᠍ ᠲᠥᠮᠥᠰᠥ᠍ ᠳᠠᠷᠢᠪᠠ᠃
ᠠᠮᠤ ᠪᠤᠳᠠᠭᠠᠨ᠎ᠤ ᠲᠠᠷᠢᠮᠠᠯ᠎ᠤᠨ ᠲᠠᠯᠠᠪᠠᠢ᠎ᠶ᠋ᠢᠨ ᠡᠭᠦᠷᠭᠡ᠎ᠶ᠋ᠢ ᠱᠠᠲᠤ ᠱᠠᠲᠤ᠎ᠪᠠᠷ ᠨᠠᠢᠳᠠᠪᠤᠷᠢᠵᠢᠭᠤᠯᠪᠠ᠃ ᠪᠥᠬᠦ᠌ ᠣᠷᠣᠨ᠎ᠤ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠤᠨ ᠸᠢᠳᠢᠣ᠋ ᠬᠤᠷᠠᠯ ᠪᠠ ᠲᠠᠷᠢᠮᠠᠯ᠎ᠤᠨ ᠦᠢᠯᠡᠰ᠎ᠤᠨ ᠠᠵᠢᠯ᠎ᠤᠨ ᠬᠤᠷᠠᠯ᠎ᠢ ᠬᠤᠷᠠᠯᠳᠤᠭᠤᠯᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ᠎ᠲᠤ 〈ᠠᠮᠤ ᠪᠤᠳᠠᠭᠠᠨ᠎ᠤ ᠪᠤᠰᠤ ᠲᠠᠷᠢᠮᠠᠯ ᠲᠠᠷᠢᠬᠤ〉 ᠶ᠋ᠢ ᠬᠤᠷᠢᠠᠠᠯᠠᠵᠤ ᠠᠮᠤ ᠪᠤᠳᠠᠭᠠᠨ᠎ᠤ ᠦᠢᠯᠡᠳᠪᠦᠷᠢᠯᠡᠯ᠎ᠢ ᠲᠣᠭ᠍ᠲᠠᠪᠤᠷᠢᠵᠢᠭᠤᠯᠬᠤ ᠠᠵᠢᠯ᠎ᠤᠨ ᠲᠥᠰᠦᠯ》 ᠢ ᠲᠠᠷᠤᠮᠠᠯᠯᠠᠨ ᠲᠠᠷᠬᠠᠭᠠᠵᠤ᠂ ᠠᠮᠤ ᠪᠤᠳᠠᠭᠠᠨ᠎ᠤ ᠠᠮᠤᠷ ᠲᠦᠪᠱᠢᠨ ᠦᠢᠯᠡᠳᠪᠦᠷᠢᠯᠡᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠦᠨᠡᠨ ᠬᠦ᠌ ᠨᠠᠢᠳᠠᠪᠤᠷᠢᠵᠢᠭᠤᠯᠵᠤ᠂ ᠤᠯᠤᠰ᠎ᠠᠴᠠ ᠮᠠᠨ᠎ᠤ ᠣᠷᠣᠨ᠎ᠳᠤ ᠪᠠᠭᠤᠯᠭᠠᠭ᠍ᠰᠠᠨ ᠠᠮᠤ ᠪᠤᠳᠠᠭᠠᠨ᠎ᠤ ᠦᠢᠯᠡᠳᠪᠦᠷᠢᠯᠡᠯ᠎ᠤᠨ ᠬᠠᠷᠠᠯᠲᠠ ᠡᠭᠦᠷᠭᠡ᠎ᠶ᠋ᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ᠎ᠢᠶᠠᠷ ᠲᠠᠮᠵᠢᠨ ᠠᠢᠮᠠᠭ ᠬᠤᠲᠠ᠎ᠳᠤ ᠬᠤᠪᠢᠶᠠᠷᠢᠯᠠᠨ ᠪᠠᠭᠤᠯᠭᠠᠵᠤ᠂ ᠡᠯ᠎ᠡ ᠭᠠᠵᠠᠷ᠎ᠤᠨ ᠠᠮᠤ ᠪᠤᠳᠠᠭᠠᠨ᠎ᠤ ᠦᠢᠯᠡᠳᠪᠦᠷᠢᠯᠡᠯ᠎ᠤᠨ ᠬᠠᠷᠠᠯᠲᠠ ᠪᠠ ᠠᠵᠢᠯ᠎ᠤᠨ ᠡᠭᠦᠷᠭᠡ᠎ᠶ᠋ᠢ ᠲᠣᠳᠣᠷᠬᠠᠢᠯᠠᠪᠠ᠃
ᠲᠠᠷᠢᠶᠠᠯᠠᠩ᠎ᠤᠨ ᠬᠡᠷᠡᠭ᠌ᠰᠡᠯ᠎ᠢ ᠱᠢᠯᠵᠢᠭᠦᠯᠦᠨ ᠲᠡᠭᠡᠭᠡᠪᠦᠷᠢᠯᠡᠬᠦ᠌ ᠨᠥᠭᠡᠴᠡᠯᠡᠯᠲᠡ ᠲᠣᠭ᠍ᠲᠠᠭᠤᠨ ᠪᠥᠭᠡᠳ ᠡᠮᠬᠢ ᠵᠢᠷᠤᠮ᠎ᠲᠠᠢ ᠪᠠᠢᠨ᠎ᠠ᠃ ᠪᠦᠬᠦ᠌ ᠣᠷᠣᠨ᠎ᠤ ᠡᠯ᠎ᠡ ᠭᠠᠵᠠᠷ᠎ᠤᠨ ᠪᠠᠷᠠᠭᠠᠨ᠎ᠤ ᠬᠠᠩᠭᠠᠯᠭ᠎ᠠ ᠭᠦᠶᠴᠡᠳ᠂ ᠲᠡᠭᠡᠭᠡᠪᠦᠷᠢ᠎ᠶ᠋ᠢᠨ ᠵᠠᠮ ᠱᠤᠭᠤᠮ ᠰᠠᠭᠠᠳ ᠦᠭᠡᠶ ᠨᠡᠪᠲᠡᠷᠡᠵᠦ᠍ ᠪᠤᠢ᠃ ᠡᠷᠳᠡᠨᠢ ᠱᠢᠰᠢ ᠵᠡᠷᠭᠡ ᠭᠤᠤᠯ ᠪᠣᠯᠬᠤ ᠠᠮᠤ ᠪᠤᠳᠠᠭᠠᠨ᠎ᠤ ᠲᠠᠷᠢᠮᠠᠯ᠎ᠤᠨ ᠦᠷ᠎ᠡ᠎ᠶ᠋ᠢᠨ ᠬᠠᠳᠠᠭᠠᠯᠠᠯᠲᠠ᠎ᠶ᠋ᠢᠨ ᠬᠡᠮᠵᠢᠶ᠎ᠡ ᠴᠥᠮ ᠬᠠᠪᠤᠷ᠎ᠤᠨ ᠲᠠᠷᠢᠶᠠᠯᠠᠭ᠎ᠠ᠎ᠶ᠋ᠢᠨ ᠬᠡᠷᠡᠭ᠌ᠴᠡᠭᠡᠨ᠎ᠤ 96.9% ᠳᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ ᠥᠨᠳᠥᠷ ᠪᠣᠯᠪᠠ᠃ 106. 4 ᠲᠦᠮᠡᠨ ᠲᠣᠨ ᠬᠢᠮᠢ᠎ᠶ᠋ᠢᠨ ᠪᠣᠷᠳᠣᠭᠤᠷ᠂ 4.9 ᠲᠦᠮᠡᠨ ᠲᠣᠨ ᠰᠦᠯᠢᠶᠣᠣ ᠪᠦᠷᠬᠦᠪᠴᠢ᠂ 2639 ᠲᠣᠨ ᠲᠠᠷᠢᠶᠠᠨ ᠡᠮ ᠨᠦᠭᠡᠴᠡᠯᠡᠵᠦ᠍᠂ ᠡᠨᠡ᠎ᠨᠢ ᠬᠠᠪᠤᠷ᠎ᠤᠨ ᠲᠠᠷᠢᠶᠠᠯᠠᠭ᠎ᠠ᠎ᠶ᠋ᠢᠨ ᠬᠡᠷᠡᠭ᠌ᠴᠡᠭᠡᠨ᠎ᠤ 60% ᠠᠴᠠ ᠳᠡᠭᠡᠭ᠌ᠰᠢᠬᠢ᠎ᠶ᠋ᠢ ᠡᠵᠡᠯᠡᠨ᠎ᠡ᠃
ᠲᠠᠷᠢᠶᠠᠯᠠᠩ᠎ᠤᠨ ᠮᠠᠱᠢᠨ ᠪᠤᠯᠤᠨ ᠱᠢᠨᠵᠢᠯᠡᠬᠦ᠌ ᠤᠬᠠᠭᠠᠨ ᠲᠧᠭ᠌ᠨᠢᠡ ᠮᠡᠷᠭᠡᠵᠢᠯ᠎ᠤᠨ ᠦᠢᠯᠡᠴᠢᠯᠡᠭᠡᠨ᠎ᠤ ᠪᠡᠯᠡᠳᠭᠡᠯ᠎ᠢ ᠭᠦᠶᠴᠡᠳ ᠬᠢᠪᠠ᠃ ᠪᠥᠬᠦ᠌ ᠣᠷᠣᠨ᠎ᠤ ᠬᠠᠪᠤᠷ᠎ᠤᠨ ᠲᠠᠷᠢᠶᠠᠯᠠᠭ᠎ᠠ᠎ᠶ᠋ᠢᠨ ᠦᠢᠯᠡᠳᠪᠦᠷᠢᠯᠡᠯ᠎ᠳᠤ ᠣᠷᠣᠭᠤᠯᠵᠤ ᠪᠣᠯᠬᠤ ᠲᠷᠠᠺᠲ᠋ᠣᠷ 102.2 ᠲᠦᠮᠡ ᠱᠢᠬᠠᠮ ᠪᠠᠢᠵᠤ᠂ ᠢᠵᠢ ᠪᠥᠷᠢᠳᠦᠭ᠌ᠰᠡᠨ ᠲᠠᠷᠢᠶᠠᠯᠠᠩ᠎ᠤᠨ ᠮᠠᠱᠢᠨ ᠪᠠᠭᠠᠵᠢ 150 ᠲᠦᠮᠡ᠎ᠶ᠋ᠢ ᠳᠠᠪᠠᠵᠤ᠂ 4.3 ᠲᠦᠮᠡᠨ ᠲᠠᠷᠢᠶᠠᠯᠠᠩ᠎ᠤᠨ ᠮᠠᠱᠢᠨ᠎ᠤ ᠵᠢᠯᠤᠭᠤᠴᠢ᠂ ᠰᠡᠯᠪᠢᠨ ᠵᠠᠰᠠᠬᠤ ᠠᠵᠢᠯᠲᠠᠨ᠎ᠢ ᠪᠣᠯᠪᠠᠰᠤᠷᠠᠯ᠎ᠳᠤ ᠤᠷᠤᠯᠴᠠᠭᠤᠯᠵᠤ᠂ ᠲᠠᠷᠢᠶᠠᠯᠠᠩ᠎ᠤᠨ ᠮᠠᠱᠢᠨ ᠪᠠᠭᠠᠵᠢ᠎ᠶ᠋ᠢ 146.9 ᠲᠦᠮᠡ ᠪᠠᠢᠴᠠᠭᠠᠨ ᠵᠠᠰᠠᠵᠤ᠂ ᠪᠠᠢᠴᠠᠭᠠᠨ ᠵᠠᠰᠠᠭ᠍ᠰᠠᠨ ᠨᠣᠷᠮ᠎ᠠ 88.3% ᠳᠤ ᠬᠦᠷᠴᠦ᠍᠂ ᠬᠠᠪᠤᠷ᠎ᠤᠨ ᠲᠠᠷᠢᠶᠠᠯᠠᠭ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠪᠠ᠃ ᠨᠢᠳᠤᠨᠤᠨ ᠡᠪᠦᠯ ᠡᠨᠡ ᠬᠠᠪᠤᠷ ᠪᠦᠬᠦ᠌ ᠣᠷᠣᠨ᠎ᠳᠤ 70.6 ᠲᠦᠮᠡᠨ ᠬᠥᠮᠦᠨ ᠤᠳᠠᠭ᠎ᠠ᠎ᠶ᠋ᠢᠨ ᠲᠠᠷᠢᠶᠠᠴᠢᠨ᠎ᠤ ᠪᠣᠯᠪᠠᠰᠤᠷᠠᠯ᠎ᠢ ᠡᠷᠭᠢᠯᠡᠵᠦ᠍᠂ 80.8 ᠲᠦᠮᠡᠨ ᠬᠤᠪᠢ ᠮᠡᠷᠭᠡᠵᠢᠯ᠎ᠤᠨ ᠮᠠᠲ᠋ᠧᠷᠢᠶᠠᠯ ᠲᠠᠷᠬᠠᠭᠠᠵᠤ᠂ ᠡᠯ᠎ᠡ ᠱᠠᠲᠤᠨ᠎ᠤ ᠲᠠᠷᠢᠶᠠᠯᠠᠩ᠎ᠤᠨ ᠮᠡᠷᠭᠡᠵᠢᠯ᠎ᠤᠨ ᠠᠵᠢᠯᠲᠠᠨ᠎ᠢ 7975 ᠬᠥᠮᠦᠨ ᠤᠳᠠᠭ᠎ᠠ ᠵᠣᠬᠢᠶᠠᠨ ᠪᠠᠢᠭᠤᠯᠤᠨ ᠬᠥᠳᠡᠭᠡ ᠪᠠᠭᠤᠯᠭᠠᠵᠠᠢ᠃