ᠬᠥᠮᠦᠨ᠎ᠤ ᠠᠮᠢᠳᠤᠷᠠᠯ᠎ᠤᠨ ᠠᠩᠬᠠᠨ᠎ᠤ ᠠᠯᠬᠤᠮ᠎ᠢ ᠰᠠᠢᠳᠤᠷ ᠡᠬᠢᠯᠡᠬᠦᠯᠰᠦᠬᠡᠢ
2021-05-07 09:02:09
ᠵᠣᠬᠢᠶᠠᠭ᠍ᠴᠢ᠄
ᠯᠢ ᠵᠧᠨ ᠨᠠᠨ
ᠣᠩᠱᠢᠭ᠍ᠰᠠᠨ ᠣᠳᠠᠭ᠎ᠠ᠄
★★★☆☆

ᠪᠠᠭᠠᠴᠤᠳ ᠬᠡᠦᠬᠡᠳ ᠪᠣᠯ ᠡᠬᠡ ᠤᠯᠤᠰ᠎ᠤᠨ ᠴᠡᠴᠡᠭ ᠬᠤᠸᠠᠷ᠂ ᠦᠨᠳᠦᠰᠦᠲᠡᠨ᠎ᠤ ᠢᠷᠡᠭᠡᠳᠦᠶ ᠮᠥᠨ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠭᠦᠨᠵᠡᠭᠡᠢ ᠥᠷᠨᠢᠭᠦᠯᠬᠦ᠌᠎ᠳᠤ ᠬᠡᠦᠬᠡᠳ ᠪᠠᠭᠠᠴᠤᠳ᠎ᠠᠴᠠ ᠡᠬᠢᠯᠡᠨ ᠠᠳᠭᠤᠵᠤ᠂ ᠰᠤᠷᠭᠠᠭᠤᠯᠢ᠎ᠶ᠋ᠢᠨ ᠰᠤᠷᠭᠠᠨ ᠬᠥᠮᠦᠵᠢᠯ᠂ ᠭᠡᠷ ᠪᠦᠯᠢ᠎ᠶ᠋ᠢᠨ ᠰᠤᠷᠭᠠᠨ ᠬᠥᠮᠦᠵᠢᠯ᠂ ᠨᠡᠢᠭᠡᠮ᠎ᠤᠨ ᠰᠤᠷᠭᠠᠨ ᠬᠥᠮᠦᠵᠢᠯ᠎ᠢ ᠪᠦᠬᠦ᠌ ᠲᠠᠯ᠎ᠠ᠎ᠪᠠᠷ ᠵᠣᠬᠢᠴᠠᠭᠤᠯᠬᠤ᠎ᠶ᠋ᠢᠨ ᠬᠠᠮᠲᠤ ᠨᠠᠢᠯᠠᠯ ᠬᠦᠴᠦᠨ᠎ᠢ ᠪᠦᠷᠢᠯᠳᠦᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠬᠦᠮᠦᠨ ᠪᠦᠬᠦᠨ᠎ᠤ ᠤᠶᠤᠨ ᠲᠠᠷᠢᠬᠢᠨ᠎ᠳᠤ ᠬᠠᠳᠠᠩᠱᠢᠭᠤᠯᠬᠤ ᠬᠡᠷᠡᠭ᠌ᠲᠡᠢ᠃

ᠰᠤᠷᠭᠠᠭᠤᠯᠢ ᠪᠣᠯ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠥᠷᠨᠢᠭᠦᠯᠬᠦ᠌ ᠭᠤᠣᠯ ᠵᠢᠭ᠍ᠰᠠᠭᠠᠯ᠎ᠤᠨ ᠭᠠᠵᠠᠷ ᠪᠣᠯᠤᠨ᠎ᠠ᠂ ᠤᠯᠤᠰ᠎ᠢᠶᠠᠨ ᠬᠠᠢᠷᠠᠯᠠᠬᠤ ᠦᠵᠡᠯ᠎ᠢᠶᠠᠷ ᠭᠤᠤᠯ ᠪᠣᠯᠭᠠᠭ᠍ᠰᠠᠨ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ᠎ᠤᠨ ᠬᠢᠴᠢᠶᠡᠯ᠎ᠢ ᠬᠡᠦᠬᠡᠳ᠎ᠤᠨ ᠴᠡᠴᠡᠷᠯᠢᠭ᠂ ᠪᠠᠭ᠎ᠠ ᠰᠤᠷᠭᠠᠭᠤᠯᠢ ᠪᠠ ᠳᠤᠮᠳᠠᠳᠤ ᠰᠤᠷᠭᠠᠭᠤᠯᠢ᠎ᠶ᠋ᠢᠨ ᠪᠦᠬᠦ᠋ᠢᠯᠡ ᠵᠢᠭᠠᠨ ᠰᠤᠷᠭᠠᠯᠲᠠ᠎ᠶ᠋ᠢᠨ ᠱᠠᠲᠤᠨ᠎ᠳᠤ ᠲᠤᠭᠤᠱᠢᠯᠠᠭᠤᠯᠵᠤ᠂ ᠬᠡᠦᠬᠡᠳ᠎ᠤᠳ᠎ᠢ ᠬᠠᠷᠠᠬᠠᠨ ᠪᠠᠭ᠎ᠠ᠎ᠠᠴᠠ᠎ᠨᠢ ᠰᠣᠶᠣᠯ᠎ᠤᠨ ᠬᠥᠮᠦᠵᠢᠯ ᠬᠦᠷᠳᠡᠬᠦ᠌ ᠳᠤᠮᠳᠠ ᠰᠣᠶᠣᠯ᠎ᠤᠨ ᠢᠲᠡᠭᠡᠯ᠎ᠢᠶᠠᠨ ᠪᠠᠲᠤᠳᠭᠠᠵᠤ᠂ ᠲᠡᠦᠬᠡᠲᠦ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠤᠯᠤᠰ ᠭᠡᠷ᠎ᠤᠨ ᠬᠠᠢᠷ᠎ᠠ ᠰᠡᠳᠭᠢᠯᠭᠡ᠎ᠶ᠋ᠢ ᠪᠤᠢ ᠪᠣᠯᠭᠠᠵᠤ᠂ ᠬᠡᠭᠦᠳᠡᠭ ᠴᠡᠭᠡᠵᠢᠨ᠎ᠳᠡᠭᠡᠨ ᠠᠯᠤᠰ᠎ᠤᠨ ᠬᠦᠰᠡᠯᠡᠩ᠎ᠢ ᠡᠪᠦᠷᠯᠡᠵᠦ᠍᠂ ᠦᠨᠳᠦᠰᠦᠲᠡᠨ᠎ᠨᠦᠭᠦᠳ᠎ᠤᠨ ᠬᠤᠭᠤᠷᠣᠨᠳᠣᠬᠢ ᠴᠢᠰᠤ ᠮᠢᠬᠠᠨ᠎ᠤ ᠪᠠᠷᠢᠯᠳᠤᠯᠭ᠎ᠠ᠎ᠶ᠋ᠢ ᠲᠠᠰᠤᠷᠠᠯᠳᠠ ᠦᠭᠡᠢ ᠨᠡᠮᠡᠭ᠌ᠳᠡᠭᠦᠯᠵᠦ᠍᠂ ᠬᠡᠨ ᠠᠯᠢᠨ᠎ᠠᠴᠠ᠎ᠪᠠᠨ ᠰᠠᠯᠵᠤ ᠴᠢᠳᠠᠬᠤ ᠦᠭᠡᠢ ᠪᠣᠯᠭᠠᠵᠤ᠂ ᠦᠨᠳᠦᠰᠦᠲᠡᠨ᠎ᠤ ᠪᠦᠯᠬᠦᠮᠳᠡᠯ᠎ᠤᠨ ᠬᠠᠢᠷ᠎ᠠ ᠰᠡᠳᠭᠢᠯᠭᠡ᠎ᠶ᠋ᠢᠨ ᠰᠠᠭᠤᠷᠢ᠎ᠶ᠋ᠢ ᠪᠠᠬᠢᠵᠢᠭᠦᠯᠵᠦ᠍ ᠴᠢᠳᠠᠨ᠎ᠠ᠃

ᠭᠡᠷ ᠪᠦᠯᠢ ᠪᠣᠯ ᠡᠶ᠎ᠡ ᠵᠣᠬᠢᠴᠡᠯ ᠪᠠ ᠲᠣᠭ᠍ᠲᠠᠭᠤᠨ᠎ᠢ ᠬᠠᠮᠠᠭᠠᠯᠠᠬᠤ᠂ ᠦᠨᠳᠦᠰᠦᠲᠡᠨ᠎ᠤ ᠪᠦᠯᠬᠦᠮᠳᠡᠯ᠎ᠢ ᠴᠢᠩᠭᠠᠳᠭᠠᠬᠤ᠎ᠶ᠋ᠢᠨ ᠴᠢᠬᠤᠯᠠ ᠰᠠᠭᠤᠷᠢ ᠮᠥᠨ᠃ ᠨᠢᠭᠡ ᠬᠥᠮᠦᠨ᠎ᠤ ᠶᠣᠰᠣ ᠰᠤᠷᠲᠠᠬᠤᠨ᠎ᠢ ᠬᠠᠷᠠᠬᠠᠨ ᠪᠠᠭ᠎ᠠ᠎ᠠᠴᠠ᠎ᠨᠢ ᠬᠥᠮᠦᠵᠢᠭᠦᠯᠬᠦ᠌ ᠬᠡᠷᠡᠭ᠌ᠲᠡᠶ᠂ ᠬᠡᠷ ᠪᠦᠯᠢ ᠪᠣᠯ ᠳᠠᠷᠤᠶ ᠬᠠᠮᠤᠭ᠎ᠤᠨ ᠦᠨᠳᠦᠰᠦᠨ ᠰᠠᠭᠤᠷᠢ ᠮᠥᠨ᠂ ᠡᠯ᠎ᠡ ᠲᠥᠷᠥᠯ᠎ᠤᠨ ᠬᠡᠷ᠎ᠤᠨ ᠠᠬᠠᠮᠠᠳ᠎ᠤᠨ ᠰᠤᠷᠭᠠᠭᠤᠯᠢ᠂ ᠬᠡᠦᠬᠡᠳ᠎ᠤᠨ ᠬᠡᠷ ᠪᠦᠯᠢ ᠪᠣᠯᠤᠨ ᠰᠦᠯᠵᠢᠶᠡᠨ᠎ᠤ ᠱᠢᠨ᠎ᠡ ᠵᠠᠭᠤᠴᠢᠯᠠᠭᠤᠷ᠎ᠤᠨ ᠲᠠᠪᠴᠠᠩ ᠵᠡᠷᠬᠡ᠎ᠶ᠋ᠢ ᠰᠠᠢᠲᠤᠷ ᠠᠱᠢᠬ᠍ᠯᠠᠵᠤ᠂ ᠬᠡᠷ᠎ᠤᠨ ᠠᠬᠠᠮᠠᠳ᠎ᠤᠨ ᠶᠡᠷᠦᠩᠬᠡᠢᠯᠡᠭ᠌ᠰᠡᠨ ᠬᠡᠪ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠬᠡᠷ ᠪᠦᠯᠢ᠎ᠶ᠋ᠢᠨ ᠰᠤᠷᠭᠠᠨ ᠬᠥᠮᠦᠵᠢᠯ᠎ᠤᠨ ᠬᠢᠷᠢ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠬᠡᠦᠬᠡᠳ᠎ᠢ ᠬᠠᠷᠠᠬᠠᠨ ᠪᠠᠭ᠎ᠠ᠎ᠠᠴᠠ᠎ᠨᠢ ᠨᠠᠮ᠎ᠢᠶᠠᠨ ᠬᠠᠢᠷᠠᠯᠠᠬᠤ ᠤᠯᠤᠰ᠎ᠢᠶᠠᠨ ᠬᠠᠢᠷᠠᠯᠠᠬᠤ ᠬᠦᠮᠦᠨ ᠪᠣᠯᠭᠠᠨ ᠬᠥᠮᠦᠵᠢᠭᠦᠯᠪᠡᠯ ᠰᠠᠶᠢ ᠦᠨᠳᠦᠰᠦᠲᠡᠨ᠎ᠨᠦᠭᠦᠳ ᠨᠢᠭᠡ ᠬᠡᠷ᠎ᠤᠨ ᠬᠥᠮᠦᠨ ᠮᠡᠲᠦ ᠳᠣᠲᠣᠨᠣ ᠬᠠᠢᠷ᠎ᠠ ᠰᠡᠳᠭᠢᠯᠭᠡ᠎ᠶ᠋ᠢᠨ ᠰᠠᠭᠤᠷᠢ᠎ᠶ᠋ᠢ ᠪᠠᠬᠢᠵᠢᠭᠦᠯᠵᠦ᠍ ᠴᠢᠳᠠᠨ᠎ᠠ᠃

ᠨᠡᠢᠭᠡᠮ᠎ᠤᠨ ᠣᠷᠴᠢᠨ ᠲᠣᠭᠤᠷᠢᠨ᠎ᠨᠢ ᠬᠡᠦᠬᠡᠳ᠎ᠤᠨ ᠦᠰᠦᠨ ᠪᠤᠢᠵᠢᠯᠲᠠ᠎ᠳᠤ ᠯᠤᠲᠤ ᠶᠡᠭᠡ ᠨᠥᠯᠥᠭᠡ ᠦᠵᠡᠬᠦᠯᠬᠦ᠌ ᠶᠤᠮ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠠᠢᠨ ᠰᠠᠢᠬᠠᠨ ᠣᠷᠴᠢᠨ ᠨᠥᠬᠦᠴᠡᠯ᠎ᠢ ᠪᠤᠢ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠡᠯᠪᠡᠷᠢ ᠪᠠ ᠠᠷᠭ᠎ᠠ ᠵᠠᠮ᠎ᠢ ᠪᠠᠶᠠᠯᠢᠭ᠍ᠵᠢᠭᠤᠯᠤᠨ᠂ ᠠᠳᠠᠯᠢ ᠪᠤᠰᠤ ᠨᠠᠰᠤᠨ᠎ᠤ ᠬᠡᠦᠬᠡᠳ᠎ᠲᠤ ᠲᠤᠬᠢᠷᠠᠬ᠍ᠰᠠᠨ ᠠᠵᠢᠯᠯᠠᠭ᠎ᠠ᠎ᠶ᠋ᠢ ᠥᠷᠨᠢᠭᠦᠯᠵᠦ᠍᠂ ᠬᠡᠦᠬᠡᠳ᠎ᠤᠳ᠎ᠲᠤ ᠬᠤᠭᠤᠷᠤᠨᠳᠤ᠎ᠪᠠᠨ ᠨᠠᠭᠠᠳᠭᠤ᠂ ᠰᠤᠷᠤᠯᠴᠠᠬᠤ᠂ ᠨᠡᠪᠲᠡᠷᠡᠯᠴᠡᠬᠦ᠌ ᠲᠠᠪᠴᠠᠩ᠎ᠢ ᠪᠠᠢᠭᠤᠯᠤᠨ ᠥᠭ᠌ᠴᠦ᠂ ᠠᠳᠠᠯᠢ ᠪᠤᠰᠤ ᠰᠣᠶᠣᠯ᠎ᠢ ᠤᠢ᠍ᠢᠯᠠᠭᠠᠨ᠂ ᠰᠣᠯᠢᠯᠴᠠᠭ᠎ᠠ᠎ᠪᠠᠨ ᠨᠡᠮᠡᠭ᠌ᠳᠡᠭᠦᠯᠪᠡᠯ ᠳᠠᠷᠤᠢ ᠦᠨᠳᠦᠰᠦᠲᠡᠨ᠎ᠨᠦᠭᠦᠳ᠎ᠤᠨ ᠬᠤᠭᠤᠷᠣᠨᠳᠣᠬᠢ ᠣᠢᠯᠠᠭᠠᠯᠴᠠᠭ᠎ᠠ ᠪᠠ ᠬᠦᠨᠳᠦᠳᠭᠡᠯ᠎ᠢ ᠨᠡᠮᠡᠭ᠌ᠳᠡᠭᠦᠯᠵᠦ᠍᠂ ᠵᠦᠷᠢᠶ᠎ᠡ᠎ᠶ᠋ᠢ ᠬᠦᠨᠳᠦᠳᠭᠡᠬᠦ᠂ ᠤᠯᠠᠨ ᠶᠠᠩᠵᠤᠲᠤ ᠴᠢᠨᠠᠷ᠎ᠢ ᠪᠠᠭ᠍ᠲᠠᠭᠠᠬᠤ ᠳᠤᠮᠳᠠ ᠦᠨᠳᠦᠰᠦᠲᠡᠨ᠎ᠨᠦᠭᠦᠳ᠎ᠤᠨ ᠰᠣᠶᠣᠯ᠎ᠤᠨ ᠬᠠᠷᠢᠯᠴᠠᠨ ᠠᠭᠤᠰᠤᠯᠴᠠᠵᠤ ᠬᠠᠮᠲᠤ᠎ᠪᠠᠷ ᠣᠷᠣᠱᠢᠨ᠂ ᠡᠶ᠎ᠡ ᠵᠣᠬᠢᠴᠠᠯ᠎ᠲᠠᠢ᠎ᠪᠠᠷ ᠬᠥᠭ᠌ᠵᠢᠬᠦ᠌᠎ᠶ᠋ᠢ ᠪᠡᠶᠡᠯᠡᠭᠦᠯᠵᠦ᠍ ᠴᠢᠳᠠᠨ᠎ᠠ᠃

ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠲᠠᠯ᠎ᠠ ᠪᠦᠬᠦᠨ᠎ᠳᠤ ᠬᠤᠯᠪᠣᠭ᠍ᠳᠠᠬᠤ ᠨᠢᠭᠡᠨ ᠱᠢᠰᠲ᠋ᠧᠮᠲᠦ ᠢᠨᠵᠧᠨᠧᠷᠢᠩ ᠮᠥᠨ᠃ ᠰᠤᠷᠭᠠᠭᠤᠯᠢ᠂ ᠪᠠᠭ᠍ᠰᠢ᠂ ᠬᠡᠷ ᠪᠦᠯᠢ᠂ ᠨᠡᠢᠭᠡᠮ ᠵᠡᠷᠭᠡ ᠭᠤᠭ᠍ᠴᠤᠭ᠎ᠠ᠎ᠨᠤᠭᠤᠳ᠎ᠢ ᠬᠠᠷᠢᠯᠴᠠᠨ ᠵᠣᠯᠭᠠᠯᠴᠠᠭᠤᠯᠵᠤ᠂ ᠬᠠᠷᠢᠯᠴᠠᠨ ᠨᠡᠪᠲᠡᠷᠡᠯᠴᠡᠭᠦᠯᠵᠦ᠍᠂ ᠬᠠᠷᠢᠯᠴᠠᠨ ᠨᠥᠬᠦᠪᠥᠷᠢᠯᠡᠬᠦ᠌᠎ᠶ᠋ᠢ ᠱᠠᠭᠠᠷᠳᠠᠨ᠎ᠠ᠂ ᠰᠤᠷᠭᠠᠭᠤᠯᠢ᠎ᠶ᠋ᠢᠨ ᠰᠤᠷᠭᠠᠨ ᠬᠥᠮᠦᠵᠢᠯ᠂ ᠬᠡᠷ ᠪᠦᠯᠢ᠎ᠶ᠋ᠢᠨ ᠰᠤᠷᠭᠠᠨ ᠬᠥᠮᠦᠵᠢᠯ ᠪᠣᠯᠤᠨ ᠨᠡᠢᠭᠡᠮ᠎ᠤᠨ ᠰᠤᠷᠭᠠᠨ ᠬᠥᠮᠦᠵᠢᠯ᠎ᠢ ᠣᠷᠭᠠᠨᠢᠭ᠎ᠢᠶᠠᠷ ᠤᠶᠠᠯᠳᠤᠭᠤᠯᠪᠠᠯ ᠰᠠᠶᠢ ᠬᠡᠦᠬᠡᠳ ᠪᠠᠭᠠᠴᠤᠳ᠎ᠠᠴᠠ ᠡᠬᠢᠯᠡᠨ ᠠᠳᠭᠤᠵᠤ᠂ ᠵᠠᠯᠠᠭᠤᠴᠤᠳ ᠪᠠᠭᠠᠴᠤᠳ᠎ᠤᠨ ᠰᠤᠷᠭᠠᠨ ᠬᠥᠮᠦᠵᠢᠯ᠎ᠠᠴᠠ ᠡᠬᠢᠯᠡᠨ ᠠᠳᠭᠤᠵᠤ᠂ ᠬᠡᠦᠬᠡᠳ᠎ᠤᠨ ᠰᠡᠳᠭᠢᠯ᠎ᠳᠤ ᠦᠨᠡᠨ ᠰᠠᠢᠨ ᠰᠠᠢᠬᠠᠨ᠎ᠤ ᠦᠷ᠎ᠡ᠎ᠶ᠋ᠢ ᠰᠠᠴᠤᠵᠤ᠂ ᠬᠡᠦᠬᠡᠳ᠎ᠢ ᠬᠥᠲᠥᠯᠥᠨ ᠵᠢᠯᠣᠭᠤᠳᠴᠤ᠌ ᠪᠠᠢᠭᠠᠳ ᠬᠥᠮᠦᠨ᠎ᠤ ᠠᠮᠢᠳᠤᠷᠠᠯ᠎ᠤᠨ ᠠᠩᠬᠠᠨ᠎ᠤ ᠠᠯᠬᠤᠭ᠎ᠠ᠎ᠶ᠋ᠢ ᠰᠠᠢᠲᠤᠷ ᠡᠬᠢᠯᠡᠬᠦᠯᠬᠦ᠌᠎ᠶ᠋ᠢ ᠪᠡᠶᠡᠯᠡᠭᠦᠯᠵᠦ᠍ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号