ᠬᠢᠨᠭ᠌ᠭᠠᠨ ᠠᠢᠮᠠᠭ᠎ᠤᠨ ᠬᠠᠪᠤᠷ᠎ᠤᠨ ᠲᠠᠷᠢᠶᠠᠯᠠᠭ᠎ᠠ ᠡᠮᠬᠢ ᠵᠢᠷᠤᠮ᠎ᠲᠠᠢ ᠶᠠᠪᠤᠭ᠍ᠳᠠᠵᠤ ᠪᠠᠢᠨ᠎ᠠ
2021-05-07 09:27:14
ᠵᠣᠬᠢᠶᠠᠭ᠍ᠴᠢ᠄
ᠬᠡᠱᠢᠭ᠌ᠪᠦᠶᠠᠨ
ᠣᠩᠱᠢᠭ᠍ᠰᠠᠨ ᠣᠳᠠᠭ᠎ᠠ᠄
★★★☆☆

ᠤᠳᠤᠬᠠᠨ ᠬᠢᠨᠭ᠌ᠭᠠᠨ ᠠᠢᠮᠠᠭ᠎ᠤᠨ ᠡᠯ᠎ᠡ ᠱᠠᠲᠤᠨ᠎ᠤ ᠮᠠᠯ ᠠᠵᠤ ᠠᠬᠤᠢ ᠲᠠᠷᠢᠶᠠᠯᠠᠩ᠎ᠤᠨ ᠰᠠᠯᠠᠭ᠎ᠠ ᠮᠥᠴᠢᠷ ᠡᠯ᠎ᠡ ᠵᠦᠢᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠠ᠂ ᠲᠠᠷᠢᠮᠠᠯ᠎ᠤᠨ ᠪᠦᠲᠦᠴᠡ᠎ᠶ᠋ᠢ ᠳᠣᠭᠢᠷᠠᠭᠤᠯᠤᠨ ᠱᠢᠯᠢᠳᠡᠭ᠌ᠵᠢᠭᠦᠯᠵᠦ᠍᠂ ᠭᠤᠤᠯ ᠭᠠᠷᠤᠯᠲᠠ᠎ᠶ᠋ᠢᠨ ᠣᠷᠣᠨ᠎ᠤ ᠳᠠᠪᠠᠭᠤᠯᠢᠭ᠎ᠢ ᠭᠦᠶᠴᠡᠳ ᠪᠠᠳᠠᠷᠠᠭᠤᠯᠤᠨ᠂ ᠠᠮᠤ ᠪᠤᠳᠠᠭᠠᠠ᠎ᠤ ᠲᠡᠷᠢᠮᠠᠯ᠎ᠤᠨ ᠲᠠᠯᠠᠪᠠᠶ᠎ᠶ᠋ᠢ ᠲᠣᠭ᠍ᠲᠠᠭᠤᠨ᠎ᠢᠶᠠᠷ ᠨᠡᠮᠡᠭ᠌ᠳᠡᠬᠦᠯᠵᠥ᠍᠂ ᠠᠮᠤ ᠪᠤᠳᠠᠭᠠᠨ᠎ᠤ ᠤᠨᠠᠯᠲᠠ᠎ᠶ᠋ᠢ ᠪᠠᠭᠤᠷᠠᠭᠤᠯᠬᠤ ᠥᠬᠡᠶ ᠪᠠᠢᠬᠤ᠎ᠶ᠋ᠢ ᠪᠠᠲᠤᠯᠠᠬᠤ᠎ᠪᠠᠷ ᠴᠢᠷᠮᠠᠢᠠ ᠠᠵᠢᠯᠯᠠᠵᠠᠭᠠᠵᠤ ᠪᠠᠢᠨ᠎ᠠ᠃

ᠲᠤᠰ ᠠᠢᠮᠠᠭ᠎ᠤᠨ ᠡᠨᠡ ᠵᠢᠯ᠎ᠤᠨ ᠲᠠᠷᠢᠶᠠᠯᠠᠩ᠎ᠤᠨ ᠪᠠᠢᠳᠠᠯ᠎ᠤᠨ ᠲᠣᠬᠢᠷᠠᠭᠤᠯᠤᠯᠲᠠ᠎ᠶ᠋ᠢ ᠦᠨᠳᠦᠰᠦᠯᠡᠪᠡᠯ᠂ ᠲᠠᠷᠢᠮᠠᠯ᠎ᠤᠨ ᠶᠡᠷᠦᠩᠬᠡᠶ ᠲᠠᠯᠠᠪᠠᠶ᠎ᠶ᠋ᠢ 1782 ᠲᠦᠮᠡᠨ ᠮᠥ᠎ᠳᠤ ᠬᠦᠷᠭᠡᠬᠦ᠌᠎ᠪᠠᠷ ᠲᠦᠯᠦᠪᠯᠡᠵᠥ᠍᠂ ᠳᠡᠭᠡᠷ᠎ᠡ ᠵᠢᠯ᠎ᠤᠨ᠎ᠬᠢ᠎ᠠᠴᠠ 11 ᠲᠦᠮᠡᠨ ᠮᠥ᠍ ᠨᠡᠮᠡᠭ᠌ᠳᠡᠵᠠᠢ᠂ ᠡᠭᠦᠨ᠎ᠳᠤ ᠠᠮᠤ ᠪᠤᠳᠠᠭᠠᠨ᠎ᠤ ᠲᠠᠷᠢᠮᠠᠯ᠎ᠢ 1627.23 ᠲᠦᠮᠡᠨ ᠮᠥ᠎ᠳᠤ ᠬᠦᠷᠬᠡᠵᠥ᠍᠂ ᠠᠳᠠᠯᠢ ᠬᠤᠭᠤᠴᠠᠭᠠᠨ᠎ᠤ᠎ᠬᠢ᠎ᠠᠴᠠ 20.81 ᠲᠦᠮᠡᠨ ᠮᠥ᠍ ᠨᠡᠮᠡᠭ᠌ᠳᠡᠬᠦᠯᠬᠦ᠌᠎ᠪᠠᠷ ᠪᠠᠢᠨ᠎ᠠ᠃ 4 ᠰᠠᠷ᠎ᠠ᠎ᠶ᠋ᠢᠨ 25 ᠎ᠤ ᠡᠳᠦᠷ ᠪᠣᠯᠲᠠᠯ᠎ᠠ᠂ ᠲᠤᠲᠤᠷᠭ᠎ᠠ᠎ᠶ᠋ᠢᠨ ᠴᠢᠬᠢ ᠪᠤᠢᠵᠢᠭᠤᠯᠤᠭ᠍ᠰᠠᠨ ᠲᠠᠯᠠᠪᠠᠶ 138 ᠲᠦᠮᠡᠨ ᠮᠥ᠍᠂ ᠡᠷᠳᠡᠨᠢ ᠱᠢᠰᠢ ᠳᠠᠷᠢᠬ᠍ᠰᠠᠨ ᠲᠠᠯᠠᠪᠠᠶ 41.62 ᠲᠦᠮᠡᠨ ᠮᠥ᠍᠂ ᠪᠣᠭᠤᠳᠠᠶ ᠳᠠᠷᠢᠬ᠍ᠰᠠᠨ ᠲᠠᠯᠠᠪᠠᠶ 1.43 ᠲᠦᠮᠡᠨ ᠮᠥ᠍᠂ ᠪᠤᠰᠤᠳ ᠠᠮᠤ ᠪᠤᠳᠠᠭ᠎ᠠ᠎ᠶ᠋ᠢᠨ ᠲᠡᠷᠢᠮᠠᠯ ᠲᠠᠷᠢᠬ᠍ᠰᠠᠨ ᠲᠠᠯᠠᠪᠠᠶ 4.78 ᠲᠦᠮᠡᠨ ᠮᠥ᠍ ᠪᠠᠢᠵᠥ᠍᠂ ᠲᠥᠮᠥᠰᠥ᠍ ᠲᠡᠷᠢᠬᠤ ᠠᠵᠢᠯ ᠰᠠᠶᠢ ᠡᠬᠢᠯᠡᠵᠥ᠍᠂ 0.03 ᠲᠦᠮᠡᠨ ᠮᠥ᠍ ᠲᠡᠷᠢᠭᠠᠳ ᠪᠠᠢᠨ᠎ᠠ᠃

ᠤᠢ᠍ᠢᠷ᠎ᠠ᠎ᠳᠤ᠂ ᠰᠤᠷᠪᠤᠯᠵᠢᠯᠠᠭ᠍ᠴᠢ ᠬᠢᠩᠭᠠᠨ ᠠᠢᠮᠠᠭ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠲᠣᠪᠴᠢᠶ᠎ᠠ᠎ᠠᠴᠠ ᠣᠢᠯᠠᠭᠠᠭ᠍ᠰᠠᠨ᠎ᠢᠶᠠᠷ᠂ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠤᠨ ᠬᠤᠭᠤᠴᠠᠭᠠᠨ᠎ᠳᠤ ᠲᠠᠷᠢᠶᠠᠯᠠᠩ᠎ᠤᠨ ᠬᠡᠷᠡᠭ᠌ᠰᠡᠯ᠎ᠤᠨ ᠵᠠᠬ᠎ᠠ ᠳᠡᠯᠭᠡᠭᠦᠷ᠎ᠤᠨ ᠪᠠᠷᠠᠭᠠᠨ᠎ᠤ ᠢᠷᠡᠯᠲᠡ ᠭᠦᠶᠴᠡᠳ ᠪᠠᠢᠵᠤ᠂ ᠦᠢᠯᠡᠳᠪᠦᠷᠢᠯᠡᠯ᠎ᠤᠨ ᠬᠡᠷᠡᠭ᠌ᠴᠡᠭᠡ᠎ᠶ᠋ᠢ ᠪᠦᠷᠢᠮᠦᠰᠦᠨ ᠬᠠᠩᠭᠠᠵᠤ ᠴᠢᠳᠠᠨ᠎ᠠ᠃ ᠦᠨᠦ᠍ ᠪᠣᠯᠲᠠᠯ᠎ᠠ᠂ ᠡᠷᠳᠡᠨᠢ ᠱᠢᠰᠢ᠎ᠶ᠋ᠢᠨ ᠦᠷ᠎ᠡ᠎ᠶ᠋ᠢᠨ ᠬᠡᠷᠡᠭ᠌ᠴᠡᠭᠡ 2079 ᠲᠦᠮᠡᠨ ᠺᠢᠯᠣᠭ᠌ᠷᠠᠮ᠂ ᠡᠷᠦᠬᠡ᠎ᠳᠤ ᠬᠦᠷᠦᠭ᠌ᠰᠡᠨ ᠨᠣᠷᠮ᠎ᠠ 90 % ᠎ᠳᠤ ᠬᠦᠷᠴᠡᠶ᠃ ᠤᠰᠤᠨ ᠲᠤᠲᠤᠷᠭ᠎ᠠ᠎ᠶ᠋ᠢᠨ ᠦᠷ᠎ᠡ᠎ᠶ᠋ᠢᠨ ᠬᠡᠷᠡᠭ᠌ᠴᠡᠭᠡ 586 ᠲᠦᠮᠡᠨ ᠺᠢᠯᠣᠭ᠌ᠷᠠᠮ᠂ ᠨᠢᠭᠡᠨᠲᠡ ᠪᠦᠬᠦᠨ᠎ᠢᠶᠠᠷ᠎ᠢᠶᠠᠨ ᠪᠣᠳᠠᠲᠠᠢᠵᠢᠪᠠ᠃ ᠬᠢᠮᠢ᠎ᠶ᠋ᠢᠨ ᠪᠣᠷᠳᠣᠭᠤᠷ ᠬᠡᠷᠡᠭ᠌ᠰᠡᠬᠦ᠌ ᠬᠡᠮᠵᠢᠶ᠎ᠡ 21.26 ᠲᠦᠮᠡᠨ ᠲᠣᠨ᠂ ᠡᠷᠦᠬᠡ᠎ᠳᠤ ᠬᠦᠷᠦᠭ᠌ᠰᠡᠨ ᠨᠣᠷᠮ᠎ᠠ 95% ᠎ᠠᠴᠠ ᠳᠡᠭᠡᠭ᠌ᠰᠢ ᠂ ᠲᠠᠷᠢᠶᠠᠨ ᠡᠮ ᠬᠡᠷᠡᠭ᠌ᠰᠡᠬᠦ᠌ ᠬᠡᠮᠵᠢᠶ᠎ᠡ 227.74 ᠲᠣᠨ᠂ ᠡᠷᠦᠬᠡ᠎ᠳᠤ ᠬᠦᠷᠦᠭ᠌ᠰᠡᠨ ᠨᠣᠷᠮ᠎ᠠ 70%᠂ ᠰᠦᠯᠢᠶᠣᠣ ᠪᠦᠷᠬᠦᠪᠴᠢ᠎ᠶ᠋ᠢᠨ ᠬᠡᠷᠡᠭ᠌ᠴᠡᠭᠡ 1631 ᠲᠣᠨ᠂ ᠡᠷᠦᠬᠡ᠎ᠳᠤ ᠬᠥᠷᠦᠭ᠌ᠰᠡᠨ ᠨᠣᠷᠮ᠎ᠠ 90% ᠪᠤᠯᠵᠠᠢ᠃

ᠬᠠᠪᠤᠷ᠎ᠤᠨ ᠲᠠᠷᠢᠶᠠᠯᠠᠭ᠎ᠠ᠎ᠳᠤ 40.3 ᠳ᠋ᠦᠩᠱᠢᠭᠤᠷ ᠲᠥᠭᠦᠷᠢᠭ᠎ᠤᠨ ᠪᠡᠯᠡ ᠮᠦᠡᠭ᠌ᠬᠦ ᠬᠡᠷᠡᠭ᠌ᠰᠡᠬᠦ᠌ ᠴᠢᠬᠤᠯᠠ᠎ᠲᠠᠢ᠂ ᠡᠭᠦᠨ᠎ᠳᠤ ᠲᠠᠷᠢᠶᠠᠴᠢᠳ ᠥᠪᠡᠷ᠎ᠲᠡᠭᠡᠨ 17.9 ᠳ᠋ᠦᠩᠱᠢᠭᠤᠷ ᠲᠥᠭᠦᠷᠢᠭ ᠴᠤᠭ᠍ᠯᠠᠭᠤᠯᠵᠤ᠂ 22.4 ᠳ᠋ᠦᠩᠱᠢᠭᠤᠷ ᠲᠥᠭᠦᠷᠢᠭ᠎ᠤᠨ ᠵᠢᠭᠡᠯᠡᠯᠭᠡ ᠬᠡᠷᠡᠭ᠌ᠰᠡᠵᠦ᠍᠂ ᠨᠢᠭᠡᠨᠲᠡ 19.15 ᠳ᠋ᠦᠩᠱᠢᠭᠤᠷ ᠲᠥᠭᠦᠷᠢᠭ ᠪᠠᠭᠤᠯᠭᠠᠪᠠ; ᠬᠠᠪᠤᠷ᠎ᠤᠨ ᠲᠡᠷᠢᠶᠠᠯᠠᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠡ ᠮᠡᠷᠭᠡᠵᠢᠯ᠎ᠤᠨ ᠪᠣᠯᠪᠠᠰᠤᠷᠠᠯ᠎ᠢ 1375 ᠬᠤᠭᠤᠴᠠᠭ᠎ᠠ ᠡᠷᠬᠢᠯᠡᠵᠥ᠍᠂ 13.67 ᠲᠦᠮᠡᠨ ᠬᠥᠮᠦᠨ ᠪᠣᠯᠪᠠᠰᠤᠷᠠᠭᠤᠯᠵᠤ᠂ 6.66 ᠲᠦᠮᠡᠨ ᠳᠡᠪᠲᠡᠷ ᠮᠠᠲ᠋ᠧᠷᠢᠶᠠᠯ ᠲᠠᠷᠬᠠᠭᠠᠵᠤ᠂ 2070 ᠱᠢᠨᠵᠢᠯᠡᠬᠦ᠌ ᠤᠬᠠᠭᠠᠨ ᠲᠧᠭ᠌ᠨᠢᠡ ᠮᠡᠷᠭᠡᠵᠢᠯ᠎ᠤᠨ ᠠᠵᠢᠯᠲᠠᠨ᠎ᠢ ᠬᠦ᠍ᠳᠡᠭᠡ ᠪᠠᠭᠤᠯᠭᠠᠪᠠ; 7.73 ᠲᠦᠮᠡᠨ ᠮᠠᠱᠢᠨ ᠴᠠᠬᠢᠯᠭᠠᠨ ᠬᠤᠳᠳᠤᠭ᠎ᠤᠨ 6 ᠲᠦᠮᠡ ᠭᠠᠷᠤᠢ᠎ᠶ᠋ᠢ᠎ᠨᠢ ᠬᠡᠪ᠎ᠤᠨ ᠪᠠᠢᠳᠠᠯ᠎ᠢᠶᠠᠷ ᠬᠡᠷᠡᠭ᠌ᠯᠡᠵᠦ᠍ ᠪᠣᠯᠤᠨ᠎ᠠ᠂ ᠦᠯᠡᠳᠡᠭ᠌ᠰᠡᠨ᠎ᠢ᠎ᠨᠢ ᠴᠠᠭ᠎ᠢ ᠵᠠᠪᠳᠤᠠ ᠰᠡᠯᠪᠢᠨ ᠵᠠᠰᠠᠵᠤ᠂ 619.85 ᠲᠦᠮᠡᠨ ᠮᠥ᠍ ᠲᠠᠷᠢᠶ᠎ᠠ᠎ᠶ᠋ᠢ ᠤᠰᠤᠯᠠᠬᠤ᠎ᠪᠠᠷ ᠪᠠᠢᠨ᠎ᠠ; 32.83 ᠲᠦᠮᠡᠨ ᠢᠵᠢ ᠲᠠᠷᠢᠶᠠᠯᠠᠩ᠎ᠤᠨ ᠮᠠᠱᠢᠨ ᠪᠠᠭᠠᠵᠢ᠎ᠶ᠋ᠢ ᠪᠠᠢᠴᠠᠭᠠᠨ ᠵᠠᠰᠠᠵᠥ᠍᠂ 895 ᠲᠦᠮᠡᠨ ᠮᠥ᠍ ᠭᠠᠵᠠᠷ ᠱᠢᠷᠣᠶ᠎ᠶ᠋ᠢ ᠲᠡᠭ᠌ᠰᠢᠯᠡᠪᠠ᠃

ᠬᠠᠪᠤᠷ᠎ᠠᠴᠠ ᠨᠠᠭᠠᠰᠢ᠂ ᠲᠤᠰ ᠠᠢᠮᠠᠭ᠎ᠤᠨ ᠡᠯ᠎ᠡ ᠭᠠᠵᠠᠷ᠎ᠤᠨ ᠬᠤᠷ᠎ᠠ ᠲᠣᠨᠳᠠᠰᠤ᠎ᠶ᠋ᠢᠨ ᠬᠡᠮᠵᠢᠶ᠎ᠡ ᠨᠡᠯᠢᠶᠡᠳ ᠥᠨᠳᠥᠷ᠂ ᠬᠥᠷᠥᠰᠥ᠍ ᠱᠢᠷᠣᠶ᠎ᠶ᠋ᠢᠨ ᠴᠢᠭᠢᠭ᠎ᠤᠨ ᠪᠠᠢᠳᠠᠯ ᠨᠡᠯᠢᠶᠡᠳ ᠰᠠᠢᠨ ᠪᠠᠢᠵᠤ᠂ ᠬᠠᠪᠤᠷ᠎ᠤᠨ ᠲᠠᠷᠢᠶᠠᠯᠠᠭ᠎ᠠ᠎ᠶ᠋ᠢᠨ ᠬᠤᠭᠤᠴᠠᠭᠠᠨ᠎ᠳᠤ ᠪᠦᠬᠦ᠌ ᠠᠢᠮᠠᠭ᠎ᠤᠨ 1895 ᠲᠦᠮᠡᠨ ᠮᠥ᠍ ᠲᠠᠷᠢᠶᠠᠨ ᠭᠠᠵᠠᠷ᠎ᠤᠨ ᠨᠢᠭᠡᠳᠦᠭᠡᠷ ᠲᠥᠷᠥᠯ᠎ᠤᠨ ᠴᠢᠭᠢᠭ᠎ᠲᠠᠢ᠎ᠨᠢ 1262.07 ᠲᠦᠮᠡᠨ ᠮᠥ᠍᠂ ᠬᠤᠶᠠᠳᠤᠭᠠᠷ ᠲᠥᠷᠥᠯ᠎ᠤᠨ ᠴᠢᠭᠢᠭ᠎ᠲᠠᠢ᠎ᠨᠢ 632.93 ᠲᠦᠮᠡᠨ ᠮᠥ᠍ ᠪᠠᠢᠨ᠎ᠠ᠃

ᠲᠤᠰ ᠠᠢᠮᠠᠭ᠎ᠤᠨ ᠡᠨᠡ ᠵᠢᠯ᠎ᠤᠨ ᠬᠠᠪᠤᠷ᠎ᠤᠨ ᠲᠠᠷᠢᠶᠠᠯᠠᠭ᠎ᠠ᠎ᠶ᠋ᠢᠨ ᠠᠵᠢᠯ ᠥᠩᠭᠡᠷᠡᠭ᠌ᠰᠡᠨ ᠵᠢᠯ᠎ᠤᠳ᠎ᠲᠠᠢ ᠠᠳᠠᠯᠢ ᠦᠬᠡᠢ ᠵᠦᠢᠯ ᠬᠡᠪᠠᠯ᠂ ᠲᠥᠷᠥ᠎ᠶ᠋ᠢᠨ ᠪᠣᠳᠣᠯᠭ᠎ᠠ᠎ᠶ᠋ᠢᠨ ᠲᠣᠬᠢᠷᠠᠭᠤᠯᠤᠯᠲᠠ᠂ ᠠᠮᠤ ᠪᠤᠳᠠᠭᠠᠨ᠎ᠤ ᠵᠠᠬ᠎ᠠ ᠳᠡᠯᠭᠡᠭᠦᠷ᠎ᠤᠨ ᠦᠨ᠎ᠡ ᠬᠠᠩᠰᠢ᠎ᠶ᠋ᠢᠨ ᠬᠤᠪᠢᠷᠠᠯᠲᠠ ᠵᠡᠷᠭᠡ ᠬᠦᠴᠦᠨ ᠵᠦᠢᠯ᠎ᠤᠨ ᠨᠥᠯᠥᠭᠡ᠎ᠠᠴᠠ ᠪᠣᠯᠵᠣ᠂ ᠲᠠᠷᠢᠶᠠᠴᠢᠳ᠎ᠤᠨ ᠳᠠᠷᠢᠬᠤ ᠰᠠᠨᠠᠮᠵᠢ᠎ᠳᠤ ᠢᠯᠡᠳᠲᠡ ᠬᠤᠪᠢᠷᠠᠯᠲᠠ ᠭᠠᠷᠴᠠᠶ᠃ ᠡᠷᠳᠡᠨᠢ ᠱᠢᠰᠢ᠂ ᠪᠣᠭᠤᠳᠠᠶ ᠵᠡᠷᠭᠡ ᠠᠮᠤ ᠪᠤᠳᠠᠭᠠᠨ᠎ᠤ ᠲᠠᠷᠢᠮᠠᠯ᠎ᠤᠨ ᠵᠠᠬ᠎ᠠ ᠳᠡᠯᠭᠡᠭᠦᠷ᠎ᠤᠨ ᠦᠨ᠎ᠡ ᠬᠠᠩᠰᠢ ᠨᠡᠯᠢᠶᠡᠳ ᠰᠠᠢᠨ ᠪᠠᠢᠵᠤ᠂ ᠬᠤᠳᠠᠯᠳᠤᠨ ᠠᠪᠬᠤ ᠦᠨ᠎ᠡ ᠬᠠᠩᠰᠢ ᠥᠩᠭᠡᠷᠡᠭ᠌ᠰᠡᠨ ᠵᠢᠯ᠎ᠤᠳ᠎ᠤᠨ᠎ᠬᠢ᠎ᠠᠴᠠ ᠥᠨᠳᠥᠷ ᠪᠣᠯᠵᠣ᠂ ᠲᠠᠷᠢᠶᠠᠴᠢᠨ ᠡᠷᠦᠬᠡ᠎ᠶ᠋ᠢᠨ ᠠᠱᠢᠭ ᠣᠷᠣᠯᠭ᠎ᠠ ᠳᠡᠭᠡᠭ᠌ᠰᠢᠯᠡᠵᠦ᠍᠂ ᠲᠠᠷᠢᠶᠠᠴᠢᠳ᠎ᠤᠨ ᠠᠮᠤ ᠪᠤᠳᠠᠭ᠎ᠠ ᠳᠠᠷᠢᠬᠤ ᠢᠳᠡᠪᠬᠢᠵᠢᠯ᠎ᠢ ᠪᠦᠲᠦᠮᠵᠢᠲᠡᠶ ᠲᠠᠢᠴᠢᠯᠠᠪᠠ᠃ ᠲᠡᠬᠢᠪᠠᠯ᠂ ᠣᠢᠷ᠎ᠠ᠎ᠶ᠋ᠢᠨ ᠬᠤᠭᠤᠴᠠᠭᠠᠨ᠎ᠳᠤ ᠵᠠᠯᠭᠠᠭ᠎ᠠ᠎ᠪᠠᠷ ᠤᠷᠤᠭ᠍ᠰᠠᠠ ᠬᠡᠳᠦᠨ ᠤᠳᠠᠭ᠎ᠠ᠎ᠶ᠋ᠢᠨ ᠪᠣᠷᠣᠭᠠᠨ ᠬᠠᠪᠤᠷ᠎ᠤᠨ ᠲᠠᠷᠢᠶᠠᠯᠠᠭ᠎ᠠ᠎ᠳᠤ ᠮᠠᠰᠢ ᠠᠱᠢᠭ᠍ᠲᠠᠶ ᠨᠦᠬᠦᠴᠡᠯ᠎ᠢ ᠪᠦᠷᠢᠯᠳᠦᠬᠦᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号