ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤ ᠬᠠᠪᠤᠷ᠎ᠤᠨ ᠲᠠᠷᠢᠶᠠᠯᠠᠭ᠎ᠠ᠎ᠶ᠋ᠢᠨ ᠶᠠᠭᠠᠷᠠᠤ ᠴᠠᠭ᠎ᠢᠶᠠᠨ ᠤᠭ᠍ᠳᠤᠯ᠎ᠠ
2021-05-07 09:27:02
ᠵᠣᠬᠢᠶᠠᠭ᠍ᠴᠢ᠄
ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

ᠠᠭᠤᠷ ᠠᠮᠢᠰᠭᠤᠯ ᠳᠤᠯᠠᠭᠠᠷᠠᠬᠤ᠎ᠶ᠋ᠢ ᠳᠠᠭᠠᠯᠳᠤᠨ᠂ ᠡᠪᠡᠰᠦ ᠮᠣᠳᠣ ᠨᠣᠭᠤᠭᠠᠷᠠᠵᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠡᠯ᠎ᠡ ᠭᠠᠵᠠᠷ ᠬᠠᠪᠤᠷ᠎ᠤᠨ ᠲᠠᠷᠢᠶᠠᠯᠠᠭ᠎ᠠ᠎ᠶ᠋ᠢᠨ ᠶᠠᠭᠠᠷᠠᠯᠲᠠᠢ ᠴᠠᠭ᠎ᠢᠶᠠᠨ ᠤᠭ᠍ᠳᠤᠯ᠎ᠠ᠃

ᠫᠢᠩ ᠳ᠋ᠢ ᠴᠢᠤᠸᠠᠨ ᠪᠠᠯᠭᠠᠰᠤᠨ᠎ᠤ ᠬᠤᠸᠠ ᠼᠦᠨ ᠲᠤᠰᠭᠤᠨ᠎ᠤ ᠵᠠᠮ᠎ᠤᠨ ᠬᠠᠵᠠᠭᠤ᠎ᠳᠠᠬᠢ ᠲᠠᠷᠢᠶᠠᠨ ᠭᠠᠵᠠᠷ᠎ᠲᠤ 20 ᠭᠠᠷᠤᠢ ᠲᠠᠷᠢᠶᠠᠴᠢᠠ 9 ᠮᠠᠱᠢᠨ᠎ᠢᠶᠠᠷ ᠲᠠᠷᠢᠶ᠎ᠠ ᠲᠠᠷᠢᠵᠤ ᠶᠠᠭᠠᠷᠠᠯᠳᠤᠨ᠎ᠠ᠃

ᠲᠤᠰ ᠬᠡᠰᠡᠭ ᠲᠠᠷᠢᠶᠠᠨ ᠭᠠᠵᠠᠷ᠎ᠤᠨ ᠳᠠᠭᠠᠭᠠᠴᠢᠯᠠᠭ᠍ᠴᠢ ᠪᠡᠭᠡᠵᠢᠩ᠎ᠤᠨ ᠠᠢ ᠶᠢᠨ ᠪᠸᠢ ᠺᠣᠮᠫᠠᠨᠢ᠎ᠶ᠋ᠢᠨ ᠬᠠᠷᠢᠭᠤᠴᠠᠯᠭᠠᠲᠠᠨ ᠸᠠᠩ ᠠᠶ᠄ 《ᠠᠳᠡᠬᠢ ᠭᠠᠵᠠᠷ ᠱᠢᠷᠤᠢ᠎ᠶ᠋ᠢᠨ ᠴᠢᠨᠠᠷ᠎ᠨᠢ ᠲᠥᠮᠥᠰᠥ᠍ ᠳᠠᠷᠢᠬᠤ᠎ᠳᠤ ᠳᠣᠭᠢᠷᠠᠨ᠎ᠠ᠂ ᠡᠨᠡ ᠵᠢᠯ 3800 ᠮᠥ᠍ ᠲᠠᠷᠢᠶᠠᠨ ᠭᠠᠵᠠᠷ ᠳᠠᠭᠠᠭᠠᠴᠢᠯᠠᠵᠤ ᠲᠡᠷᠢᠶᠠᠯᠠᠭ᠎ᠠ᠎ᠶ᠋ᠢᠨ ᠠᠵᠢᠯ᠎ᠢᠶᠠᠨ ᠡᠬᠢᠯᠡᠬᠦᠯᠵᠡᠢ᠂ ᠪᠡᠭᠡᠵᠢᠩ᠎ᠤᠨ ᠰᠠᠭᠤᠭᠠᠯᠢ ᠠᠷᠠᠳ ᠤᠯᠠᠭᠠᠨᠴᠠᠪ᠎ᠤᠨ ᠲᠥᠮᠥᠰᠥ᠎ᠶ᠋ᠢ ᠢᠳᠡᠬᠦ᠌ ᠳᠤᠷᠠᠲᠠᠶ ᠪᠤᠯᠬᠤᠷ 2000 ᠮᠦ᠍᠎ᠳᠤᠨᠢ ᠰᠦᠯᠢᠶᠤᠤ ᠪᠦᠷᠬᠦᠪᠴᠢ ᠲᠡᠷᠤᠵᠥ᠍ ᠲᠦᠮᠦᠰᠤ ᠲᠡᠷᠢᠬᠤ᠎ᠪᠠᠷ ᠪᠠᠢᠨ᠎ᠠ᠂ ᠰᠠᠢᠨ ᠬᠤᠷᠢᠶᠠᠯᠲᠠ ᠤᠯᠬᠤ᠎ᠶ᠋ᠢ ᠬᠦᠰᠡᠵᠦ᠍ ᠪᠠᠢᠨ᠎ᠠ》 ᠬᠡᠵᠤ ᠸᠠᠩ ᠠᠶ ᠶᠠᠷᠢᠨ᠎ᠠ᠃


QQ图片20210507090312.png


ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠫᠢᠩ ᠳ᠋ᠢ ᠴᠢᠤᠸᠠᠨ ᠪᠠᠯᠭᠠᠰᠤᠨ᠎ᠤ ᠬᠤᠸᠠ ᠼᠦᠨ ᠲᠣᠰᠭᠤᠨ᠎ᠤ ᠲᠠᠷᠢᠶᠠᠴᠢᠳ ᠡᠷᠳᠡᠨᠢ ᠱᠢᠰᠢ ᠲᠠᠷᠢᠵᠤ ᠪᠠᠢᠭ᠎ᠠ᠎ᠨᠢ᠃

ᠰᠤᠷᠪᠤᠯᠵᠢᠯᠠᠭ᠍ᠴᠢ ᠬᠠᠢ ᠵᠢᠶᠦ᠋ᠨ ᠰᠡᠬᠦᠳᠡᠷᠯᠡᠪᠡ


ᠨᠠᠨᠼᠦᠨ ᠲᠣᠰᠭᠤᠨ᠎ᠤ ᠵᠠᠮ᠎ᠤᠨ ᠬᠠᠵᠠᠭᠤ᠎ᠳᠤ ᠰᠠᠭᠤᠷᠢ ᠰᠠᠭᠤᠷᠢ ᠲᠤᠯᠠᠭᠠᠨ ᠬᠦᠯᠡᠮᠵᠢ ᠵᠢᠭ᠌ᠳᠡᠷᠨᠨ᠎ᠡ᠃ ᠬᠦᠯᠡᠮᠵᠢᠨ᠎ᠳᠤ ᠲᠠᠷᠢᠶᠠᠴᠢᠳ ᠲᠣᠭᠤᠷ᠎ᠤᠨ ᠮᠣᠳᠣᠨ᠎ᠤ᠎ᠪᠠᠨ ᠰᠠᠯᠠᠭ᠎ᠠ ᠨᠠᠮᠠᠭ᠎ᠠ᠎ᠶ᠋ᠢ ᠵᠠᠰᠠᠵᠤ᠂ ᠢᠳᠡᠱᠢᠨ ᠨᠣᠭᠤᠭ᠎ᠠ᠎ᠪᠠᠨ ᠬᠠᠳᠤᠵᠤ ᠬᠤᠷᠢᠶᠠᠠ ᠠᠷᠠᠴᠢᠯᠠᠵᠥ᠍ ᠶᠠᠭᠠᠷᠠᠯᠳᠤᠨ᠎ᠠ᠃ ᠬᠠᠪᠤᠷ᠎ᠤᠨ ᠲᠠᠷᠢᠶᠠᠯᠠᠭ᠎ᠠ᠎ᠶ᠋ᠢᠨ ᠦᠢᠯᠡᠳᠪᠦᠷᠢᠯᠡᠯ᠎ᠤᠨ ᠤᠷᠤᠭ᠍ᠰᠢᠲᠠᠢ ᠶᠠᠪᠤᠭ᠍ᠳᠠᠬᠤ᠎ᠶ᠋ᠢ ᠪᠠᠲᠤᠯᠠᠬᠤ᠎ᠶ᠋ᠢᠨ ᠲᠥᠯᠥᠭᠡ᠂ ᠨᠠᠨᠼᠦᠨ ᠲᠣᠰᠭᠤᠨ᠎ᠤ ᠺᠠᠳ᠋ᠷ ᠲᠠᠷᠢᠶᠠᠯᠠᠩ᠎ᠤᠨ ᠬᠡᠷᠡᠭ᠌ᠰᠡᠯ ᠬᠠᠨᠭ᠌ᠭᠠᠨ ᠪᠤᠷᠤᠯᠠᠭᠤᠯᠬᠤ ᠠᠵᠤ ᠠᠬᠤᠢ᠍ᠢᠯᠠᠯ᠎ᠲᠠᠢ ᠤᠷᠢᠳᠴᠢᠯᠠᠨ ᠬᠠᠷᠢᠯᠴᠠᠵᠤ᠂ ᠰᠦᠯᠢᠶᠣᠣ ᠪᠦᠷᠬᠦᠪᠴᠢ ᠪᠣᠯᠤᠨ ᠲᠡᠷᠢᠶᠠᠠ ᠦᠷ᠎ᠡ᠎ᠶ᠋ᠢᠨ ᠬᠠᠩᠭᠠᠯᠭ᠎ᠠ᠎ᠶ᠋ᠢ ᠦᠨᠡᠨ ᠬᠦ᠌ ᠪᠠᠲᠤᠯᠠᠵᠠᠢ᠃ ᠡᠭᠦᠨ᠎ᠤ ᠬᠠᠮᠲᠤ᠌᠂ ᠮᠡᠷᠭᠡᠵᠢᠯᠲᠡᠨ ᠲᠣᠬᠢᠷᠠᠭᠤᠯᠵᠤ ᠲᠠᠷᠢᠶᠠᠴᠢᠳ᠎ᠲᠤ ᠠᠷᠭ᠎ᠠ ᠤᠬᠠᠭᠠᠨ ᠭᠠᠷᠭᠠᠨ ᠥᠭ᠌ᠴᠦ᠂ ᠭᠤᠸᠠ ᠨᠣᠭᠤᠭ᠎ᠠ᠎ᠶ᠋ᠢᠨ ᠦᠢᠯᠡᠳᠪᠦᠷᠢᠯᠡᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ᠂ ᠦᠷ᠎ᠡ ᠠᠱᠢᠭ᠎ᠢ ᠨᠡᠮᠡᠭ᠌ᠳᠡᠭᠦᠯᠬᠦ᠌᠎ᠳᠤ ᠮᠡᠷᠭᠡᠵᠢᠯ᠎ᠤᠨ ᠪᠠᠲᠤᠯᠠᠭ᠎ᠠ ᠬᠠᠩᠭᠠᠪᠠ᠃

ᠬᠠᠪᠤᠷ᠎ᠠᠴᠠ᠂ ᠲᠤᠰ ᠬᠤᠱᠢᠭᠤ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠢ ᠨᠠᠷᠢᠨ ᠬᠢᠨᠠᠮᠠᠭᠠᠶ ᠰᠠᠢᠲᠤᠷ ᠬᠢᠵᠦ᠍᠂ ᠠᠵᠢᠯ᠎ᠢᠶᠠᠨ ᠡᠷᠲᠡ ᠲᠣᠬᠢᠷᠠᠭᠤᠯᠵᠤ᠂ ᠡᠳ᠋ ᠪᠣᠳᠠᠰ᠎ᠢᠶᠠᠨ ᠡᠷᠲᠡ ᠪᠡᠯᠡᠳᠭᠡᠠ᠂ ᠠᠷᠭ᠎ᠠ ᠬᠡᠮᠵᠢᠶ᠎ᠡ᠎ᠪᠠᠨ ᠡᠷᠲᠡ ᠨᠠᠢᠳᠠᠪᠤᠷᠢᠵᠢᠭᠤᠯᠵᠦ᠍᠂ ᠬᠠᠪᠤᠷ᠎ᠤᠨ ᠲᠠᠷᠢᠶᠠᠯᠠᠭ᠎ᠠ᠎ᠶ᠋ᠢ ᠯᠠᠪᠳᠠᠭᠤᠨ ᠪᠠᠲᠤᠲᠠᠶ ᠠᠬᠢᠭᠤᠯᠵᠥ᠍ ᠪᠠᠢᠨ᠎ᠠ᠃ ᠲᠣᠰ ᠬᠤᠱᠢᠭᠤ ᠲᠡᠷᠢᠶᠠᠠ ᠦᠷ᠎ᠡ᠂ ᠲᠠᠷᠢᠶᠠᠨ ᠡᠮ᠂ ᠬᠢᠮᠢ᠎ᠶ᠋ᠢᠨ ᠪᠣᠷᠲᠣᠭᠤᠷ ᠵᠡᠷᠭᠡ ᠲᠠᠷᠢᠶᠠᠯᠠᠩ᠎ᠤᠨ ᠬᠡᠷᠡᠭ᠌ᠰᠡᠯ᠎ᠤᠨ ᠦᠢᠯᠡᠳᠬᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠢ ᠴᠢᠩᠭ᠎ᠠ ᠠᠳᠭᠤᠵᠤ᠂ ᠲᠠᠷᠢᠶᠠᠯᠠᠩ᠎ᠤᠨ ᠬᠡᠷᠡᠭ᠌ᠰᠡᠯ᠎ᠤᠨ ᠠᠮᠤᠷ ᠲᠦᠪᠱᠢᠨ᠎ᠤ ᠪᠠᠢᠴᠠᠭᠠᠯᠲᠠ᠎ᠶ᠋ᠢ ᠵᠣᠬᠢᠶᠠᠨ ᠪᠠᠢᠭᠤᠯᠵᠦ᠍᠂ ᠬᠠᠭᠤᠷᠮᠠᠭ ᠮᠠᠭᠤ ᠲᠠᠷᠢᠶᠠᠯᠠᠩ᠎ᠤᠨ ᠬᠡᠷᠡᠭ᠌ᠰᠡᠯ᠎ᠤᠨ ᠲᠠᠷᠢᠶᠠᠴᠢᠳ᠎ᠲᠤ ᠬᠤᠬᠢᠷᠠᠯ ᠤᠴᠠᠷᠠᠭᠤᠯᠬᠤ᠎ᠠᠴᠠ ᠰᠡᠷᠭᠡᠢᠯᠡᠠ᠂ ᠦᠢᠯᠡᠳᠪᠦᠷᠢᠯᠡᠯ᠎ᠤᠨ ᠦᠷ᠎ᠡ ᠠᠱᠢᠭ᠎ᠢ ᠪᠠᠲᠤᠯᠠᠵᠤ᠂ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠢ ᠪᠠᠲᠤᠯᠠᠵᠥ᠍ ᠪᠠᠢᠨ᠎ᠠ᠃

ᠡᠨᠡ ᠵᠢᠯ ᠲᠤᠰ ᠬᠤᠱᠢᠭᠤ 8 ᠲᠦᠮᠡᠨ ᠮᠥ᠍ ᠲᠥᠮᠥᠰᠥ᠍᠂ 2 ᠲᠦᠮᠡᠨ ᠮᠥ᠍ ᠵᠢᠮᠢᠰ ᠢᠳᠡᠱᠢᠨ ᠨᠣᠭᠤᠭ᠎ᠠ᠂ 42.3 ᠲᠦᠮᠡᠨ ᠮᠥ᠍ ᠠᠮᠤ ᠪᠤᠳᠠᠭ᠎ᠠ ᠳᠠᠷᠢᠬᠤ᠎ᠪᠠᠷ ᠲᠥᠯᠥᠪᠯᠡᠵᠦ᠍᠂ ᠡᠯ᠎ᠡ ᠵᠦᠢᠯ᠎ᠤᠨ ᠲᠠᠷᠢᠶᠠᠯᠠᠩ᠎ᠤᠨ ᠬᠡᠷᠡᠭ᠌ᠰᠡᠯ᠎ᠢ ᠬᠦᠢᠴᠡᠳ ᠪᠡᠯᠡᠳᠭᠡᠠ᠂ ᠬᠠᠪᠤᠷ᠎ᠤᠨ ᠲᠠᠷᠢᠶᠠᠯᠠᠭ᠎ᠠ᠎ᠶ᠋ᠢᠨ ᠬᠡᠷᠡᠭ᠌ᠴᠡᠭᠡ᠎ᠶ᠋ᠢ ᠬᠠᠩᠭᠠᠵᠤ ᠪᠠᠢᠨ᠎ᠠ᠃ ᠲᠣᠰ ᠬᠤᠱᠢᠭᠤ ᠪᠠᠰᠠ ᠲᠠᠷᠢᠶᠠᠴᠢᠳ᠎ᠤᠨ ᠲᠥᠮᠥᠰᠥ᠍ ᠳᠠᠷᠢᠬᠤ᠎ᠶ᠋ᠢ ᠦᠷᠭᠦᠯᠵᠢᠯᠡᠨ ᠵᠣᠷᠢᠭ᠍ᠵᠢᠭᠤᠯᠵᠤ᠂ ᠲᠥᠮᠥᠰᠥ᠎ᠶ᠋ᠢᠨ ᠠᠵᠤ ᠦᠢᠯᠡᠰ᠎ᠢ ᠬᠥᠭ᠌ᠵᠢᠭᠦᠯᠦᠨ ᠪᠤᠵᠠᠭᠠᠢᠷᠠᠭᠤᠯᠵᠤ᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠲᠠᠯ᠎ᠠ᠎ᠪᠠᠷ ᠬᠦᠴᠦᠯᠡᠬᠦ᠌᠎ᠪᠠᠷ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号