ᠤᠢ᠍ᠢᠷ᠎ᠠ᠎ᠳᠤ᠂ ᠦᠪᠡᠷᠳᠡᠭᠡᠨ ᠵᠠᠰᠠᠬᠤ ᠤᠷᠤᠨ᠎ᠤ ᠡᠮᠡᠭ᠌ᠳᠡᠢᠴᠤᠳ᠎ᠤᠨ ᠬᠤᠯᠪᠤᠭ᠎ᠠ ᠶᠡᠷᠢᠯᠴᠠᠬᠤ ᠬᠤᠷᠠᠯ ᠬᠢᠵᠦ᠍᠂ 《ᠰᠢ᠎ᠶ᠋ᠢᠨ ᠫᠢᠡᠭ᠎ᠤᠨ ᠭᠡᠷ ᠪᠦᠯᠢ ᠬᠡᠷ᠎ᠤᠨ ᠬᠦᠮᠦᠵᠢᠯ ᠭᠡᠷ᠎ᠤᠨ ᠰᠤᠷᠳᠠᠯ᠎ᠤᠨ ᠪᠠᠢᠭᠤᠯᠤᠯᠳᠠ᠎ᠶ᠋ᠢ ᠬᠦᠨᠳᠦᠳᠭᠡᠭᠦ᠌ ᠲᠤᠬᠠᠢ ᠦᠬᠦᠯᠡᠯᠳᠠ᠎ᠶ᠋ᠢᠨ ᠲᠡᠬᠦᠪᠦᠷᠢ》 ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠪᠠ᠃
ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠭᠢᠮ᠂ ᠡᠷᠡᠬᠦᠯ ᠬᠠᠮᠠᠭᠠᠯᠠᠯ ᠡᠷᠡᠬᠦᠯ ᠮᠡᠨᠳᠦ᠎ᠶ᠋ᠢᠨ ᠵᠦᠪᠯᠡᠯ᠂ ᠡᠪᠯᠡᠯ᠎ᠤᠨ ᠬᠤᠷᠢᠶ᠎ᠠ᠂ ᠪᠦᠬᠦ᠌ ᠤᠯᠤᠰ᠎ᠤᠨ ᠭᠡᠷ᠎ᠤᠨ ᠬᠦᠮᠦᠵᠢᠯ᠎ᠤᠨ ᠱᠢᠨ᠎ᠠ᠎ᠶ᠋ᠢ ᠡᠭᠦᠳᠬᠦ᠌ ᠦᠢᠯᠡᠳᠦᠯᠭᠡ᠎ᠶ᠋ᠢᠨ ᠰᠠᠭᠤᠷᠢᠨ᠂ ᠦᠪᠦᠷ ᠮᠤᠩᠭᠤᠯ᠎ᠤᠨ ᠡᠮᠡᠭ᠌ᠳᠡᠢᠴᠤᠳ ᠬᠡᠤᠬᠡᠳ᠎ᠤᠨ ᠬᠦᠳᠡᠯᠭᠡᠭᠡᠨ᠎ᠤ ᠲᠦᠪ ᠵᠡᠷᠭᠡ ᠪᠠᠢᠭᠤᠯᠭ᠎ᠠ ᠨᠢᠭᠡᠴᠢ᠎ᠶ᠋ᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠵᠢᠴᠢ ᠬᠠᠮᠤᠭ᠎ᠤᠨ ᠭᠤᠶᠤ ᠭᠡᠷ ᠪᠦᠯᠢ᠎ᠶ᠋ᠢᠨ ᠲᠦᠯᠦᠭᠡᠯᠡᠭ᠌ᠴᠢ ᠦᠪᠡᠷ ᠦᠪᠡᠷᠰᠡᠳ᠎ᠤᠨ ᠠᠵᠢᠯ ᠠᠮᠢᠳᠤᠷᠠᠯ᠎ᠤᠨ ᠪᠤᠳᠠᠳᠤ ᠪᠠᠢᠳᠠᠯ᠎ᠲᠠᠢ᠎ᠪᠠᠨ ᠤᠶᠠᠯᠳᠤᠭᠤᠯᠤᠨ 《ᠦᠬᠦᠯᠡᠯᠳᠠ᠎ᠶ᠋ᠢᠨ ᠲᠡᠬᠦᠪᠦᠷᠢ》 ᠶ᠋ᠢ ᠰᠤᠷᠤᠯᠴᠠᠬ᠍ᠰᠠᠨ ᠤᠯᠤᠯᠳᠠ ᠲᠦᠷᠦᠭ᠌ᠳᠡᠯ ᠪᠠ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠪᠠᠨ ᠬᠤᠪᠢᠶᠠᠯᠴᠠᠵᠠᠢ᠃
ᠦᠪᠡᠷᠳᠡᠭᠡᠨ ᠵᠠᠰᠠᠬᠤ ᠤᠷᠤᠨ᠎ᠤ ᠡᠮᠡᠭ᠌ᠳᠡᠢᠴᠤᠳ᠎ᠤᠨ ᠬᠤᠯᠪᠤᠭ᠎ᠠ᠎ᠠᠴᠠ᠂ ᠪᠦᠬᠦ᠌ ᠤᠷᠤᠨ᠎ᠤ ᠡᠯ᠎ᠠ ᠱᠠᠳᠤᠨ᠎ᠤ ᠡᠮᠡᠭ᠌ᠳᠡᠢᠴᠤᠳ᠎ᠤᠨ ᠬᠤᠯᠪᠤᠭ᠎ᠠ᠎ᠶ᠋ᠢᠨ ᠵᠤᠬᠢᠶᠠᠨ ᠪᠠᠢᠭᠤᠯᠤᠯᠳᠠ᠂ ᠡᠮᠡᠭ᠌ᠳᠡᠢᠴᠤᠳ᠎ᠤᠨ ᠬᠤᠯᠪᠤᠭ᠎ᠠ᠎ᠶ᠋ᠢᠨ ᠪᠦᠯᠬᠦᠮ᠎ᠤᠨ ᠬᠡᠱᠢᠬᠦᠨ ᠨᠢᠭᠡᠴᠢ᠂ ᠬᠠᠮᠢᠶ᠎ᠠ ᠪᠦᠬᠦᠢ ᠨᠡᠢᠭᠡᠮ᠎ᠤᠨ ᠵᠤᠬᠢᠶᠠᠨ ᠪᠠᠢᠭᠤᠯᠤᠯᠳᠠ ᠰᠤᠷᠤᠯᠴᠠᠨ ᠤᠬᠠᠭᠤᠯᠬᠤ ᠠᠵᠢᠯᠯᠠᠭ᠎ᠠ ᠦᠷᠨᠢᠬᠦᠯᠵᠦ᠍᠂ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠴᠢᠬᠤᠯᠠ ᠦᠬᠦᠯᠡᠯᠳᠠ᠎ᠶ᠋ᠢᠨ ᠡᠯᠪᠡᠭ ᠪᠠᠶᠠᠯᠢᠭ ᠠᠭᠤᠯᠤᠭ᠍ᠳᠠᠬᠤᠨ ᠪᠠ ᠵᠤᠷᠢᠭ ᠰᠠᠨᠠᠭ᠎ᠠ᠎ᠶ᠋ᠢᠨ ᠮᠦᠨ ᠴᠢᠨᠠᠷ᠎ᠢ ᠭᠦᠨᠵᠡᠭᠡᠢ ᠤᠢ᠍ᠢᠯᠠᠭᠠᠵᠤ᠂ ᠶᠡᠷᠦᠩᠭᠡᠢ ᠱᠦᠵᠢ ᠰᠢ᠎ᠶ᠋ᠢᠨ ᠫᠢᠡᠭ᠎ᠤᠨ ᠭᠡᠷ ᠪᠦᠯᠢ ᠬᠡᠷ᠎ᠤᠨ ᠬᠦᠮᠦᠵᠢᠯ ᠭᠡᠷ᠎ᠤᠨ ᠰᠤᠷᠳᠠᠯ᠎ᠤᠨ ᠪᠠᠢᠭᠤᠯᠤᠯᠳᠠ᠎ᠶ᠋ᠢ ᠬᠦᠨᠳᠦᠳᠭᠡᠭᠦ᠌ ᠲᠤᠬᠠᠢ ᠦᠬᠦᠯᠡᠯᠳᠠ᠎ᠶ᠋ᠢ ᠡᠮᠡᠭ᠌ᠳᠡᠢᠴᠤᠳ᠎ᠤᠨ ᠬᠤᠯᠪᠤᠭ᠎ᠠ᠎ᠶ᠋ᠢᠨ ᠠᠵᠢᠯ᠎ᠤᠨ ᠪᠦᠬᠦ᠌ ᠶᠠᠪᠤᠴᠠ᠂ ᠡᠯ᠎ᠠ ᠲᠠᠯ᠎ᠠ᠎ᠳᠤ ᠲᠤᠭᠤᠱᠢᠯᠠᠭᠤᠯᠬᠤ ᠬᠡᠷᠡᠭ᠌ᠳᠡᠢ᠃ ᠡᠭᠦᠨ᠎ᠤ ᠬᠠᠮᠳᠤ᠂ ᠡᠯ᠎ᠠ ᠰᠠᠯᠠᠭ᠎ᠠ ᠮᠦᠴᠢᠷ᠂ ᠪᠠᠢᠭᠤᠯᠭ᠎ᠠ ᠨᠢᠭᠡᠴᠢ ᠨᠡᠢᠭᠡᠮ᠎ᠤᠨ ᠡᠯ᠎ᠠ ᠡᠳᠡᠭᠡᠳᠯᠦᠭᠡᠶ᠋ᠢᠨ ᠬᠠᠷᠢᠯᠴᠠᠭ᠎ᠠ ᠬᠠᠮᠳᠤᠷᠠᠯᠴᠠᠭ᠎ᠠ᠎ᠪᠠᠨ ᠴᠢᠩᠭᠠᠳᠭᠠᠵᠤ᠂ ᠭᠡᠷ ᠪᠦᠯᠢ ᠭᠡᠷ᠎ᠤᠨ ᠬᠦᠮᠦᠵᠢᠯ ᠭᠡᠷ᠎ᠤᠨ ᠰᠤᠷᠳᠠᠯ᠎ᠤᠨ ᠪᠠᠢᠭᠤᠯᠤᠯᠳᠠ᠎ᠶ᠋ᠢᠨ ᠬᠠᠮᠳᠤᠷᠠᠯ ᠬᠦᠴᠦᠨ᠎ᠢ ᠪᠦᠷᠢᠯᠳᠦᠬᠦᠯᠵᠦ᠍᠂ ᠱᠢᠨ᠎ᠠ ᠴᠠᠭ ᠦᠶ᠎ᠠ᠎ᠶ᠋ᠢᠨ ᠪᠦᠬᠦ᠌ ᠤᠷᠤᠨ᠎ᠤ ᠭᠡᠷ ᠪᠦᠯᠢ᠎ᠶ᠋ᠢᠨ ᠠᠵᠢᠯ᠎ᠤᠨ ᠱᠢᠨ᠎ᠠ ᠭᠦᠭ᠌ᠵᠢᠯᠳᠠᠶ᠋ᠢ ᠠᠬᠢᠭᠤᠯᠬᠤ ᠬᠡᠷᠡᠭ᠌ᠳᠡᠢ ᠬᠡᠵᠦ᠍ ᠱᠠᠭᠠᠷᠳᠠᠪᠠ᠃