ᠬᠡᠷ ᠪᠦᠯᠢ᠎ᠶ᠋ᠢᠨ ᠡᠮᠴᠢ ᠣᠯᠠᠨ ᠲᠦᠮᠡᠨ᠎ᠳᠤ ᠬᠠᠯᠠᠭᠤᠠ ᠦᠢᠯᠡᠴᠢᠯᠡᠭᠡ ᠬᠠᠨᠭ᠌ᠭᠠᠵᠦ᠍ ᠪᠠᠢᠨ᠎ᠠ
2021-05-09 11:45:27
ᠵᠣᠬᠢᠶᠠᠭ᠍ᠴᠢ᠄
ᠬᠡᠱᠢᠭ᠌ᠪᠦᠶᠡᠨ
ᠣᠩᠱᠢᠭ᠍ᠰᠠᠨ ᠣᠳᠠᠭ᠎ᠠ᠄
★★★☆☆

 — ᠲᠠᠨ᠎ᠳᠤ ᠪᠡᠶ᠎ᠡ᠎ᠶ᠋ᠢᠨ ᠪᠠᠢᠴᠠᠭᠠᠯᠳᠠ ᠬᠢᠬᠦ᠌᠎ᠪᠠᠷ ᠢᠷᠡᠯ᠎ᠡ᠂ ᠪᠡᠶ᠎ᠠ ᠴᠢᠨᠢ ᠵᠦᠭᠡᠷ ᠤᠤ?

— ᠬᠡᠦᠬᠡᠨ ᠡ᠂ ᠬᠡᠷ᠎ᠲᠤ ᠤᠷᠤ ᠡ!

ᠤᠢ᠍ᠢᠷ᠎ᠠ᠎ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠪᠠᠶᠠᠨᠬᠤᠱᠢᠭᠤ ᠪᠠᠯᠭᠠᠰᠤ᠎ᠶ᠋ᠢᠨ ᠨᠡᠢᠭᠡᠮ ᠲᠣᠭᠤᠷᠢᠭ᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠲᠥᠪ᠎ᠤᠨ ᠬᠡᠷ ᠪᠦᠯᠢ᠎ᠶ᠋ᠢᠨ ᠡᠮᠴᠢ᠎ᠶ᠋ᠢᠨ ᠭᠡᠷ᠎ᠡ ᠲᠣᠭ᠍ᠲᠠᠭ᠍ᠰᠠᠨ ᠪᠦᠯᠬᠦᠮ᠎ᠤᠨ ᠠᠵᠢᠯᠲᠠᠳ᠎ᠢ ᠦᠵᠡᠬᠡᠳ ᠲᠤᠰ ᠨᠡᠢᠭᠡᠮ ᠲᠣᠭᠤᠷᠢᠭ᠎ᠤᠨ ᠼᠤᠤ ᠨᠠᠰᠤᠲᠠᠨ ᠬᠠᠯᠠᠭᠤᠮᠰᠤᠭ᠎ᠢᠶᠠᠷ ᠤᠬ᠍ᠳᠤᠵᠥ᠍ ᠵᠤᠭᠤᠭ᠍ᠳᠠᠨ᠎ᠠ᠃

ᠼᠤᠤ ᠨᠠᠰᠤᠳᠠᠨ ᠴᠢᠰᠤᠨ ᠳᠠᠷᠤᠯᠲᠠ ᠥᠨᠳᠥᠷ᠂ ᠱᠢᠬᠢᠷ ᠱᠢᠵᠢᠩ ᠡᠪᠡᠳᠴᠢᠨ ᠵᠡᠷᠬᠡ ᠤᠳᠠᠭᠠᠨ ᠴᠢᠨᠠᠷᠲᠠᠢ ᠡᠪᠡᠳᠴᠢᠨ᠎ᠳᠤ ᠨᠠᠷᠪᠡᠭ᠌ᠳᠡᠬᠡᠳ 10 ᠭᠠᠷᠤᠢ ᠵᠢᠯ ᠪᠤᠯᠵᠥ᠍ ᠪᠠᠢᠨ᠎ᠠ᠃ ᠠᠵᠢᠯᠲᠠᠳ ᠼᠤᠤ ᠨᠠᠰᠤᠳᠠᠨ᠎ᠤ ᠴᠢᠰᠤᠨ ᠳᠠᠷᠤᠯᠲᠠ᠂ ᠴᠢᠰᠤᠨ ᠱᠢᠬᠢᠷ᠎ᠢ᠎ᠨᠢ ᠪᠠᠢᠴᠠᠭᠠᠠ ᠬᠡᠮᠵᠢᠵᠦ᠍᠂ ᠡᠳᠦᠷ ᠲᠤᠲᠤᠮ᠎ᠤᠨ ᠡᠮ ᠬᠡᠷᠡᠭ᠌ᠯᠡᠵᠦ᠍ ᠪᠠᠢᠭ᠎ᠠ ᠪᠠᠢᠳᠠᠯ᠎ᠢ᠎ᠨᠢ ᠨᠢᠮᠪᠠᠢ ᠠᠰᠠᠭᠤᠠ ᠣᠢᠯᠠᠭᠠᠭ᠍ᠰᠠᠨ᠎ᠤ ᠳᠠᠷᠠᠭ᠎ᠠ᠂ ᠲᠣᠰᠣ᠂ ᠳᠠᠪᠤᠰᠤ᠂ ᠱᠢᠬᠢᠷ ᠶᠡᠬᠡᠳᠠᠢ ᠢᠳᠡᠬᠡᠡ ᠤᠮᠳᠠᠭᠠᠠ᠎ᠢ ᠲᠤᠳᠠᠭᠤ ᠢᠳᠠᠵᠥ᠍᠂ ᠡᠯᠳᠡᠪ ᠠᠮᠤ ᠪᠣᠯᠤᠨ ᠢᠳᠡᠱᠢᠨ ᠨᠣᠭᠤᠭ᠎ᠠ ᠢᠯᠡᠭᠦᠤ ᠢᠳᠡᠵᠦ᠍᠂ ᠢᠯᠡᠭᠦᠬᠡᠨ ᠬᠥᠳᠡᠯᠭᠡᠭᠡᠨ ᠬᠢᠬᠦ᠌ ᠲᠤᠬᠠᠢ ᠠᠩᠬᠠᠷᠤᠭᠤᠯᠤᠠ ᠵᠠᠬᠢᠨ᠎ᠠ᠃

ᠤᠯᠤᠰ᠎ᠤᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠦᠢᠯᠡᠴᠢᠯᠡᠭᠡ᠎ᠶ᠋ᠢ ᠤᠯᠠᠮ ᠰᠠᠢᠠ ᠨᠠᠢᠳᠠᠪᠤᠷᠢᠵᠢᠭᠤᠯᠵᠤ᠂ ᠤᠳᠠᠭᠠᠨ ᠴᠢᠨᠠᠷᠲᠠᠶ ᠡᠪᠡᠳᠴᠢᠲᠡᠨ᠎ᠤ ᠡᠷᠡᠭᠦᠯ ᠮᠡᠨᠳᠦ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠬᠤ᠎ᠶ᠋ᠢᠨ ᠲᠥᠯᠥᠭᠡ᠂ ᠣᠢᠷ᠎ᠠ᠎ᠳᠤ ᠲᠤᠰ ᠪᠦᠯᠬᠦᠮ ᠡᠨᠡ ᠵᠢᠯ᠎ᠤᠨ ᠨᠢᠭᠡᠳᠦᠭᠡᠷ ᠤᠯᠠᠷᠢᠯ᠎ᠤᠨ ᠱᠢᠬᠢᠷ ᠱᠢᠵᠢᠩ ᠡᠪᠡᠳᠴᠢᠨ᠎ᠲᠠᠢ᠂ ᠴᠢᠰᠤᠨ ᠳᠠᠷᠤᠯᠲᠠ ᠥᠨᠳᠥᠷ᠂ ᠣᠶᠤᠨ ᠮᠡᠳᠡᠷᠡᠯ᠎ᠤᠨ ᠰᠠᠭᠠᠳ᠎ᠲᠠᠢ ᠡᠪᠡᠳᠴᠢᠲᠡᠨ᠎ᠤ ᠬᠡᠷ᠎ᠲᠤᠨᠢ ᠬᠦᠷᠴᠤ᠌ ᠨᠢᠮᠪᠠᠢ ᠪᠠᠢᠴᠠᠭᠠᠵᠥ᠍᠂ ᠪᠠᠶ᠎ᠠ᠎ᠪᠠᠨ ᠬᠡᠷᠬᠢᠠ ᠰᠤᠪᠢᠯᠠᠠ ᠵᠠᠰᠠᠬᠤ ᠲᠤᠬᠠᠢ ᠮᠡᠳᠡᠯᠭᠡ᠎ᠶ᠋ᠢ ᠤᠬᠠᠭᠤᠯᠤᠠ ᠲᠡᠢᠯᠪᠤᠷᠢᠯᠠᠵᠥ᠍ ᠲᠤᠳᠤᠨᠤ ᠦᠢᠯᠡᠴᠢᠯᠡᠭᠡ ᠬᠠᠨᠭ᠌ᠭᠠᠵᠥ᠍ ᠪᠠᠢᠨ᠎ᠠ᠃

ᠣᠢᠯᠠᠭᠠᠭ᠍ᠰᠠᠨ᠎ᠢᠶᠠᠷ᠂ ᠲᠤᠰ ᠲᠥᠪ᠎ᠲᠤ 11 ᠬᠡᠷ ᠪᠦᠯᠢ᠎ᠶ᠋ᠢᠨ ᠡᠮᠴᠢ᠎ᠶ᠋ᠢᠨ ᠭᠡᠷ᠎ᠡ ᠲᠣᠭ᠍ᠲᠠᠨ ᠦᠢᠯᠡᠴᠢᠯᠡᠬᠦ᠌ ᠪᠦᠯᠬᠦᠮ᠎ᠲᠠᠢ᠂ ᠪᠦᠷᠢᠨ ᠴᠢᠳᠠᠮᠵᠢᠳᠤ ᠡᠮᠴᠢ ᠪᠠ ᠰᠤᠪᠢᠯᠠᠭ᠍ᠴᠢᠳ ᠬᠠᠷᠢᠶ᠎ᠠ ᠣᠷᠣᠨ᠎ᠤ᠎ᠪᠠᠨ 10 ᠨᠡᠢᠭᠡᠮ ᠲᠣᠭᠤᠷᠢᠭ᠎ᠤᠨ ᠰᠠᠭᠤᠭᠠᠯᠢ ᠠᠷᠠᠳ᠎ᠤᠨ ᠵᠥᠪᠯᠡᠯ᠂ 4 ᠭᠠᠴᠠᠭᠠᠨ᠎ᠳᠤ ᠵᠢᠯ ᠪᠦᠷᠢ 4 ᠤᠳᠠᠭ᠎ᠠ ᠭᠦᠨᠵᠡᠭᠡᠢᠷᠡᠨ᠂ 7000 ᠭᠠᠷᠤᠶ ᠬᠥᠮᠦᠨ᠎ᠳᠤ ᠰᠦᠶᠳᠭᠡᠯ ᠬᠤᠷᠢᠶᠠᠬᠤ ᠥᠬᠡᠶ᠎ᠪᠠᠷ ᠦᠢᠯᠡᠴᠢᠯᠡᠭᠡ ᠬᠠᠨᠭ᠌ᠭᠠᠬᠤ᠎ᠶ᠋ᠢᠨ ᠬᠠᠮᠲᠤ ᠰᠠᠭᠤᠭᠠᠯᠢ ᠠᠷᠠᠳ᠎ᠲᠠᠢ ᠬᠡᠷ ᠪᠦᠯᠢ᠎ᠶ᠋ᠢᠨ ᠡᠮᠴᠢ᠎ᠶ᠋ᠢᠨ ᠮᠠᠶᠢᠭ᠎ᠤᠨ ᠦᠢᠯᠡᠴᠢᠯᠡᠭᠡᠨ᠎ᠤ ᠵᠥᠪᠯᠡᠯᠴᠡᠭᠡᠷ ᠲᠣᠭ᠍ᠲᠠᠪᠠ᠃ ᠭᠡᠷ ᠪᠦᠯᠢ᠎ᠶ᠋ᠢᠨ ᠡᠮᠴᠢ ᠤᠳᠠᠭᠠᠨ ᠴᠢᠨᠠᠷᠲᠠᠢ ᠡᠪᠡᠳᠴᠢᠲᠡᠨ᠎ᠤ ᠥᠪᠡᠷᠮᠢᠴᠡ ᠱᠠᠭᠠᠷᠳᠠᠯᠭ᠎ᠠ᠎ᠳᠤ ᠵᠤᠬᠢᠴᠠᠭᠤᠯᠤᠠ᠂ ᠴᠢᠰᠤᠨ ᠳᠠᠷᠤᠯᠲᠠ᠂ ᠴᠢᠰᠤᠨ ᠱᠢᠬᠢᠷ᠎ᠤᠨ ᠪᠠᠢᠳᠠᠯ᠎ᠢ ᠨᠠᠷᠢᠠ ᠨᠢᠮᠪᠠᠢ ᠬᠡᠮᠵᠢᠵᠤ᠂ ᠡᠷᠡᠭᠦᠯ ᠮᠡᠨᠳᠦ᠎ᠶ᠋ᠢᠨ ᠮᠡᠳᠡᠯᠭᠡ᠎ᠶ᠋ᠢᠨ ᠤᠬᠠᠭᠤᠯᠭ᠎ᠠ᠎ᠶ᠋ᠢᠨ ᠮᠠᠲ᠋ᠧᠷᠢᠶᠠᠯ ᠲᠠᠷᠬᠠᠭᠠᠬᠤ᠎ᠶ᠋ᠢᠨ ᠬᠠᠮᠲᠤ ᠡᠮ᠎ᠢ ᠵᠦᠪ ᠤᠨᠤᠪᠴᠢᠳᠠᠢ ᠤᠤᠭᠤᠬᠤ᠂ ᠢᠳᠡᠭᠡᠨ ᠤᠮᠳᠠᠭᠠᠨ᠎ᠢᠶᠠᠨ ᠵᠤᠬᠢᠰᠳᠠᠢ ᠲᠤᠬᠢᠷᠠᠭᠤᠯᠵᠥ᠍᠂ ᠵᠣᠬᠢᠰᠲᠠᠢ ᠬᠥᠳᠡᠯᠭᠡᠭᠡᠨ ᠬᠢᠬᠦ᠌ ᠲᠡᠯ᠎ᠠ᠎ᠪᠠᠷ ᠵᠢᠯᠣᠭᠤᠳᠴᠤ᠌᠂ ᠱᠢᠨᠵᠢᠯᠠᠬᠦ᠌ ᠤᠬᠠᠭᠠᠠᠴᠢ᠎ᠪᠠᠷ ᠠᠮᠢᠳᠤᠷᠠᠬᠤ ᠠᠷᠭ᠎ᠠ ᠬᠡᠯᠪᠡᠷᠢ᠂ ᠢᠳᠡᠪᠬᠢᠲᠡᠢ ᠪᠠᠶᠠᠰᠤᠩᠭᠤᠢ ᠰᠡᠳᠭᠢᠴᠡ᠎ᠪᠠᠷ ᠪᠠᠶ᠎ᠠ᠎ᠪᠠᠨ ᠰᠤᠪᠢᠯᠠᠬᠤ᠎ᠶ᠋ᠢ ᠠᠩᠬᠠᠷᠤᠭᠤᠯᠳᠠᠭ᠃ ᠲᠡᠳᠠᠠ᠎ᠤ ᠳᠣᠲᠣᠨᠣ ᠦᠢᠯᠡᠴᠢᠯᠡᠭᠡ ᠤᠳᠠᠭᠠᠨ ᠴᠢᠨᠠᠷᠲᠠᠶ ᠡᠪᠡᠳᠴᠢᠲᠡᠨ᠎ᠤ ᠡᠪᠡᠳᠴᠢᠨ᠎ᠢᠶᠠᠨ ᠦᠵᠡᠭᠦᠯᠬᠦ᠂ ᠡᠪᠡᠳᠴᠢᠨ ᠡᠮᠭᠡᠭ᠎ᠢ ᠤᠷᠢᠳᠴᠢᠯᠠᠨ ᠰᠡᠷᠭᠡᠢᠯᠡᠬᠦ᠌ ᠡᠷᠡᠭᠦᠯ ᠮᠡᠨᠳᠦ ᠡᠷᠡᠭᠦᠯᠵᠢᠯ᠎ᠤᠨ ᠤᠬᠠᠮᠰᠠᠷ᠎ᠢ ᠲᠡᠬᠡᠭ᠌ᠰᠢᠯᠡᠬᠦᠯᠵᠥ᠍᠂ ᠡᠮᠴᠢ ᠡᠪᠡᠳᠴᠢᠲᠡᠨ᠎ᠤ ᠤᠢ᠍ᠢᠯᠠᠭᠠᠯᠴᠠᠭ᠎ᠠ᠎ᠶ᠋ᠢ ᠠᠬᠢᠭᠤᠯᠤᠨ᠂ ᠨᠠᠩ ᠣᠯᠠᠨ ᠰᠠᠭᠤᠭᠠᠯᠢ ᠠᠷᠠᠳ᠎ᠲᠤ ᠡᠷᠡᠭᠦᠯ ᠮᠡᠨᠳᠦ᠎ᠶ᠋ᠢᠨ ᠬᠠᠷᠠᠭᠠᠯᠵᠠᠯ᠎ᠢ ᠬᠦᠷᠲᠡᠭᠡᠵᠦ᠍ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号