ᠡᠷᠳᠡᠨᠢ ᠱᠢᠰᠢ᠎ᠶ᠋ᠢᠨ ᠬᠠᠯᠢᠰᠤ 《ᠡᠷᠳᠡᠨᠢ》 ᠪᠤᠯᠪᠠ
2021-05-09 11:45:33
ᠵᠣᠬᠢᠶᠠᠭ᠍ᠴᠢ᠄
ᠸᠡᠩ ᠲᠠᠨ᠎ᠡ
ᠣᠩᠱᠢᠭ᠍ᠰᠠᠨ ᠣᠳᠠᠭ᠎ᠠ᠄
★★★☆☆

ᠯᠢᠨᠰᠢ ᠱᠢᠶᠠᠨ᠎ᠤ ᠳ᠋ᠠ ᠵᠢᠩ ᠪᠠᠯᠭᠠᠰᠤ᠎ᠶ᠋ᠢᠨ ᠳ᠋ᠦᠩ ᠹᠠᠩ ᠬᠤᠩ ᠲᠣᠰᠭᠤᠨ᠎ᠤ ᠲᠠᠷᠢᠶᠠᠴᠢᠨ ᠯᠢᠦᠢ ᠬᠠᠢ ᠫᠢᠩ ᠪᠣᠯ ᠲᠣᠰᠭᠤᠨ᠎ᠤ᠎ᠪᠠᠨ ᠡᠷᠳᠡᠨᠢ ᠱᠢᠰᠢ᠎ᠶ᠋ᠢᠨ ᠬᠠᠯᠢᠰᠤᠨ᠎ᠤ ᠨᠠᠭᠠᠮᠠᠯ ᠵᠢᠷᠤᠭ᠎ᠤᠨ ᠲᠦᠷᠦᠯ ᠵᠦᠢᠯ᠎ᠤᠨ ᠦᠢᠯᠡᠴᠢᠯᠡᠬᠡᠨ᠎ᠤ ᠰᠠᠢᠨ ᠳᠤᠷᠠᠴᠤᠳ᠎ᠤᠨ ᠨᠢᠭᠡ ᠮᠦᠨ᠃ ᠲᠡᠷᠡ ᠲᠣᠰᠭᠤᠨ᠎ᠤ ᠡᠮᠡᠭ᠌ᠲᠡᠢᠴᠦᠳ᠎ᠢ ᠬᠠᠪᠰᠤᠷᠤᠨ ᠵᠢᠯᠣᠭᠤᠤᠡᠴᠤ᠌ ᠡᠷᠳᠡᠨᠢ ᠱᠢᠰᠢ᠎ᠶ᠋ᠢᠨ ᠬᠠᠯᠢᠰᠤᠨ᠎ᠤ ᠨᠠᠭᠠᠮᠠᠯ ᠵᠢᠷᠤᠭ ᠬᠢᠬᠦ᠌᠎ᠠᠴᠠ ᠭᠠᠳᠠᠨ᠎ᠠ᠂ ᠡᠩ᠎ᠤᠨ ᠦᠶ᠎ᠡ᠎ᠳᠤ ᠭᠡᠷ᠎ᠲᠡᠭᠡᠨ ᠪᠠᠰᠠ ᠲᠣᠰᠭᠤᠨ᠎ᠠᠴᠠ ᠬᠠᠩᠭᠠᠭ᠍ᠰᠠᠨ ᠲᠤᠨᠤᠭ ᠲᠥᠬᠦᠭᠡᠷᠦᠮᠵᠢ᠎ᠶ᠋ᠢ ᠠᠱᠢᠬ᠍ᠯᠠᠨ ᠡᠷᠳᠡᠨᠢ ᠱᠢᠰᠢ᠎ᠶ᠋ᠢᠨ ᠬᠠᠯᠢᠰᠤᠨ᠎ᠤ ᠪᠦᠲᠦᠭᠡᠯ ᠵᠤᠬᠢᠶᠠᠳᠠᠭ᠃ ᠲᠡᠭᠦᠨ᠎ᠤ ᠵᠤᠬᠢᠶᠠᠭ᠍ᠰᠠᠨ ᠪᠦᠲᠦᠭᠡᠯ᠎ᠨᠢ ᠤᠢ᠍ᠢᠷ᠎ᠠ ᠬᠠᠪᠢ᠎ᠶ᠋ᠢᠨ ᠬᠦᠮᠦᠰ᠎ᠤᠨ ᠬᠠᠯᠠᠭᠤᠨ ᠬᠦᠷᠢᠶᠡᠯᠡᠯ᠎ᠢ ᠤᠯᠵᠤ᠂ ᠨᠢᠳᠤᠨᠤᠨ ᠡᠷᠳᠡᠨᠢ ᠱᠢᠰᠢ᠎ᠶ᠋ᠢᠨ ᠬᠠᠯᠢᠰᠤᠨ᠎ᠤ ᠨᠠᠭᠠᠮᠠᠯ ᠵᠢᠷᠤᠭ᠎ᠢᠶᠠᠨ ᠬᠤᠳᠠᠯᠳᠤᠭᠠᠳ ᠲᠦᠮᠡ ᠭᠠᠷᠤᠢ ᠲᠥᠭᠦᠷᠢᠭ᠎ᠤᠨ ᠤᠷᠤᠯᠭ᠎ᠠ ᠤᠯᠪᠠ᠃ ᠡᠷᠳᠡᠨᠢ ᠱᠢᠰᠢ᠎ᠶ᠋ᠢᠨ ᠬᠠᠯᠢᠰᠤᠨ᠎ᠤ ᠨᠠᠭᠠᠮᠠᠯ ᠵᠢᠷᠤᠭ᠎ᠤᠨ ᠲᠦᠷᠦᠯ ᠵᠦᠢᠯ᠎ᠤᠨ ᠲᠠᠢᠴᠢᠯᠠᠯᠳᠠ᠎ᠪᠠᠷ ᠳ᠋ᠦᠩ ᠹᠠᠩ ᠬᠤᠩ ᠲᠣᠰᠭᠤᠨ᠎ᠤ ᠡᠷᠳᠡᠨᠢ ᠱᠢᠰᠢ᠎ᠶ᠋ᠢᠨ ᠬᠠᠯᠢᠰᠤ᠎ᠪᠠᠷ ᠬᠢᠭ᠌ᠰᠡᠨ ᠭᠠᠷ ᠤᠷᠠᠯᠠᠯ᠎ᠤᠨ ᠪᠦᠲᠦᠭᠡᠭ᠌ᠳᠡᠬᠦᠨ᠎ᠤ ᠵᠢᠯ᠎ᠤᠨ ᠪᠣᠷᠣᠯᠠᠭᠤᠯᠭ᠎ᠠ᠎ᠶ᠋ᠢᠨ ᠣᠷᠣᠯᠭ᠎ᠠ 20 ᠲᠦᠮᠡᠨ ᠲᠥᠭᠦᠷᠢᠭ᠎ᠲᠤ ᠬᠦᠷᠴᠦ᠍ ᠪᠠᠢᠨ᠎ᠠ᠃

ᠡᠷᠳᠡᠨᠢ ᠱᠢᠰᠢ ᠪᠣᠯ ᠯᠢᠨᠰᠢ ᠱᠢᠶᠠᠨ᠎ᠤ ᠬᠥᠳᠡᠭᠡ ᠲᠣᠰᠭᠤᠨ᠎ᠢᠶᠠᠷ ᠨᠡᠢᠳᠡᠮ ᠳᠠᠷᠢᠵᠤ ᠪᠠᠢᠭ᠎ᠠ ᠲᠠᠷᠢᠮᠠᠯ᠎ᠤᠨ ᠵᠦᠢᠯ ᠪᠤᠯᠤᠨ᠎ᠠ᠂ 2020 ᠤᠨ᠎ᠳᠤ ᠪᠦᠬᠦ᠌ ᠱᠢᠶᠠᠨ᠎ᠤ ᠡᠷᠳᠡᠨᠢ ᠱᠢᠰᠢ ᠲᠠᠷᠢᠭ᠍ᠰᠠᠨ ᠲᠠᠯᠠᠪᠠᠢ 37 ᠲᠦᠮᠡᠨ ᠮᠥ᠎ᠳᠤ ᠬᠥᠷᠴᠡᠢ᠃ ᠦᠩᠬᠡᠷᠡᠭ᠌ᠰᠡᠨ᠎ᠳᠤ ᠡᠷᠳᠡᠨᠢ ᠱᠢᠰᠢ᠎ᠶ᠋ᠢ ᠬᠤᠷᠢᠶᠠᠵᠤ ᠬᠥᠮᠥᠷᠭᠡᠯᠡᠭ᠌ᠰᠡᠨ᠎ᠤ ᠳᠠᠷᠠᠭ᠎ᠠ᠂ ᠱᠠᠭᠠᠯᠤᠭ᠍ᠰᠠᠨ ᠬᠠᠯᠢᠰᠤ᠎ᠪᠠᠷ᠎ᠨᠢ ᠪᠣᠷᠳᠤᠭ᠎ᠠ ᠬᠢᠬᠦ᠌ ᠪᠠ ᠲᠦᠯᠡᠭᠡ ᠪᠤᠯᠭᠠᠬᠤ᠎ᠠᠴᠠ ᠤᠨᠳᠤᠤ ᠬᠡᠷᠡᠭ᠌ᠴᠡᠭᠡ ᠦᠭᠡᠢ ᠪᠠᠢᠵᠠᠢ᠃ ᠤᠳᠤ ᠡᠷᠳᠡᠨᠢ ᠱᠢᠰᠢ᠎ᠶ᠋ᠢᠨ ᠬᠠᠯᠢᠰᠤ ᠯᠢᠨᠰᠢ ᠱᠢᠶᠠᠨ᠎ᠳᠤ ᠱᠢᠨ᠎ᠡ ᠬᠡᠷᠡᠭ᠌ᠴᠡᠭᠡ᠎ᠲᠠᠢ ᠪᠣᠯᠵᠤ᠂ ᠬᠥᠮᠦᠰ ᠲᠡᠭᠦᠨ᠎ᠢᠶᠠᠷ ᠭᠠᠷ ᠤᠷᠠᠯᠠᠯ᠎ᠤᠨ ᠪᠦᠲᠦᠭᠡᠭ᠌ᠳᠡᠬᠦᠨ ᠬᠢᠵᠦ᠍ ᠪᠠᠢᠨ᠎ᠠ᠃ ᠤᠢ᠍ᠢᠷ᠎ᠠ᠎ᠶ᠋ᠢᠨ ᠵᠢᠯ᠎ᠠᠴᠠ ᠨᠠᠭᠠᠰᠢ᠂ ᠯᠢᠨᠰᠢ ᠱᠢᠶᠠᠨ ᠡᠷᠳᠡᠨᠢ ᠱᠢᠰᠢ᠎ᠶ᠋ᠢᠨ ᠬᠠᠯᠢᠰᠤᠨ᠎ᠤ ᠠᠵᠤ ᠦᠢᠯᠡᠰ᠎ᠢ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠢᠯᠡᠴᠢᠯᠡᠭᠡ᠎ᠲᠠᠢ ᠣᠷᠭᠠᠨᠢᠭ᠎ᠢᠶᠠᠷ ᠤᠶᠠᠯᠳᠤᠭᠤᠯᠵᠤ᠂ ᠡᠮᠡᠭ᠌ᠲᠡᠢᠴᠦᠳ᠎ᠤᠨ ᠬᠤᠯᠪᠣᠭ᠎ᠠ᠂ ᠰᠣᠶᠣᠯ ᠵᠢᠭᠤᠯᠴᠢᠯᠠᠯ᠂ ᠬᠠᠮ ᠵᠠᠭᠤᠴᠢᠯᠠᠭᠤᠷ᠂ ᠡᠯᠧᠺᠲᠷᠣᠨ ᠬᠤᠳᠠᠯᠳᠤᠭ᠎ᠠ ᠵᠡᠷᠭᠡ ᠰᠠᠯᠠᠭ᠎ᠠ ᠮᠥᠴᠢᠷ᠎ᠤᠨ ᠴᠢᠳᠠᠪᠤᠷᠢᠲᠠᠨ ᠪᠣᠯᠤᠨ ᠮᠡᠷᠭᠡᠵᠢᠯ᠎ᠤᠨ ᠳᠠᠪᠠᠭᠤᠯᠢᠭ᠎ᠢ ᠨᠡᠢᠤᠡᠬᠡᠨ᠂ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠡᠩᠨᠡᠭᠡ᠎ᠶ᠋ᠢ ᠵᠤᠬᠢᠶᠠᠨ ᠪᠠᠢᠭᠤᠯᠵᠤ᠂ ᠪᠣᠯᠪᠠᠰᠤᠨ᠎ᠤ ᠦᠢᠯᠡᠳᠦᠯᠭᠡ᠎ᠶ᠋ᠢᠨ ᠦᠢᠯᠡᠴᠢᠯᠡᠭᠡᠨ᠎ᠤ ᠲᠠᠪᠴᠠᠩ᠎ᠢ ᠪᠠᠢᠭᠤᠯᠵᠤ᠂ ᠱᠢᠶᠠᠩ ᠪᠠᠯᠭᠠᠰᠤᠨ᠎ᠤ ᠪᠣᠯᠪᠠᠰᠤᠨ᠎ᠤ ᠦᠢᠯᠡᠳᠦᠯᠭᠡ᠎ᠶ᠋ᠢᠨ ᠭᠠᠵᠠᠷ ᠪᠠ ᠦᠢᠯᠡᠴᠢᠯᠡᠬᠡᠨ᠎ᠤ ᠦᠷᠳᠡᠭᠡ᠎ᠪᠠᠷ ᠰᠠᠭᠤᠷᠢᠨ ᠪᠤᠯᠭᠠᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠬᠢᠬᠦ᠂ ᠤᠷᠠᠯᠠᠵᠤ ᠦᠢᠯᠡᠳᠬᠦ᠌᠎ᠶ᠋ᠢ ᠵᠢᠯᠣᠭᠤᠤᠡᠬᠤ᠂ ᠱᠢᠭᠤᠳ ᠨᠡᠪᠲᠡᠷᠡᠭᠦᠯᠬᠡ᠎ᠪᠠᠷ ᠪᠠᠷᠠᠭ᠎ᠠ ᠬᠤᠳᠠᠯᠳᠤᠬᠤ᠂ ᠳᠡᠯᠭᠡᠨ ᠪᠣᠷᠣᠯᠠᠭᠤᠯᠬᠤ ᠵᠡᠷᠭᠡ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠵᠢᠯᠯᠠᠭ᠎ᠠ ᠥᠷᠨᠢᠭᠦᠯᠵᠦ᠍᠂ ᠲᠠᠷᠢᠶᠠᠴᠢᠳ᠎ᠤᠨ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠨ᠂ ᠬᠥᠳᠡᠭᠡ ᠲᠣᠰᠭᠤᠨ᠎ᠤ ᠦᠯᠡᠭᠦᠦ ᠬᠥᠳᠡᠯᠮᠦᠷᠢ ᠬᠦᠴᠦᠨ᠎ᠢ ᠳᠠᠢᠴᠢᠯᠠᠵᠤ᠂ ᠲᠠᠷᠢᠶᠠᠴᠢᠳ᠎ᠤᠨ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢ ᠠᠬᠢᠭᠤᠯᠪᠠ᠃

ᠯᠢᠨᠰᠢ ᠱᠢᠶᠠᠨ ᠡᠨᠡ ᠵᠢᠯ ᠡᠷᠳᠡᠨᠢ ᠱᠢᠰᠢ᠎ᠶ᠋ᠢᠨ ᠬᠠᠯᠢᠰᠤᠨ᠎ᠤ ᠠᠵᠤ ᠦᠢᠯᠡᠰ᠎ᠢ ᠲᠤᠰᠭᠠᠢ ᠠᠬᠢᠭᠤᠯᠬᠤ ᠳᠤᠭᠤᠢᠯᠠᠩ ᠪᠠᠢᠭᠤᠯᠵᠤ᠂ ᠪᠦᠬᠦ᠌ ᠱᠢᠶᠠᠨ᠎ᠤ ᠬᠡᠪᠴᠢᠶᠡᠨ᠎ᠳᠤ ᠡᠷᠳᠡᠨᠢ ᠱᠢᠰᠢ᠎ᠶ᠋ᠢᠨ ᠬᠠᠯᠢᠰᠤᠨ᠎ᠤ ᠠᠵᠤ ᠦᠢᠯᠡᠰ᠎ᠢ ᠦᠷᠭᠡᠨ᠎ᠢᠶᠠᠷ ᠡᠵᠡᠩᠨᠡᠵᠦ᠍ ᠡᠬᠢᠯᠡᠪᠠ᠃ ᠲᠤᠰ ᠬᠤᠱᠢᠭᠤᠨ᠎ᠤ ᠡᠷᠳᠡᠨᠢ ᠱᠢᠰᠢ᠎ᠶ᠋ᠢᠨ ᠬᠠᠯᠢᠰᠤᠨ᠎ᠤ ᠭᠠᠷ ᠤᠷᠠᠯᠠᠯ᠎ᠤᠨ ᠪᠦᠲᠦᠭᠡᠭ᠌ᠳᠡᠬᠦᠨ᠎ᠢ ᠦᠶᠯᠡᠳᠬᠦ᠌ ᠬᠥᠮᠦᠰ᠎ᠨᠢ ᠬᠥᠳᠡᠭᠡ ᠲᠣᠰᠭᠤᠨ᠎ᠤ ᠡᠮᠡᠭ᠌ᠲᠡᠢᠴᠦᠳ᠎ᠢᠶᠠᠷ ᠭᠤᠤᠯᠯᠠᠵᠤ᠂ 40 — 70 ᠨᠠᠰᠤᠨ᠎ᠤ ᠬᠤᠭᠤᠷᠤᠨᠳᠤᠬᠢ ᠬᠦᠮᠦᠰ᠎ᠢᠶᠠᠷ ᠭᠤᠤᠯᠯᠠᠵᠤ ᠪᠠᠢᠨ᠎ᠠ᠃ ᠨᠠᠰᠤᠲᠠᠢᠴᠤᠳ ᠪᠠ ᠵᠡᠮᠳᠡᠭ᠌ᠴᠦᠳ ᠶᠡᠷᠦ᠎ᠨᠢ ᠨᠠᠰᠤ ᠵᠢᠯ ᠪᠠ ᠪᠡᠶ᠎ᠡ ᠮᠠᠬᠠᠪᠣᠳ᠎ᠤᠨ ᠱᠢᠯᠲᠠᠭᠠᠨ᠎ᠠᠴᠠ ᠪᠣᠯᠵᠣ ᠬᠦᠨᠳᠦ ᠬᠥᠳᠡᠯᠮᠦᠷᠢ ᠬᠢᠵᠦ᠍ ᠳᠡᠢᠯᠬᠦ᠌ ᠥᠬᠡᠢ ᠪᠤᠯᠬᠤᠷ ᠡᠷᠳᠡᠨᠢ ᠱᠢᠰᠢ᠎ᠶ᠋ᠢᠨ ᠬᠠᠯᠢᠰᠤᠨ᠎ᠤ ᠭᠠᠷ ᠤᠷᠠᠯᠠᠯ᠎ᠤᠨ ᠪᠦᠲᠦᠭᠡᠭ᠌ᠳᠡᠭᠦᠨ᠎ᠢ ᠦᠶᠯᠡᠳᠬᠦ᠌᠎ᠳᠤ ᠮᠠᠰᠢ ᠲᠤᠬᠢᠷᠠᠵᠤ᠂ ᠡᠨᠡ ᠬᠦ᠌ ᠲᠡᠪᠴᠡᠩ᠎ᠢᠶᠠᠷ ᠳᠠᠮᠵᠢᠨ ᠡᠳᠡᠭᠡᠷ ᠬᠦᠮᠦᠰ ᠴᠤ᠌ ᠥᠪᠡᠷ᠎ᠤᠨ ᠠᠪᠢᠶᠠᠰ ᠴᠢᠳᠠᠪᠤᠷᠢ᠎ᠪᠠᠨ ᠢᠯᠡᠷᠡᠭᠦᠯᠬᠦ᠌ ᠠᠵᠠ ᠵᠠᠪᠱᠢᠶᠠᠨ᠎ᠲᠠᠢ ᠪᠤᠯᠵᠠᠢ᠃

ᠱᠢᠨ ᠴᠧᠩᠽᠢ ᠪᠠᠯᠭᠠᠰᠤ᠎ᠶ᠋ᠢᠨ ᠯᠤᠤ ᠬᠤ᠌ ᠱ᠌ᠢ ᠭᠸᠦ ᠲᠣᠰᠭᠤᠨ᠎ᠤ 64 ᠨᠠᠰᠤᠲᠠᠢ ᠸᠠᠩ ᠬᠦᠢ ᡁᠢ ᠪᠠᠶ᠎ᠠ ᠵᠡᠮᠳᠡᠭ ᠪᠤᠯᠪᠠᠴᠦ᠍ ᠴᠠᠭᠠᠰᠤᠨ ᠬᠠᠢᠴᠢᠯᠠᠮᠠᠯ᠎ᠳᠤ ᠤᠷ᠎ᠠ ᠠᠪᠢᠶᠠᠰ᠎ᠲᠠᠢ ᠪᠠᠢᠵᠤ᠂ ᠬᠠᠢᠴᠢᠯᠠᠵᠤ ᠭᠠᠷᠭᠠᠭ᠍ᠰᠠᠨ ᠵᠢᠷᠤᠭ᠎ᠨᠢ ᠭᠤᠢᠲᠠ ᠰᠠᠢᠬᠠᠨ᠂ ᠠᠮᠢᠳᠤᠯᠢᠭ ᠲᠦᠷᠰᠦᠯᠢᠭ ᠪᠠᠢᠳᠠᠭ᠎ᠠᠴᠠ ᠡᠷᠳᠡᠨᠢ ᠱᠢᠰᠢ᠎ᠶ᠋ᠢᠨ ᠬᠠᠯᠢᠰᠤᠨ᠎ᠤ ᠨᠠᠭᠠᠮᠠᠯ ᠵᠢᠷᠤᠭ᠎ᠲᠤ ᠬᠠᠮᠤᠭ᠎ᠤᠨ ᠰᠠᠢᠨ ᠵᠢᠷᠤᠭ ᠲᠥᠯᠥᠪᠯᠡᠭᠡ ᠬᠠᠩᠭᠠᠵᠤ ᠪᠠᠢᠨ᠎ᠠ᠃ ᠰᠡᠯᠡᠭᠦᠦ ᠴᠠᠭ ᠭᠠᠷᠤᠭ᠍ᠰᠠᠭᠠᠷ ᠲᠤᠰ ᠲᠤᠰᠭᠤᠨ᠎ᠤ ᠡᠮᠡᠭ᠌ᠲᠡᠢᠴᠦᠳ ᠪᠣᠯᠪᠠᠰᠤᠨ᠎ᠤ ᠦᠢᠯᠡᠳᠦᠯᠭᠡ᠎ᠶ᠋ᠢᠨ ᠦᠷᠳᠡᠭᠡ᠎ᠳᠤ ᠴᠤᠭ᠍ᠯᠠᠷᠠᠨ᠂ ᠨᠢᠭᠡ ᠨᠢᠭᠡᠨ᠎ᠳᠡᠭᠡᠨ ᠤᠷ᠎ᠠ ᠮᠡᠷᠭᠡᠵᠢᠯ᠎ᠢᠶᠠᠨ ᠤᠯᠠᠮᠵᠢᠯᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠬᠠᠪᠰᠤᠷᠤᠯᠴᠠᠨ᠎ᠠ᠃ ᠡᠷᠳᠡᠨᠢ ᠱᠢᠰᠢ᠎ᠶ᠋ᠢᠨ ᠬᠠᠯᠢᠰᠤ᠎ᠶ᠋ᠢ ᠤᠷᠠᠯᠠᠨ ᠪᠦᠲᠦᠭᠡᠬᠦ᠌᠎ᠨᠢ ᠲᠡᠳᠡᠨ᠎ᠤ ᠠᠮᠢᠳᠤᠷᠠᠯ᠎ᠢ ᠨᠠᠩ ᠤᠳᠭ᠎ᠠ ᠠᠭᠤᠯᠭ᠎ᠠ᠎ᠲᠠᠢ ᠪᠤᠯᠭᠠᠵᠤ᠂ ᠠᠵᠤ ᠠᠬᠤᠢ᠎ᠶ᠋ᠢᠨ ᠠᠱᠢᠭ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢᠨ ᠬᠠᠮᠲᠤ ᠪᠠᠰᠠ ᠣᠶᠤᠨ ᠰᠠᠨᠠᠭᠠᠨ᠎ᠤ ᠪᠠᠶᠠᠷ ᠪᠠᠶᠠᠰᠤᠯ᠎ᠢ ᠠᠪᠴᠢᠷᠠᠪᠠ᠃ 2020 ᠣᠨ᠎ᠳᠤ ᠯᠢᠨᠰᠢ ᠱᠢᠶᠠᠨ᠎ᠤ ᠡᠷᠳᠡᠨᠢ ᠱᠢᠰᠢ᠎ᠶ᠋ᠢᠨ ᠬᠠᠯᠢᠰᠤᠨ᠎ᠤ ᠨᠠᠭᠠᠮᠠᠯ ᠵᠢᠷᠤᠭ ᠤᠯᠠᠭᠠᠨᠬᠠᠳᠠ ᠬᠤᠲᠠ᠎ᠶ᠋ᠢᠨ ᠵᠢᠷᠭᠤᠳᠤᠭᠠᠷ ᠪᠦᠯᠦᠭ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢᠶᠠᠷ ᠵᠢᠭ᠍ᠰᠠᠭᠠᠭ᠍ᠳᠠᠵᠤ᠂ ᠲᠤᠰ ᠱᠢᠶᠠᠨ᠎ᠤ᠎ᠬᠢᠨ 《ᠡᠷᠳᠡᠨᠢ ᠱᠢᠰᠢ᠎ᠶ᠋ᠢᠨ ᠬᠠᠯᠢᠰᠤ᠎ᠶ᠋ᠢᠨ ᠭᠠᠷ ᠤᠷᠠᠯᠠᠯ᠎ᠤᠨ ᠪᠦᠲᠦᠭᠡᠭ᠌ᠳᠡᠬᠦᠨ᠎ᠤ ᠨᠤᠲᠤᠭ》 ᠎ᠢ ᠴᠣᠭ᠍ᠴᠠᠯᠠᠬᠤ᠎ᠪᠠᠷ ᠴᠢᠷᠮᠠᠢᠵᠤ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号