ᠢᠦ᠋ᠢᠴᠢᠤᠸᠠᠨ ᠲᠣᠭᠤᠷᠢᠭ᠎ᠤᠨ ᠪᠠᠢᠴᠠᠭᠠᠬᠤ ᠬᠤᠷᠢᠶ᠎ᠠ ᠬᠦᠮᠦᠵᠢᠯ ᠴᠡᠭ᠌ᠴᠡᠯᠡᠯᠳᠡ᠎ᠶ᠋ᠢ ᠯᠠᠪᠳᠠᠭᠤᠨ ᠪᠠᠳᠤᠳᠠᠢ ᠠᠬᠢᠭᠤᠯᠵᠤ ᠪᠤᠢ
2021-05-09 12:09:21
ᠵᠣᠬᠢᠶᠠᠭ᠍ᠴᠢ᠄
ᠱᠢᠨᠡᠪᠢᠯᠢᠭ
ᠣᠩᠱᠢᠭ᠍ᠰᠠᠨ ᠣᠳᠠᠭ᠎ᠠ᠄
★★★☆☆

ᠬᠦᠬᠡᠬᠤᠳᠠ᠎ᠶ᠋ᠢᠨ ᠢᠦ᠋ᠢᠴᠢᠤᠸᠠᠨ ᠲᠣᠭᠤᠷᠢᠭ᠎ᠤᠨ ᠪᠠᠢᠴᠠᠭᠠᠬᠤ ᠬᠤᠷᠢᠶ᠎ᠠ 《ᠳᠥᠷᠪᠡᠨ ᠳᠥᠷᠪᠡ》 ᠎ᠶ᠋ᠢᠨ ᠠᠵᠢᠯ᠎ᠤᠨ ᠠᠷᠭ᠎ᠠ᠎ᠶ᠋ᠢ ᠬᠡᠷᠡᠭ᠌ᠯᠡᠨ᠂ ᠣᠯᠣᠰ ᠲᠦᠷᠦ᠍ ᠬᠠᠣᠯᠢ ᠴᠠᠭᠠᠵᠠ᠎ᠶ᠋ᠢᠨ ᠡᠩᠨᠡᠭᠡ᠎ᠶ᠋ᠢᠨ ᠬᠥᠮᠦᠵᠢᠯ ᠴᠡᠭ᠌ᠴᠡᠯᠡᠯᠲᠡ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠠᠬᠢᠭᠤᠯᠵᠣ ᠪᠠᠢᠨ᠎ᠠ᠃

ᠳᠣᠰ ᠬᠤᠷᠢᠶ᠎ᠠ ᠲᠦᠷᠪᠡᠨ ᠵᠦᠢᠯ᠎ᠤᠨ ᠲᠦᠷᠢᠮ᠎ᠢ ᠪᠠᠢᠭᠤᠯᠤᠨ ᠲᠡᠬᠦᠯᠳᠡᠷᠵᠢᠬᠦᠯᠵᠦ᠍᠂ ᠬᠤᠷᠠᠯ᠎ᠢᠶᠠᠷ ᠲᠥᠪᠯᠡᠷᠡᠭᠦᠯᠦᠨ ᠰᠤᠳᠤᠯᠬᠤ ᠳᠦᠷᠢᠮ ᠪᠠ ᠪᠥᠬᠦ᠌ ᠠᠵᠢᠯᠲᠠᠨ᠎ᠤ ᠰᠤᠷᠤᠯᠴᠠᠯᠭ᠎ᠠ᠎ᠳᠤ ᠣᠷᠣᠯᠴᠠᠬᠤ ᠲᠦᠷᠢᠮ ᠪᠠᠢᠭᠤᠯᠵᠣ᠂ ᠨᠠᠷᠢᠨ ᠨᠢᠮᠪᠠᠶ ᠰᠤᠷᠤᠯᠴᠠᠬᠤ ᠲᠥᠯᠥᠪᠯᠡᠭᠡ ᠲᠣᠭ᠍ᠲᠠᠭᠠᠵᠤ᠂ ᠺᠠᠳ᠋ᠷ ᠴᠠᠭ᠍ᠳᠠᠭ᠎ᠠ᠎ᠶ᠋ᠢᠨ ᠶᠡᠭᠡ ᠬᠤᠷᠠᠯ᠂ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠣᠷᠣᠯᠴᠠᠬᠤ ᠭᠤᠤᠯ ᠳᠤᠭᠤᠢᠯᠠᠩ᠎ᠤᠨ ᠰᠤᠷᠤᠯᠴᠠᠯᠭ᠎ᠠ᠂ ᠨᠠᠮ᠎ᠤᠨ ᠡᠭᠦᠷ᠎ᠤᠨ ᠰᠤᠷᠤᠯᠴᠠᠯᠭ᠎ᠠ᠂ ᠰᠠᠯᠠᠭ᠎ᠠ ᠮᠥᠴᠢᠷ᠎ᠤᠨ ᠰᠤᠷᠤᠯᠴᠠᠯᠭ᠎ᠠ ᠪᠣᠯᠤᠨ ᠬᠤᠪᠢ ᠬᠥᠮᠦᠨ᠎ᠤ ᠥᠪᠡᠷ᠎ᠤᠨ ᠰᠤᠷᠤᠯᠴᠠᠯᠭ᠎ᠠ᠎ᠶ᠋ᠢ ᠤᠶᠠᠯᠳᠤᠭᠤᠯᠤᠭ᠍ᠰᠠᠨ ᠲᠠᠪᠤᠨ ᠱᠠᠲᠤᠨ᠎ᠤ ᠰᠤᠷᠤᠯᠴᠠᠯᠭ᠎ᠠ᠎ᠶ᠋ᠢᠨ ᠱᠢᠰᠲ᠋ᠧᠮ᠎ᠢᠶᠠᠷ ᠳᠠᠮᠵᠢᠭᠤᠯᠤᠨ᠂ ᠰᠤᠷᠤᠯᠴᠠᠯᠭ᠎ᠠ ᠬᠥᠮᠦᠵᠢᠯ᠎ᠤᠨ ᠪᠥᠬᠦ᠌ ᠠᠵᠢᠯᠲᠠᠨ᠎ᠢ ᠬᠠᠮᠤᠷᠬᠤ᠎ᠶ᠋ᠢ ᠪᠠᠳᠤᠯᠠᠵᠣ ᠪᠠᠢᠨ᠎ᠠ᠃ ᠡᠭᠦᠨ᠎ᠤ ᠬᠠᠮᠳᠣ ᠰᠤᠷᠤᠯᠴᠠᠯᠭ᠎ᠠ᠎ᠶ᠋ᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠱᠢᠯᠭᠠᠨ ᠪᠠᠢᠴᠠᠭᠠᠬᠤ ᠳᠦᠷᠢᠮ ᠪᠠᠢᠭᠤᠯᠵᠣ᠂ ᠪᠠᠢᠴᠠᠭᠠᠬᠤ ᠠᠵᠢᠯ᠎ᠢ ᠱᠠᠯᠠᠪᠳᠠᠭᠤᠯᠤᠨ ᠪᠠᠢᠴᠠᠭᠠᠬᠤ ᠲᠦᠷᠢᠮ᠎ᠢ ᠲᠡᠭᠦᠯᠳᠡᠷᠵᠢᠭᠦᠯᠪᠡ᠃ 《ᠭᠠᠷ ᠣᠳᠠᠰᠣ᠎ᠪᠠᠷ ᠰᠤᠷᠤᠯᠴᠠᠬᠤ + ᠪᠣᠳᠠᠳᠠᠢ ᠰᠤᠷᠤᠯᠴᠠᠬᠤ》᠂ 《ᠤᠷᠤᠭᠤᠯᠤᠨ ᠠᠪᠴᠢᠷᠠᠬᠤ + ᠭᠠᠷᠴᠤ᠌ ᠶᠠᠪᠤᠬᠤ》᠂ 《ᠲᠦᠪᠯᠡᠷᠡᠬᠦᠯᠦᠨ ᠰᠤᠷᠤᠯᠴᠠᠬᠤ + ᠲᠠᠷᠠᠬᠠᠢ ᠰᠤᠷᠤᠯᠴᠠᠬᠤ》᠂ 《ᠲᠠᠪᠴᠠᠩ ᠲᠡᠭᠡᠷ᠎ᠡ ᠶᠠᠷᠢᠬᠤ + ᠬᠢᠴᠢᠶᠡᠯ ᠣᠷᠣᠬᠤ》 ᠵᠡᠷᠭᠡ ᠳᠥᠷᠪᠡᠨ ᠵᠦᠶᠯ᠎ᠤᠨ ᠰᠤᠷᠤᠯᠴᠠᠬᠤ ᠠᠷᠭ᠎ᠠ᠎ᠶ᠋ᠢᠨ ᠱᠢᠨ᠎ᠡ᠎ᠶ᠋ᠢ ᠡᠭᠦᠳᠴᠦ᠍᠂ ᠬᠥᠮᠦᠵᠢᠯ ᠴᠡᠭ᠌ᠴᠡᠯᠡᠯᠲᠡ᠎ᠶ᠋ᠢ ᠨᠠᠮ᠎ᠤᠨ ᠲᠡᠦᠬᠡ᠎ᠶ᠋ᠢᠨ ᠰᠣᠷᠣᠯᠴᠠᠯᠭ᠎ᠠ ᠬᠥᠮᠦᠵᠢᠯ᠎ᠲᠠᠢ ᠤᠶᠠᠯᠳᠤᠭᠤᠯᠬᠤ ᠂ ᠬᠥᠮᠦᠵᠢᠯ ᠴᠡᠭ᠌ᠴᠡᠯᠡᠯᠳᠡ᠎ᠶ᠋ᠢ 《ᠠᠷᠠᠳ᠎ᠤᠨ ᠲᠥᠯᠥᠭᠡ ᠬᠠᠤᠯᠢ ᠪᠠᠷᠢᠬᠤ》 ᠎ᠲᠠᠢ ᠤᠶᠠᠯᠳᠤᠭᠤᠯᠬᠤ ᠂ ᠬᠥᠮᠦᠵᠢᠯ ᠴᠡᠭ᠌ᠴᠡᠯᠡᠯᠳᠡ᠎ᠶ᠋ᠢ ᠬᠡᠷᠡᠭ ᠱᠢᠢᠳᠪᠦᠷᠢᠯᠡᠬᠦ᠌᠎ᠶ᠋ᠢ ᠤᠶᠠᠯᠳᠤᠭᠤᠯᠬᠤ ᠂ ᠬᠥᠮᠦᠵᠢᠯ ᠴᠡᠭ᠌ᠴᠡᠯᠡᠯᠳᠡ᠎ᠶ᠋ᠢ ᠬᠡᠪ ᠪᠣᠯᠪᠠᠰᠣᠷᠠᠯ᠎ᠢᠶᠠᠨ ᠳᠡᠭᠡᠭ᠌ᠰᠢᠯᠡᠭᠦᠯᠬᠦ᠌᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠣ᠂ ᠬᠥᠮᠦᠵᠢᠯ ᠴᠡᠭ᠌ᠴᠡᠯᠡᠯᠲᠡ᠎ᠶ᠋ᠢᠨ ᠰᠣᠷᠣᠯᠴᠠᠯᠭ᠎ᠠ᠎ᠶ᠋ᠢᠨ ᠦᠷ᠎ᠡ ᠪᠦᠳᠦᠮᠵᠢ᠎ᠶ᠋ᠢ ᠪᠠᠳᠤᠯᠠᠪᠠ᠃ 《ᠵᠢᠩᠬᠢᠨᠢ᠂ ᠭᠦᠨᠵᠡᠭᠡᠢ᠂ ᠦᠷᠭᠡᠨ᠂ ᠪᠣᠳᠠᠳᠠᠢ ᠪᠠᠢᠬᠤ》 ᠎ᠶ᠋ᠢ ᠳᠣᠪᠤᠢᠯᠭᠠᠵᠤ᠂ ᠡᠩᠨᠡᠭᠡᠨ᠎ᠤ ᠬᠥᠮᠦᠵᠢᠯ ᠴᠡᠭ᠌ᠴᠡᠯᠡᠯᠲᠡ᠎ᠶ᠋ᠢᠨ ᠡᠷᠴᠢᠮ᠎ᠢᠶᠠᠨ ᠦᠨᠡᠨ ᠬᠦ᠌ ᠪᠠᠳᠣᠯᠠᠵᠣ᠂ ᠦᠵᠡᠯ ᠰᠠᠨᠠᠭᠠᠨ᠎ᠤ ᠳᠠᠢᠴᠢᠯᠠᠯᠲᠠ᠎ᠶ᠋ᠢᠨ ᠬᠡᠯᠬᠢᠶ᠎ᠡ᠎ᠶ᠋ᠢ ᠴᠢᠩᠭ᠎ᠠ ᠠᠳᠭᠤᠵᠣ᠂ ᠬᠤᠪᠢ ᠬᠥᠮᠦᠨ᠎ᠤ ᠥᠪᠡᠰᠦᠪᠡᠨ ᠪᠠᠢᠴᠠᠭᠠᠬᠤ᠎ᠶ᠋ᠢ ᠭᠦᠨᠵᠡᠭᠡᠶ ᠥᠷᠨᠢᠭᠦᠯᠵᠦ᠍᠂ ᠠᠰᠠᠭᠤᠳᠠᠯ᠎ᠤᠨ ᠰᠦᠪᠡᠭ᠌ᠴᠢ᠎ᠶ᠋ᠢ ᠬᠤᠷᠢᠶᠠᠵᠤ ᠴᠤᠬ᠍ᠯᠠᠭᠤᠯᠬᠤ᠎ᠶ᠋ᠢ ᠴᠢᠬᠤᠯᠠᠴᠢᠯᠠᠨ᠂ ᠬᠢᠨᠠᠨ ᠪᠠᠢᠴᠠᠭᠠᠵᠤ ᠭᠦᠢᠴᠡᠳᠭᠡᠭᠦ᠌ ᠴᠢᠳᠠᠪᠤᠷᠢ᠎ᠪᠠᠨ ᠲᠡᠭᠡᠭ᠌ᠰᠢᠯᠡᠬᠦᠯᠵᠦ᠍ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号