ᠮᠠᠨ᠎ᠤ ᠤᠷᠤᠨ᠎ᠤ ᠶᠡᠭᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠨᠢᠭᠡᠳᠤᠯᠳᠡᠢ ᠱᠢᠯᠭᠠᠯᠲᠠ ᠠᠮᠵᠢᠯᠳᠠ᠎ᠲᠠᠢ ᠳᠠᠬᠦᠰᠤᠯ᠎ᠠ
2021-06-10 07:52:44
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

6 ᠰᠠᠷ᠎ᠠ᠎ᠶ᠋ᠢᠨ 9 ᠎ᠤ ᠡᠳᠦᠷ᠎ᠤᠨ ᠦᠳᠡ᠎ᠶ᠋ᠢᠨ ᠡᠮᠦᠨᠡᠬᠢ 11᠄ 30 ᠎ᠲᠤ ᠬᠠᠮᠤᠭ᠎ᠤᠨ ᠰᠡᠬᠦᠯᠴᠢ᠎ᠶ᠋ᠢᠨ ᠱᠢᠯᠭᠠᠯᠲᠠ ᠳᠠᠭᠤᠰᠭᠤ ᠬᠤᠩᠬᠤ ᠳᠤᠤᠭᠠᠷᠬᠤ᠎ᠶ᠋ᠢ ᠳᠠᠭᠠᠯᠳᠤᠨ᠂ 2021 ᠣᠨ᠎ᠤ ᠦᠪᠡᠷᠳᠡᠭᠡᠨ ᠵᠠᠰᠠᠬᠤ ᠤᠷᠤᠨ᠎ᠤ ᠶᠡᠭᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠨᠢᠭᠡᠳᠤᠯᠳᠡᠢ ᠱᠢᠯᠭᠠᠯᠲᠠ ᠠᠮᠵᠢᠯᠳᠠ᠎ᠲᠠᠢ ᠳᠠᠬᠦᠰᠴᠠᠢ᠃

ᠡᠨᠡ ᠵᠢᠯ ᠮᠠᠨ᠎ᠤ ᠣᠷᠣᠨ ᠶᠡᠭᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠨᠢᠭᠡᠳᠦᠯᠲᠡᠶ ᠱᠢᠯᠭᠠᠯᠲᠠ᠎ᠶ᠋ᠢᠨ ᠠᠵᠢᠯ᠎ᠢ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠲᠠᠢ ᠨᠢᠭ᠍ᠲᠠ ᠤᠶᠠᠯᠳᠤᠭᠤᠯᠵᠤ᠂ 《ᠨᠠᠮ᠎ᠤᠨ ᠲᠡᠦᠬᠡ᠎ᠶ᠋ᠢ ᠰᠤᠷᠤᠯᠴᠠᠵᠤ᠂ ᠦᠵᠡᠯ ᠰᠠᠨᠠᠭ᠎ᠠ᠎ᠪᠠᠨ ᠰᠡᠭᠡᠭᠡᠷᠡᠭᠦᠯᠵᠤ᠂ ᠪᠣᠳᠠᠲᠤ ᠶᠠᠪᠤᠳᠠᠯ ᠬᠢᠵᠤ᠂ ᠱᠢᠨ᠎ᠡ ᠪᠠᠢᠳᠠᠯ᠎ᠢ ᠡᠭᠦᠳᠬᠦ᠌》 ᠎ᠪᠠᠷ ᠭᠤᠤᠯ ᠰᠡᠳᠦᠪ ᠪᠣᠯᠭᠠᠵᠤ᠂ 《ᠪᠢ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠤ ᠦᠭ᠌ᠬᠦ》 ᠵᠣᠷᠢᠯᠲᠠ᠎ᠶ᠋ᠢ ᠳᠣᠪᠤᠢᠯᠭᠠᠨ᠂ ᠱᠢᠯᠭᠠᠭᠤᠯᠤᠭ᠍ᠴᠢ᠎ᠳᠤ ᠦᠢᠯᠡᠴᠢᠯᠡᠬᠦ᠌᠎ᠪᠠᠷ ᠭᠤᠤᠯ ᠱᠢᠵᠢᠮ ᠪᠣᠯᠭᠠᠵᠤ᠂ ᠱᠢᠯᠭᠠᠯᠲᠠ᠎ᠶ᠋ᠢᠨ ᠡᠯ᠎ᠡ ᠲᠠᠯ᠎ᠠ᠎ᠶ᠋ᠢᠨ ᠠᠵᠢᠯ᠎ᠢ ᠪᠥᠬᠦ᠌ ᠲᠠᠯ᠎ᠠ᠎ᠪᠠᠷ ᠰᠠᠢᠲᠤᠷ ᠬᠢᠪᠡ᠃ 2021 ᠣᠨ᠎ᠳᠤ ᠮᠠᠨ᠎ᠤ ᠣᠷᠣᠨ᠎ᠳᠤ ᠨᠡᠢᠲᠡ 15 ᠲᠦᠮᠡ ᠱᠢᠬᠠᠮ ᠱᠢᠯᠭᠠᠭᠤᠯᠤᠭ᠍ᠴᠢ ᠱᠢᠯᠭᠠᠯᠲᠠ᠎ᠳᠤ ᠣᠷᠣᠯᠴᠠᠵᠤ᠂ 105 ᠱᠢᠯᠭᠠᠯᠲᠠ᠎ᠶ᠋ᠢᠨ ᠲᠣᠭᠤᠷᠢᠭ᠂ 187 ᠱᠢᠯᠭᠠᠯᠲᠠ᠎ᠶ᠋ᠢᠨ ᠴᠡᠭ᠂ 5244 ᠱᠢᠯᠭᠠᠯᠲᠠ᠎ᠶ᠋ᠢᠨ ᠲᠠᠯᠠᠪᠠᠶ ᠲᠣᠬᠢᠷᠠᠭᠤᠯᠵᠤ᠂ 2 ᠲᠦᠮᠡ ᠱᠢᠬᠠᠮ ᠱᠢᠯᠭᠠᠯᠲᠠ ᠬᠢᠨᠠᠭ᠍ᠴᠢ ᠪᠠ ᠱᠢᠯᠭᠠᠯᠲᠠ᠎ᠶ᠋ᠢᠨ ᠶᠠᠪᠤᠳᠠᠯ᠎ᠤᠨ ᠠᠵᠢᠯᠲᠠᠨ ᠱᠢᠯᠭᠠᠯᠲᠠ᠎ᠶ᠋ᠢᠨ ᠠᠵᠢᠯ᠎ᠳᠤ ᠣᠷᠣᠯᠴᠠᠵᠠᠢ᠃ 2021 ᠣᠨ᠎ᠤ ᠮᠠᠨ᠎ᠤ ᠣᠷᠣᠨ᠎ᠤ ᠶᠡᠭᠡ ᠳᠡᠭᠡᠳᠦ ᠰᠤᠷᠭᠠᠭᠤᠯᠢ᠎ᠳᠤ ᠰᠤᠷᠤᠬ᠍ᠴᠢ ᠡᠯᠰᠡᠬᠦ᠌ ᠨᠢᠭᠡᠳᠦᠯᠲᠡᠢ ᠱᠢᠯᠭᠠᠯᠲᠠ᠎ᠶ᠋ᠢ ᠡᠯ᠎ᠡ ᠱᠠᠲᠤᠨ᠎ᠤ ᠤᠳᠤᠷᠢᠳᠤᠯᠭ᠎ᠠ ᠳᠡᠭᠡᠳᠦ  ᠬᠡᠮᠵᠢᠶ᠎ᠡ᠎ᠪᠠᠷ ᠴᠢᠬᠤᠯᠠᠴᠢᠯᠠᠵᠤ᠂ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠪᠦᠬᠦ᠌ ᠲᠠᠯ᠎ᠠ᠎ᠪᠠᠷ ᠪᠣᠳᠠᠲᠠᠢᠵᠢᠭᠤᠯᠪᠠ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠰᠠᠢᠲᠤᠷ ᠬᠢᠵᠦ᠍᠂ ᠬᠤᠯᠪᠣᠭᠠᠯᠠᠨ ᠰᠡᠷᠭᠡᠢᠯᠡᠵᠦ᠍ ᠬᠤᠯᠪᠣᠭᠠᠯᠠᠨ ᠡᠵᠡᠮᠳᠡᠵᠦ᠍ ᠱᠢᠯᠭᠠᠯᠲᠠ᠎ᠶ᠋ᠢᠨ ᠣᠷᠴᠢᠨ ᠲᠣᠭᠤᠷᠢᠨ᠎ᠢ ᠪᠦᠬᠦ᠌ ᠲᠠᠯ᠎ᠠ᠎ᠪᠠᠷ ᠴᠡᠭ᠌ᠴᠡᠯᠡᠨ ᠵᠠᠰᠠᠵᠤ᠂ ᠬᠥᠮᠦᠨ᠎ᠢᠶᠠᠷ ᠦᠨᠳᠦᠰᠦ ᠪᠣᠯᠭᠠᠵᠤ ᠱᠢᠯᠭᠠᠭᠤᠯᠤᠭ᠍ᠴᠢ᠎ᠳᠤ ᠪᠦᠬᠦ᠌ ᠲᠠᠯ᠎ᠠ᠎ᠶ᠋ᠢᠨ ᠦᠢᠯᠡᠴᠢᠯᠡᠭᠡ ᠬᠠᠩᠭᠠᠨ᠂ 《ᠡᠷᠡᠭᠦᠯ ᠮᠡᠨᠳᠦ᠂ ᠠᠮᠤᠷ ᠠᠮᠤᠭᠤᠯᠠᠩ᠂ ᠬᠠᠯᠠᠭᠤᠨ ᠳᠤᠯᠠᠭᠠᠨ ᠶᠡᠭᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ᠌ ᠨᠢᠬᠡᠳᠦᠯᠳᠡᠢ ᠱᠢᠯᠭᠠᠯᠲᠠ》 ᠎ᠶ᠋ᠢᠨ ᠠᠵᠢᠯ᠎ᠤᠨ ᠬᠠᠷᠠᠯᠲᠠ᠎ᠶ᠋ᠢ ᠪᠡᠶᠡᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号