ᠤᠯᠠᠭᠠᠨᠴᠠᠪ᠄ ᠨᠡᠭᠡᠭᠡᠯᠲᠡ᠎ᠶ᠋ᠢᠨ ᠡᠮᠦᠨ᠎ᠡ ᠡᠩᠨᠡᠭᠡᠨ᠎ᠳᠤ ᠬᠤᠱᠢᠭᠤᠷᠠᠵᠤ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠨ᠎ᠠ
2021-06-11 09:56:00
ᠵᠣᠬᠢᠶᠠᠭ᠍ᠴᠢ᠄
ᠳ᠋ᠠᠢ ᠬᠤᠨᠭ᠌ ᠬᠤᠸᠡᠩ ᠫᠦ᠋ ᠮᠸᠢ ᠱᠢᠶᠠᠨ ᠰᠦᠡᠭ ᠱᠤᠸᠠᠩ ᠶᠤᠸᠠᠨ ᠪᠤᠤ ᠨᠢᠶᠠᠨ ᠸᠡᠩ ᠯᠸᠢ ᠬᠠᠢ ᠵᠢᠶᠦ᠋ᠨ ᠲᠠᠳᠤᠯᠭ᠎ᠠ᠎ᠶ᠋ᠢᠨ ᠰᠤᠷᠪᠤᠯᠵᠢᠯᠠᠬ᠍ᠴᠢ ᠭᠦᠸᠧ ᠢᠤᠢ
ᠣᠩᠱᠢᠭ᠍ᠰᠠᠨ ᠣᠳᠠᠭ᠎ᠠ᠄
★★★☆☆

ᠦᠨᠢ ᠤᠳᠠᠭᠠᠨ ᠲᠡᠦᠬᠡ᠎ᠶ᠋ᠢᠨ ᠶᠠᠪᠤᠴᠠ᠎ᠳᠤ᠂ ᠠᠳᠡᠬᠢ ᠪᠣᠯ ᠳᠤᠮᠳᠠᠳᠤ ᠣᠷᠣᠨ᠎ᠠᠴᠠ ᠤᠷᠤᠰ᠂ ᠧᠦ᠋ᠷᠣᠫᠠ ᠲᠢᠪ᠎ᠲᠤ ᠬᠦᠷᠬᠦ᠌᠎ᠳᠤ ᠵᠠᠪᠠᠯ ᠥᠩᠭᠡᠷᠡᠬᠦ᠌ ᠦᠷᠳᠡᠭᠡ ᠪᠠᠢᠵᠤ᠂ ᠡᠷᠳᠡ ᠦᠶ᠎ᠠ᠎ᠶ᠋ᠢᠨ 《ᠡᠯᠴᠢᠨ ᠰᠠᠢᠳ᠎ᠤᠳ ᠬᠠᠷᠢᠯᠴᠠᠨ ᠱᠢᠷᠳᠡᠨ᠂ ᠠᠷᠠᠯᠵᠢᠶᠠᠴᠢᠨ ᠬᠤᠳᠠᠯᠳᠤᠭᠠᠴᠢᠳ ᠲᠠᠰᠤᠷᠠᠰᠢ ᠦᠬᠡᠢ ᠵᠤᠷᠴᠢᠯᠳᠤᠬ᠍ᠰᠠᠨ》 ᠭᠡᠷᠡᠯ ᠰᠠᠴᠤᠷᠠᠩᠭᠤᠢ ᠲᠡᠤᠬᠡ᠎ᠶ᠋ᠢ ᠭᠡᠷᠡᠴᠢᠯᠡᠪᠡ᠃

ᠱᠢᠨ᠎ᠡ ᠴᠠᠭ ᠦᠶ᠎ᠡ᠎ᠶ᠋ᠢᠨ ᠠᠶᠠᠨ ᠵᠠᠮ᠎ᠳᠤ᠂ ᠠᠳᠡᠬᠢ᠎ᠨᠢ ᠵᠡᠭᠦᠨ ᠬᠤᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠢᠲᠤ ᠣᠷᠣᠨ᠎ᠢ ᠬᠤᠯᠪᠣᠭ᠍ᠰᠠᠨ ᠵᠠᠮ ᠬᠠᠷᠢᠯᠴᠠᠭᠠᠨ᠎ᠤ ᠬᠦᠢᠰᠦ᠂ ᠪᠠᠷᠠᠭᠤᠨ ᠬᠤᠢᠲᠤ ᠣᠷᠣᠨ᠎ᠠᠴᠠ ᠵᠡᠭᠦᠨ ᠡᠮᠦᠨᠡᠱᠢᠬᠢ ᠲᠠᠯᠠᠢ᠎ᠳᠤ ᠭᠠᠷᠬᠤ᠎ᠳᠤ ᠵᠠᠪᠠᠯ ᠥᠩᠭᠡᠷᠡᠬᠦ᠌ ᠤᠷᠤᠨ᠂ ᠮᠠᠨ᠎ᠤ ᠤᠯᠤᠰ᠎ᠠᠴᠠ ᠮᠣᠩᠭᠤᠯ᠂ ᠤᠷᠤᠰ ᠪᠣᠯᠤᠨ ᠵᠡᠭᠦᠨ ᠧᠦ᠋ᠷᠣᠫᠠ᠎ᠶ᠋ᠢᠨ ᠤᠯᠤᠰ᠎ᠤᠳ᠎ᠲᠤ ᠨᠡᠪᠲᠡᠷᠡᠬᠦ᠌ ᠤᠯᠠᠨ ᠤᠯᠤᠰ᠎ᠤᠨ ᠴᠢᠬᠤᠯᠠ ᠬᠠᠭᠤᠷᠠᠢ᠎ᠶ᠋ᠢᠨ ᠵᠠᠮ ᠱᠤᠭᠤᠮ ᠪᠤᠯᠤᠬ᠍ᠰᠠᠨ᠎ᠤ ᠬᠤᠪᠢ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠤᠯᠳᠠ ᠨᠡᠭᠡᠭᠡᠯᠳᠠ᠎ᠶ᠋ᠢᠨ ᠱᠢᠨ᠎ᠡ ᠥᠨᠳᠦᠷᠯᠢᠭ᠎ᠢ ᠪᠦᠬᠦ᠌ ᠬᠦᠴᠦᠨ᠎ᠢᠶᠠᠷ᠎ᠢᠶᠠᠨ ᠴᠣᠭ᠍ᠴᠠᠯᠠᠪᠠ᠃


QQ截图20210611094259.jpg


ᠡᠨᠡ ᠪᠣᠯ ᠤᠯᠠᠭᠠᠨᠴᠠᠪ᠃

ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠤᠯᠠᠭᠠᠨᠴᠠᠪ ᠬᠤᠲᠠ ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠶᠡᠭᠡ ᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠪᠠᠢᠷᠢᠱᠢᠭᠤᠯᠤᠯᠲᠠ᠎ᠳᠤ  ᠦᠢᠯᠡᠴᠢᠯᠡᠬᠦ᠌ ᠱᠢᠨ᠎ᠡ ᠪᠠᠢᠷᠢ ᠲᠣᠭ᠍ᠲᠠᠭᠠᠯᠲᠠ᠂ ᠱᠢᠨ᠎ᠡ ᠡᠭᠦᠷᠭᠡ ᠬᠠᠷᠢᠭᠤᠴᠠᠯᠭ᠎ᠠ᠎ᠳᠤ ᠣᠨᠢᠯᠠᠵᠤ᠂ 《ᠨᠢᠭᠡ ᠪᠦᠰᠡ ᠨᠢᠭᠡ ᠵᠠᠮ》 ᠎ᠤᠨ ᠪᠥᠲᠥᠭᠡᠨ ᠪᠠᠢᠭᠤᠯᠤᠯᠲᠠ ᠪᠣᠯᠤᠨ ᠪᠡᠭᠡᠵᠢᠩ ᠲᠢᠶᠠᠨᠵᠢᠨ ᠾᠧᠪᠧᠶ᠂ ᠬᠥᠬᠡᠬᠤᠲᠠ ᠪᠤᠭᠤᠲᠤ ᠣᠷᠳᠣᠰ᠎ᠤᠨ ᠬᠠᠮᠵᠢᠯᠴᠠᠨ ᠬᠥᠭ᠌ᠵᠢᠬᠦ᠌ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠠᠬᠢᠭᠤᠯᠬᠤ᠎ᠳᠤ ᠲᠦᠱᠢᠭ᠌ᠯᠡᠨ᠂ ᠲᠣᠮᠣ ᠲᠠᠪᠴᠠᠩ᠎ᠢ ᠬᠦᠴᠦᠯᠡᠨ ᠪᠠᠢᠭᠤᠯᠵᠤ᠂ ᠲᠣᠮᠣ ᠪᠠᠷᠠᠭᠠᠨ᠎ᠤ ᠭᠦᠢᠯᠭᠡᠭᠡ᠎ᠶ᠋ᠢ ᠪᠥᠬᠦ᠌ ᠲᠠᠯ᠎ᠠ᠎ᠪᠠᠷ ᠬᠥᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠴᠢᠬᠤᠯᠠ ᠴᠤᠩᠬᠤᠪᠴᠢ ᠪᠠ ᠬᠥᠭᠦᠷᠭᠡ ᠪᠣᠯᠤᠭ᠍ᠰᠠᠨ ᠪᠠᠢᠨ᠎ᠠ᠃

ᠠᠵᠠ ᠲᠣᠬᠢᠶᠠᠯ᠎ᠢ ᠠᠳᠭᠤᠨ ᠰᠠᠭᠤᠷᠢ᠎ᠪᠠᠨ ᠪᠠᠬᠢᠵᠢᠭᠦᠯᠵᠦ᠍᠂

《ᠪᠠᠷᠠᠭᠠᠨ᠎ᠤ ᠭᠦᠢᠯᠭᠡᠭᠡ᠎ᠶ᠋ᠢᠨ ᠬᠦᠢᠰᠦ》 ᠬᠡᠵᠦ᠍ ᠠᠯᠳᠠᠷᠱᠢᠪᠠ

ᠤᠯᠠᠭᠠᠨᠴᠠᠪ ᠳᠣᠲᠣᠭᠠᠳᠤ ᠬᠠᠭᠤᠷᠠᠶ᠎ᠶ᠋ᠢᠨ ᠬᠡᠪᠡᠯᠢ ᠤᠷᠤᠨ᠎ᠳᠤ ᠪᠠᠢᠷᠢᠯᠠᠵᠤ᠂ ᠪᠦᠬᠦ᠌ ᠳᠡᠯᠡᠬᠡᠶ ᠲᠠᠢᠰᠢ ᠭᠦᠭ᠌ᠵᠢᠬᠦ᠌᠎ᠳᠤ ᠶᠠᠭᠤᠨ᠎ᠳᠤ ᠲᠦᠱᠢᠭ᠌ᠯᠡᠬᠦ᠌ ᠪᠣᠶ?

ᠣᠷᠣᠨ ᠪᠠᠢᠷᠢ᠎ᠶ᠋ᠢᠨ ᠳᠠᠪᠠᠭᠤᠯᠢᠭ ᠪᠣᠯ ᠬᠠᠮᠤᠭ᠎ᠤᠨ ᠲᠣᠬᠢᠷᠠᠮᠵᠢᠲᠠᠢ ᠲᠠᠢᠯᠤᠮᠵᠢ ᠪᠤᠯᠬᠤ᠎ᠨᠢ ᠲᠠᠮᠵᠢᠭ ᠦᠭᠡᠢ᠃ ᠤᠯᠠᠭᠠᠨᠴᠠᠪ ᠬᠤᠲᠠ᠎ᠶ᠋ᠢᠨ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠲᠠ᠎ᠶ᠋ᠢᠨ ᠳᠠᠷᠤᠭ᠎ᠠ ᠴᠢ ᠹᠸᠢ ᠶᠦᠨ 6 ᠰᠠᠷ᠎ᠠ᠎ᠶ᠋ᠢᠨ 5 ᠎ᠤ ᠡᠳᠦᠷ ᠬᠤᠷᠠᠯᠳᠤᠭ᠍ᠰᠠᠨ ᠪᠥᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠤᠯᠪᠣᠭ᠎ᠠ᠎ᠶ᠋ᠢᠨ ᠥᠪᠥᠷ ᠮᠣᠩᠭᠤᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠠᠷᠠᠯᠵᠢᠶᠠᠴᠢᠨ ᠤᠷᠢᠵᠤ ᠪᠠᠯᠠ ᠮᠦᠩᠬᠦ᠌ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ᠎ᠶ᠋ᠢᠨ ᠬᠤᠷᠠᠯ ᠳᠡᠭᠡᠷ᠎ᠡ᠂  《ᠪᠠᠷᠠᠭᠠᠨ᠎ᠤ ᠭᠦᠢᠯᠭᠡᠭᠡ᠎ᠶ᠋ᠢᠨ ᠬᠦᠢᠰᠦ᠂ ᠳᠥᠷᠪᠡᠨ ᠵᠦᠭ ᠨᠠᠢ᠍ᠮᠠᠨ ᠵᠣᠪᠬᠢᠰ᠎ᠲᠤ ᠨᠡᠪᠲᠡᠷᠡᠭ᠌ᠰᠡᠨ 〈ᠬᠦᠢᠰᠦ ᠰᠠᠭᠤᠷᠢᠨ〉》 ᠎ᠢᠶᠠᠷ ᠤᠯᠠᠭᠠᠨᠴᠠᠪ᠎ᠤᠨ ᠭᠠᠳᠠᠭᠠᠳᠤ ᠨᠡᠭᠡᠭᠡᠯᠲᠡ᠎ᠶ᠋ᠢᠨ ᠳᠠᠪᠠᠭᠤᠯᠢᠭ᠎ᠢ ᠲᠠᠨᠢᠯᠴᠠᠭᠤᠯᠪᠠ᠃

ᠤᠯᠠᠭᠠᠨᠴᠠᠪ ᠬᠤᠳᠠ ᠪᠣᠯ ᠪᠦᠬᠦ᠌ ᠤᠯᠤᠰ᠎ᠤᠨ ᠴᠤᠷ᠎ᠤᠨ ᠭᠠᠭ᠍ᠴᠠ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠮᠤᠵᠢ᠎ᠶ᠋ᠢᠨ ᠲᠥᠪ ᠪᠤᠰᠤ ᠬᠦᠢᠰᠦ ᠬᠤᠳᠠ ᠪᠣᠯᠬᠤ ᠪᠥᠭᠡᠳ ᠮᠣᠰᠺᠸᠠ᠂ ᠤᠯᠠᠭᠠᠨᠪᠠᠭᠠᠲᠤᠷ ᠵᠡᠷᠭᠡ ᠭᠠᠵᠠᠷ᠎ᠲᠤ ᠬᠢᠯᠢ᠎ᠶ᠋ᠢᠨ ᠭᠠᠳᠠᠨᠠᠬᠢ ᠪᠠᠷᠠᠭᠠᠨ᠎ᠤ ᠭᠦᠢᠯᠭᠡᠭᠡ᠎ᠶ᠋ᠢᠨ ᠬᠦᠷᠢᠶᠡᠯᠡᠩ ᠪᠣᠯᠤᠨ 《ᠤᠯᠤᠰ᠎ᠤᠨ ᠭᠠᠳᠠᠭᠠᠳᠤ᠎ᠳᠠᠬᠢ ᠰᠠᠩ ᠬᠥᠮᠥᠷᠭᠡ》 ᠎ᠶ᠋ᠢ ᠪᠠᠢᠷᠢᠱᠢᠭᠤᠯᠪᠠ᠃

ᠤᠯᠠᠭᠠᠨᠴᠠᠪ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠡᠬᠢᠯᠡᠯᠲᠡ᠎ᠶ᠋ᠢᠨ ᠭᠠᠵᠠᠷ ᠪᠣᠯᠬᠤ᠎ᠪᠠᠷ ᠪᠠᠷᠠᠬᠤ ᠦᠭᠡᠢ᠂ ᠶᠡᠭᠡ ᠰᠠᠢᠨ ᠣᠷᠣᠨ ᠪᠠᠢᠷᠢ᠎ᠶ᠋ᠢᠨ ᠨᠥᠬᠦᠴᠡᠯ᠎ᠲᠠᠢ ᠪᠠᠢᠵᠤ᠂ ᠤᠮᠠᠷᠠᠰᠢ ᠨᠡᠭᠡᠭᠡᠯᠲᠡ ᠬᠢᠬᠦ᠌ ᠡᠨᠡ ᠬᠦ᠌ ᠶᠡᠭᠡ ᠶᠠᠪᠤᠳᠠᠯ᠎ᠢ ᠰᠠᠢᠲᠤᠷ ᠬᠢᠬᠦ᠌ 《ᠢᠲᠡᠭᠡᠯ ᠵᠣᠷᠢᠭ》 ᠲᠡᠭᠦᠯᠳᠡᠷ ᠪᠠᠢᠨ᠎ᠠ᠃

ᠤᠯᠠᠭᠠᠨᠴᠠᠪ ᠬᠤᠲᠠ 《ᠨᠢᠭᠡ ᠪᠦᠰᠡ ᠨᠢᠭᠡ ᠵᠠᠮ》 ᠎ᠤᠨ ᠪᠥᠲᠥᠭᠡᠨ ᠪᠠᠢᠭᠤᠯᠤᠯᠲᠠ ᠪᠠ ᠪᠡᠭᠡᠵᠢᠩ ᠲᠢᠶᠠᠨᠵᠢᠨ ᠾᠧᠪᠧᠶ᠎ᠶ᠋ᠢᠨ ᠬᠠᠮᠵᠢᠯᠴᠠᠨ ᠬᠥᠭ᠌ᠵᠢᠬᠦ᠌ ᠪᠠᠢᠯᠳᠤᠬᠤ ᠪᠣᠳᠣᠯᠭ᠎ᠠ᠎ᠳᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠦ᠍᠂ ᠤᠯᠠᠭᠠᠨᠴᠠᠪ — ᠴᠢᠭᠤᠯᠤᠯᠲᠤ ᠬᠠᠭᠠᠯᠭ᠎ᠠ — ᠳ᠋ᠠᠲ᠋ᠦ᠋ᠩ᠎ᠤᠨ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠱᠠᠯᠠᠪᠳᠠᠨ ᠠᠬᠢᠭᠤᠯᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ 《ᠪᠠᠬᠢᠯᠡᠯᠲᠡ》 ᠎ᠶ᠋ᠢ ᠲᠦᠷᠭᠡᠳᠭᠡᠨ ᠪᠠᠢᠭᠤᠯᠵᠤ᠂ ᠭᠠᠳᠠᠭᠠᠳᠤ ᠠᠷᠠᠯᠵᠢᠶᠠᠨ᠎ᠤ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭ᠍ᠰᠠᠨ ᠶᠡᠷᠦᠩᠬᠡᠶ ᠦᠷᠳᠡᠭ᠎ᠨᠢ 2016 ᠣᠨ᠎ᠳᠤ 1 ᠳ᠋ᠦᠩᠱᠢᠭᠤᠷ ᠳ᠋ᠣᠯᠯᠠᠷ ᠬᠥᠷᠬᠦ᠌ ᠥᠬᠡᠶ ᠪᠠᠢᠭ᠍ᠰᠠᠨ᠎ᠠᠴᠠ᠎ᠪᠠᠨ 2020 ᠣᠨ᠎ᠳᠤ 4.4 ᠳ᠋ᠦᠩᠱᠢᠭᠤᠷ ᠳ᠋ᠣᠯᠯᠠᠷ ᠪᠣᠯᠵᠣ ᠨᠡᠮᠡᠭ᠌ᠳᠡᠨ᠂ ᠵᠢᠯ ᠳᠤᠮᠳᠠᠴᠢ᠎ᠪᠠᠷ 45.1 % ᠎ᠪᠠᠷ ᠨᠡᠮᠡᠭ᠌ᠳᠡᠪᠡ᠃

— ᠣᠯᠠᠨ ᠤᠯᠤᠰ᠎ᠤᠨ ᠬᠠᠭᠤᠷᠠᠶ ᠵᠠᠮ᠎ᠤᠨ ᠲᠠᠯ᠎ᠠ᠎ᠪᠠᠷ᠂ ᠣᠷᠣᠰ ᠮᠣᠩᠭᠤᠯ ᠤᠯᠤᠰ᠎ᠲᠠᠢ ᠬᠠᠮᠲᠤᠷᠠᠨ ᠤᠯᠠᠭᠠᠨᠴᠠᠪ — ᠤᠯᠠᠭᠠᠨᠪᠠᠭᠠᠲᠤᠷ — ᠤᠯᠠᠭᠠᠨ ᠡᠭᠦᠳᠡ᠎ᠳᠤ ᠨᠡᠪᠲᠡᠷᠡᠬᠦ᠌ ᠵᠠᠮ᠎ᠢ ᠪᠠᠢᠭᠤᠯᠪᠠ; ᠲᠡᠯᠡᠶ᠎ᠳᠤ ᠭᠠᠷᠬᠤ ᠵᠠᠮ᠎ᠤᠨ ᠲᠠᠯ᠎ᠠ᠎ᠪᠠᠷ᠂ ᠲᠢᠶᠠᠨᠵᠢᠨ ᠭᠠᠷᠠᠮ᠂ ᠼᠤᠤ ᠹᠸᠢ ᠳ᠋ᠢᠶᠠᠨ ᠭᠠᠷᠠᠮ᠎ᠲᠠᠢ ᠬᠠᠮᠲᠤᠷᠠᠨ ᠳᠣᠲᠣᠭᠠᠳᠤ ᠬᠠᠭᠤᠷᠠᠶ᠎ᠶ᠋ᠢᠨ ᠭᠠᠷᠠᠮ᠎ᠢ ᠪᠠᠢᠭᠤᠯᠵᠤ᠂ ᠣᠯᠠᠨ ᠬᠡᠯᠪᠡᠷᠢ᠎ᠶ᠋ᠢᠨ ᠬᠠᠮᠲᠤᠷᠠᠭ᠍ᠰᠠᠨ ᠲᠡᠭᠡᠭᠡᠪᠦᠷᠢ᠎ᠶ᠋ᠢᠨ ᠪᠠᠷᠠᠭᠠᠨ᠎ᠤ ᠭᠦᠢᠯᠭᠡᠭᠡ᠎ᠶ᠋ᠢᠨ ᠵᠠᠮ᠎ᠢ ᠨᠡᠪᠲᠡᠷᠡᠭᠦᠯᠵᠦ᠍᠂ ᠬᠢᠯᠢ ᠠᠯᠤᠰᠯᠠᠭ᠍ᠰᠠᠨ ᠬᠤᠤᠰ ᠴᠢᠭ᠌ᠯᠡᠯᠲᠦ ᠪᠠᠷᠠᠭᠠᠨ᠎ᠤ ᠭᠦᠢᠯᠭᠡᠭᠡ᠎ᠶ᠋ᠢᠨ  ᠦᠢᠯᠡᠴᠢᠯᠡᠭᠡᠨ᠎ᠤ ᠱᠢᠰᠲ᠋ᠧᠮ᠎ᠢ ᠪᠠᠢᠭᠤᠯᠪᠠ; ᠠᠭᠠᠷ᠎ᠤᠨ ᠠᠶᠠᠯᠠᠯ᠎ᠤᠨ ᠵᠠᠮ᠎ᠤᠨ ᠲᠠᠯ᠎ᠠ᠎ᠪᠠᠷ᠂ ᠵᠢᠨᠢᠩ᠎ᠤᠨ ᠨᠢᠰᠭᠡᠯ᠎ᠤᠨ ᠪᠠᠭᠤᠳᠠᠯ᠎ᠨᠢ ᠠᠭᠠᠷ᠎ᠤᠨ ᠠᠶᠠᠯᠠᠯ᠎ᠤᠨ ᠪᠣᠭᠤᠮᠲᠠ᠎ᠶ᠋ᠢ ᠨᠡᠭᠡᠭᠡᠬᠦ᠌ ᠬᠠᠳᠠᠭᠤ ᠳᠤᠨᠤᠭ᠎ᠤᠨ ᠨᠥᠬᠦᠴᠡᠯ᠎ᠢ ᠪᠦᠷᠢᠯᠳᠦᠭᠦᠯᠪᠡ᠃

— ᠪᠡᠭᠡᠵᠢᠩ ᠲᠢᠶᠠᠨᠵᠢᠨ ᠾᠧᠪᠧᠢ᠎ᠶ᠋ᠢᠨ ᠬᠠᠮᠵᠢᠯᠴᠠᠨ ᠬᠥᠭ᠌ᠵᠢᠬᠦ᠌᠎ᠳᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ᠂ ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ᠎ᠶ᠋ᠢᠨ ᠣᠷᠣᠨ ᠪᠦᠰᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠢᠳᠡᠪᠬᠢᠲᠡᠢ ᠠᠬᠢᠭᠤᠯᠵᠤ᠂ ᠬᠥᠭ᠌ᠵᠢᠯᠲᠡ᠎ᠶ᠋ᠢᠨ ᠱᠢᠨ᠎ᠡ ᠣᠷᠣᠨ ᠵᠠᠢ᠎ᠶ᠋ᠢ ᠥᠷᠭᠡᠵᠢᠬᠦᠯᠪᠡ᠃

— ᠤᠯᠠᠭᠠᠨᠴᠠᠪ — ᠡᠷᠢᠶᠡᠨ ᠬᠤᠲᠠ᠎ᠶ᠋ᠢᠨ ᠡᠬᠡ ᠬᠠᠭᠤᠷᠠᠶ᠎ᠶ᠋ᠢᠨ ᠭᠠᠷᠠᠮ᠎ᠤᠨ ᠬᠡᠯᠪᠡᠷᠢ᠎ᠶ᠋ᠢᠨ ᠤᠯᠤᠰ᠎ᠤᠨ ᠪᠠᠷᠠᠭᠠᠨ᠎ᠤ ᠭᠦᠢᠯᠭᠡᠭᠡ᠎ᠶ᠋ᠢᠨ ᠬᠦᠢᠰᠦ᠎ᠨᠢ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠨᠡᠷᠡᠰ᠎ᠲᠤ ᠰᠣᠩᠭᠤᠭ᠍ᠳᠠᠵᠦ᠍᠂ ᠤᠯᠠᠭᠠᠨᠴᠠᠪ᠎ᠤᠨ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠳᠤ ᠪᠠᠰᠠ ᠨᠢᠬᠡᠨ ᠬᠦᠴᠦᠨ ᠨᠡᠮᠡᠷᠢᠯᠡᠵᠦ᠍᠂ ᠬᠢᠯᠢ᠎ᠶ᠋ᠢᠨ ᠪᠣᠭᠤᠮᠲᠠ᠎ᠳᠤ ᠲᠦᠱᠢᠭ᠌ᠯᠡᠨ᠂ ᠪᠥᠬᠦ᠌ ᠲᠠᠯ᠎ᠠ᠎ᠪᠠᠷ ᠨᠡᠭᠡᠭᠡᠯᠲᠡ ᠬᠢᠬᠦ᠌ ᠡᠭᠦᠳᠡ᠎ᠶ᠋ᠢ ᠨᠡᠭᠡᠭᠡᠪᠡ᠃

ᠲᠦᠷᠪᠡᠨ ᠵᠦᠭ᠎ᠲᠤ ᠨᠡᠪᠲᠡᠷᠡᠵᠦ᠍᠂ ᠳᠣᠲᠣᠨ᠎ᠠ ᠭᠠᠳᠠᠨ᠎ᠠ᠎ᠲᠠᠢ ᠬᠤᠷᠱᠢᠨ ᠬᠥᠳᠡᠯᠦᠯᠴᠡᠨ᠎ᠠ! ᠤᠯᠠᠭᠠᠨᠴᠠᠪ ᠬᠤᠳᠠ ᠪᠣᠰᠤᠭ᠎ᠠ ᠴᠣᠭ᠍ᠴᠠᠲᠤ ᠵᠠᠮ ᠬᠠᠷᠢᠯᠴᠠᠭ᠎ᠠ ᠪᠠᠷᠠᠭᠠᠨ᠎ᠤ ᠭᠦᠢᠯᠭᠡᠭᠡ᠎ᠶ᠋ᠢᠨ ᠲᠣᠣᠷ᠎ᠢ ᠦᠨᠳᠦᠰᠦᠨ᠎ᠳᠡᠭᠡᠨ ᠪᠦᠷᠢᠯᠳᠦᠭᠦᠯᠪᠡ᠃

《ᠨᠢᠭᠡ ᠪᠦᠰᠡ ᠨᠢᠭᠡ ᠵᠠᠮ》 ᠎ᠤᠨ ᠳᠤᠮᠳᠠᠳᠤ ᠮᠣᠩᠭᠤᠯ ᠣᠷᠣᠰ᠎ᠤᠨ ᠠᠵᠤ ᠠᠬᠤᠶ᠎ᠶ᠋ᠢᠨ ᠪᠦᠰᠡ᠂ 《ᠤᠯᠤᠰ᠎ᠤᠨ ᠪᠠᠷᠠᠭᠠᠨ᠎ᠤ ᠭᠦᠢᠯᠭᠡᠭᠡ᠎ᠶ᠋ᠢᠨ ᠪᠠᠢᠷᠢᠱᠢᠭᠤᠯᠤᠯᠲᠠ ᠪᠠ ᠪᠥᠲᠥᠭᠡᠨ ᠪᠠᠢᠭᠤᠯᠤᠯᠲᠠ᠎ᠶ᠋ᠢᠨ ᠲᠥᠯᠥᠪᠵᠢᠭᠦᠯᠭᠡ》 《ᠪᠦᠸᠧᠬᠠᠶ ᠲᠠᠩᠭᠢᠰ ᠳᠠᠭᠠᠤ ᠭᠠᠵᠠᠷ ᠣᠷᠣᠨ᠎ᠢ ᠬᠠᠮᠲᠤᠷᠠᠯᠴᠠᠭᠤᠯᠤᠨ ᠬᠥᠭ᠌ᠵᠢᠬᠦᠯᠬᠦ᠌》 ᠪᠠ 《ᠪᠡᠭᠡᠵᠢᠩ ᠲᠢᠶᠠᠨᠵᠢᠨ ᠾᠧᠪᠸᠢ᠎ᠶ᠋ᠢᠨ ᠬᠠᠮᠵᠢᠯᠴᠠᠨ ᠬᠥᠭ᠌ᠵᠢᠬᠦ᠌》 ᠤᠯᠤᠰ᠎ᠤᠨ ᠪᠠᠢᠯᠳᠤᠬᠤ ᠪᠣᠳᠣᠯᠭ᠎ᠠ᠎ᠶ᠋ᠢᠨ ᠠᠭᠢᠴᠠ᠎ᠶ᠋ᠢ ᠳᠠᠭᠠᠯᠳᠤᠨ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠳᠠᠢᠴᠢᠯᠠᠬᠤ  ᠦᠢᠯᠡᠳᠦᠯ ᠡᠳᠦᠷ ᠢᠷᠡᠬᠦᠶ᠎ᠡ ᠢᠯᠡᠷᠬᠡᠢᠱᠢᠵᠣ ᠪᠠᠢᠨ᠎ᠠ᠃ ᠳᠣᠯᠣᠳᠤᠭᠠᠷ ᠰᠤᠮᠤ᠎ᠶ᠋ᠢᠨ ᠭᠠᠢᠯᠢ ᠦᠬᠡᠢ ᠪᠠᠷᠠᠭᠠᠨ᠎ᠤ ᠭᠦᠢᠯᠭᠡᠭᠡ᠎ᠶ᠋ᠢᠨ ᠲᠥᠪ (B ᠬᠡᠯᠪᠡᠷᠢ) ᠎ᠢ ᠪᠠᠢᠭᠤᠯᠤᠭ᠍ᠰᠠᠨ᠎ᠨᠢ ᠭᠠᠢᠯᠢ ᠦᠬᠡᠢ ᠴᠢᠳᠠᠮᠵᠢ ᠳᠤᠲᠠᠮᠠᠭ ᠪᠠᠢᠬᠤ ᠪᠠ ᠬᠢᠯᠢ ᠠᠯᠤᠰᠯᠠᠭ᠍ᠰᠠᠨ ᠪᠠᠷᠠᠭᠠᠨ᠎ᠤ ᠭᠦᠢᠯᠭᠡᠭᠡ᠎ᠶ᠋ᠢᠨ ᠲᠠᠪᠴᠠᠩ ᠲᠡᠭᠦᠯᠳᠡᠷᠵᠢᠩᠬᠦᠢ ᠪᠤᠰᠤ ᠪᠠᠢᠬᠤ ᠵᠡᠷᠭᠡ ᠠᠰᠠᠭᠤᠳᠠᠯ᠎ᠢ ᠱᠢᠢᠳᠪᠦᠷᠢᠯᠡᠵᠦ᠍᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠬᠥᠭ᠌ᠵᠢᠯᠲᠡ᠎ᠶ᠋ᠢᠨ ᠣᠷᠣᠨ ᠵᠠᠶ᠎ᠶ᠋ᠢ ᠤᠯᠠᠮ ᠳᠡᠭᠡᠭ᠌ᠰᠢᠯᠡᠭᠦᠯᠪᠡ᠃

《ᠤᠳᠤᠬᠠᠨ᠎ᠳᠤ᠂ ᠳᠣᠯᠣᠳᠤᠭᠠᠷ ᠰᠤᠮᠤ᠎ᠶ᠋ᠢᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠪᠠᠷᠠᠭᠠᠨ᠎ᠤ ᠭᠦᠢᠯᠭᠡᠭᠡ᠎ᠶ᠋ᠢᠨ ᠬᠦᠢᠰᠦ ᠰᠠᠭᠤᠷᠢᠨ᠎ᠤ ᠬᠡᠪᠴᠢᠶᠡᠵᠢᠯ ᠠᠭᠠᠵᠢᠮ᠎ᠢᠶᠠᠷ ᠪᠦᠷᠢᠯᠳᠦᠵᠦ᠍᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠨᠢ 9 ᠱᠤᠭᠤᠮ᠎ᠢ ᠨᠡᠪᠲᠡᠷᠡᠭᠦᠯᠵᠦ᠍᠂ ᠨᠡᠢᠳᠡ 445 ᠭᠠᠯᠳᠤ ᠲᠡᠷᠬᠡ ᠶᠠᠪᠤᠭᠤᠯᠪᠠ》 ᠭᠡᠵᠦ᠍ ᠥᠪᠥᠷ ᠮᠣᠩᠭᠤᠯ᠎ᠤᠨ ᠠᠽᠢᠶ᠎ᠠ ᠧᠦ᠋ᠷᠣᠫᠠ᠎ᠶ᠋ᠢᠨ ᠣᠯᠠᠨ ᠤᠯᠤᠰ᠎ᠤᠨ ᠪᠠᠷᠠᠭᠠᠨ᠎ᠤ ᠭᠦᠢᠯᠭᠡᠭᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠶ ᠳᠠᠭᠠᠭᠠᠮᠠᠯ ᠯᠢ ᠯᠦ᠍ ᠲᠠᠨᠢᠯᠴᠠᠭᠤᠯᠪᠠ᠃ ᠵᠢᠱᠢᠶᠠᠨ᠎ᠤ ᠭᠠᠯᠲᠤ ᠲᠡᠷᠭᠡ 《ᠨᠠᠭᠠᠰᠢ ᠴᠠᠭᠠᠰᠢ ᠢᠷᠡᠵᠦ᠍ ᠶᠠᠪᠤᠬᠤ》 ᠎ᠶ᠋ᠢ ᠲᠠᠭᠠᠯᠳᠤᠨ᠂ ᠤᠯᠠᠭᠠᠨᠴᠠᠪ ᠬᠤᠲᠠ ᠠᠵᠤ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠠᠩᠬ᠎ᠠ ᠠᠯᠬᠤᠮ ᠪᠦᠷᠢᠯᠳᠦᠭᠦᠯᠪᠡ᠃

ᠤᠮᠠᠷᠠᠲᠤ ᠣᠷᠣᠨ (ᠤᠯᠠᠭᠠᠨᠴᠠᠪ) ᠎ᠤ ᠬᠡᠷ᠎ᠤᠨ ᠡᠳ᠋ᠯᠡᠯ᠎ᠤᠨ ᠠᠵᠤ ᠦᠢᠯᠡᠰ᠎ᠤᠨ ᠬᠦᠷᠢᠶᠡᠯᠡᠩ᠎ᠳᠤ ᠲᠡᠷᠬᠡ ᠬᠦᠰᠭᠡ ᠵᠦᠷᠢᠯᠳᠦᠵᠦ᠍᠂ ᠮᠣᠳᠣᠨ ᠮᠠᠲ᠋ᠧᠷᠢᠶᠠᠯ᠎ᠢ ᠳᠦᠭᠦᠷᠡᠲᠡᠯ᠎ᠡ ᠲᠡᠬᠡᠭᠡᠭ᠌ᠰᠡᠨ ᠴᠢᠩᠭᠡᠯᠢᠭ᠌ᠲᠦ ᠲᠡᠭᠡᠭᠡᠪᠦᠷᠢ᠎ᠶ᠋ᠢᠨ ᠲᠡᠷᠭᠡ᠎ᠨᠦᠭᠦᠳ ᠬᠦᠷᠢᠶᠡᠯᠡᠩ ᠲᠣᠭᠤᠷᠢᠭ᠎ᠤᠨ ᠲᠡᠷᠭᠡ ᠪᠠᠭᠤᠯᠭᠠᠬᠤ ᠲᠠᠪᠴᠠᠩ᠎ᠳᠤ ᠣᠷᠣᠵᠤ᠂ ᠡᠳ᠋ᠱᠢᠬᠦᠯᠬᠦ᠌  ᠦᠢᠯᠡᠳᠪᠦᠷᠢ᠎ᠶ᠋ᠢᠨ ᠲᠠᠰᠤᠭ᠎ᠲᠤ ᠮᠠᠱᠢᠨ ᠬᠦᠷᠴᠢᠭᠢᠨᠡᠵᠦ᠍᠂ ᠠᠵᠢᠯᠲᠠᠳ ᠱᠢᠷᠭᠠᠭᠤ ᠠᠵᠢᠯᠯᠠᠵᠤ᠂ ᠬᠡᠷ᠎ᠤᠨ ᠡᠳ᠋ᠯᠡᠯ ᠬᠡᠷᠡᠭ᠌ᠰᠡᠯ᠎ᠤᠳ᠎ᠲᠤ ᠶᠠᠰᠤ ᠴᠢᠨᠠᠷ᠎ᠤᠨ ᠪᠠᠢᠴᠠᠭᠠᠯᠲᠠ ᠬᠢᠵᠦ᠍᠂ ᠪᠥᠬᠦ᠌ ᠤᠯᠤᠰ᠎ᠤᠨ ᠡᠯ᠎ᠡ ᠭᠠᠵᠠᠷ᠎ᠤᠨ ᠵᠠᠬ᠎ᠠ ᠳᠡᠯᠭᠡᠭᠦᠷ ᠲᠡᠢᠰᠢ ᠲᠡᠭᠡᠭᠡᠵᠦ᠍ ᠶᠠᠪᠤᠭᠤᠯᠤᠨ᠎ᠠ᠃ ᠤᠳᠤ᠂ ᠮᠣᠳᠣᠨ ᠮᠠᠲ᠋ᠧᠷᠢᠶᠠᠯ ᠡᠳ᠋ᠱᠢᠭᠦᠯᠬᠦ᠌ 14 ᠠᠵᠤ ᠠᠬᠤᠢᠯᠠᠯ ᠠᠳᠡ ᠨᠤᠲᠤᠭ᠍ᠰᠢᠪᠠ᠃

《ᠲᠤᠬᠠᠶ᠎ᠶ᠋ᠢᠨ ᠦᠶ᠎ᠡ᠎ᠳᠤ ᠠᠳᠡ ᠦᠶᠯᠡᠳᠪᠦᠷᠢ ᠪᠠᠢᠭᠤᠯᠤᠬ᠍ᠰᠠᠨ᠎ᠨᠢ ᠠᠵᠤ ᠦᠢᠯᠡᠰ᠎ᠤᠨ ᠬᠦᠷᠢᠶᠡᠯᠡᠩ᠎ᠤᠨ ᠥᠪᠡᠷᠮᠢᠴᠡ ᠣᠷᠣᠨ ᠪᠠᠢᠷᠢ ᠪᠠ ᠵᠠᠮ ᠬᠠᠷᠢᠯᠴᠠᠭᠠᠨ᠎ᠤ ᠳᠠᠪᠠᠭᠤᠯᠢᠭ᠎ᠲᠤ ᠲᠠᠳᠠᠬ᠍ᠳᠠᠬ᠍ᠰᠠᠨ᠎ᠠᠴᠠ ᠪᠤᠯᠤᠬ᠍ᠰᠠᠨ ᠶᠤᠮ᠃ ᠳᠣᠯᠣᠳᠤᠭᠠᠷ ᠰᠤᠮᠤ᠎ᠶ᠋ᠢᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠪᠠᠷᠠᠭᠠᠨ᠎ᠤ ᠭᠦᠢᠯᠭᠡᠭᠡ᠎ᠶ᠋ᠢᠨ ᠬᠦᠢᠰᠦ ᠰᠠᠭᠤᠷᠢᠨ ᠪᠠ ᠳᠣᠯᠣᠳᠤᠭᠠᠷ ᠰᠤᠮᠤ᠎ᠶ᠋ᠢᠨ ᠭᠠᠢᠯᠢ ᠦᠬᠡᠢ ᠪᠠᠷᠠᠭᠠᠨ᠎ᠤ ᠭᠦᠢᠯᠭᠡᠭᠡ᠎ᠶ᠋ᠢᠨ ᠲᠥᠪ (B ᠬᠡᠯᠪᠡᠷᠢ) ᠎ᠤᠨ ᠲᠠᠰᠤᠷᠠᠯᠲᠠ ᠦᠭᠡᠢ ᠬᠥᠭ᠌ᠵᠢᠬᠦ᠌᠎ᠶ᠋ᠢ ᠳᠠᠭᠠᠯᠳᠤᠨ᠂ ᠬᠦᠷᠢᠶᠡᠯᠡᠩ ᠲᠣᠭᠤᠷᠢᠭ᠎ᠤᠨ ᠣᠷᠣᠨ ᠪᠠᠢᠷᠢ᠎ᠶ᠋ᠢᠨ ᠳᠠᠪᠠᠭᠤᠯᠢᠭ᠎ᠨᠢ ᠨᠡᠩ ᠳᠤᠪᠤᠢᠮ᠎ᠠ ᠪᠣᠯᠪᠠ》 ᠬᠡᠵᠦ᠍ ᠥᠪᠥᠷ ᠮᠣᠩᠭᠤᠯ᠎ᠤᠨ ᠵᠢᠶᠠ ᠽᠧ ᠮᠣᠳᠣᠨ᠎ᠤ ᠦᠢᠯᠡᠰ᠎ᠤᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠤᠨ ᠳᠠᠷᠤᠭ᠎ᠠ ᠭᠦᠸᠧ᠎ᠶ᠋ᠢᠨ ᠬᠠᠶ ᠬᠡᠯᠡᠪᠡ᠃

ᠤᠯᠠᠭᠠᠨᠴᠠᠪ ᠬᠤᠲᠠ ᠬᠢᠯᠢ ᠠᠯᠤᠰᠯᠠᠭ᠍ᠰᠠᠨ ᠡᠯᠧᠺᠲᠷᠣᠨ ᠬᠤᠳᠠᠯᠳᠤᠭ᠎ᠠ᠂ ᠪᠣᠬᠢᠷᠲᠤᠯ ᠥᠬᠡᠶ ᠵᠢᠮᠢᠰ ᠢᠳᠡᠱᠢᠨ ᠨᠣᠭᠤᠭ᠎ᠠ᠎ᠶ᠋ᠢ ᠭᠠᠳᠠᠭᠠᠳᠤ᠎ᠳᠤ ᠭᠠᠷᠭᠠᠬᠤ ᠪᠠ ᠮᠣᠳᠣᠨ ᠮᠠᠲ᠋ᠧᠷᠢᠶᠠᠯ᠎ᠤᠨ ᠪᠦᠲᠦᠭᠡᠭ᠌ᠳᠡᠬᠦᠨ᠎ᠢ ᠭᠠᠳᠠᠭᠠᠳᠤ᠎ᠠᠴᠠ ᠣᠷᠣᠭᠤᠯᠵᠤ ᠡᠳ᠋ᠱᠢᠭᠦᠯᠬᠦ᠌ ᠵᠡᠷᠭᠡ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢ ᠶᠡᠭᠡ᠎ᠪᠠᠷ ᠬᠥᠭ᠌ᠵᠢᠭᠦᠯᠵᠦ᠍᠂ ᠪᠥᠬᠦ᠌ ᠬᠤᠲᠠ᠎ᠳᠤ ᠰᠠᠭᠤᠷᠢᠯᠠᠭ᠍ᠰᠠ᠊᠂ ᠡᠷᠬᠢᠨ ᠲᠣᠭᠤᠷᠢᠨ᠎ᠢ ᠨᠥᠯᠥᠭᠡᠯᠡᠭ᠌ᠰᠡᠨ᠂ ᠳᠡᠯᠡᠬᠡᠶ᠎ᠳᠤ ᠬᠠᠨᠳᠤᠭᠤᠯᠤᠭ᠍ᠰᠠᠨ ᠠᠵᠤ  ᠦᠢᠯᠡᠰ᠎ᠤᠨ ᠪᠦᠯᠦᠭ᠌ᠵᠢᠯ ᠪᠠ ᠣᠳᠣᠬᠢᠴᠢᠯᠠᠭ᠍ᠰᠠᠨ ᠪᠠᠷᠠᠭᠠᠨ᠎ᠤ ᠭᠦᠢᠯᠭᠡᠭᠡ᠎ᠶ᠋ᠢᠨ ᠱᠢᠰᠲ᠋ᠧᠮ᠎ᠢ ᠪᠤᠢᠵᠢᠭᠤᠯᠤᠨ ᠪᠦᠷᠢᠯᠳᠦᠭᠦᠯᠵᠦ᠍᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠪᠠᠢᠯᠳᠤᠬᠤ ᠪᠣᠳᠣᠯᠭ᠎ᠠ᠎ᠶ᠋ᠢᠨ ᠲᠠᠪᠴᠠᠩ᠎ᠢ ᠲᠦᠷᠭᠡᠳᠭᠡᠨ ᠪᠠᠢᠭᠤᠯᠪᠠ; ᠣᠲᠣ ᠦᠶ᠎ᠡ᠎ᠶ᠋ᠢᠨ ᠪᠠᠷᠠᠭᠠᠨ᠎ᠤ ᠭᠦᠢᠯᠭᠡᠭᠡ᠎ᠶ᠋ᠢᠨ ᠦᠢᠯᠡᠰ᠎ᠢ ᠬᠥᠭ᠌ᠵᠢᠭᠦᠯᠵᠦ᠍᠂ ᠳᠡᠭᠡᠳᠦ ᠤᠷᠤᠰᠭᠠᠯ᠎ᠤᠨ ᠦᠶᠯᠡᠳᠪᠦᠷᠢᠯᠡᠯ ᠡᠳ᠋ᠱᠢᠬᠦᠯᠦᠯᠳᠡ᠎ᠶ᠋ᠢ ᠨᠢᠭᠡ ᠴᠣᠭ᠍ᠴᠠᠵᠢᠭᠤᠯᠤᠭ᠍ᠰᠠᠨ ᠦᠢᠯᠡᠳᠬᠦ᠌ ᠦᠢᠯᠡᠰ ᠪᠠ ᠳᠤᠤᠷᠠᠳᠤ ᠤᠷᠤᠰᠭᠠᠯ᠎ᠤᠨ ᠮᠥᠩᠭᠦᠨ ᠭᠦᠢᠯᠭᠡᠭᠡ᠂ ᠮᠡᠳᠡᠭᠡ ᠵᠠᠩᠭᠢ ᠵᠡᠷᠭᠡ ᠣᠲᠣ ᠦᠶ᠎ᠡ᠎ᠶ᠋ᠢᠨ  ᠦᠢᠯᠡᠴᠢᠯᠡᠭᠡᠨ᠎ᠤ ᠦᠢᠯᠡᠰ᠎ᠤᠨ ᠬᠦᠭ᠌ᠵᠢᠯᠳᠡ᠎ᠶ᠋ᠢ ᠳᠠᠢᠴᠢᠯᠠᠵᠤ᠂ ᠠᠵᠤ ᠦᠢᠯᠡᠰ᠎ᠤᠨ ᠲᠥᠪᠯᠡᠷᠡᠬᠦ᠌ ᠪᠠ ᠬᠡᠯᠪᠡᠷᠢ᠎ᠪᠠᠨ ᠬᠤᠪᠢᠷᠠᠭᠤᠯᠤᠨ ᠲᠠᠰ ᠲᠡᠪᠱᠢᠬᠦᠯᠬᠦ᠌᠎ᠶ᠋ᠢ ᠠᠬᠢᠭᠤᠯᠬᠤ᠎ᠶ᠋ᠢᠨ ᠤᠯᠠᠮ᠎ᠢᠶᠠᠷ ᠪᠦᠬᠦᠯᠢ ᠴᠣᠭ᠍ᠴᠠ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠲᠦᠷᠭᠡᠨ ᠬᠥᠭ᠌ᠵᠢᠯᠲᠡ᠎ᠶ᠋ᠢ ᠲᠠᠢᠴᠢᠯᠠᠪᠠ; ᠶᠡᠭᠡ ᠪᠣᠭᠤᠮᠲᠠ᠎ᠶ᠋ᠢᠨ ᠠᠵᠤ ᠠᠬᠤᠶ᠎ᠶ᠋ᠢ ᠬᠥᠭ᠌ᠵᠢᠭᠦᠯᠵᠦ᠍᠂ ᠡᠷᠢᠶᠡᠨ ᠬᠤᠲᠠ᠎ᠶ᠋ᠢᠨ ᠪᠣᠭᠤᠮᠲᠠ᠎ᠶ᠋ᠢᠨ ᠴᠢᠳᠠᠮᠵᠢ᠎ᠶ᠋ᠢᠨ ᠳᠣᠲᠣᠭ᠍ᠰᠢ ᠱᠢᠯᠵᠢᠬᠦ᠌᠎ᠶ᠋ᠢ ᠢᠳᠡᠪᠬᠢᠲᠡᠶ ᠲᠤᠰᠴᠤ᠌᠂ ᠪᠣᠭᠤᠮᠲᠠ᠎ᠶ᠋ᠢᠨ ᠨᠥᠯᠥᠭᠡᠯᠡᠨ ᠳᠠᠢᠴᠢᠯᠠᠬᠤ ᠦᠢᠯᠡᠳᠦᠯ᠎ᠢ ᠠᠱᠢᠬ᠍ᠯᠠᠨ᠂ ᠭᠠᠳᠠᠭᠠᠳᠤ᠎ᠳᠤ ᠨᠡᠬᠡᠬᠡᠯᠳᠡ᠎ᠲᠠᠢ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠲᠦᠪᠱᠢᠨ᠎ᠢ ᠲᠡᠭᠡᠭ᠌ᠰᠢᠯᠡᠬᠦᠯᠪᠡ᠃ ᠭᠠᠳᠠᠭᠠᠳᠤ᠎ᠠᠴᠠ ᠣᠷᠣᠭᠤᠯᠤᠬ᠍ᠰᠠᠨ ᠪᠦᠳᠦᠭᠡᠭ᠌ᠳᠡᠬᠦᠨ᠎ᠢ ᠲᠣᠰ ᠬᠤᠲᠠ᠎ᠳᠠᠭᠠᠨ ᠡᠳ᠋ᠱᠢᠬᠦᠯᠵᠦ᠍ ᠪᠠᠢᠭ᠍ᠰᠠᠨ᠎ᠠᠴᠠ᠎ᠪᠠᠨ ᠪᠦᠲᠦᠭᠡᠭ᠌ᠳᠡᠬᠦᠨ ᠪᠣᠯᠭᠠᠨ ᠤᠨᠳᠤᠤᠱᠢᠭᠤᠯᠵᠦ᠍᠂ ᠳᠠᠬᠢᠨ ᠪᠥᠬᠦ᠌ ᠤᠯᠤᠰ᠎ᠲᠤ ᠪᠤᠷᠤᠯᠠᠭᠤᠯᠬᠤ᠎ᠶ᠋ᠢ ᠠᠬᠢᠭᠤᠯᠬᠤ᠎ᠶ᠋ᠢᠨ ᠬᠠᠮᠲᠤ᠌᠂ ᠣᠷᠣᠰ ᠮᠣᠩᠭᠤᠯ᠎ᠳᠤ ᠭᠠᠷᠭᠠᠬᠤ ᠪᠤᠷᠤᠯᠠᠭᠤᠯᠭ᠎ᠠ ᠰᠠᠢᠳᠠᠢ ᠬᠥᠩᠭᠡᠨ ᠠᠵᠤ ᠦᠢᠯᠡᠳᠪᠦᠷᠢ᠎ᠶ᠋ᠢᠨ ᠪᠦᠲᠦᠭᠡᠭ᠌ᠳᠡᠬᠦᠨ ᠵᠡᠷᠬᠡ᠎ᠶ᠋ᠢ ᠦᠢᠯᠡᠳᠪᠦᠷᠢᠯᠡᠬᠦ᠌ ᠠᠵᠤ ᠠᠬᠤᠢᠯᠠᠯ᠎ᠢ ᠳᠠᠢᠴᠢᠯᠠᠨ ᠲᠣᠰ ᠬᠤᠲᠠ᠎ᠳᠠᠭᠠᠨ ᠨᠤᠲᠤᠭ᠍ᠰᠢᠭᠤᠯᠵᠤ᠂ ᠬᠡᠪᠴᠢᠶᠡᠵᠢᠭ᠌ᠰᠡᠨ ᠨᠥᠯᠥᠭᠡᠯᠡᠬᠦ᠌ ᠬᠦᠴᠤᠨ᠎ᠢ ᠪᠣᠶ ᠪᠤᠯᠭᠠᠪᠠ᠃

ᠤᠯᠠᠭᠠᠨᠴᠠᠪ ᠬᠤᠲᠠ ᠪᠣᠰᠤᠭ᠎ᠠ ᠴᠣᠭ᠍ᠴᠠᠲᠤ ᠪᠠᠷᠠᠭ᠎ᠠ᠎ᠶ᠋ᠢᠨ ᠭᠦᠢᠯᠭᠡᠭᠡ᠎ᠶ᠋ᠢᠨ ᠲᠤᠤᠷ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠨᠡᠭᠡᠭᠡᠯᠲᠡ ᠬᠢᠵᠦ᠍ ᠬᠠᠮᠲᠤᠷᠠᠯᠴᠠᠬᠤ 《ᠨᠠᠢᠵᠠ᠎ᠶ᠋ᠢᠨ ᠲᠣᠭᠤᠷᠢᠭ》 ᠎ᠢ ᠥᠷᠭᠡᠳᠭᠡᠨ᠂ ᠲᠣᠮᠣ ᠪᠠᠷᠠᠭ᠎ᠠ᠎ᠶ᠋ᠢᠨ ᠭᠦᠢᠯᠭᠡᠭᠡ᠎ᠶ᠋ᠢᠨ ᠪᠠᠢᠷᠢᠱᠢᠯ᠎ᠨᠢ ᠡᠳᠦᠷ ᠢᠷᠡᠬᠦᠶ᠎ᠡ ᠲᠡᠭᠦᠯᠳᠡᠷᠵᠢᠪᠡ᠃

ᠱᠢᠨ᠎ᠡ ᠡᠵᠡᠩᠨᠡᠯᠲᠡ᠎ᠶ᠋ᠢᠨ ᠬᠡᠯᠪᠡᠷᠢ ᠳᠡᠭᠡᠳᠦ ᠱᠢᠨᠵᠢᠯᠡᠬᠦ᠌ ᠤᠬᠠᠭᠠᠨ

ᠲᠧᠭ᠌ᠨᠢᠭ ᠮᠡᠷᠭᠡᠵᠢᠯ ᠣᠲᠣ ᠦᠶ᠎ᠡ᠎ᠶ᠋ᠢᠨ ᠬᠡᠪ ᠨᠠᠮᠪᠠ᠎ᠶ᠋ᠢ ᠪᠦᠷᠢᠯᠳᠦᠬᠦᠯᠪᠡ

ᠨᠡᠭᠡᠭᠡᠯᠳᠡ ᠬᠢᠬᠦ᠌ ᠳᠤᠳᠤᠮ ᠤᠯᠠᠮ ᠰᠠᠢᠨ ᠬᠦᠭ᠌ᠵᠢᠨ᠎ᠠ᠃

《ᠪᠡᠭᠡᠵᠢᠩ᠎ᠠᠴᠠ ᠪᠠᠷᠠᠭᠤᠨᠰᠢ ᠨᠢᠭᠡ ᠠᠯᠬᠤᠮ ᠶᠠᠪᠤᠪᠠᠯ ᠤᠯᠠᠭᠠᠨᠴᠠᠪ᠎ᠲᠤ ᠬᠦᠷᠳᠡᠭ》 ᠣᠷᠣᠨ ᠪᠠᠢᠷᠢ᠎ᠶ᠋ᠢᠨ ᠳᠠᠪᠠᠭᠤᠯᠢᠭ᠎ᠲᠠᠭᠠᠨ ᠲᠦᠱᠢᠭ᠌ᠯᠡᠨ᠂ ᠤᠯᠠᠭᠠᠨᠴᠠᠪ ᠬᠡᠬᠦ᠌ ᠡᠨᠡ ᠬᠦ᠌ ᠪᠡᠭᠡᠵᠢᠩ᠎ᠠᠴᠠ 300 ᠭᠠᠷᠤᠶ ᠺᠢᠯᠣᠮᠧᠲᠷ ᠵᠠᠢᠲᠠᠶ᠂ ᠬᠡᠳᠦᠨ ᠴᠠᠬ ᠠᠶᠠᠯᠠᠬᠤ ᠪᠤᠭᠤᠮᠳᠠ᠎ᠶ᠋ᠢᠨ ᠭᠠᠳᠠᠨᠠᠬᠢ ᠵᠢᠵᠢᠭ ᠬᠤᠳᠠ᠎ᠨᠢ ᠲᠤᠮᠤ ᠳ᠋ᠠᠢᠲ᠋ᠠ᠎ᠶ᠋ᠢᠨ ᠲᠤᠶᠠᠭᠠᠯᠠᠯ ᠲᠤᠤᠷ᠎ᠠ ᠨᠡᠩ ᠦᠷᠨᠢᠩᠬᠦᠢ ᠬᠦᠭ᠌ᠵᠢᠪᠡ᠃ ᠠᠳᠡ ᠨᠢᠭᠡᠨ ᠲᠣᠮᠣ ᠳ᠋ᠠᠢᠲ᠋ᠠ᠎ᠶ᠋ᠢᠨ ᠲᠥᠪ ᠪᠠᠢᠭᠤᠯᠬᠤ ᠶᠠᠪᠤᠳᠠᠯ᠎ᠨᠢ ᠨᠢᠭᠡᠨᠲᠡ ᠮᠠᠰᠢ ᠣᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠺᠣᠮᠫᠠᠨᠢ᠎ᠶ᠋ᠢᠨ ᠲᠥᠯᠥᠪᠵᠢᠭᠦᠯᠭᠡ᠎ᠳᠤ ᠤᠷᠤᠵᠦ᠍᠂ ᠤᠯᠠᠭᠠᠨᠴᠠᠪ 《ᠶᠠᠭᠠᠷᠠᠵᠦ᠍》 ᠡᠬᠢᠯᠡᠪᠡ᠃

ᠡᠨᠡ ᠬᠡᠳᠦᠨ ᠵᠢᠯ᠎ᠳᠤ᠂ ᠠᠵᠢᠯ ᠲᠥᠷᠥᠯ᠎ᠤᠨ ᠲᠠᠭᠠᠭᠤᠯᠠᠬ᠍ᠴᠢ ᠪᠤᠯᠬᠤ ᠳ᠋ᠠᠢᠲ᠋ᠠ᠎ᠶ᠋ᠢᠨ ᠲᠥᠪ᠎ᠤᠳ ᠤᠯᠠᠭᠠᠨᠴᠠᠪ᠎ᠲᠤ ᠵᠠᠯᠭᠠᠭ᠎ᠠ᠎ᠪᠠᠷ ᠪᠠᠢᠭᠤᠯᠤᠭ᠍ᠳᠠᠪᠠ᠃ ᠡᠨᠡ ᠪᠦᠬᠦᠨ᠎ᠨᠢ ᠴᠥᠮ 2013 ᠣᠨ᠎ᠤ ᠵᠠᠰᠠᠭ᠎ᠤᠨ ᠤᠷᠳᠤᠨ ᠪᠠ ᠠᠵᠤ ᠠᠬᠤᠢᠯᠠᠯ᠎ᠤᠨ ᠬᠤᠭᠤᠷᠣᠨᠳᠣᠬᠢ ᠨᠢᠭᠡ ᠤᠳᠠᠭᠠᠨ᠎ᠤ ᠬᠠᠷᠢᠯᠴᠠᠭ᠎ᠠ᠎ᠠᠴᠠ ᠪᠣᠯᠤᠭ᠍ᠰᠠᠨ ᠶᠤᠮ᠃ ᠬᠤᠸᠠ ᠸᠧᠶ ᠺᠣᠮᠫᠠᠨᠢ ᠣᠯᠠᠨ ᠤᠳᠠᠭ᠎ᠠ ᠪᠠᠢᠴᠠᠭᠠᠯᠲᠠ ᠬᠢᠬᠦ᠌᠎ᠪᠠᠷ ᠳᠡᠮᠵᠢᠨ᠂ ᠤᠯᠠᠭᠠᠨᠴᠠᠪ᠎ᠲᠤ ᠡᠭᠦᠯᠡᠨ ᠳ᠋ᠠᠢᠲ᠋ᠠ᠎ᠶ᠋ᠢᠨ ᠲᠥᠪ ᠪᠠᠢᠭᠤᠯᠬᠤ᠎ᠪᠠᠷ ᠲᠣᠭ᠍ᠲᠠᠪᠠ᠃ ᠬᠤᠸᠠ ᠸᠧᠶ ᠡᠭᠦᠯᠡᠨ ᠳ᠋ᠠᠢᠲ᠋ᠠ᠎ᠶ᠋ᠢᠨ ᠲᠥᠪ᠎ᠤᠨ ᠨᠤᠲᠤᠭ᠍ᠰᠢᠭ᠍ᠰᠠᠨ᠎ᠨᠢ ᠤᠯᠠᠭᠠᠨᠴᠠᠪ ᠬᠤᠲᠠ᠎ᠶ᠋ᠢᠨ ᠲᠣᠮᠣ ᠳ᠋ᠠᠢᠲ᠋ᠠ᠎ᠶ᠋ᠢᠨ ᠠᠵᠤ ᠦᠢᠯᠡᠰ᠎ᠢ ᠦᠳᠳᠡᠷ ᠲᠦᠷᠬᠡᠨ ᠬᠦᠭ᠌ᠵᠢᠬᠦᠯᠬᠦ᠌ ᠰᠠᠭᠤᠷᠢ ᠠᠵᠤ ᠦᠢᠯᠡᠰ ᠪᠣᠯᠭᠠᠵᠦ᠍ ᠪᠥᠲᠥᠭᠡᠨ ᠪᠠᠢᠭᠤᠯᠬᠤ ᠵᠣᠷᠢᠭ᠎ᠢ ᠬᠥᠪᠴᠢᠯᠡᠪᠡ᠃

ᠤᠯᠠᠭᠠᠨᠴᠠᠪ ᠬᠤᠲᠠ᠎ᠳᠤ ᠪᠠᠢᠷᠢᠯᠠᠭ᠎ᠠ ᠥᠪᠥᠷ ᠮᠣᠩᠭᠤᠯ᠎ᠤᠨ ᠵᠥᠩ ᠬᠤᠩ ᠽᠢ ᠵᠢᠩ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠺᠣᠮᠫᠠᠨᠢ᠎ᠳᠤ ᠬᠦᠷᠬᠦ᠌᠎ᠳᠤ᠂ ᠬᠦᠷᠴᠢᠬᠢᠨᠡᠬᠦ᠌ ᠲᠠᠭᠤᠨ᠎ᠤ ᠲᠤᠮᠳᠠ ᠥᠨᠳᠥᠷ ᠬᠤᠷᠳᠤᠴᠠ᠎ᠪᠠᠷ ᠠᠵᠢᠯᠯᠠᠵᠤ ᠪᠠᠢᠭ᠎ᠠ ᠦᠢᠯᠡᠴᠢᠯᠡᠭᠦᠷ᠎ᠤᠳ ᠶᠡᠭᠡ ᠬᠡᠮᠵᠢᠶᠡᠨ᠎ᠤ ᠳ᠋ᠠᠢᠲ᠋ᠠ᠎ᠶ᠋ᠢ ᠬᠠᠳᠠᠭᠠᠯᠠᠨ ᠤᠩᠱᠢᠵᠤ ᠳᠠᠮᠵᠢᠭᠤᠯᠵᠤ ᠪᠠᠢᠨ᠎ᠠ᠃ 《ᠡᠯ᠎ᠡ ᠰᠠᠯᠠᠭ᠎ᠠ ᠮᠥᠴᠢᠷ᠂ ᠡᠯ᠎ᠡ ᠱᠢᠰᠲ᠋ᠧᠮ᠎ᠤᠨ ᠳ᠋ᠠᠢᠲ᠋ᠠ᠎ᠨᠢ ᠠᠮᠤᠷ ᠲᠦᠪᠱᠢᠨ ᠲᠤᠰᠠᠭᠠᠷᠯᠠᠯᠳᠠ ᠬᠢᠬᠦ᠌᠎ᠪᠠᠷ ᠪᠠᠷᠠᠬᠤ ᠥᠬᠡᠶ᠂ ᠳ᠋ᠠᠢᠲ᠋ᠠ᠎ᠶ᠋ᠢ ᠰᠠᠯᠠᠭ᠎ᠠ ᠮᠥᠴᠢᠷ ᠠᠯᠤᠰᠯᠠᠨ᠂ ᠱᠢᠰᠲ᠋ᠧᠮ ᠠᠯᠤᠰᠯᠠᠨ ᠲᠦᠷᠭᠡᠨ ᠰᠣᠯᠢᠯᠴᠠᠬᠤ ᠪᠠ ᠬᠠᠮᠲᠤ᠎ᠪᠠᠷ ᠡᠳ᠋ᠯᠡᠬᠦ᠌ ᠴᠢᠬᠤᠯᠠᠳᠠᠢ》 ᠬᠡᠵᠦ᠍ ᠥᠪᠥᠷ ᠮᠣᠩᠭᠤᠯ᠎ᠤᠨ ᠵᠥᠩ ᠬᠤᠩ ᠽᠢ ᠵᠢᠩ ᠱᠢᠨᠵᠢᠯᠡᠬᠦ᠌ ᠤᠬᠠᠭᠠᠨ ᠮᠡᠷᠭᠡᠵᠢᠯ᠎ᠤᠨ ᠺᠣᠮᠫᠠᠨᠢ᠎ᠶ᠋ᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠨᠢᠯᠴᠠᠭᠤᠯᠪᠠ᠃

ᠪᠥᠬᠦ᠌ ᠬᠤᠲᠠ᠎ᠶ᠋ᠢᠨ ᠲᠣᠮᠣ ᠳ᠋ᠠᠢᠲ᠋ᠠ᠎ᠶ᠋ᠢᠨ ᠠᠵᠤ ᠦᠢᠯᠡᠰ᠎ᠤᠨ ᠬᠡᠯᠬᠢᠶ᠎ᠡ ᠲᠠᠰᠤᠷᠠᠯᠲᠠ ᠥᠬᠡᠶ ᠲᠡᠭᠦᠯᠳᠡᠷᠵᠢᠵᠦ᠍᠂ ᠲᠣᠭᠠᠴᠢᠯᠠᠭ᠍ᠰᠠᠨ ᠠᠵᠤ ᠠᠬᠤᠶ᠎ᠶ᠋ᠢᠨ ᠵᠠᠬ᠎ᠠ ᠳᠡᠯᠭᠡᠭᠦᠷ᠎ᠤᠨ ᠣᠷᠣᠨ ᠵᠠᠶ ᠠᠯᠬᠤᠮ ᠠᠯᠬᠤᠮ᠎ᠢᠶᠠᠷ ᠨᠡᠭᠡᠭᠡᠭ᠌ᠳᠡᠵᠦ᠍᠂ 《ᠡᠭᠦᠯᠡᠨ ᠲᠡᠪᠴᠡᠩ᠎ᠠᠴᠠ ᠱᠢᠯᠵᠢᠶ᠎ᠡ ᠬᠦᠷᠲᠡᠯᠡᠬᠢ》 ᠪᠥᠬᠦ᠌ ᠠᠵᠤ ᠦᠢᠯᠡᠰ᠎ᠤᠨ ᠬᠡᠯᠬᠢᠶ᠎ᠡ ᠲᠦᠷᠭᠡᠳᠤᠨ ᠪᠦᠷᠢᠯᠳᠦᠪᠡ᠃ 2021 ᠣᠨ᠎ᠤ 5 ᠰᠠᠷ᠎ᠠ ᠪᠣᠯᠲᠠᠯ᠎ᠠ᠂ ᠤᠯᠠᠭᠠᠨᠴᠠᠪ ᠬᠤᠲᠠ᠎ᠶ᠋ᠢᠨ ᠲᠣᠮᠣ ᠳ᠋ᠠᠢᠲ᠋ᠠ᠎ᠶ᠋ᠢᠨ ᠠᠵᠤ ᠦᠢᠯᠡᠰ᠎ᠤᠨ ᠬᠦᠷᠢᠶᠡᠯᠡᠩ ᠨᠢᠭᠡᠨᠲᠡ 12 ᠳ᠋ᠠᠢᠲ᠋ᠠ᠎ᠶ᠋ᠢᠨ ᠲᠥᠪ᠎ᠤᠨ ᠲᠥᠷᠥᠯ ᠵᠦᠢᠯ᠎ᠢ ᠨᠠᠢᠳᠠᠪᠤᠷᠢᠵᠢᠭᠤᠯᠵᠤ᠂ ᠶᠡᠷᠦᠩᠬᠡᠶ ᠪᠠᠯᠠ ᠣᠷᠣᠭᠤᠯᠤᠯᠲᠠ᠎ᠶ᠋ᠢᠨ ᠬᠡᠪᠴᠢᠶᠡᠵᠢᠯ᠎ᠨᠢ 551.1 ᠳ᠋ᠦᠩᠱᠢᠭᠤᠷ ᠲᠥᠭᠦᠷᠢᠭ᠎ᠲᠤ ᠬᠦᠷᠴᠦ᠍᠂ ᠣᠲᠣ ᠨᠢᠭᠡᠨᠲᠡ 89.8 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠵᠦ᠍᠂ ᠦᠢᠯᠡᠴᠢᠯᠡᠭᠦᠷ᠎ᠤᠨ ᠬᠡᠪᠴᠢᠶᠡᠵᠢᠯ᠎ᠨᠢ ᠪᠠᠷᠤᠭ 256 ᠲᠦᠮᠡ᠎ᠳᠤ ᠬᠦᠷᠴᠡᠢ᠃

ᠡᠮᠦᠨᠡᠲᠦ ᠤᠷᠤᠨ᠎ᠳᠤ ᠭᠦᠢᠶᠠᠩ᠂ ᠤᠮᠠᠷᠠᠲᠦ ᠤᠷᠤᠨ᠎ᠳᠤ ᠤᠯᠠᠭᠠᠨᠴᠠᠪ ᠪᠤᠢ᠃ ᠤᠯᠠᠭᠠᠨᠴᠠᠪ ᠳᠤᠮᠳᠠᠳᠤ ᠤᠯᠤᠰ᠎ᠤᠨ 《ᠲᠠᠯ᠎ᠠ ᠨᠤᠲᠤᠭ᠎ᠤᠨ ᠡᠭᠦᠯᠡᠨ ᠬᠦᠨᠳᠡᠢ》 ᠬᠡᠬᠦ᠌ ᠳᠡᠭᠡᠳᠦ ᠱᠢᠨ᠎ᠡ ᠮᠡᠷᠭᠡᠵᠢᠯ᠎ᠤᠨ ᠨᠡᠷ᠎ᠡ᠎ᠶ᠋ᠢᠨ ᠬᠠᠭᠤᠳᠠᠰᠤᠨ᠎ᠤ ᠨᠡᠷ᠎ᠠ ᠨᠢᠳᠡᠷ᠎ᠲᠡᠭᠡᠨ ᠲᠡᠩᠴᠡᠵᠡᠶ᠃

《ᠨᠢᠭᠡ᠎ᠠᠴᠠ ᠪᠦᠬᠦᠨ᠎ᠢ ᠵᠦᠢᠴᠢᠯᠡᠨ ᠮᠡᠳᠡᠳᠡᠭ》᠃ ᠭᠠᠵᠠᠷ ᠵᠦᠶ᠂ ᠡᠬᠢ ᠪᠠᠶᠠᠯᠢᠭ᠂ ᠣᠷᠣᠨ ᠪᠠᠢᠷᠢ ᠵᠡᠷᠭᠡ ᠳᠠᠪᠠᠭᠤᠯᠢᠭ ᠪᠠ ᠣᠷᠴᠢᠨ ᠲᠣᠭᠤᠷᠢᠨ᠂ ᠲᠥᠷᠥ᠎ᠶ᠋ᠢᠨ ᠪᠣᠳᠣᠯᠭ᠎ᠠ᠂ ᠠᠵᠠ ᠲᠣᠬᠢᠶᠠᠯ ᠵᠡᠷᠭᠡ ᠠᠱᠢᠭ᠍ᠲᠠᠶ ᠨᠥᠬᠦᠴᠡᠯ ᠳᠤᠤᠷ᠎ᠠ᠂ ᠤᠯᠠᠭᠠᠨᠴᠠᠪ ᠬᠤᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ ᠲᠦᠷᠭᠡᠨ ᠪᠥᠭᠡᠳ ᠯᠠᠪᠳᠠᠭᠤᠨ ᠪᠠᠢᠵᠤ᠂ ᠨᠡᠢᠰᠯᠡᠯ᠎ᠤᠨ 《ᠲᠥᠪ ᠦᠢᠯᠡᠳᠭᠡᠭᠦᠷ》 ᠪᠠ ᠪᠥᠬᠦ᠌ ᠤᠯᠤᠰ᠎ᠤᠨ ᠲᠥᠮᠥᠰᠥ᠍᠂ ᠨᠣᠬᠠᠶ᠎ᠶ᠋ᠢᠨ ᠬᠤᠱᠢᠭᠤ᠂ ᠭᠠᠭ᠍ᠠᠶ᠎ᠶ᠋ᠢᠨ ᠭᠤᠤᠯ ᠭᠠᠷᠤᠯᠲᠠ᠎ᠶ᠋ᠢᠨ ᠣᠷᠣᠨ ᠪᠣᠯᠪᠠ᠃ ᠤᠯᠠᠭᠠᠨᠴᠠᠪ ᠬᠤᠲᠠ 《ᠳᠤᠮᠳᠠᠳᠤ ᠤᠯᠤᠰ᠎ᠤᠨ ᠲᠥᠮᠥᠰᠥ᠎ᠶ᠋ᠢᠨ ᠬᠤᠲᠠ》᠂ 《ᠳᠤᠮᠳᠠᠳᠤ ᠤᠯᠤᠰ᠎ᠤᠨ ᠨᠣᠬᠠᠶ᠎ᠶ᠋ᠢᠨ ᠬᠤᠱᠢᠭᠤ᠎ᠶ᠋ᠢᠨ ᠬᠤᠲᠠ》 ᠪᠠ 《ᠳᠤᠮᠳᠠᠳᠤ ᠤᠯᠤᠰ᠎ᠤᠨ ᠲᠠᠯ᠎ᠠ ᠨᠤᠲᠤᠭ᠎ᠤᠨ ᠡᠭᠡᠳᠡᠭ᠌ᠰᠡᠨ ᠰᠦ᠎ᠶ᠋ᠢᠨ ᠬᠤᠲᠠ》 ᠭᠡᠬᠦ᠌ ᠰᠠᠢᠬᠠᠨ ᠨᠡᠷ᠎ᠡ᠎ᠶ᠋ᠢ ᠣᠯᠵᠤ᠂ ᠪᠣᠬᠢᠷᠲᠤᠯ ᠥᠬᠡᠶ ᠣᠷᠭᠠᠨᠢᠭ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠨᠡᠷ᠎ᠡ᠎ᠶ᠋ᠢᠨ ᠬᠠᠭᠤᠳᠠᠰᠤ᠎ᠶ᠋ᠢ ᠠᠯᠳᠠᠷᠱᠢᠭᠤᠯᠵᠠᠢ᠃

ᠤᠯᠠᠭᠠᠨᠴᠠᠪ ᠬᠤᠳᠠ᠎ᠶ᠋ᠢᠨ ᠲᠠᠷᠢᠶᠠᠯᠠᠩ ᠮᠠᠯ ᠠᠵᠤ ᠠᠬᠤᠢ᠎ᠶ᠋ᠢᠨ ᠲᠣᠪᠴᠢᠶᠠᠨ᠎ᠤ ᠳᠡᠳ᠋ ᠳᠠᠷᠤᠭ᠎ᠠ ᠭᠦᠸᠧ ᠶᠢᠦ ᠬᠦᠢ᠄ 《ᠪᠦᠬᠦ᠌ ᠬᠤᠳᠠ᠎ᠶ᠋ᠢᠨ ᠲᠠᠷᠢᠶᠠᠯᠠᠩ ᠮᠠᠯ ᠠᠵᠤ ᠠᠬᠤᠢ᠎ᠨᠢ 〈ᠪᠣᠬᠢᠷᠲᠤᠯ ᠦᠬᠡᠢ ᠲᠦᠷᠦᠯ ᠳᠡᠮᠳᠡᠭ᠎ᠢ ᠴᠤᠬ᠍ᠴᠠᠯᠠᠵᠦ᠍᠂ ᠤᠨᠴᠠᠯᠢᠬ᠍ᠳᠤ ᠵᠠᠮ᠎ᠢᠶᠠᠷ ᠵᠠᠮᠨᠠᠬᠤ〉 ᠎ᠶ᠋ᠢ ᠪᠠᠷᠢᠮᠲᠠᠯᠠᠵᠤ᠂ ᠦᠷ᠎ᠡ᠎ᠶ᠋ᠢᠨ ᠦᠢᠯᠡᠰ᠎ᠤᠨ ᠱᠢᠨ᠎ᠡ᠎ᠶ᠋ᠢ ᠡᠭᠦᠳᠬᠦ᠌᠎ᠪᠠᠷ ᠳᠠᠮᠵᠢᠨ᠂ ᠲᠥᠮᠥᠰᠥ᠍᠂ ᠱᠢᠨ᠎ᠡ ᠰᠤᠷᠭᠤᠭ ᠢᠳᠡᠱᠢᠨ ᠨᠣᠭᠤᠭ᠎ᠠ᠂ ᠨᠣᠬᠠᠢ᠎ᠶ᠋ᠢᠨ ᠬᠤᠱᠢᠭᠤ᠎ᠶ᠋ᠢᠨ ᠬᠤᠯᠢᠮᠠᠭ ᠠᠮᠤ ᠪᠤᠷᠴᠠᠭ᠂ ᠮᠢᠬᠠᠨ᠎ᠤ ᠦᠬᠡᠷ᠂ ᠮᠢᠬᠠᠨ᠎ᠤ ᠬᠤᠨᠢ᠂ ᠭᠠᠭ᠍ᠠᠢ ᠪᠣᠯᠤᠨ ᠬᠢᠲᠠᠳ ᠡᠪᠡᠰᠦᠨ ᠡᠮ ᠵᠡᠷᠭᠡ 〈6 + 1〉 ᠳᠠᠪᠠᠭᠤᠯᠢᠭ ᠤᠨᠴᠠᠯᠢᠬ᠍ᠳᠤ ᠠᠵᠤ ᠦᠢᠯᠡᠰ᠎ᠢ ᠪᠦᠷᠢᠯᠳᠦᠭᠦᠯᠪᠡ》 ᠭᠡᠵᠤ ᠬᠡᠯᠡᠪᠡ᠃

ᠠᠵᠤ ᠦᠢᠯᠡᠰ ᠠᠳᠠᠯᠢ ᠪᠤᠰᠤ᠂ ᠬᠡᠪ ᠵᠠᠭ᠍ᠪᠤᠷ ᠢᠯᠭᠠᠭ᠎ᠠ᠎ᠲᠠᠢ ᠴᠦ᠍ ᠪᠦᠷ ᠬᠠᠮᠳᠤ᠎ᠶ᠋ᠢᠨ ᠨᠢᠭᠡ ᠬᠠᠷᠠᠯᠳᠠ᠎ᠳᠤ ᠴᠢᠭ᠌ᠯᠡᠪᠡ — ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰ᠎ᠤᠨ ᠡᠬᠢ ᠡᠭᠦᠰᠦᠯ᠎ᠠᠴᠠ᠎ᠨᠢ ᠡᠬᠢᠯᠡᠵᠤ ᠬᠥᠭ᠌ᠵᠢᠯ ᠴᠡᠴᠡᠭ᠌ᠯᠡᠯ᠎ᠤᠨ ᠠᠩᠬᠠᠨ᠎ᠤ ᠵᠠᠮ᠎ᠢ ᠲᠡᠪᠢᠰᠦᠨ᠎ᠡ᠃

ᠥᠪᠥᠷ ᠮᠣᠩᠭᠤᠯ᠎ᠤᠨ ᠰᠢ ᠰᠧᠨ ᠲᠥᠮᠥᠰᠥᠨ᠎ᠤ ᠦᠷ᠎ᠡ᠎ᠶ᠋ᠢᠨ ᠦᠢᠯᠡᠰ᠎ᠤᠨ ᠬᠢᠵᠠᠭᠠᠷᠲᠤ ᠺᠣᠮᠫᠠᠨᠢ᠎ᠶ᠋ᠢᠨ ᠬᠠᠮ ᠡᠳ᠋ᠱᠢᠬᠦᠯᠬᠡ᠎ᠶ᠋ᠢᠨ ᠲᠥᠪ᠎ᠲᠤ ᠬᠦᠷᠬᠦ᠌᠎ᠳᠤ᠂ ᠬᠡᠯᠲᠡᠰ᠎ᠤᠨ ᠳᠠᠭᠠᠭᠠᠮᠠᠯ ᠵᠠᠩ ᠱᠢᠶᠤᠤ ᠮᠧᠩ ᠡᠷᠡᠬᠡᠶ ᠬᠤᠷᠤᠭᠤ ᠴᠢᠨᠡᠬᠡᠨ ᠶᠡᠭᠡ ᠪᠠᠭ᠎ᠠ ᠲᠥᠮᠥᠰᠥ᠎ᠶ᠋ᠢᠨ ᠤᠤᠯ ᠡᠭᠦᠯᠳᠡᠷ ᠪᠠ 3 ᠵᠢᠩ ᠱᠢᠬᠠᠮ ᠬᠦᠨᠳᠦ ᠲᠠᠸᠠᠷ᠎ᠤᠨ ᠲᠥᠮᠥᠰᠥ᠎ᠶ᠋ᠢ ᠠᠪᠴᠤ᠌ ᠰᠤᠷᠪᠤᠯᠵᠢᠯᠠᠭ᠍ᠴᠢ᠎ᠳᠤ᠄ 《ᠡᠭᠦᠨ᠎ᠢ ᠤᠤᠯ ᠡᠭᠦᠯᠳᠡᠷ ᠭᠡᠳᠡᠭ᠂ ᠲᠡᠷᠡ ᠪᠣᠯ ᠤᠳᠤᠮᠯᠠᠯ᠎ᠤᠨ ᠱᠢᠨᠵᠢ ᠪᠠᠢᠳᠠᠯ᠎ᠢᠶᠠᠷ ᠬᠠᠮᠤᠭ᠎ᠤᠨ ᠲᠣᠭ᠍ᠲᠠᠪᠤᠷᠢᠲᠠᠶ ᠨᠢᠭᠡ ᠪᠦᠯᠦᠭ ᠦᠷ᠎ᠡ ᠮᠥᠨ᠂ ᠰᠠᠢᠨ ᠡᠭᠦᠯᠳᠡᠷ᠎ᠢ ᠤᠯᠠᠮ ᠨᠢᠭᠡ ᠠᠯᠬᠤᠮ ᠦᠷᠡᠵᠢᠭᠦᠯᠬᠦ᠌᠎ᠳᠤ ᠲᠡᠭᠦᠨ᠎ᠳᠤ ᠲᠦᠱᠢᠭ᠌ᠯᠡᠨ᠎ᠡ》 ᠭᠡᠪᠡ᠃

ᠦᠷ᠎ᠡ᠎ᠶ᠋ᠢᠨ ᠶᠠᠰᠤ ᠴᠢᠨᠠᠷ ᠳᠡᠭᠡᠭ᠌ᠰᠢᠯᠡᠵᠦ᠍᠂ ᠡᠩ᠎ᠤᠨ ᠶᠡᠷᠦᠮᠳᠡᠭ ᠲᠥᠮᠥᠰᠥ᠎ᠨᠢ ᠡᠳᠦᠷ ᠢᠷᠡᠬᠦᠶ᠎ᠡ ᠠᠵᠤ ᠦᠢᠯᠡᠰ᠎ᠢᠶᠠᠨ ᠬᠥᠭ᠌ᠵᠢᠭᠦᠯᠬᠦ᠌ 《ᠱᠢᠵᠢᠷ ᠠᠯᠲᠠᠨ ᠲᠠᠷᠢᠮᠠᠯ》 ᠪᠣᠯᠪᠠ᠃ ᠤᠯᠠᠭᠠᠨᠴᠠᠪ᠎ᠤᠨ ᠲᠥᠮᠥᠰᠥ᠎ᠨᠢ ᠤᠳᠤ ᠪᠦᠬᠦ᠌ ᠤᠯᠤᠰ᠎ᠤᠨ 20 ᠭᠠᠷᠤᠶ ᠮᠤᠵᠢ ᠣᠷᠣᠨ ᠬᠤᠲᠠ᠎ᠳᠤ ᠲᠠᠷᠬᠠᠵᠦ᠍᠂ ᠣᠷᠣᠰ᠂ ᠺᠣᠷᠢᠶᠠ᠂ ᠱᠢᠩᠭᠠᠫᠣᠷ ᠵᠡᠷᠭᠡ 10 ᠭᠠᠷᠤᠶ ᠤᠯᠤᠰ ᠪᠠ ᠭᠠᠵᠠᠷ ᠣᠷᠣᠨ᠎ᠳᠤ ᠪᠣᠷᠣᠯᠠᠭᠤᠯᠤᠭ᠍ᠳᠠᠵᠤ ᠪᠠᠢᠨ᠎ᠠ᠃

ᠤᠯᠠᠭᠠᠨᠴᠠᠪ ᠬᠤᠲᠠ᠎ᠶ᠋ᠢᠨ ᠳᠥᠷᠪᠡᠳ ᠬᠤᠱᠢᠭᠤᠨ᠎ᠤ ᠳ᠋ᠦ᠋ ᠮᠧᠩ ᠮᠢᠬᠠᠨ᠎ᠤ ᠬᠤᠨᠢ ᠪᠣᠯ ᠲᠤᠰ ᠬᠤᠱᠢᠭᠤᠨ᠎ᠤ ᠤᠷᠤᠨ ᠨᠤᠲᠤᠭ᠎ᠤᠨ ᠠᠵᠤ ᠠᠬᠤᠢᠯᠠᠯ ᠪᠣᠯᠬᠤ ᠥᠪᠥᠷ ᠮᠣᠩᠭᠤᠯ᠎ᠤᠨ ᠰᠠᠶ ᠨᠦᠸᠧ ᠲᠠᠯ᠎ᠠ ᠨᠤᠲᠤᠭ᠎ᠤᠨ ᠬᠤᠨᠢᠨ᠎ᠤ ᠦᠢᠯᠡᠰ᠎ᠤᠨ ᠬᠢᠵᠠᠭᠠᠷᠲᠤ ᠺᠣᠮᠫᠠᠨᠢ᠎ᠶ᠋ᠢᠨ ᠪᠤᠢᠵᠢᠭᠤᠯᠤᠭ᠍ᠰᠠᠨ ᠱᠢᠨ᠎ᠡ ᠡᠭᠦᠯᠳᠡᠷ ᠪᠠᠢᠵᠦ᠍᠂ ᠲᠦᠷᠦᠭᠦᠦ ᠪᠦᠯᠦᠭ᠎ᠤᠨ ᠤᠯᠤᠰ᠎ᠤᠨ ᠮᠢᠬᠠᠨ᠎ᠤ ᠬᠤᠨᠢᠨ᠎ᠤ ᠡᠭᠦᠯᠳᠡᠷ ᠪᠤᠢᠵᠢᠭᠤᠯᠬᠤ ᠭᠤᠤᠯ ᠲᠠᠯᠠᠪᠠᠶ ᠪᠣᠯᠤᠭ᠍ᠰᠠᠨ᠎ᠤ ᠬᠤᠪᠢ᠎ᠳᠤ᠂ ᠲᠤᠰ ᠺᠣᠮᠫᠠᠨᠢ ᠨᠢᠭᠡᠨᠲᠡ ᠠᠮᠢᠳᠤ ᠪᠣᠳᠠᠰ᠎ᠤᠨ ᠡᠭᠦᠯᠳᠡᠷ ᠪᠤᠢᠵᠢᠭᠤᠯᠬᠤ ᠪᠠ ᠲᠦᠷᠭᠡᠨ ᠦᠷᠡᠵᠢᠭᠦᠯᠬᠦ᠌ ᠮᠡᠷᠭᠡᠵᠢᠯ᠎ᠢᠶᠠᠷ ᠭᠤᠤᠯ ᠪᠣᠯᠭᠠᠭ᠍ᠰᠠᠨ ᠦᠢᠯᠡᠳᠪᠦᠷᠢᠯᠡᠯ ᠡᠵᠡᠩᠨᠡᠯᠲᠡ᠎ᠶ᠋ᠢᠨ ᠱᠢᠰᠲ᠋ᠧᠮ᠎ᠢ ᠪᠦᠷᠢᠯᠳᠦᠭᠦᠯᠵᠡᠶ᠃

ᠳᠥᠷᠪᠡᠳ ᠬᠤᠱᠢᠭᠤᠨ᠎ᠤ ᠬᠢᠷᠰᠠᠳᠠᠢ ᠪᠠᠯᠭᠠᠰᠤᠨ᠎ᠤ ᠲᠠᠩ ᠹᠠᠩ ᠪᠦᠸᠧ ᠽᠢ ᠲᠣᠰᠭᠤᠨ᠎ᠤ ᠬᠥᠨᠳᠡᠶ ᠱᠢᠨ᠎ᠡ ᠲᠣᠰᠭᠤᠨ᠎ᠤ ᠲᠡᠵᠢᠭᠡᠨ ᠦᠷᠡᠵᠢᠭᠦᠯᠬᠦ᠌ ᠡᠷᠦᠬᠡ ᠴᠧᠨ ᠶᠤᠸᠠᠢ ᠮᠢᠩ᠎ᠤᠨ ᠭᠡᠷ᠎ᠲᠤ ᠬᠦᠷᠪᠡᠯ᠂ ᠲᠡᠷᠡ ᠶᠠᠭ ᠬᠤᠷᠠᠭ᠎ᠠ ᠢᠱᠢᠭᠡᠨ᠎ᠳᠡᠭᠡᠨ ᠡᠪᠡᠰᠦ ᠪᠣᠷᠳᠤᠭ᠎ᠠ ᠦᠭ᠌ᠬᠦᠬᠡᠳ ᠶᠠᠭᠠᠷᠠᠵᠦ᠍ ᠪᠠᠢᠪᠠ᠃ 《ᠳ᠋ᠦ᠋ ᠮᠧᠩ ᠮᠢᠬᠠᠨ᠎ᠤ ᠬᠤᠨᠢ᠎ᠶ᠋ᠢᠨ ᠲᠣᠯᠣᠭᠠᠶ᠎ᠨᠢ ᠲᠣᠮᠣ᠂ ᠮᠢᠬᠠᠨ᠎ᠤ ᠴᠢᠨᠠᠷ᠎ᠨᠢ ᠰᠠᠢᠨ᠂ ᠬᠤᠨᠢ ᠪᠦᠷᠢ᠎ᠨᠢ ᠤᠤᠯ᠎ᠳᠠᠭᠠᠨ ᠲᠡᠵᠢᠭᠡᠵᠦ᠍ ᠪᠠᠢᠭ᠍ᠰᠠᠨ ᠬᠤᠨᠢ᠎ᠠᠴᠠ᠎ᠪᠠᠨ ᠢᠯᠡᠬᠦᠦ 300 ᠲᠥᠭᠦᠷᠢᠭ ᠬᠤᠳᠠᠯᠳᠤᠨ᠎ᠠ》 ᠭᠡᠵᠦ᠍ ᠲᠡᠷᠡ ᠰᠤᠷᠪᠤᠯᠵᠢᠯᠠᠭ᠍ᠴᠢ᠎ᠳᠤ ᠬᠤᠨᠢ ᠲᠡᠵᠢᠭᠡᠭ᠌ᠰᠡᠨ ᠲᠠᠩᠰᠠ᠎ᠪᠠᠨ ᠪᠤᠳᠤᠵᠤ ᠥᠭ᠌ᠴᠡᠶ᠃

ᠥᠩᠭᠡᠷᠡᠭ᠌ᠰᠡᠨ᠎ᠳᠤ ᠤᠯᠠᠭᠠᠨᠴᠠᠪ ᠬᠤᠲᠠ 《ᠭᠠᠵᠠᠷ ᠳᠡᠭᠡᠷ᠎ᠡ᠎ᠪᠠᠨ ᠡᠪᠡᠰᠦ ᠥᠬᠡᠶ᠂ ᠭᠠᠵᠠᠷ ᠳᠤᠤᠷ᠎ᠠ᠎ᠪᠠᠨ ᠡᠷᠳᠡᠨᠢ ᠥᠬᠡᠶ》 ᠪᠠᠢᠵᠡᠢ᠃

《ᠠᠷᠪᠠᠨ ᠳᠥᠷᠪᠡᠳᠦᠭᠡᠷ ᠲᠠᠪᠤᠨ ᠵᠢᠯ》 ᠎ᠳᠤ ᠬᠠᠨᠳᠤᠨ᠂ ᠤᠯᠠᠭᠠᠨᠴᠠᠪ ᠬᠤᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠰᠡᠳᠭᠢᠴᠡ ᠲᠣᠳᠣᠷᠬᠠᠶ᠂ ᠠᠷᠭ᠎ᠠ ᠵᠠᠮ ᠲᠣᠳᠣᠷᠬᠠᠶ᠃ 《ᠥᠨᠳᠥᠷ᠎ᠲᠤ ᠵᠣᠭ᠍ᠰᠣᠨ ᠠᠯᠤᠰ᠎ᠢ ᠪᠡᠷᠡᠯᠡᠵᠦ᠍᠂ ᠤᠯᠠᠭᠠᠨᠴᠠᠪ᠎ᠠᠴᠠ ᠭᠠᠷᠴᠤ᠌ ᠤᠯᠠᠭᠠᠨᠴᠠᠪ᠎ᠢ ᠦᠵᠡᠨ᠂ ᠨᠠᠩ ᠶᠡᠭᠡ ᠬᠡᠪᠴᠢᠶ᠎ᠡ᠂ ᠨᠠᠩ ᠥᠷᠭᠡᠨ ᠬᠦᠷᠢᠶ᠎ᠡ ᠴᠠᠷᠠᠭ᠎ᠠ᠂ ᠨᠠᠩ ᠭᠦᠨ ᠳᠠᠪᠬᠤᠷᠭ᠎ᠠ᠎ᠠᠴᠠ ᠤᠮᠠᠷᠠᠰᠢ ᠨᠡᠭᠡᠭᠡᠯᠲᠡ ᠬᠢᠬᠦ᠌᠎ᠶ᠋ᠢ ᠠᠬᠢᠭᠤᠯᠤᠨ᠎ᠠ》 ᠭᠡᠵᠦ᠍ ᠤᠯᠠᠭᠠᠨᠴᠠᠪ ᠬᠤᠲᠠ᠎ᠶ᠋ᠢᠨ ᠨᠠᠮ᠎ᠤᠨ ᠬᠤᠷᠢᠶᠠᠨ᠎ᠤ ᠱᠦᠵᠢ ᠰᠦᠶ ᠸᠧᠶ ᠵᠢᠶᠦ᠋ᠨ ᠬᠡᠯᠡᠪᠡ᠃

ᠤᠯᠠᠭᠠᠨᠴᠠᠪ ᠬᠤᠲᠠ ᠨᠡᠭᠡᠭᠡᠯᠲᠡ ᠬᠢᠵᠦ᠍ ᠬᠠᠮᠲᠤᠷᠠᠨ ᠠᠵᠢᠯᠯᠠᠬᠤ᠎ᠶ᠋ᠢ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠣᠯᠭᠠᠵᠤ᠂ ᠲᠥᠪ ᠬᠤᠲᠠ᠎ᠳᠤ ᠲᠦᠱᠢᠭ᠌ᠯᠡᠨ᠂ ᠨᠡᠢᠰᠯᠡᠯ᠎ᠳᠤ ᠬᠠᠨᠳᠤᠵᠤ᠂ ᠤᠮᠠᠷᠠᠰᠢ ᠨᠡᠭᠡᠭᠡᠯᠲᠡ ᠬᠢᠬᠦ᠌ ᠪᠠ ᠣᠷᠣᠨ ᠪᠦᠰᠡ᠎ᠶ᠋ᠢᠨ ᠬᠠᠮᠲᠤᠷᠠᠯᠴᠠᠭ᠎ᠠ ᠬᠢᠬᠦ᠌ 《ᠬᠤᠤᠰ ᠴᠢᠭ᠌ᠯᠡᠯ᠎ᠢᠶᠠᠷ ᠬᠦᠴᠦᠯᠡᠬᠦ᠌》 ᠎ᠶ᠋ᠢ ᠪᠠᠷᠢᠮᠲᠠᠯᠠᠨ᠎ᠠ; ᠤᠯᠤᠰ᠎ᠤᠨ ᠪᠠᠷᠠᠭᠠᠨ᠎ᠤ ᠭᠦᠢᠯᠭᠡᠭᠡ᠎ᠶ᠋ᠢᠨ ᠬᠦᠢᠰᠦ᠎ᠶ᠋ᠢ ᠪᠥᠲᠥᠭᠡᠨ ᠪᠠᠢᠭᠤᠯᠬᠤ᠎ᠪᠠᠷ ᠭᠠᠷᠳᠠᠴᠠ ᠪᠣᠯᠭᠠᠵᠤ᠂ ᠵᠠᠰᠠᠮᠠᠯ ᠵᠠᠮ᠎ᠤᠨ ᠭᠠᠷᠠᠮ᠂ ᠲᠡᠮᠦᠷ ᠵᠠᠮ᠎ᠤᠨ ᠭᠠᠷᠠᠮ᠂ ᠠᠭᠠᠷ᠎ᠤᠨ ᠠᠶᠠᠯᠠᠯ᠎ᠤᠨ ᠭᠠᠷᠠᠮ᠎ᠤᠨ 《ᠭᠤᠷᠪᠠᠨ ᠶᠡᠭᠡ ᠨᠡᠭᠡᠭᠡᠯᠲᠡᠲᠦ ᠬᠠᠮᠲᠤᠷᠠᠯᠴᠠᠭᠠᠨ᠎ᠤ ᠲᠠᠪᠴᠠᠩ》 ᠎ᠤᠨ ᠪᠥᠲᠥᠭᠡᠨ ᠪᠠᠢᠭᠤᠯᠤᠯᠲᠠ᠎ᠶ᠋ᠢ ᠪᠥᠬᠦ᠌ ᠲᠠᠯ᠎ᠠ᠎ᠪᠠᠷ ᠠᠬᠢᠭᠤᠯᠤᠨ᠎ᠠ; ᠪᠣᠭᠤᠮᠲᠠ ᠬᠢᠭᠡᠳ ᠳᠣᠲᠣᠷ ᠭᠠᠵᠠᠷ᠎ᠢ ᠨᠢᠭᠡ ᠴᠣᠭ᠍ᠴᠠᠵᠢᠭᠤᠯᠤᠨ ᠬᠤᠯᠪᠣᠭᠠᠯᠠᠨ ᠬᠥᠭ᠌ᠵᠢᠬᠦᠯᠵᠦ᠍᠂ ᠬᠢᠯᠢ ᠠᠯᠤᠰᠯᠠᠭ᠍ᠰᠠᠨ ᠡᠯᠧᠺᠲᠷᠣᠨ ᠬᠤᠳᠠᠯᠳᠤᠭ᠎ᠠ᠂ ᠰᠠᠭᠤᠷᠢᠱᠢᠭᠤᠯᠤᠨ ᠡᠳ᠋ᠱᠢᠭᠦᠯᠬᠦ᠌ ᠪᠠ ᠣᠯᠠᠨ ᠤᠯᠤᠰ᠎ᠤᠨ ᠪᠠᠷᠠᠭ᠎ᠠ᠎ᠶ᠋ᠢᠨ ᠭᠦᠢᠯᠭᠡᠭᠡ᠎ᠶ᠋ᠢᠨ ᠠᠵᠤ ᠠᠬᠤᠢᠯᠠᠯ᠎ᠢ ᠭᠤᠤᠯᠳᠠᠯᠭ᠎ᠠ᠎ᠲᠠᠢ ᠣᠷᠣᠭᠤᠯᠤᠨ ᠠᠪᠴᠢᠷᠠᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ 《ᠪᠠᠬᠢᠯᠡᠯᠲᠡ》 ᠎ᠶ᠋ᠢ ᠲᠦᠷᠭᠡᠳᠭᠡᠨ ᠪᠠᠢᠭᠤᠯᠤᠨ᠎ᠠ᠃

ᠨᠡᠭᠡᠭᠡᠯᠲᠡ᠎ᠶ᠋ᠢᠨ ᠡᠮᠦᠨ᠎ᠡ ᠡᠩᠨᠡᠭᠡᠨ᠎ᠳᠤ ᠬᠤᠱᠢᠭᠤᠷᠠᠵᠤ᠂ ᠤᠯᠠᠭᠠᠨᠴᠠᠪ ᠴᠢᠨᠠᠷ ᠰᠠᠢᠲᠠᠢ ᠬᠥᠭ᠌ᠵᠢᠯᠲᠡ᠎ᠶ᠋ᠢᠨ ᠬᠡᠭᠡᠨ ᠰᠠᠷᠠᠭᠤᠯ ᠢᠷᠡᠭᠡᠳᠦᠢ᠎ᠪᠠᠨ ᠤᠬ᠍ᠳᠤᠬᠤ᠎ᠨᠢ ᠯᠠᠪᠳᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号