ᠵᠣᠯ ᠵᠢᠷᠭᠠᠯᠲᠤ ᠠᠷᠠᠳ᠎ᠤᠨ ᠠᠮᠢᠳᠤᠷᠠᠯ᠎ᠢ ᠴᠤᠬ᠍ᠴᠠᠯᠠᠨ᠎ᠠ
2021-06-11 11:31:54
ᠵᠣᠬᠢᠶᠠᠭ᠍ᠴᠢ᠄
ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠵᠢᠯ᠎ᠳᠤ᠂ 《ᠳᠤᠮᠳᠠᠳᠤ ᠤᠯᠤᠰ᠎ᠤᠨ ᠵᠤᠰᠠᠯᠠᠩ᠎ᠤᠨ ᠲᠦᠪ》᠂ 《ᠰᠠᠯᠬᠢᠨ ᠴᠠᠬᠢᠯᠭᠠᠨ᠎ᠤ ᠲᠦᠪ》᠂ 《ᠲᠠᠯ᠎ᠠ ᠨᠤᠲᠤᠭ᠎ᠤᠨ ᠠᠷᠠᠰᠤᠨ ᠡᠳ᠋ᠯᠠᠯ᠎ᠤᠨ ᠲᠦᠪ》᠂ 《ᠳᠤᠮᠳᠠᠳᠤ ᠤᠯᠤᠰ᠎ᠤᠨ ᠡᠭᠡᠳᠡᠭ᠌ᠰᠡᠨ ᠰᠦ᠎ᠶ᠋ᠢᠨ ᠲᠦᠪ》᠂ 《ᠬᠦᠷᠮᠡᠨ ᠴᠢᠯᠠᠭᠤᠯᠢᠭ ᠲᠡᠭᠡᠷ᠎ᠠ ᠪᠠᠢᠭᠤᠯᠤᠭ᠍ᠰᠠᠨ ᠴᠡᠴᠡᠷᠯᠢᠭ᠌ᠳᠦ ᠬᠤᠳᠠ》᠂ 《ᠳᠤᠮᠳᠠᠳᠤ ᠤᠯᠤᠰ᠎ᠤᠨ ᠲᠥᠮᠥᠰᠥ᠎ᠶ᠋ᠢᠨ ᠲᠦᠪ》᠂ 《ᠳᠤᠮᠳᠠᠳᠤ ᠤᠯᠤᠰ᠎ᠤᠨ ᠨᠣᠬᠠᠢ᠎ᠶ᠋ᠢᠨ ᠬᠤᠱᠢᠭᠤ᠎ᠶ᠋ᠢᠨ ᠲᠦᠪ》 ᠭᠡᠬᠦ᠌ ᠬᠠᠩᠭᠢᠨᠠᠮ᠎ᠠ ᠨᠡᠷ᠎ᠡ᠎ᠶ᠋ᠢᠨ ᠬᠠᠭᠤᠳᠠᠰᠤ᠎ᠲᠠᠢ ᠤᠯᠠᠭᠠᠨᠴᠠᠪ ᠤᠯᠤᠰ ᠲᠠᠶᠠᠭᠠᠷ᠎ᠤᠨ ᠠᠩᠬᠠᠷᠤᠯ᠎ᠢ ᠲᠠᠳᠠᠬᠤ ᠪᠤᠯᠪᠠ᠃ ᠬᠡᠪᠡᠴᠦ᠍ ᠥᠩᠭᠡᠷᠡᠭ᠌ᠰᠡᠨ᠎ᠳᠤ ᠤᠯᠤᠰ᠎ᠤᠨ ᠲᠠᠰ᠎ᠤᠨ ᠶᠠᠳᠠᠭᠤ ᠬᠦᠴᠢᠷᠳᠡᠯᠲᠡᠶ ᠬᠤᠱᠢᠭᠤ ᠱᠢᠶᠠᠨ 8᠂ ᠣᠷᠣᠨ᠎ᠤ ᠲᠠᠰ᠎ᠤᠨ ᠶᠠᠳᠠᠭᠤ ᠬᠦᠴᠢᠷᠳᠡᠯᠲᠡᠶ ᠬᠤᠱᠢᠭᠤ ᠱᠢᠶᠠᠨ 2 ᠪᠤᠢ᠂ ᠲᠠᠩᠰᠠᠯᠠᠵᠥ᠍ ᠺᠠᠷᠲᠯᠠᠭ᠍ᠰᠠᠨ ᠶᠠᠳᠠᠭᠤ ᠬᠦᠴᠢᠷᠳᠡᠯᠲᠡᠶ ᠬᠥᠮᠦᠨ 29.1 ᠲᠦᠮᠡ᠎ᠳᠤ ᠬᠦᠷᠴᠦ᠍᠂ ᠮᠠᠨ᠎ᠤ ᠣᠷᠣᠨ᠎ᠤ ᠶᠠᠳᠠᠭᠤ ᠬᠦᠴᠢᠷᠳᠡᠯᠲᠡᠶ ᠬᠥᠮᠦᠨ᠎ᠤ ᠲᠠᠪᠤᠨ᠎ᠤ ᠨᠢᠭᠡ᠎ᠶ᠋ᠢ ᠡᠵᠡᠯᠡᠵᠤ ᠪᠠᠢᠭ᠍ᠰᠠᠨ ᠤᠯᠠᠭᠠᠨᠴᠠᠪ᠎ᠤᠨ ᠠᠷᠠᠳ ᠲᠦᠮᠡᠨ᠎ᠳᠤ ᠵᠣᠯ ᠵᠢᠷᠭᠠᠯ ᠬᠡᠳᠡᠭ᠎ᠨᠢ ᠲᠤᠩ ᠴᠤ᠌ ᠬᠤᠯᠠ᠎ᠶ᠋ᠢᠨ᠂ ᠪᠡᠶᠡᠯᠡᠭ᠌ᠳᠡᠰᠢ ᠦᠬᠡᠢ ᠬᠦᠰᠡᠯ ᠡᠷᠡᠮᠡᠯᠵᠡᠯ ᠪᠠᠢᠭ᠍ᠰᠠᠨ᠃ ᠨᠠᠮ᠎ᠤᠨ ᠠᠷᠪᠠᠨ ᠨᠠᠢᠮᠠᠳᠤᠭᠠᠷ ᠶᠡᠭᠡ ᠬᠤᠷᠠᠯ᠎ᠠᠴᠠ ᠨᠠᠭᠠᠰᠢ᠂ ᠤᠯᠠᠭᠠᠨᠴᠠᠪ ᠬᠤᠲᠠ᠎ᠶ᠋ᠢᠨ ᠡᠯ᠎ᠡ ᠱᠠᠲᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢᠶᠠᠨ ᠳᠠᠭᠠᠭᠤᠯᠤᠨ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌᠎ᠶ᠋ᠢ ᠬᠠᠮᠤᠭ᠎ᠤᠨ ᠴᠢᠬᠤᠯᠠ ᠠᠵᠢᠯ ᠪᠣᠯᠭᠠᠨ ᠠᠳᠭᠤᠵᠤ ᠴᠢᠷᠮᠠᠢᠨ ᠠᠵᠢᠯᠯᠠᠭ᠍ᠰᠠᠨ᠎ᠢᠶᠠᠷ ᠠᠵᠤ ᠠᠬᠤᠶ ᠨᠡᠢᠭᠡᠮ᠎ᠤᠨ ᠬᠥᠭ᠌ᠵᠢᠯᠲᠡ ᠱᠢᠨ᠎ᠠ ᠲᠡᠭ᠌ᠳᠡᠷ᠎ᠲᠤ ᠭᠠᠷᠴᠤ᠌᠂ ᠠᠷᠠᠳ ᠤᠯᠠᠨ᠎ᠤ ᠬᠦᠷᠳᠡᠬᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠎ᠢ ᠨᠡᠮᠡᠭ᠌ᠳᠡᠬᠦᠯᠵᠥ᠍᠂ ᠠᠷᠠᠳ᠎ᠤᠨ ᠠᠮᠢᠳᠤᠷᠠᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠭ᠌ᠰᠡᠨ ᠪᠠᠢᠨ᠎ᠠ᠃


4008517_lity_1623221456513_m.jpg


《ᠠᠳᠡ ᠨᠠᠮᠠᠶ᠋ᠢ ᠬᠠᠷᠠᠭᠠᠯᠵᠠᠬᠤ ᠬᠥᠮᠦᠨ᠎ᠲᠠᠢ᠂ ᠡᠨᠡ ᠪᠣᠯ ᠮᠢᠨᠦ᠍ ᠵᠢᠷᠭᠠᠯ!》

ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠫᠢᠡᠭ ᠳ᠋ᠢ ᠴᠢᠤᠸᠠᠨ ᠪᠠᠯᠭᠠᠰᠤᠨ᠎ᠤ ᠬᠤᠸᠠ ᠼᠦᠨ ᠲᠣᠰᠭᠤᠨ᠎ᠤ ᠵᠢᠷᠭᠠᠯᠠᠩᠲᠤ ᠬᠦᠷᠢᠶᠡᠯᠡᠩ ᠤᠯᠠᠭᠠᠨᠴᠠᠪ ᠬᠤᠲᠠ᠎ᠶ᠋ᠢᠨ 《ᠬᠠᠷᠢᠯᠴᠠᠨ ᠬᠠᠪᠰᠤᠷᠤᠯᠴᠠᠬᠤ ᠨᠠᠰᠤᠵᠢᠯ᠎ᠤᠨ ᠠᠰᠠᠷᠠᠮᠵᠢ》 ᠎ᠶ᠋ᠢᠨ ᠵᠠᠭ᠍ᠪᠤᠷ᠎ᠢ ᠡᠬᠦᠳᠴᠤ᠌᠂ ᠲᠣᠰ ᠵᠠᠭ᠍ᠪᠤᠷ᠎ᠨᠢ 2014 ᠣᠨ᠎ᠳᠤ 《ᠳᠤᠮᠳᠠᠳᠤ ᠤᠯᠤᠰ᠎ᠤᠨ ᠠᠷᠪᠠᠨ ᠶᠡᠭᠡ ᠱᠢᠨ᠎ᠡ᠎ᠶ᠋ᠢ ᠡᠭᠦᠳᠦᠭ᠌ᠰᠡᠨ ᠨᠡᠢᠭᠡᠮ᠎ᠤᠨ ᠠᠰᠠᠷᠠᠮᠵᠢ᠎ᠶ᠋ᠢᠨ ᠲᠥᠷᠥ᠎ᠶ᠋ᠢᠨ ᠪᠣᠳᠣᠯᠭ᠎ᠠ》 ᠎ᠪᠠᠷ ᠦᠨᠡᠯᠡᠭ᠌ᠳᠡᠵᠠᠢ᠃

6 ᠰᠠᠷ᠎ᠠ᠎ᠶ᠋ᠢᠨ 2 ᠎ᠤᠨ ᠡᠳᠦᠷ᠂ ᠰᠤᠷᠪᠤᠯᠵᠢᠯᠠᠭ᠍ᠴᠢ ᠬᠤᠸᠠ ᠼᠦᠨ ᠵᠢᠷᠭᠠᠯᠠᠩᠲᠤ ᠬᠦᠷᠢᠶᠡᠯᠡᠩ᠎ᠳᠤ ᠬᠦᠷᠴᠦ᠍ ᠪᠠᠢᠳᠠᠯ᠎ᠢ ᠣᠢᠯᠠᠭᠠᠪᠠ᠃ ᠵᠢᠷᠭᠠᠯᠠᠩᠲᠤ ᠬᠦᠷᠢᠶᠡᠯᠡᠩ᠎ᠤᠨ ᠬᠦᠷᠢᠶ᠎ᠡ ᠴᠡᠪᠡᠷ᠂ ᠠᠭᠤᠵᠢᠮ᠂ ᠵᠢᠵᠢᠭ ᠠᠭᠤᠳᠠᠮ ᠲᠠᠯᠠᠪᠠᠶ᠎ᠳᠤ ᠡᠯ᠎ᠡ ᠵᠦᠢᠯ᠎ᠤᠨ ᠪᠡᠶ᠎ᠡ ᠪᠤᠯᠪᠠᠰᠤᠷᠠᠬᠤ ᠪᠠᠭᠠᠵᠢ ᠬᠡᠷᠡᠭ᠌ᠰᠡᠯ ᠵᠢᠭ᠌ᠳᠡᠷᠡᠬᠡᠳ᠂ ᠤᠯᠠᠭᠠᠨ ᠸᠠᠭᠠᠷ᠎ᠤᠨ ᠤᠷᠤᠢ᠎ᠲᠠᠢ ᠪᠠᠢᠱᠢᠩ᠎ᠤᠨ ᠡᠮᠦᠨᠡᠬᠦᠷ ᠢᠳᠡᠱᠢᠨ ᠨᠣᠭᠤᠭ᠎ᠠ ᠬᠠᠯᠢᠭᠤᠷᠠᠨ᠎ᠠ᠃ ᠰᠣᠶᠣᠯ ᠠᠵᠢᠯᠯᠠᠭᠠᠨ᠎ᠤ ᠦᠷᠦᠭᠡ᠎ᠳᠤ ᠨᠠᠰᠤᠲᠠᠢᠴᠤᠳ ᠬᠤᠶᠠᠷ ᠳᠤᠭᠤᠢᠯᠠᠩ ᠪᠣᠯᠵᠤ ᠬᠦᠵᠤᠷ ᠲᠤᠭ᠍ᠯᠠᠵᠤ᠂ ᠵᠢᠷᠭᠠᠯᠠᠩᠲᠤ ᠬᠦᠷᠢᠶᠡᠯᠡᠩ᠎ᠳᠤ ᠬᠠᠯᠠᠭᠤᠨ ᠲᠤᠳᠤᠨᠤ ᠠᠭᠤᠷ ᠠᠮᠢᠰᠭᠤᠯ ᠪᠢᠯᠬᠠᠨ᠎ᠠ᠃


4008519_lity_1623221469331_m.jpg


ᠵᠠᠩ ᠳ᠋ᠧ ᠯᠢ ᠪᠣᠯ ᠬᠤᠸᠠ ᠼᠦᠨ ᠵᠢᠷᠭᠠᠯᠠᠩᠲᠤ ᠬᠦᠷᠢᠶᠡᠯᠡᠩ᠎ᠤᠨ ᠳᠠᠷᠤᠭ᠎ᠠ ᠪᠣᠯᠤᠨ᠎ᠠ᠃

ᠲᠡᠷᠡ᠄ 《ᠮᠠᠨ᠎ᠤ ᠵᠢᠷᠭᠠᠯᠠᠩᠲᠤ ᠬᠦᠷᠢᠶᠡᠯᠡᠩ 2012 ᠣᠨ᠎ᠳᠤ ᠪᠠᠢᠭᠤᠯᠤᠭ᠍ᠳᠠᠵᠤ᠂ ᠤᠳᠤ 72 ᠡᠷᠦᠬᠡ᠂ 116 ᠬᠥᠮᠦᠨ ᠰᠠᠭᠤᠵᠤ ᠪᠠᠢᠨ᠎ᠠ᠃ ᠤᠤᠯ᠎ᠤᠨ ᠪᠤᠢᠳᠠ ᠪᠦᠭ᠌ᠯᠡᠭᠦᠦ ᠠᠭᠤᠯᠠᠷᠬᠠᠭ ᠣᠷᠣᠨ᠂ ᠨᠤᠷᠠᠬᠤ ᠠᠶᠤᠯᠲᠠᠶ ᠭᠡᠷ᠎ᠲᠤ ᠰᠠᠭᠤᠵᠤ ᠪᠠᠢᠭ᠍ᠰᠠᠨ 60 ᠨᠠᠰᠤᠨ᠎ᠠᠴᠠ ᠳᠡᠭᠡᠭ᠌ᠰᠢᠬᠢ ᠨᠠᠰᠤᠲᠡᠳ ᠠᠳᠡ ᠢᠷᠡᠵᠤ ᠰᠠᠭᠤᠵᠤ ᠪᠣᠯᠤᠨ᠎ᠠ᠃ ᠠᠳᠡ ᠨᠠᠰᠤᠲᠠᠢᠴᠤᠳ ᠶᠠᠪᠤᠵᠤ ᠰᠠᠭᠤᠬᠤ᠂ ᠡᠪᠡᠳᠴᠢᠨ ᠦᠵᠡᠭᠦᠯᠬᠦ᠂ ᠶᠠᠭᠤᠮ᠎ᠠ ᠬᠤᠳᠠᠯᠳᠤᠨ ᠠᠪᠬᠤ᠎ᠳᠤ ᠴᠦᠮ ᠳᠥᠭᠦᠮ ᠪᠣᠯᠤᠭ᠍ᠰᠠᠨ ᠪᠦᠭᠡᠳ ᠤᠢ᠍ᠢᠳᠴᠤ᠌ ᠭᠠᠭ᠍ᠴᠠᠭᠠᠷᠳᠠᠬᠤ ᠦᠭᠡᠢ ᠪᠣᠯᠵᠠᠶ》 ᠬᠡᠵᠤ ᠲᠠᠨᠢᠯᠴᠠᠭᠤᠯᠤᠨ᠎ᠠ᠃

ᠬᠤᠸᠠ ᠼᠦᠨ ᠵᠢᠷᠭᠠᠯᠠᠩᠲᠤ ᠬᠦᠷᠢᠶᠡᠯᠡᠩ᠎ᠢ ᠨᠢᠭᠡᠨ ᠰᠤᠯᠠ ᠪᠠᠢᠭ᠍ᠰᠠᠨ ᠪᠠᠭ᠎ᠠ ᠰᠤᠷᠭᠠᠭᠤᠯᠢ᠎ᠶ᠋ᠢᠨ ᠭᠡᠷ ᠪᠠᠢᠱᠢᠩ᠎ᠢ ᠠᠱᠢᠬ᠍ᠯᠠᠠ ᠥᠭᠡᠷᠡᠴᠢᠯᠡᠨ ᠪᠠᠢᠭᠤᠯᠵᠠᠢ᠃ ᠵᠢᠷᠭᠠᠯᠠᠩᠲᠤ ᠬᠦᠷᠢᠶᠡᠯᠡᠩ 《ᠨᠢᠭᠡᠳᠦᠯᠲᠡᠶ ᠪᠥᠲᠥᠭᠡᠨ ᠪᠠᠢᠭᠤᠯᠵᠤ᠂ ᠥᠮᠴᠢᠯᠡᠯ᠎ᠤᠨ ᠡᠷᠬᠡ᠎ᠶ᠋ᠢ ᠠᠯᠪᠠᠨ᠎ᠳᠤ ᠬᠠᠷᠢᠶᠠᠯᠠᠭᠤᠯᠬᠤ》᠂ 《ᠨᠢᠭᠡᠳᠦᠯᠲᠡᠶ ᠰᠠᠭᠤᠷᠢᠱᠢᠵᠤ᠂ ᠡᠷᠦᠬᠡ ᠬᠤᠪᠢᠶᠠᠨ ᠠᠮᠢᠳᠤᠷᠠᠬᠤ》᠂ 《ᠨᠢᠭᠡᠳᠦᠯᠲᠡᠶ ᠬᠠᠮᠢᠶᠠᠷᠴᠤ᠌᠂ ᠬᠠᠷᠢᠯᠴᠠᠨ ᠬᠠᠪᠰᠤᠷᠤᠯᠴᠠᠬᠤ》 ᠠᠵᠢᠯᠯᠠᠭᠠᠨ᠎ᠤ ᠵᠠᠭ᠍ᠪᠤᠷ᠎ᠢᠶᠠᠷ᠂ ᠰᠣᠶᠣᠯ᠎ᠤᠨ ᠠᠵᠢᠯᠯᠠᠭᠠᠨ᠎ᠤ ᠦᠷᠦᠭᠡ᠂ ᠡᠷᠡᠭᠦᠯ ᠬᠠᠮᠠᠭᠠᠯᠠᠯ᠎ᠤᠨ ᠦᠷᠦᠭᠡ᠂ ᠬᠤᠪᠴᠠᠰᠤ ᠤᠬᠢᠶᠠᠬᠤ ᠦᠷᠦᠭᠡ᠂ ᠠᠵᠢᠯᠯᠠᠭᠠᠨ᠎ᠤ ᠠᠭᠤᠳᠠᠮ ᠲᠠᠯᠠᠪᠠᠶ ᠭᠠᠷᠭᠠᠪᠠ᠃ ᠵᠢᠷᠭᠠᠯᠠᠩᠲᠤ ᠬᠦᠷᠢᠶᠡᠯᠡᠩ᠎ᠤᠨ ᠦᠷᠦᠬᠡ ᠪᠤᠯᠭᠠᠨ᠎ᠳᠤ ᠵᠣᠷᠯᠣᠩ᠂ ᠨᠡᠷᠡᠨ ᠡᠨᠧᠷᠭᠢ᠎ᠶ᠋ᠢᠨ ᠤᠰᠤ ᠬᠠᠯᠠᠭᠠᠭᠤᠷ ᠵᠡᠷᠬᠡ ᠲᠥᠬᠦᠭᠡᠷᠦᠮᠵᠢ᠎ᠲᠠᠢ᠂ ᠪᠠᠰᠠ ᠡᠷᠦᠬᠡ ᠪᠦᠷᠢ ᠨᠢᠭᠡ ᠬᠡᠰᠡᠭ ᠢᠳᠡᠱᠢᠨ ᠨᠣᠭᠤᠭ᠎ᠠ ᠲᠠᠷᠢᠬᠤ ᠭᠠᠵᠡᠷ᠎ᠲᠠᠢ᠃


4008523_lity_1623221495629_m.jpg


ᠡᠨᠡ ᠵᠢᠯ 84 ᠨᠠᠰᠤᠲᠠᠶ ᠼᠦᠢ ᠫᠧᠶ ᠵᠧᠨ ᠨᠠᠰᠤᠲᠠᠨ ᠵᠢᠷᠭᠠᠯᠠᠩᠲᠤ ᠬᠦᠷᠢᠶᠡᠯᠡᠩ᠎ᠳᠤ ᠢᠷᠡᠵᠦ᠍ ᠰᠠᠭᠤᠭᠠᠳ 10 ᠵᠢᠯ ᠪᠤᠯᠵᠤ ᠪᠤᠢ᠃ ᠨᠠᠰᠤᠲᠡᠨ ᠵᠠᠯᠠᠭᠤ᠎ᠳᠠᠭᠠᠨ ᠪᠠᠷᠠᠭᠤᠨ ᠬᠥᠯ᠎ᠢᠶᠠᠨ ᠬᠡᠮᠳᠦᠭᠡᠵᠤ ᠵᠡᠮᠳᠡᠭ ᠪᠣᠯᠵᠠᠶ᠃ ᠨᠠᠰᠤᠲᠠᠨ᠎ᠤ ᠭᠡᠷ᠎ᠲᠤ ᠲᠦᠭᠡᠭᠡᠯ ᠤᠰᠤ᠂ ᠳᠤᠯᠠᠭᠠᠯᠠᠮᠵᠢ᠂ ᠤᠰᠤ ᠬᠠᠯᠠᠭᠠᠭᠤᠷ ᠵᠡᠷᠭᠡ ᠲᠦᠭᠦᠭᠡᠷᠤᠮᠵᠢ ᠲᠦᠭᠦᠷᠵᠢᠵᠤ ᠠᠮᠢᠳᠤᠷᠠᠯ᠎ᠳᠤᠨᠢ ᠮᠠᠰᠢ ᠶᠡᠭᠡ ᠳᠥᠭᠦᠮ ᠦᠵᠡᠭᠦᠯᠪᠡ᠃

《ᠬᠡᠦᠬᠡᠳ᠎ᠤᠳ ᠭᠠᠳᠠᠨ᠎ᠠ ᠬᠥᠯᠥᠰᠥᠨ ᠠᠵᠢᠯ ᠬᠢᠵᠦ᠍ ᠪᠠᠢᠬᠤ ᠲᠤᠯᠠ ᠤᠤᠯ᠎ᠤᠨ ᠭᠡᠷ᠎ᠲᠡᠭᠡᠨ ᠪᠠᠢᠬᠤ᠎ᠳᠤ ᠪᠢ ᠬᠤᠭᠤᠯᠠ ᠬᠢᠬᠦ᠂ ᠤᠰᠤ ᠴᠠᠢ ᠤᠢ᠍ᠢᠷᠠᠳᠤᠭᠤᠯᠬᠤ᠎ᠳᠠᠭᠠᠨ ᠴᠤ᠌ ᠬᠦᠴᠢᠷᠳᠡᠳᠡᠭ ᠪᠠᠢᠪᠠ᠃ ᠤᠳᠤ ᠠᠳᠡ ᠨᠠᠮᠠᠶ᠋ᠢ ᠬᠠᠷᠠᠭᠠᠯᠵᠠᠬᠤ ᠬᠦᠮᠦᠨ᠎ᠲᠠᠢ᠂ ᠶᠠᠭᠤ ᠪᠦᠬᠦᠨ ᠪᠡᠯᠡᠨ᠂ ᠲᠥᠬᠦᠮ》 ᠬᠡᠵᠤ ᠼᠦᠢ ᠫᠸᠢ ᠵᠧᠨ ᠤᠴᠢᠷᠯᠠᠨ᠎ᠠ᠃

ᠼᠦᠢ ᠫᠧᠶ ᠵᠧᠨ ᠨᠠᠰᠤᠲᠠᠨ ᠰᠠᠷ᠎ᠠ ᠪᠦᠷᠢ 1600 ᠲᠥᠭᠦᠷᠢᠭ᠎ᠤᠨ ᠭᠠᠵᠠᠷ ᠱᠢᠷᠣᠶ᠎ᠪᠠᠨ ᠠᠯᠳᠠᠭ᠍ᠰᠠᠨ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠶ᠋ᠢᠨ ᠨᠥᠬᠦᠪᠥᠷᠢ᠎ᠲᠠᠢ᠂ ᠵᠢᠯ ᠪᠦᠷᠢ 1200 ᠲᠥᠭᠦᠷᠢᠭ᠎ᠤᠨ ᠥᠨᠳᠥᠷ ᠨᠠᠰᠤᠳᠠᠨ᠎ᠤ ᠨᠥᠬᠦᠪᠥᠷᠢ᠎ᠲᠠᠢ᠂ ᠪᠠᠰᠠ ᠬᠡᠷ᠎ᠤᠨ᠎ᠢᠶᠠᠨ ᠡᠮᠦᠨᠡᠬᠢ ᠨᠢᠭᠡ ᠬᠤᠪᠢ ᠢᠳᠡᠱᠢᠨ ᠨᠣᠭᠤᠭ᠎ᠠ᠎ᠶ᠋ᠢᠨ ᠲᠠᠷᠢᠶᠠᠨ᠎ᠳᠠᠭᠠᠨ ᠡᠷᠳᠡᠨᠢ ᠱᠢᠰᠢ᠂ ᠲᠥᠮᠥᠰᠥ᠍ ᠵᠡᠷᠭᠡ ᠳᠠᠷᠢᠵᠤ᠂ ᠰᠠᠨᠠᠭ᠎ᠠ ᠠᠮᠤᠷ ᠠᠮᠢᠳᠤᠷᠠᠬᠤ ᠪᠤᠯᠤᠭ᠍ᠰᠠᠨ᠎ᠠᠴᠠ 《ᠠᠳᠡ ᠨᠠᠮᠠᠶ᠋ᠢ ᠬᠠᠷᠠᠭᠠᠯᠵᠠᠬᠤ ᠬᠥᠮᠦᠨ᠎ᠲᠠᠢ᠂ ᠡᠨᠡ ᠪᠣᠯ ᠮᠢᠨᠦ᠍ ᠵᠢᠷᠭᠠᠯ!》 ᠬᠡᠵᠥ᠍ ᠪᠠᠢᠯ᠎ᠠ᠃


4008525_lity_1623221508059_m.jpg


2012 ᠣᠨ᠎ᠠᠴᠠ᠂ ᠤᠯᠠᠭᠠᠨᠴᠠᠪ ᠬᠤᠲᠠ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠠᠰᠠᠭᠤᠳᠠᠯ᠎ᠢ ᠨᠤᠷᠠᠬᠤ ᠠᠶᠤᠯᠲᠠᠶ ᠬᠡᠷ ᠪᠠᠢᠱᠢᠩ᠎ᠢ ᠥᠭᠡᠷᠡᠴᠢᠯᠡᠨ ᠱᠢᠨᠡᠳᠭᠡᠬᠦ᠂ ᠬᠥᠳᠡᠭᠡ ᠲᠣᠰᠭᠤᠨ᠎ᠤ ᠠᠵᠤ ᠦᠢᠯᠡᠰ᠎ᠤᠨ ᠪᠠᠢᠷᠢᠱᠢᠯ᠎ᠳᠤ ᠲᠣᠬᠢᠷᠠᠭᠤᠯᠤᠯᠲᠠ ᠬᠢᠬᠦ᠂ ᠶᠠᠳᠠᠭᠤ᠎ᠠᠴᠠ ᠠᠩᠭᠢᠵᠢᠷᠠᠭᠤᠯᠬᠤ᠎ᠲᠠᠢ ᠬᠠᠷᠢᠯᠴᠠᠨ ᠤᠶᠠᠯᠳᠤᠭᠤᠯᠵᠤ᠂ ᠠᠮᠢᠳᠤᠷᠠᠯ᠂ ᠡᠮᠴᠢᠯᠡᠭᠡ᠂ ᠰᠣᠶᠣᠯ᠎ᠤᠨ ᠲᠦᠭᠦᠭᠡᠷᠤᠮᠵᠢ᠎ᠪᠠᠷ ᠪᠦᠷᠢᠨ ᠲᠡᠭᠦᠯᠳᠡᠷ ᠪᠠᠢᠭ᠎ᠠ ᠬᠠᠷᠢᠯᠴᠠᠨ ᠬᠠᠪᠰᠤᠷᠤᠯᠴᠠᠬᠤ ᠵᠢᠷᠭᠠᠯᠠᠩᠲᠤ ᠬᠦᠷᠢᠶᠡᠯᠡᠩ᠎ᠢ ᠲᠥᠪᠯᠡᠷᠡᠭᠦᠯᠦᠨ 476 ᠪᠥᠲᠥᠭᠡᠨ ᠪᠠᠢᠭᠤᠯᠪᠠ᠃ ᠬᠥᠳᠡᠭᠡ ᠲᠣᠰᠭᠤᠨ᠎ᠤ ᠪᠦᠬᠦᠯᠢ 60 ᠨᠠᠰᠤᠨ᠎ᠠᠴᠠ ᠳᠡᠭᠡᠭ᠌ᠰᠢᠬᠢ ᠨᠠᠰᠤᠨ᠎ᠤ ᠠᠮᠢᠳᠤᠷᠠᠯ᠎ᠤᠨ ᠴᠢᠳᠠᠪᠤᠷᠢ᠎ᠲᠠᠢ᠂  ᠦᠢᠯᠡᠳᠪᠦᠷᠢᠯᠡᠯ᠎ᠤᠨ ᠴᠢᠳᠠᠪᠤᠷᠢ ᠥᠬᠡᠶ ᠲᠠᠪᠤᠨ ᠪᠠᠲᠤᠯᠠᠭᠠᠲᠤ ᠡᠷᠦᠬᠡ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠵᠦ᠍ ᠪᠠᠢᠭ᠎ᠠ ᠡᠷᠦᠬᠡ᠂ ᠶᠠᠳᠠᠭᠤ ᠬᠦᠴᠢᠷᠳᠡᠯᠲᠡᠶ ᠡᠷᠦᠬᠡ᠎ᠶ᠋ᠢ 《ᠵᠢᠷᠭᠠᠯᠠᠩᠲᠤ ᠬᠦᠷᠢᠶᠡᠯᠡᠩ》 ᠎ᠳᠤ ᠨᠡᠭᠦᠯᠭᠡᠠ ᠰᠠᠭᠤᠯᠭᠠᠵᠠᠢ᠃ ᠤᠳᠤ 44148 ᠡᠷᠦᠬᠡ ᠬᠦᠷᠢᠶᠡᠯᠡᠩ᠎ᠳᠤ ᠣᠷᠣᠵᠤ ᠰᠠᠭᠤᠵᠤ᠂ ᠮᠠᠯᠵᠢᠬᠤ ᠲᠠᠷᠢᠶᠠᠯᠠᠬᠤ ᠣᠷᠣᠨ᠎ᠤ ᠭᠤᠤᠨᠢ ᠭᠠᠭ᠍ᠴᠠ ᠭᠡᠷ᠎ᠲᠡᠭᠡᠨ ᠬᠤᠴᠣᠷᠤᠭ᠍ᠰᠠᠨ ᠨᠠᠰᠤᠲᠠᠳ᠂ ᠵᠡᠮᠳᠡᠭ ᠬᠥᠳᠡᠯᠮᠦᠷᠢᠯᠡᠬᠦ᠌ ᠴᠢᠳᠠᠪᠤᠷᠢ᠎ᠪᠠᠨ ᠠᠯᠳᠠᠭ᠍ᠰᠠᠨ ᠨᠠᠰᠤᠲᠠᠳ ᠪᠠ 60 ᠨᠠᠰᠤᠨ᠎ᠠᠴᠠ ᠳᠡᠭᠡᠭ᠌ᠰᠢᠬᠢ ᠶᠠᠳᠠᠭᠤ ᠬᠦᠴᠢᠷᠳᠡᠯᠲᠡᠶ ᠨᠠᠰᠤᠲᠠᠳ᠎ᠢ ᠲᠥᠪᠯᠡᠷᠡᠭᠦᠯᠦᠨ ᠠᠰᠠᠷᠠᠬᠤ ᠠᠰᠠᠭᠤᠳᠠᠯ᠎ᠢ ᠱᠢᠢᠳᠪᠦᠷᠢᠯᠡᠪᠡ᠃


4008527_lity_1623221520640_m.jpg


ᠰᠠᠭᠤᠭᠠᠯᠢ ᠲᠤᠭᠤᠷᠢᠭ ᠱᠢᠨ᠎ᠠ ᠲᠦᠷᠬᠦ᠌᠎ᠲᠠᠢ ᠪᠤᠯᠵᠤ ᠬᠥᠮᠦᠰ᠎ᠤᠨ ᠰᠡᠳᠭᠢᠯ᠎ᠢ ᠳᠤᠯᠠᠭᠠᠴᠨᠭᠤᠯᠪᠠ

ᠤᠷᠴᠢᠨ ᠠᠬᠤᠢ ᠪᠤᠵᠠᠷ᠂ ᠡᠮᠬᠢ ᠵᠠᠮᠪᠠᠷᠠᠭ᠎ᠠ ᠦᠭᠡᠢ ᠪᠠᠢᠬᠤ ᠪᠤᠯ ᠤᠤᠯ᠎ᠤᠨ ᠵᠢᠨᠢᠩ ᠲᠣᠭᠤᠷᠢᠭ᠎ᠤᠨ ᠱᠢᠨᠬᠤᠸᠠ ᠵᠡᠭᠡᠯᠢ ᠭᠤᠳᠤᠮᠵᠢ᠎ᠶ᠋ᠢᠨ ᠲᠦᠩ ᠵᠧᠤ ᠨᠡᠢᠭᠡᠮ ᠲᠣᠭᠤᠷᠢᠭ᠎ᠤᠨ ᠯᠢᠶᠠᠨ ᠱᠢᠨ ᠶᠤᠸᠠᠨ ᠰᠠᠭᠤᠭᠠᠯᠢ ᠲᠣᠭᠤᠷᠢᠭ᠎ᠤᠨ ᠬᠥᠮᠦᠰ᠎ᠲᠤ ᠦᠭ᠌ᠭᠦᠭ᠌ᠰᠡᠨ ᠰᠠᠭᠤᠭ᠍ᠳᠠᠯ ᠪᠤᠯᠤᠨ᠎ᠠ᠂ ᠬᠡᠪᠡᠴᠦ᠍ ᠣᠲᠣ ᠠᠳᠡᠬᠢ ᠪᠠᠢᠳᠠᠯ ᠦᠰᠦᠳ ᠦᠬᠡᠷ᠎ᠡ ᠪᠤᠯᠵᠠᠢ᠃ ᠤᠢ᠍ᠢᠷ᠎ᠠ᠎ᠳᠤ᠂ ᠰᠤᠷᠪᠤᠯᠵᠢᠯᠠᠭ᠍ᠴᠢ ᠯᠢᠶᠠᠨ ᠱᠢᠨ ᠶᠤᠸᠠᠨ ᠰᠠᠭᠤᠭᠠᠯᠢ ᠠᠷᠠᠳ᠎ᠤᠨ ᠲᠣᠭᠤᠷᠢᠭ᠎ᠲᠤ ᠬᠦᠷᠴᠦ᠍ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠤᠨ ᠱᠢᠨ᠎ᠠ ᠲᠦᠷᠬᠦ᠌᠎ᠶ᠋ᠢ ᠣᠢᠯᠠᠭᠠᠪᠠ᠃



4008537_lity_1623221583772_m.jpg

ᠯᠢᠶᠠᠨ ᠱᠢᠨ ᠶᠤᠸᠠᠨ ᠨᠡᠢᠭᠡᠮ ᠲᠤᠭᠤᠷᠢᠭ᠎ᠲᠤ 30 ᠭᠠᠷᠤᠢ ᠵᠢᠯ ᠰᠠᠭᠤᠭ᠍ᠰᠠᠨ ᠵᠢᠶᠠᠩ ᠱᠢᠤ ᠶᠢᠩ ᠠᠳᠡᠬᠢ ᠦᠡᠭ᠌ᠭᠡᠷᠡᠭ᠌ᠰᠡᠨ ᠪᠠ ᠤᠳᠤᠬᠢ᠎ᠶ᠋ᠢ ᠰᠠᠢᠨ ᠤᠢ᠍ᠢᠯᠠᠭᠠᠨ᠎ᠠ᠃

ᠲᠡᠷᠡ᠄ 《ᠥᠩᠭᠡᠷᠡᠭ᠌ᠰᠡᠨ᠎ᠳᠤ ᠠᠰᠠᠷ ᠪᠠᠷᠢᠯᠭ᠎ᠠ ᠦᠩᠬᠡ᠎ᠪᠠᠨ ᠠᠯᠳᠠᠵᠤ᠂ ᠵᠠᠮ ᠬᠤᠩᠬᠢᠯ᠎ᠢᠶᠠᠷ ᠱᠢᠪᠠᠷ ᠪᠠᠯᠴᠢᠭ ᠲᠦᠬᠦᠷᠡᠵᠥ᠍᠂ ᠠᠰᠠᠷ᠎ᠤᠨ ᠭᠤᠳᠤᠮᠵᠢ᠎ᠶ᠋ᠢ ᠴᠡᠪᠡᠷᠯᠡᠬᠦ᠌ ᠬᠥᠮᠦᠨ ᠦᠭᠡᠢ ᠬᠤᠭ ᠨᠤᠪᠰᠢ ᠬᠦᠭ᠌ᠯᠡᠷᠡᠵᠥ᠍ ᠪᠠᠢᠭ᠍ᠰᠠᠨ᠃ ᠤᠳᠤ ᠣᠷᠴᠢᠨ ᠲᠣᠭᠤᠷᠢᠨ ᠰᠠᠢᠵᠢᠷᠠᠵᠤ᠂ ᠲᠥᠬᠦᠭᠡᠷᠦᠮᠵᠢ ᠪᠦᠷᠢᠨᠱᠢᠭ᠌ᠰᠡᠨ᠎ᠢᠶᠠᠷ ᠪᠠᠷᠠᠬᠤ ᠦᠭᠡᠢ ᠬᠥᠷᠰᠢ ᠵᠡᠷᠭᠡᠯᠡᠳᠡᠭᠡ᠎ᠶ᠋ᠢᠨ ᠬᠤᠭᠤᠷᠣᠨᠳᠣ ᠬᠠᠷᠢᠯᠴᠠᠨ ᠬᠠᠪᠰᠤᠷᠤᠯᠴᠠᠬᠤ ᠳᠠᠳᠭᠠᠯ᠎ᠲᠠᠢ ᠪᠤᠯᠤᠭ᠍ᠰᠠᠨ》 ᠬᠡᠵᠤ ᠶᠠᠷᠢᠨ᠎ᠠ᠃


4008535_lity_1623221571037_m.jpg


ᠤᠯᠠᠭᠠᠨᠴᠠᠪ ᠬᠤᠲᠠ᠎ᠶ᠋ᠢᠨ ᠵᠢᠨᠢᠩ ᠲᠣᠭᠤᠷᠢᠭ᠎ᠤᠨ ᠬᠠᠭᠤᠴᠢᠨ ᠰᠠᠭᠤᠭᠠᠯᠢ ᠲᠣᠭᠤᠷᠢᠭ᠎ᠢ ᠥᠭᠡᠷᠡᠴᠢᠯᠡᠨ ᠱᠢᠨᠡᠳᠭᠡᠬᠦ᠌ ᠠᠵᠢᠯ᠎ᠤᠨ ᠱᠠᠭᠠᠷᠳᠠᠯᠭ᠎ᠠ ᠶᠣᠰᠣᠭᠠᠷ᠂ 2020 ᠣᠨ᠎ᠳᠤ ᠯᠢᠶᠠᠨ ᠱᠢᠨ ᠶᠤᠸᠠᠨ ᠰᠠᠭᠤᠭᠠᠯᠢ ᠠᠷᠠᠳ᠎ᠤᠨ ᠲᠣᠭᠤᠷᠢᠭ᠎ᠢ ᠨᠢᠭᠡᠳᠦᠭᠡᠷ ᠪᠦᠯᠦᠭ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠢ ᠥᠭᠡᠷᠡᠴᠢᠯᠡᠨ ᠱᠢᠨᠡᠳᠭᠡᠬᠦ᠌ ᠲᠥᠷᠥᠯ ᠵᠦᠢᠯ᠎ᠳᠤ ᠣᠷᠣᠭᠤᠯᠵᠤ᠂ 9.37 ᠲᠦᠮᠡᠨ ᠲᠡᠭ᠌ᠰᠢ ᠳᠥᠷᠪᠡᠯᠵᠢᠨ ᠮᠧᠲᠷ ᠲᠠᠯᠠᠪᠠᠢ ᠦᠭᠡᠷᠡᠴᠢᠯᠡᠨ ᠱᠢᠨᠡᠳᠭᠡᠵᠡᠢ᠂ ᠡᠬᠦᠨ᠎ᠳᠤ 17 ᠰᠠᠭᠤᠷᠢ ᠠᠰᠠᠷ᠂ 86 ᠨᠢᠭᠡᠴᠢ᠂ 1310 ᠡᠷᠦᠬᠡ᠎ᠶ᠋ᠢ ᠪᠠᠭ᠍ᠳᠠᠭᠠᠵᠠᠢ᠃ ᠥᠭᠡᠷᠡᠴᠢᠯᠡᠨ ᠱᠢᠨᠡᠳᠭᠡᠬᠦ᠌ ᠠᠭᠤᠯᠭ᠎ᠠ᠎ᠳᠤ ᠤᠰᠤ᠂ ᠴᠠᠬᠢᠯᠭᠠᠨ᠂ ᠳᠤᠯᠠᠭᠠᠯᠠᠭ᠎ᠠ᠎ᠶ᠋ᠢᠨ ᠬᠤᠭᠤᠯᠠᠶ᠎ᠶ᠋ᠢᠨ ᠲᠤᠤᠷ᠎ᠢ ᠦᠬᠡᠷᠡᠴᠢᠯᠡᠨ ᠱᠢᠨᠡᠳᠭᠡᠬᠦ᠂ ᠴᠠᠬᠢᠯᠭᠠᠨ ᠤᠲᠠᠰᠤ᠎ᠶ᠋ᠢ ᠭᠠᠵᠠᠷ᠎ᠲᠤ ᠣᠷᠣᠭᠤᠯᠬᠤ᠂ ᠢᠯᠡᠬᠦᠤ ᠭᠡᠷ ᠵᠢᠴᠢ ᠳᠦᠷᠢᠮ᠎ᠠᠴᠠ ᠵᠥᠷᠢᠴᠡᠭ᠌ᠰᠡᠨ ᠪᠠᠷᠢᠯᠭ᠎ᠠ᠎ᠶ᠋ᠢ ᠨᠤᠷᠠᠭᠠᠬᠤ᠂ ᠠᠰᠠᠷ᠎ᠤᠨ ᠭᠠᠳᠠᠷ ᠬᠡᠷᠡᠮ᠎ᠤᠨ ᠳᠤᠯᠠᠭᠠᠨ᠎ᠢ ᠬᠠᠮᠠᠭᠠᠯᠠᠬᠤ᠂ ᠠᠳᠠᠯ ᠠᠬᠤᠢ᠎ᠶ᠋ᠢᠨ ᠬᠠᠮᠢᠶᠠᠷᠤᠯᠲᠠ ᠵᠡᠷᠬᠡ ᠤᠯᠠᠨ ᠵᠥᠢᠯ᠎ᠢ ᠵᠢᠷᠤᠮᠵᠢᠭᠤᠯᠵᠤ᠂ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠦᠷᠳᠡᠭᠡ᠎ᠶ᠋ᠢ ᠲᠡᠰ ᠲᠠᠪᠱᠢᠬᠦᠯᠵᠠᠢ᠃


4008529_lity_1623221533159_m.jpg


ᠨᠠᠨ ᠬᠤᠸᠠᠨ ᠯᠢᠶᠠᠨ ᠪᠣᠯ ᠯᠢᠶᠠᠨ ᠱᠢᠨ ᠶᠤᠸᠠᠨ ᠰᠠᠭᠤᠭᠠᠯᠢ ᠠᠷᠠᠳ᠎ᠤᠨ ᠲᠣᠭᠤᠷᠢᠭ᠎ᠤᠨ ᠬᠠᠭᠤᠴᠢᠨ ᠰᠠᠭᠤᠭᠠᠯᠢ ᠡᠷᠦᠬᠡ᠃ 5 ᠰᠠᠷ᠎ᠠ᠎ᠶ᠋ᠢᠨ 25 ᠎ᠤ ᠡᠳᠦᠷ᠂ ᠲᠡᠷᠡ ᠨᠡᠢᠭᠡᠮ ᠲᠣᠭᠤᠷᠢᠭ᠎ᠤᠨ ᠬᠦᠷᠭᠡᠵᠦ᠍ ᠢᠷᠡᠭ᠌ᠰᠡᠨ 《ᠪᠢᠴᠢᠬᠠᠨ ᠤᠯᠠᠭᠠᠨ ᠴᠡᠴᠡᠭ》 ᠎ᠢ ᠭᠠᠷᠳᠠᠪᠠ᠃ ᠡᠨᠡ ᠬᠦ᠌ 《ᠪᠢᠴᠢᠬᠠᠨ ᠤᠯᠠᠭᠠᠨ ᠴᠡᠴᠡᠭ》 ᠎ᠨᠢ ᠨᠡᠢᠭᠡᠮ ᠲᠣᠭᠤᠷᠢᠭ᠎ᠠᠴᠠ ᠲᠡᠭᠦᠨ᠎ᠤ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠵᠢᠯ᠎ᠳᠤ ᠦᠭ᠌ᠬᠦᠭ᠌ᠰᠡᠨ ᠦᠨᠡᠯᠡᠯᠳᠡ ᠪᠤᠯᠤᠨ᠎ᠠ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ᠂ ᠲᠡᠷᠡ ᠪᠤᠰᠤᠳ ᠰᠠᠢᠨ ᠳᠤᠷᠠᠴᠤᠳ᠎ᠲᠠᠢ ᠬᠠᠮᠲᠤ ᠨᠡᠢᠭᠡᠮ ᠲᠣᠭᠤᠷᠢᠭ᠎ᠤᠨ ᠡᠭᠦᠳᠡᠨ ᠲᠡᠬᠡᠷ᠎ᠠ ᠪᠡᠶ᠎ᠡ᠎ᠶ᠋ᠢᠨ ᠬᠠᠯᠠᠭᠤᠨ᠎ᠢ ᠬᠡᠮᠵᠢᠨ ᠲᠡᠮᠳᠡᠭ᠌ᠯᠡᠬᠦ᠂ ᠵᠢᠵᠢᠭᠦᠷᠯᠡᠨ ᠰᠠᠬᠢᠬᠤ ᠵᠡᠷᠭᠡ ᠠᠵᠢᠯ᠎ᠢ ᠬᠠᠷᠢᠭᠤᠴᠠᠪᠠ᠃ ᠡᠩ᠎ᠤᠨ ᠦᠶ᠎ᠡ᠎ᠳᠤ ᠲᠡᠷᠡ ᠠᠰᠠᠷ᠎ᠤᠨ ᠭᠤᠳᠤᠮᠵᠢ᠎ᠶ᠋ᠢ ᠴᠡᠪᠡᠷᠯᠡᠠ᠂ ᠨᠡᠢᠭᠡᠮ ᠲᠣᠭᠤᠷᠢᠭ᠎ᠤᠨ ᠬᠠᠮᠤᠭ ᠱᠢᠨ᠎ᠡ ᠮᠡᠳᠡᠭᠡ ᠵᠠᠩᠭᠢ᠎ᠶ᠋ᠢ ᠡᠷᠤᠬᠡ᠎ᠳᠤ ᠳᠠᠮᠵᠢᠭᠤᠯᠳᠠᠭ᠃

ᠨᠠᠨ ᠬᠤᠸᠠᠨ ᠯᠢᠶᠠᠨ᠄ 《ᠰᠠᠭᠤᠭᠠᠯᠢ ᠠᠷᠠᠳ᠎ᠤᠨ ᠲᠣᠭᠤᠷᠢᠭ᠎ᠲᠤ ᠪᠢᠳᠡ ᠬᠠᠷᠢᠯᠴᠠᠨ ᠬᠠᠪᠰᠤᠷᠤᠯᠴᠠᠵᠤ ᠤᠯᠠᠨ᠎ᠢᠶᠠᠷ᠎ᠢᠶᠠᠨ ᠪᠠᠶᠠᠷ ᠬᠦᠷ᠎ᠲᠠᠢ᠂ ᠵᠣᠯ ᠵᠢᠷᠭᠠᠯᠲᠠᠢ ᠪᠠᠢᠨ᠎ᠠ》 ᠬᠡᠵᠤ ᠲᠠᠨᠢᠯᠴᠠᠭᠤᠯᠤᠨ᠎ᠠ᠃

ᠲᠦᠩ ᠵᠧᠤ ᠨᠡᠢᠭᠡᠮ ᠲᠣᠭᠤᠷᠢᠭ᠎ᠤᠨ ᠨᠠᠮ᠎ᠤᠨ ᠡᠭᠦᠷ᠎ᠤᠨ ᠱᠦᠵᠢ ᠸᠠᠩ ᠸᠧᠶ᠄ 《ᠰᠠᠢᠨ ᠳᠤᠷ᠎ᠠ᠎ᠶ᠋ᠢᠨ  ᠦᠢᠯᠡᠴᠢᠯᠡᠭᠡᠨ᠎ᠤ ᠲᠦᠷᠦᠯ ᠵᠦᠢᠯ᠎ᠨᠢ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠂ ᠭᠠᠴᠢᠭ᠍ᠳᠠᠵᠤ ᠲᠦᠪᠡᠭ᠌ᠳᠡᠭ᠌ᠰᠡᠳ᠎ᠢ ᠬᠠᠪᠰᠤᠷᠬᠤ ᠵᠡᠷᠭᠡ ᠤᠯᠠᠨ ᠠᠭᠤᠯᠭ᠎ᠠ᠎ᠶ᠋ᠢ ᠬᠠᠮᠤᠷᠴᠤ᠌᠂ ᠰᠠᠢᠨ ᠲᠤᠷᠠᠴᠤᠤᠯ᠎ᠤᠨ ᠦᠢᠯᠡᠴᠢᠯᠡᠭᠡ᠎ᠪᠠᠷ 〈ᠬᠠᠷᠢᠯᠴᠠᠨ ᠬᠠᠪᠰᠤᠷᠬᠤ᠂ ᠪᠤᠰᠤᠳ᠎ᠢ ᠲᠤᠰᠠᠯᠠᠬᠤ᠂ ᠬᠠᠷᠠᠮ ᠦᠭᠡᠢ ᠵᠣᠷᠢᠭᠤᠯᠬᠤ〉 ᠪᠢᠴᠢᠬᠠᠨ ᠤᠯᠠᠭᠠᠨ ᠴᠡᠴᠡᠭ᠎ᠢ ᠬᠥᠮᠦᠨ ᠪᠣᠯᠭᠠᠨ᠎ᠳᠤ ᠳᠠᠮᠵᠢᠭᠤᠯᠤᠨ᠂ ᠰᠠᠢᠨ ᠰᠠᠢᠬᠠᠨ ᠡᠶ᠎ᠡ ᠵᠣᠬᠢᠴᠠᠯ᠎ᠲᠠᠢ ᠨᠡᠢᠭᠡᠮ᠎ᠤᠨ ᠠᠭᠤᠷ ᠠᠮᠢᠰᠭᠤᠯ᠎ᠢ ᠪᠣᠶ ᠪᠣᠯᠭᠠᠨ᠎ᠠ᠃ ᠨᠡᠢᠭᠡᠮ ᠲᠣᠭᠤᠷᠢᠭ᠎ᠠᠴᠠ 〈ᠪᠢᠴᠢᠬᠠᠨ ᠤᠯᠠᠭᠠᠨ ᠴᠡᠴᠡᠭ〉 ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠵᠢᠱ᠌ᠢᠶ᠎ᠡ ᠦᠵᠡᠭᠦᠯᠬᠦ᠌ ᠡᠷᠦᠬᠡ᠎ᠶ᠋ᠢᠨ ᠢᠷᠠᠭᠤ ᠠᠯᠳᠠᠷ᠎ᠤᠨ ᠫᠠᠢᠰᠠ᠎ᠶ᠋ᠢ ᠰᠠᠭᠤᠭᠠᠯᠢ ᠠᠷᠠᠳ᠎ᠤᠨ ᠡᠭᠦᠳᠡᠨ᠎ᠳᠤ ᠨᠠᠭᠠᠵᠤ᠂ ᠲᠡᠳᠡ 5 ᠴᠠᠭ ᠦᠢᠯᠡᠴᠢᠯᠡᠪᠡᠯ ᠨᠢᠭᠡ ᠪᠠᠭ᠍ᠴᠠ ᠤᠯᠠᠭᠠᠨ ᠴᠡᠴᠡᠭ ᠣᠯᠭᠤᠵᠤ᠂ ᠭᠤᠷᠪᠠᠨ ᠪᠠᠭ᠍ᠴᠠ ᠤᠯᠠᠭᠠᠨ ᠴᠡᠴᠡᠭ ᠴᠤᠭ᠍ᠯᠠᠭᠤᠯᠪᠠᠯ ᠨᠢᠭᠡ ᠤᠳᠠᠭ᠎ᠠ ᠦᠨ᠎ᠡ ᠲᠥᠯᠥᠪᠦᠷᠢ ᠥᠬᠡᠶ᠎ᠪᠠᠷ ᠦᠰᠦ ᠵᠠᠰᠠᠬᠤ ᠤᠢ᠍ᠢᠯᠡᠴᠢᠯᠡᠭᠡ ᠬᠠᠨᠭ᠌ᠭᠠᠵᠤ᠂ 10 ᠪᠠᠭ᠍ᠴᠠ ᠴᠡᠴᠡᠭ ᠴᠤᠭ᠍ᠯᠠᠭᠤᠯᠪᠠᠯ ᠠᠳᠠᠯ ᠠᠬᠤᠶ᠎ᠶ᠋ᠢᠨ ᠰᠦᠶᠳᠭᠡᠯ᠎ᠢ 100 ᠲᠥᠭᠦᠷᠢᠭ ᠬᠠᠰᠤᠵᠤ ᠬᠡᠯᠲᠦᠷᠢᠭᠦᠯᠤᠨ᠎ᠠ ᠁》 ᠬᠡᠵᠤ ᠲᠠᠨᠢᠯᠴᠠᠭᠤᠯᠤᠨ᠎ᠠ᠃


4008531_lity_1623221545364_m.jpg


ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠬᠤᠪᠢ ᠬᠤᠷᠠᠮᠳᠤᠭᠤᠯᠵᠤ ᠰᠣᠯᠢᠬᠤ ᠲᠦᠷᠢᠮ᠎ᠨᠢ ᠰᠠᠢᠨ ᠳᠤᠷ᠎ᠠ᠎ᠶ᠋ᠢᠨ  ᠦᠢᠯᠡᠴᠢᠯᠡᠭᠡᠨ᠎ᠤ ᠠᠵᠢᠯ᠎ᠤᠨ ᠲᠣᠭ᠍ᠲᠡᠴᠨ᠎ᠶ᠋ᠢᠨ ᠲᠠᠰᠤᠷᠠᠯᠲᠠ ᠥᠬᠡᠶ ᠲᠡᠭᠦᠯᠳᠡᠷᠵᠢᠬᠦ᠌᠎ᠶ᠋ᠢ ᠠᠬᠢᠭᠤᠯᠵᠤ᠂ ᠨᠠᠩ ᠣᠯᠠᠨ ᠬᠥᠮᠦᠰ᠎ᠢ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠵᠢᠯᠯᠠᠭ᠎ᠠ᠎ᠳᠤ ᠤᠬᠠᠮᠰᠠᠷ᠎ᠠᠴᠠ᠎ᠪᠠᠨ ᠣᠷᠣᠯᠴᠠᠬᠤ ᠪᠤᠯᠭᠠᠵᠤ᠂ ᠰᠠᠭᠤᠭᠠᠯᠢ ᠠᠷᠠᠳ᠎ᠤᠨ ᠰᠡᠳᠭᠢᠯ᠎ᠢ ᠲᠤᠯᠠᠭᠠᠴᠠᠭᠤᠯᠪᠠ᠃ ᠣᠢᠯᠠᠭᠠᠭ᠍ᠰᠠᠨ᠎ᠢᠶᠠᠷ᠂ 2020 ᠣᠨ᠎ᠳᠤ ᠲᠣᠰ ᠬᠤᠲᠠ 241 ᠬᠠᠭᠤᠴᠢᠨ ᠰᠠᠭᠤᠭᠠᠯᠢ ᠲᠣᠭᠤᠷᠢᠭ᠎ᠢ ᠥᠭᠡᠷᠡᠴᠢᠯᠡᠨ ᠱᠢᠨᠠᠳᠭᠡᠵᠠᠢ᠃

2020 ᠣᠨ᠎ᠳᠤ ᠤᠯᠠᠭᠠᠨᠴᠠᠪ ᠬᠤᠲᠠ ᠤᠷᠤᠨ ᠨᠤᠲᠤᠭ᠎ᠤᠨ ᠦᠢᠯᠡᠳᠪᠦᠷᠢᠯᠡᠯ᠎ᠤᠨ ᠶᠡᠷᠦᠩᠬᠡᠶ ᠥᠷᠲᠡᠭ᠎ᠢ 827 ᠳ᠋ᠦᠩᠱᠢᠭᠤᠷ ᠲᠥᠭᠦᠷᠢᠭ ᠪᠡᠶᠡᠯᠡᠭᠦᠯᠵᠦ᠍᠂ ᠠᠳᠠᠯᠢ ᠬᠤᠭᠤᠴᠠᠭᠠᠨ᠎ᠤ᠎ᠬᠢ᠎ᠠᠴᠠ 2.4% ᠎ᠪᠠᠷ ᠨᠡᠮᠡᠭ᠌ᠳᠡᠪᠡ; 500 ᠲᠦᠮᠡᠨ ᠲᠥᠭᠦᠷᠢᠭ᠎ᠠᠴᠠ ᠳᠡᠭᠡᠭ᠌ᠰᠢᠬᠢ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ 296.7 ᠳ᠋ᠦᠩᠱᠢᠭᠤᠷ ᠲᠥᠭᠦᠷᠢᠭ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 7.6% ᠎ᠪᠠᠷ ᠨᠡᠮᠡᠭ᠌ᠳᠡᠪᠡ; ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ ᠲᠣᠰ ᠲᠣᠰ 33534 ᠲᠥᠭᠦᠷᠢᠭ ᠪᠠ 13009 ᠲᠥᠭᠦᠷᠢᠭ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ ᠲᠣᠰ ᠲᠣᠰ 1.5% ᠪᠠ 8.7% ᠎ᠪᠠᠷ ᠨᠡᠮᠡᠭ᠌ᠳᠡᠵᠦ᠍᠂ ᠨᠡᠮᠡᠭ᠌ᠳᠡᠯ᠎ᠤᠨ ᠬᠤᠷᠳᠤᠴᠠ ᠪᠥᠬᠦ᠌ ᠣᠷᠣᠨ᠎ᠤ ᠳᠤᠮᠳᠠᠴᠢ ᠲᠦᠪᠱᠢᠨ᠎ᠠᠴᠠ ᠥᠨᠳᠥᠷ ᠪᠣᠯᠪᠠ᠃ ᠡᠢᠨ ᠬᠦ᠂ ᠠᠳᠡᠬᠢ ᠶᠠᠳᠠᠭᠤ ᠬᠦᠴᠢᠷᠳᠡᠯᠲᠡᠢ ᠬᠥᠮᠦᠨ ᠠᠮᠠ ᠪᠦᠬᠦᠨ᠎ᠢᠶᠠᠷ᠎ᠢᠶᠠᠨ ᠶᠠᠳᠠᠭᠤ᠎ᠠᠴᠠ ᠠᠩᠭᠢᠵᠢᠷᠠᠵᠤ᠂ ᠣᠷᠴᠢᠨ ᠲᠣᠭᠤᠷᠢᠨ ᠰᠠᠢᠵᠢᠷᠠᠵᠤ᠂ ᠰᠠᠭᠤᠷᠢ ᠲᠥᠬᠦᠭᠡᠷᠦᠮᠵᠢ ᠲᠡᠭᠦᠯᠳᠡᠷᠵᠢᠬᠡᠳ ᠠᠷᠠᠳ ᠤᠯᠠᠨ ᠵᠣᠯ ᠵᠢᠷᠭᠠᠯᠲᠠᠢ ᠠᠮᠢᠳᠤᠷᠠᠬᠤ ᠪᠣᠯᠤᠭ᠍ᠰᠠᠠ ᠪᠠᠢᠨ᠎ᠠ᠃ 


4008533_lity_1623221557699_m.jpg

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号